︽ᠦᠨᠡᠨ︾ ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠢ ᠨᠡᠶᠢᠲᠡᠯᠡᠪᠡ  ᠡᠷᠬᠡᠪᠰᠢ ᠪᠡᠶ᠎ᠡ ᠳᠡᠭᠡᠨ ᠢᠲᠡᠭᠡᠯ ᠲᠠᠢ ᠪᠡᠶ᠎ᠡ ᠪᠠᠨ ᠳᠠᠭᠠᠭᠠᠬᠤ ᠶᠢ ᠪᠠᠷᠢᠮᠲᠠᠯᠠᠬᠤ ᠬᠡᠷᠡᠭᠲᠡᠢ
ᠨᠡᠶᠢᠲᠡᠯᠡᠭᠰᠡᠨ ᠴᠠᠭ᠄
2024/7/17
     ᠰᠢᠨᠬᠤᠸᠠ ᠬᠤᠷᠢᠶ᠎ᠠ ᠶᠢᠨ ᠪᠡᠭᠡᠵᠢᠩ ᠤᠨ 7 ᠰᠠᠷ᠎ᠠ ᠶᠢᠨ 15 ᠤ ᠴᠠᠬᠢᠯᠭᠠᠨ ᠮᠡᠳᠡᠭᠡ   7 ᠰᠠᠷ᠎ᠠ ᠶᠢᠨ 16 ᠤ ᠡᠳᠦᠷ ᠬᠡᠪᠯᠡᠭᠳᠡᠬᠦ 14 ᠳ᠋ᠦ᠋ᠭᠡᠷ ᠬᠤᠭᠤᠴᠠᠭᠠᠨ ᠤ ︽ᠦᠨᠡᠨ︾ ᠰᠡᠳᠬᠦᠯ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽ᠡᠷᠬᠡᠪᠰᠢ ᠪᠡᠶ᠎ᠡ ᠳᠡᠭᠡᠨ ᠢᠲᠡᠭᠡᠯ ᠲᠠᠢ ᠪᠡᠶ᠎ᠡ ᠪᠠᠨ ᠳᠠᠭᠠᠭᠠᠬᠤ ᠶᠢ ᠪᠠᠷᠢᠮᠲᠠᠯᠠᠬᠤ ᠬᠡᠷᠡᠭᠲᠡᠢ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃ ᠡᠨᠡ ᠪᠣᠯ ᠶᠡᠷᠦᠩᠬᠡᠢ ᠱᠦᠵᠢ ᠰᠢ ᠶᠢᠨ ᠫᠢᠩ ᠤᠨ 2013 ᠣᠨ ᠤ 1 ᠰᠠᠷ᠎ᠠ ᠠᠴᠠ 2024 ᠣᠨ ᠤ 3 ᠰᠠᠷ᠎ᠠ ᠪᠣᠯᠲᠠᠯᠠᠬᠢ ᠬᠤᠭᠤᠴᠠᠭᠠᠨ ᠳᠠᠬᠢ ᠬᠤᠯᠪᠣᠭᠳᠠᠯ ᠪᠦᠬᠦᠢ ᠴᠢᠬᠤᠯᠠ ᠥᠭᠦᠯᠡᠯᠲᠡ ᠶᠢᠨ ᠬᠡᠰᠡᠭᠯᠡᠯ ᠪᠣᠯᠣᠨ᠎ᠠ᠃      ᠵᠣᠬᠢᠶᠠᠯ ᠳᠤ᠂ ᠳᠤᠮᠳᠠᠳᠤ ᠤᠯᠤᠰ ᠤᠨ ᠠᠷᠠᠳ ᠲᠦᠮᠡᠨ ᠪᠣᠯᠣᠨ ᠳᠤᠮᠳᠠᠳᠤ ᠶᠢᠨ ᠦᠨᠳᠦᠰᠦᠲᠡᠨ ᠣᠷᠴᠢᠨ ᠦᠶ᠎ᠡ ᠠᠴᠠ ᠨᠠᠭᠠᠰᠢᠬᠢ ᠬᠦᠨᠳᠦ ᠬᠡᠴᠡᠭᠦᠦ ᠭᠠᠰᠠᠯᠠᠩ ᠵᠣᠪᠠᠯᠠᠩ ᠠᠴᠠ ᠠᠭᠤᠤ ᠶᠡᠭᠡ ᠰᠡᠷᠭᠦᠨ ᠮᠠᠨᠳᠤᠯᠲᠠ ᠶᠢᠨ ᠭᠡᠭᠡᠨ ᠰᠠᠷᠠᠭᠤᠯ ᠢᠷᠡᠭᠡᠳᠦᠢ ᠲᠡᠶᠢᠰᠢ ᠤᠷᠤᠭᠰᠢᠯᠠᠭᠰᠠᠨ ᠨᠢ ᠶᠡᠷᠦ ᠠᠴᠠ ᠬᠢᠴᠢᠶᠡᠯ ᠤᠨ ᠪᠢᠴᠢᠭ ᠭᠡᠵᠦ ᠦᠭᠡᠢ᠂ ᠨᠡᠩ ᠴᠤ ᠪᠡᠯᠡᠨ ᠬᠠᠷᠢᠭᠤᠯᠲᠠ ᠭᠡᠵᠦ ᠦᠭᠡᠢ ᠶᠤᠮ᠃ ᠨᠠᠮ ᠤᠨ ᠵᠠᠭᠤᠨ ᠵᠢᠯ ᠤᠨ ᠲᠡᠮᠡᠴᠡᠯ ᠤᠨ ᠠᠮᠵᠢᠯᠲᠠ ᠣᠯᠣᠭᠰᠠᠨ ᠵᠠᠮ ᠢ ᠪᠣᠯ ᠨᠠᠮ ᠠᠴᠠ ᠠᠷᠠᠳ ᠲᠦᠮᠡᠨ ᠢ ᠤᠳᠤᠷᠢᠳᠤᠨ ᠪᠡᠶ᠎ᠡ ᠪᠠᠨ ᠳᠠᠭᠠᠭᠠᠵᠤ ᠡᠵᠡᠨ ᠮᠡᠳᠡᠨ ᠰᠦᠪᠡᠭᠴᠢᠯᠡᠵᠦ ᠪᠠᠶᠢᠭᠠᠳ ᠨᠡᠭᠡᠭᠡᠭᠰᠡᠨ ᠶᠤᠮ᠂ ᠮᠠᠷᠺᠰ ᠤᠨ ᠦᠵᠡᠯ ᠤᠨ ᠳᠤᠮᠳᠠᠳᠤ ᠤᠯᠤᠰ ᠤᠨ ᠬᠠᠭᠤᠳᠠᠰᠤ ᠶᠢ ᠪᠣᠯ ᠳᠤᠮᠳᠠᠳᠤ ᠤᠯᠤᠰ ᠤᠨ ᠡᠪ ᠬᠠᠮᠲᠤᠴᠤᠳ ᠥᠪᠡᠷ ᠤᠨ ᠬᠦᠴᠦᠨ ᠳᠡᠭᠡᠨ ᠲᠦᠰᠢᠭᠯᠡᠨ ᠦᠢᠯᠡᠳᠦᠯᠭᠡᠵᠢᠭᠦᠯᠵᠦ ᠪᠠᠶᠢᠭᠠᠳ ᠪᠢᠴᠢᠭᠯᠡᠭᠰᠡᠨ ᠶᠤᠮ᠂ ᠡᠭᠦᠨ ᠳᠤ ᠲᠤᠭᠤᠰᠢᠯᠠᠭᠳᠠᠵᠤ ᠪᠠᠶᠢᠭ᠎ᠠ ᠨᠢᠭᠡᠨ ᠦᠨᠳᠦᠰᠦᠨ ᠵᠦᠢᠯ ᠪᠣᠯ ᠳᠠᠷᠤᠢ ᠳᠤᠮᠳᠠᠳᠤ ᠤᠯᠤᠰ ᠤᠨ ᠠᠰᠠᠭᠤᠳᠠᠯ ᠨᠢ ᠡᠷᠬᠡᠪᠰᠢ ᠳᠤᠮᠳᠠᠳᠤ ᠤᠯᠤᠰ ᠤᠨ ᠦᠨᠳᠦᠰᠦᠨ ᠪᠠᠶᠢᠳᠠᠯ ᠠᠴᠠ ᠡᠭᠦᠰᠴᠦ᠂ ᠳᠤᠮᠳᠠᠳᠤᠴᠤᠳ ᠥᠪᠡᠷ ᠢᠶᠠᠨ ᠬᠠᠷᠢᠭᠤᠯᠲᠠ ᠥᠭᠬᠦ ᠬᠡᠷᠡᠭᠲᠡᠢ᠃ ᠪᠢᠳᠡ ᠮᠠᠷᠺᠰ ᠤᠨ ᠦᠵᠡᠯ ᠤᠨ ᠲᠤᠬᠠᠢ ᠡᠷᠡᠰ ᠪᠠᠲᠤ ᠢᠲᠡᠭᠡᠯ ᠪᠢᠰᠢᠷᠡᠯ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠡᠷᠡᠰ ᠪᠠᠲᠤ ᠢᠲᠡᠭᠡᠯ ᠪᠢᠰᠢᠷᠡᠯ ᠢ ᠪᠠᠷᠢᠮᠲᠠᠯᠠᠵᠤ᠂ ᠵᠠᠮ ᠤᠨ ᠢᠲᠡᠭᠡᠯ᠂ ᠤᠨᠤᠯ ᠤᠨ ᠢᠲᠡᠭᠡᠯ᠂ ᠪᠠᠶᠢᠭᠤᠯᠤᠯ ᠤᠨ ᠢᠲᠡᠭᠡᠯ᠂ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠨᠡᠩ ᠢᠳᠡᠪᠬᠢᠲᠡᠢ ᠲᠡᠦᠬᠡ ᠶᠢᠨ ᠡᠭᠦᠷᠭᠡᠯᠡᠯ ᠪᠠ ᠡᠭᠦᠳᠦᠨ ᠪᠦᠲᠦᠭᠡᠬᠦ ᠵᠣᠷᠢᠭ ᠰᠠᠨᠠᠭ᠎ᠠ ᠪᠠᠷ ᠮᠠᠷᠺᠰ ᠤᠨ ᠦᠵᠡᠯ ᠢ ᠬᠥᠭᠵᠢᠭᠦᠯᠬᠦ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ᠂ ᠵᠠᠪᠢ ᠶᠢᠨ ᠳᠡᠭᠡᠷ᠎ᠡ ᠲᠡᠮᠳᠡᠭ ᠲᠠᠯᠪᠢᠵᠤ ᠵᠢᠪᠦᠭᠰᠡᠨ ᠰᠡᠯᠡᠮ᠎ᠡ ᠪᠠᠨ ᠡᠷᠢᠵᠦ᠂ ᠲᠦᠭᠵᠢᠮᠡᠯ ᠬᠥᠰᠢᠭᠦᠨ ᠪᠠᠶᠢᠵᠤ ᠪᠣᠯᠬᠤ ᠦᠭᠡᠢ ᠮᠥᠷᠲᠡᠭᠡᠨ ᠪᠠᠰᠠ ᠲᠡᠷᠡ ᠬᠡᠪ ᠢᠶᠠᠷ ᠨᠢ ᠨᠡᠭᠦᠯᠭᠡᠨ ᠬᠡᠷᠡᠭᠯᠡᠵᠦ᠂ ᠭᠠᠳᠠᠭᠠᠳᠤ ᠠᠴᠠ ᠰᠤᠷᠤᠭᠰᠠᠨ ᠵᠦᠢᠯ ᠢᠶᠠᠨ ᠠᠮᠢᠳᠤᠯᠢᠭ ᠢᠶᠠᠷ ᠬᠡᠷᠡᠭᠯᠡᠵᠦ ᠴᠢᠳᠠᠬᠤ ᠦᠭᠡᠢ ᠪᠠᠶᠢᠵᠤ ᠪᠣᠯᠬᠤ ᠦᠭᠡᠢ ᠭᠡᠵᠦ ᠴᠢᠬᠤᠯᠠᠴᠢᠯᠠᠪᠠ᠃      ᠵᠣᠬᠢᠶᠠᠯ ᠳᠤ᠂ ᠪᠡᠶ᠎ᠡ ᠳᠡᠭᠡᠨ ᠢᠲᠡᠭᠡᠯ ᠲᠠᠢ ᠪᠠᠶᠢᠮᠠᠨᠵᠢᠨ ᠰᠠᠶ᠋ᠢ ᠥᠪᠡᠷ ᠢᠶᠠᠨ ᠬᠦᠴᠦᠷᠬᠡᠭᠵᠢᠵᠦ ᠴᠢᠳᠠᠨ᠎ᠠ᠃ ᠳᠤᠮᠳᠠᠳᠤ ᠶᠢᠨ ᠪᠣᠯᠪᠠᠰᠤᠨ ᠬᠡᠳᠦᠨ ᠮᠢᠩᠭᠠᠨ ᠵᠢᠯ ᠢ ᠥᠩᠭᠡᠷᠡᠭᠡᠭᠡᠳ ᠲᠠᠰᠤᠷᠠᠰᠢ ᠦᠭᠡᠢ ᠦᠷᠭᠦᠯᠵᠢᠯᠡᠵᠦ᠂ ᠤᠳᠠᠭ᠎ᠠ ᠳᠠᠷᠠᠭᠠᠯᠠᠨ ᠠᠶᠤᠯ ᠵᠣᠪᠠᠯᠠᠩ ᠳᠤ ᠤᠴᠠᠷᠠᠭᠰᠠᠨ ᠴᠤ ᠥᠨᠢ ᠤᠳᠠᠭᠠᠨ ᠪᠥᠬᠦᠰᠢ ᠦᠭᠡᠢ ᠦᠷᠬᠦᠯᠵᠢᠯᠡᠭᠰᠡᠨ ᠶᠤᠮ᠂ ᠡᠨᠡ ᠪᠣᠯ ᠬᠥᠮᠥᠨ ᠲᠥᠷᠥᠯᠬᠢᠲᠡᠨ ᠤ ᠪᠣᠯᠪᠠᠰᠤᠨ ᠤ ᠭᠠᠶᠢᠬᠠᠮᠰᠢᠭ ᠪᠤᠯᠬᠤ ᠪᠥᠭᠡᠳ ᠪᠠᠰᠠ ᠴᠤ ᠪᠢᠳᠡᠨ ᠤ ᠪᠡᠶ᠎ᠡ ᠳᠡᠭᠡᠨ ᠢᠲᠡᠭᠡᠯ ᠲᠠᠢ ᠪᠠᠶᠢᠬᠤ ᠶᠢᠨ ᠬᠦᠴᠦᠨ ᠵᠣᠷᠢᠭ ᠮᠥᠨ᠃ ᠨᠠᠮ ᠤᠨ ᠵᠠᠭᠤᠨ ᠵᠢᠯ ᠤᠨ ᠲᠡᠮᠡᠴᠡᠯ ᠤᠨ ᠥᠩᠭᠡᠷᠡᠯᠲᠡ ᠪᠣᠯᠣᠨ ᠠᠭᠤᠤ ᠶᠡᠭᠡ ᠠᠮᠵᠢᠯᠲᠠ ᠪᠦᠲᠦᠮᠵᠢ ᠪᠣᠯ ᠪᠢᠳᠡᠨ ᠤ ︽ᠲᠦᠷᠪᠡᠨ ᠢᠲᠡᠭᠡᠯ︾ ᠢᠶᠠᠨ ᠪᠠᠲᠤᠳᠬᠠᠬᠤ ᠬᠠᠮᠤᠭ ᠤᠨ ᠪᠠᠲᠤ ᠪᠠᠬᠢ ᠰᠠᠭᠤᠷᠢ ᠪᠣᠯᠣᠨ᠎ᠠ᠃ ᠣᠳᠣᠬᠠᠨ ᠤ ᠳᠡᠯᠡᠬᠡᠢ ᠶᠢᠷᠲᠢᠨᠴᠦ ᠳᠤ᠂ ᠠᠯᠢ ᠨᠢᠭᠡ ᠲᠦᠷᠦ ᠶᠢᠨ ᠨᠠᠮ᠂ ᠠᠯᠢ ᠨᠢᠭᠡ ᠤᠯᠤᠰ᠂ ᠠᠯᠢ ᠨᠢᠭᠡ ᠦᠨᠳᠦᠰᠦᠲᠡᠨ ᠪᠡᠶ᠎ᠡ ᠳᠡᠭᠡᠨ ᠢᠲᠡᠭᠡᠯ ᠲᠠᠢ ᠪᠠᠶᠢᠵᠤ ᠴᠢᠳᠠᠬᠤ ᠪᠤᠢ ᠭᠡᠪᠡᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ᠂ ᠳᠤᠮᠳᠠᠳᠤ ᠶᠢᠨ ᠦᠨᠳᠦᠰᠦᠲᠡᠨ ᠪᠣᠯ ᠪᠡᠶ᠎ᠡ ᠳᠡᠭᠡᠨ ᠢᠲᠡᠭᠡᠯ ᠲᠠᠢ ᠪᠠᠶᠢᠬᠤ ᠬᠠᠮᠤᠭ ᠤᠨ ᠪᠠᠲᠤ ᠦᠨᠳᠦᠰᠦ ᠪᠠᠷᠢᠮᠲᠠ ᠲᠠᠢ ᠶᠤᠮ᠃ ᠪᠢᠳᠡ ᠥᠪᠡᠷ ᠤᠨ ᠵᠠᠮ ᠢᠶᠠᠷ ᠢᠶᠠᠨ ᠵᠠᠮᠨᠠᠬᠤ ᠳᠤ ᠬᠢᠵᠠᠭᠠᠯᠠᠰᠢ ᠦᠭᠡᠢ ᠥᠷᠭᠡᠨ ᠠᠭᠤᠳᠠᠮ ᠲᠠᠪᠴᠠᠩ ᠲᠠᠢ᠂ ᠬᠢᠵᠠᠭᠠᠯᠠᠰᠢ ᠦᠭᠡᠢ ᠭᠦᠨ ᠵᠤᠵᠠᠭᠠᠨ ᠲᠡᠦᠬᠡ ᠶᠢᠨ ᠠᠭᠤᠯᠤᠭᠳᠠᠬᠤᠨ ᠲᠠᠢ᠂ ᠬᠢᠵᠠᠭᠠᠯᠠᠰᠢ ᠦᠭᠡᠢ ᠬᠦᠴᠦᠷᠬᠡᠭ ᠶᠡᠭᠡ ᠤᠷᠤᠭᠰᠢᠯᠠᠯᠲᠠ ᠶᠢᠨ ᠲᠣᠭᠲᠠᠯ ᠬᠦᠴᠦᠨ ᠲᠠᠢ ᠶᠤᠮ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠡᠷᠬᠡᠪᠰᠢ ᠪᠡᠶ᠎ᠡ ᠪᠠᠨ ᠳᠠᠭᠠᠭᠠᠵᠤ ᠡᠵᠡᠨ ᠮᠡᠳᠡᠬᠦ᠂ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠶᠢ ᠪᠠᠷᠢᠮᠲᠠᠯᠠᠵᠤ᠂ ᠤᠯᠤᠰ ᠣᠷᠣᠨ ᠪᠠ ᠦᠨᠳᠦᠰᠦᠲᠡᠨ ᠤ ᠬᠥᠭᠵᠢᠯᠲᠡ ᠶᠢ ᠥᠪᠡᠷ ᠤᠨ ᠬᠦᠴᠦᠨ ᠤ ᠪᠠᠨ ᠰᠠᠭᠤᠷᠢ ᠳᠡᠭᠡᠷ᠎ᠡ ᠲᠠᠯᠪᠢᠬᠤ ᠶᠢ ᠪᠠᠷᠢᠮᠲᠠᠯᠠᠵᠤ᠂ ᠮᠠᠨ ᠤ ᠤᠯᠤᠰ ᠤᠨ ᠬᠥᠭᠵᠢᠯᠲᠡ ᠲᠠᠪᠰᠢᠯᠳᠠ ᠶᠢᠨ ᠬᠤᠪᠢ ᠵᠠᠶᠠᠭ᠎ᠠ ᠶᠢ ᠥᠪᠡᠷ ᠤᠨ ᠭᠠᠷ ᠲᠠᠭᠠᠨ ᠪᠠᠲᠤ ᠡᠵᠡᠮᠳᠡᠬᠦ ᠶᠢ ᠪᠠᠷᠢᠮᠲᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠵᠣᠬᠢᠶᠠᠯ ᠳᠤ᠂ ᠡᠷᠡᠰ ᠪᠠᠲᠤ ᠪᠠᠶᠢᠭᠤᠯᠤᠯ ᠤᠨ ᠢᠲᠡᠭᠡᠯ ᠦᠭᠡᠢ ᠪᠣᠯ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠰᠥᠰᠥ ᠵᠣᠷᠢᠭ ᠪᠠᠶᠢᠵᠤ ᠴᠢᠳᠠᠬᠤ ᠦᠭᠡᠢ ᠶᠤᠮ᠂ ᠡᠭᠦᠨ ᠲᠠᠢ ᠠᠳᠠᠯᠢ ᠪᠠᠷ᠂ ᠲᠠᠰᠤᠷᠠᠯᠲᠠ ᠦᠭᠡᠢ ᠥᠭᠡᠷᠡᠴᠢᠯᠡᠯᠲᠡ ᠬᠢᠬᠦ ᠠᠴᠠ ᠰᠠᠯᠤᠩᠭᠢᠷᠠᠪᠠᠯ᠂ ᠪᠠᠶᠢᠭᠤᠯᠤᠯ ᠤᠨ ᠢᠲᠡᠭᠡᠯ ᠴᠦ ᠲᠤᠶᠢᠯᠪᠤᠷᠢᠲᠠᠢ ᠪᠠᠶᠢᠵᠤ ᠴᠢᠳᠠᠬᠤ ᠦᠭᠡᠢ᠂ ᠥᠨᠢ ᠤᠳᠠᠭᠠᠨ ᠪᠠᠶᠢᠵᠤ ᠴᠢᠳᠠᠬᠤ ᠦᠭᠡᠢ ᠪᠣᠯᠣᠨ᠎ᠠ᠃ ᠪᠢᠳᠡ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠨᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠨᠡᠩ ᠰᠠᠶᠢᠨ ᠪᠣᠯᠭᠠᠬᠤ ᠶᠢᠨ ᠲᠥᠯᠥᠭᠡ ᠶᠤᠮ︔ ᠪᠢᠳᠡ ᠪᠠᠶᠢᠭᠤᠯᠤᠯ ᠤᠨ ᠢᠲᠡᠭᠡᠯ ᠢᠶᠠᠨ ᠪᠠᠲᠤᠳᠬᠠᠬᠤ ᠭᠡᠵᠦ ᠪᠠᠶᠢᠭ᠎ᠠ ᠨᠢ ᠬᠠᠭᠤᠴᠢᠨ ᠢᠶᠠᠨ ᠪᠠᠷᠢᠮᠲᠠᠯᠠᠵᠤ ᠬᠡᠪᠰᠢᠮᠡᠯ ᠪᠣᠯᠵᠤ ᠵᠣᠭᠰᠤᠩᠭᠤᠶᠢᠷᠠᠬᠤ ᠭᠡᠰᠡᠨ ᠶᠠᠪᠤᠳᠠᠯ ᠪᠢᠰᠢ᠂ ᠬᠠᠷᠢᠨ ᠪᠠᠶᠢᠭᠤᠯᠤᠮᠵᠢ ᠲᠣᠭᠲᠠᠴᠠ ᠶᠢᠨ ᠭᠡᠮ ᠰᠣᠭᠤᠭ ᠢ ᠲᠠᠰᠤᠷᠠᠯᠳᠠ ᠦᠭᠡᠢ ᠠᠷᠢᠯᠭᠠᠵᠤ᠂ ᠮᠠᠨ ᠤ ᠪᠠᠶᠢᠭᠤᠯᠤᠯ ᠢᠶᠠᠨ ᠪᠣᠯᠪᠠᠰᠤᠷᠠᠩᠭᠤᠢ ᠪᠥᠭᠡᠳ ᠤᠳᠠᠭᠠᠨ ᠳᠠᠭᠠᠭᠠᠮᠠᠭᠠᠢ ᠪᠣᠯᠭᠠᠬᠤ ᠶᠢᠨ ᠲᠥᠯᠥᠭᠡ ᠶᠤᠮ᠃ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠠᠰᠤᠷᠠᠯᠲᠠ ᠦᠭᠡᠢ ᠬᠥᠭᠵᠢᠬᠦ ᠶᠢ ᠳᠠᠭᠠᠯᠳᠤᠨ᠂ ᠮᠠᠨ ᠤ ᠪᠠᠶᠢᠭᠤᠯᠤᠯ ᠯᠠᠪᠲᠠᠢ ᠤᠯᠠᠮ ᠠᠴᠠ ᠤᠯᠠᠮ ᠪᠣᠯᠪᠠᠰᠤᠷᠠᠩᠭᠤᠢ ᠪᠣᠯᠵᠤ᠂ ᠮᠠᠨ ᠤ ᠤᠯᠤᠰ ᠤᠨ ᠨᠡᠶᠢᠭᠡᠮ ᠵᠢᠷᠤᠮᠲᠤ ᠪᠠᠶᠢᠭᠤᠯᠤᠯ ᠤᠨ ᠳᠠᠪᠠᠭᠤᠯᠢᠭ ᠴᠢᠨᠠᠷ ᠯᠠᠪᠲᠠᠢ ᠤᠯᠠᠮ ᠨᠢᠭᠡ ᠠᠯᠬᠤᠮ ᠢᠯᠡᠷᠡᠵᠦ᠂ ᠮᠠᠨ ᠤ ᠵᠠᠮ ᠯᠠᠪᠲᠠᠢ ᠤᠯᠠᠮ ᠠᠴᠠ ᠤᠯᠠᠮ ᠥᠷᠭᠡᠨ ᠳᠠᠷᠳᠠᠩ ᠪᠣᠯᠵᠤ᠂ ᠮᠠᠨ ᠤ ᠤᠯᠤᠰ ᠤᠨ ᠬᠥᠭᠵᠢᠯᠲᠡ ᠶᠢᠨ ᠵᠠᠮ ᠤᠨ ᠳᠡᠯᠡᠬᠡᠢ ᠳ᠋ᠠᠬᠢᠨ ᠳᠤ ᠦᠵᠡᠭᠦᠯᠬᠦ ᠨᠥᠯᠥᠭᠡ ᠯᠠᠪᠲᠠᠢ ᠤᠯᠠᠮ ᠠᠴᠠ ᠤᠯᠠᠮ ᠶᠡᠭᠡ ᠪᠣᠯᠬᠤ ᠶᠤᠮ᠃ ᠳᠤᠮᠳᠠᠳᠤ ᠤᠯᠤᠰ ᠤᠨ ᠬᠥᠭᠵᠢᠯᠲᠡ ᠶᠢᠨ ᠢᠷᠡᠭᠡᠳᠦᠢ ᠪᠣᠯ ᠭᠡᠭᠡᠨ ᠰᠠᠷᠠᠭᠤᠯ ᠶᠤᠮ᠂ ᠪᠢᠳᠡ ᠡᠨᠡᠬᠦ ᠬᠦᠴᠦᠨ ᠵᠣᠷᠢᠭ ᠪᠠ ᠢᠲᠡᠭᠡᠯ ᠪᠠᠶᠢᠨ᠎ᠠ ᠭᠡᠵᠦ ᠵᠢᠭᠠᠵᠤ ᠭᠠᠷᠭᠠᠪᠠ᠃
 
ᠢᠷᠡᠯᠲᠡ᠄ ᠥᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号