ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠲᠥᠯᠥᠭᠡ᠂ ᠦᠴᠦᠸᠠᠨ | ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠣᠯᠯᠠᠨ ᠡᠷᠬᠢᠯᠡᠵᠦ᠂ ᠦᠴᠦᠸᠠᠨ | ᠰᠢᠶᠠᠨ ᠤ ᠰᠣᠶᠣᠯ ᠤᠨ ᠣᠷᠳᠣᠨ ᠤ ᠬᠠᠮᠵᠢᠯᠴᠠᠨ ᠡᠷᠬᠢᠯᠡᠭᠰᠡᠨ ︽ᠦᠴᠦᠸᠠᠨ ᠰᠢᠶᠠᠨ ᠤ ᠮᠠᠩᠬᠠᠨ ᠳᠠᠭᠤᠤ ᠶᠢᠨ | ᠲᠡᠮᠳᠡᠭᠯᠡᠯ︾ ᠢ ᠨᠠᠶᠢᠷᠠᠭᠤᠯᠤᠨ ᠬᠡᠪᠯᠡᠬᠦ ᠬᠤᠷᠠᠯ 2024 ᠣᠨ ᠤ 7 ᠰᠠᠷ᠎ᠠ ᠶᠢᠨ 17 ᠤ ᠡᠳᠦᠷ ᠦᠴᠦᠸᠠᠨ | ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠢᠭᠡᠳᠦᠭᠡᠷ ᠳᠠᠪᠬᠤᠷᠯᠢᠭ ᠤᠨ ᠬᠤᠷᠠᠯ ᠤᠨ | ᠭᠡᠷ ᠲᠤ ᠶᠠᠪᠤᠭᠳᠠᠪᠠ᠃ ᠦᠴᠦᠸᠠᠨ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠦᠴᠦᠸᠠᠨ ᠰᠢᠶᠠᠨ ᠤ | ᠤᠯᠤᠰ ᠲᠦᠷᠦ ᠶᠢᠨ ᠵᠥᠪᠯᠡᠯᠭᠡᠨ ᠤ ᠰᠣᠶᠣᠯ ᠲᠡᠦᠬᠡ ᠶᠢᠨ ᠵᠥᠪᠯᠡᠯ᠂ ᠦᠴᠦᠸᠠᠨ ᠰᠢᠶᠠᠨ ᠤ ᠤᠳᠬ᠎ᠠ ᠤᠷᠠᠯᠢᠭ ᠤᠨ | ᠬᠢᠨ ᠤ ᠬᠤᠯᠪᠣᠭ᠎ᠠ ᠵᠢᠴᠢ ᠠᠯᠳᠠᠷᠲᠤ ᠵᠣᠬᠢᠶᠠᠯᠴᠢ ᠳ᠋ᠧᠩ ᠵᠢᠦ ᠭᠠᠩ᠂ ᠬᠤ᠋ ᠭᠦᠸᠧ ᠳ᠋ᠦᠩ ᠵᠢᠴᠢ ᠪᠤᠰᠤᠳ ᠤᠳᠬ᠎ᠠ | ᠵᠣᠬᠢᠶᠠᠯ ᠤᠨ ᠵᠣᠬᠢᠶᠠᠯᠴᠢ ᠨᠤᠲᠠᠯᠠᠯᠲᠠ ᠳᠤ ᠣᠷᠣᠯᠴᠠᠪᠠ᠃ | | | | | | ᠲᠣᠰ ᠤᠳᠠᠭᠠᠨ ᠤ ᠠᠵᠢᠯᠯᠠᠭ᠎ᠠ ᠨᠢ ᠭᠤᠣᠯᠳᠠᠭᠤ ᠨᠣᠮ ᠤᠨ ᠨᠡᠷ᠎ᠡ ᠶᠢ ᠰᠤᠳᠤᠯᠤᠨ ᠶᠠᠷᠢᠯᠴᠠᠵᠤ᠂ | ᠠᠭᠤᠯᠭ᠎ᠠ ᠶᠢᠨ ᠪᠠᠶᠢᠳᠠᠯ᠂ ᠭᠠᠳᠠᠷ ᠨᠢᠭᠤᠷ ᠵᠡᠷᠭᠡ ᠪᠣᠳᠠᠲᠠᠢ ᠠᠭᠤᠯᠭ᠎ᠠ ᠶᠢ ᠰᠤᠳᠤᠯᠤᠨ ᠶᠠᠷᠢᠯᠴᠠᠵᠤ᠂ ᠵᠣᠬᠢᠶᠠᠯᠴᠢᠳ | ᠥᠪᠡᠷ ᠤᠨ ᠪᠠᠶᠢᠳᠠᠯ ᠲᠠᠢ ᠪᠠᠨ ᠤᠶᠠᠯᠳᠤᠭᠤᠯᠤᠨ᠂ ᠠᠭᠤᠯᠭ᠎ᠠ ᠳᠤ ᠴᠢᠭᠯᠡᠭᠦᠯᠦᠨ ᠲᠣᠰ ᠲᠣᠰ ᠥᠪᠡᠷ ᠤᠨ | ᠦᠵᠡᠯᠲᠡ ᠪᠠᠨ ᠢᠯᠡᠳᠬᠡᠪᠡ᠃ ᠡᠯ᠎ᠡ ᠬᠡᠪᠯᠡᠯ ᠤᠨ ᠬᠤᠷᠢᠶᠠᠨ ᠤ ᠨᠠᠶᠢᠷᠠᠭᠤᠯᠤᠭᠴᠢ ᠴᠦ ᠪᠣᠳᠠᠲᠠᠢ ᠠᠭᠤᠯᠭ᠎ᠠ ᠲᠠᠢ ᠪᠠᠨ | ᠤᠶᠠᠯᠳᠤᠭᠤᠯᠤᠨ ᠵᠥᠪ ᠣᠨᠣᠪᠴᠢᠲᠠᠶ ᠰᠠᠨᠠᠯ ᠰᠠᠨᠠᠭᠤᠯᠭ᠎ᠠ ᠳᠤᠷᠠᠳᠴᠠᠢ᠃ ᠲᠣᠰ ᠤᠳᠠᠭᠠᠨ ᠤ ᠰᠤᠳᠤᠯᠤᠨ | ᠶᠠᠷᠢᠯᠴᠠᠬᠤ ᠨᠢ ︽ᠦᠴᠦᠸᠠᠨ ᠰᠢᠶᠠᠨ ᠤ ᠮᠠᠩᠬᠠᠨ ᠳᠠᠭᠤᠤ ᠶᠢᠨ ᠲᠡᠮᠳᠡᠭᠯᠡᠯ︾ ᠢ ᠬᠡᠪᠯᠡᠬᠦ ᠳᠤ ᠨᠠᠩ ᠣᠯᠠᠨ ᠰᠢᠨ᠎ᠡ ᠶᠢ | ᠡᠭᠦᠳᠴᠦ᠂ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ︽ᠮᠠᠩᠬᠠᠨ ᠳᠠᠭᠤᠤ︾ ᠶᠢ ᠪᠠᠳᠠᠷᠠᠭᠤᠯᠬᠤ ᠳᠤ | ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃ | ᠲᠣᠰ ᠤᠳᠠᠭᠠᠨ ᠤ ᠠᠵᠢᠯᠯᠠᠭ᠎ᠠ ᠨᠢ ᠡᠯ᠎ᠡ ᠱᠠᠲᠤᠨ ᠤ ᠤᠳᠤᠷᠢᠳᠤᠯᠭ᠎ᠠ ᠶᠢᠨ ᠬᠦᠴᠦᠲᠡᠢ ᠳᠡᠮᠵᠢᠯᠭᠡ ᠶᠢ | ᠣᠯᠣᠭᠰᠠᠨ ᠪᠥᠭᠡᠳ ᠪᠠᠰᠠ ᠤᠳᠬ᠎ᠠ ᠵᠣᠬᠢᠶᠠᠯᠴᠢᠳ ᠤᠨ ᠬᠦᠴᠦᠲᠡᠢ ᠳᠡᠮᠵᠢᠯᠭᠡ ᠶᠢ ᠣᠯᠵᠤ᠂ ᠤᠯᠤᠰ ᠤᠨ ᠲᠠᠰ ᠤᠨ | ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠤᠨ ᠲᠡᠮᠳᠡᠭᠯᠡᠯ ︽ᠦᠴᠦᠸᠠᠨ ᠰᠢᠶᠠᠨ ᠤ ᠮᠠᠩᠬᠠᠨ ᠳᠠᠭᠤᠤ ᠶᠢᠨ | ᠲᠡᠮᠳᠡᠭᠯᠡᠯ︾ ᠳᠤ ᠠᠳᠠᠯᠢ ᠪᠤᠰᠤ ᠠᠭᠤᠯᠭ᠎ᠠ ᠨᠡᠮᠡᠷᠢᠯᠡᠪᠡ᠃ | | | ᠢᠷᠡᠯᠲᠡ᠄ ᠦᠴᠦᠸᠠᠨ ᠰᠢᠶᠠᠨ ᠤ ᠬᠠᠮ ᠵᠠᠭᠤᠴᠢᠯᠠᠭᠤᠷ ᠤᠨ ᠲᠥᠪ | | |