ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠣᠳᠣᠬᠠᠨ ᠪᠤᠯᠲᠠᠯ᠎ᠠ ᠮᠠᠨ ᠤ ᠣᠷᠣᠨ 2278.46 | ᠲᠦᠮᠡᠨ ᠬᠥᠮᠥᠨ ᠨᠡᠶᠢᠭᠡᠮ ᠤᠨ ᠪᠠᠲᠤᠯᠠᠭ᠎ᠠ ᠶᠢᠨ ᠺᠠᠷᠲ ᠢ ᠬᠡᠷᠡᠭᠯᠡᠵᠦ᠂ ᠪᠠᠶᠢᠩᠭᠤ ᠰᠠᠭᠤᠭ᠎ᠠ ᠬᠥᠮᠥᠨ ᠠᠮᠠ ᠶᠢᠨ | 94.89% ᠳᠤ ᠬᠦᠷᠴᠦ᠂ ᠡᠭᠦᠨ ᠳᠤ 1545.25 ᠲᠦᠮᠡᠨ ᠬᠥᠮᠥᠨ ᠡᠯᠧᠺᠲᠷᠣᠨ ᠨᠡᠶᠢᠭᠡᠮ ᠤᠨ | ᠪᠠᠲᠤᠯᠠᠭ᠎ᠠ ᠶᠢᠨ ᠺᠠᠷᠲ ᠢ ᠬᠡᠷᠡᠭᠯᠡᠵᠦ ᠪᠠᠶᠢᠨ᠎ᠠ᠃ ᠡᠭᠦᠨ ᠤ ᠬᠠᠮᠲᠤ᠂ ᠮᠠᠨ ᠤ ᠣᠷᠣᠨ ᠺᠠᠷᠲ ᠲᠠᠷᠬᠠᠭᠠᠬᠤ ᠲᠣᠣᠷ | ᠴᠡᠭ ᠢ 2085 ᠪᠠᠶᠢᠭᠤᠯᠵᠤ᠂ ᠪᠤᠶ ᠪᠦᠬᠦᠢ ᠬᠤᠰᠢᠭᠤ ᠰᠢᠶᠠᠨ ᠲᠣᠭᠤᠷᠢᠭ ᠢ ᠬᠠᠮᠤᠷᠴᠤ᠂ ᠲᠤᠬᠠᠢ ᠶᠢᠨ ᠲᠠᠯᠠᠪᠤᠷ ᠲᠤ | 30 ᠮᠢᠨᠦ᠋ᠲ ᠤᠨ ᠳᠣᠲᠣᠷ᠎ᠠ ᠺᠠᠷᠲ ᠦᠢᠯᠡᠳᠬᠦ ᠠᠵᠢᠯ ᠢ ᠪᠡᠶᠡᠯᠡᠭᠦᠯᠵᠦ᠂ ︽ᠪᠠᠷᠢᠨ ᠭᠦᠢᠴᠡᠳᠬᠡᠵᠦ ᠪᠠᠷᠢᠨ ᠠᠪᠬᠤ︾᠂ | ︽ᠣᠶᠢᠷ᠎ᠠ ᠬᠠᠪᠢ ᠳᠠᠭᠠᠨ ᠭᠦᠢᠴᠡᠳᠬᠡᠬᠦ︾᠂ ︽ᠪᠦᠭᠦ ᠣᠷᠣᠨ ᠳᠤ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠪᠡ᠃ | ᠡᠨᠡ ᠵᠢᠯ᠂ ᠮᠠᠨ ᠤ ᠣᠷᠣᠨ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠰᠦᠯᠵᠢᠶᠡᠨ ᠳᠡᠭᠡᠷᠡᠬᠢ ᠪᠠ ᠪᠣᠳᠠᠲᠤ | ᠴᠣᠭᠴᠠ ᠶᠢᠨ ᠠᠭᠤᠰᠤᠯᠴᠠᠯ ᠢ ᠲᠦᠷᠭᠡᠳᠬᠡᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶ᠎ᠡ᠂ ᠡᠪᠡᠳᠴᠢᠨ ᠦᠵᠡᠭᠦᠯᠵᠦ ᠡᠮ ᠬᠤᠳᠠᠯᠳᠤᠨ | ᠠᠪᠬᠤ᠂ ᠵᠠᠮ ᠬᠠᠷᠢᠯᠴᠠᠭ᠎ᠠ ᠶᠠᠪᠤᠵᠤ ᠰᠠᠭᠤᠬᠤ᠂ ᠵᠤᠭᠠᠴᠠᠨ ᠲᠣᠭᠤᠷᠢᠬᠤ᠂ ᠰᠣᠶᠣᠯ ᠢ ᠪᠡᠶᠡᠴᠢᠯᠡᠨ ᠣᠶᠢᠯᠠᠭᠠᠬᠤ᠂ | ᠠᠷᠠᠳ ᠲᠤ ᠠᠰᠢᠭ ᠬᠦᠷᠲᠡᠭᠡᠬᠦ ᠡᠳ᠋ ᠤᠨ ᠵᠠᠰᠠᠭ ᠤᠨ ᠨᠥᠬᠦᠪᠦᠷᠢ ᠮᠥᠩᠭᠦ ᠣᠯᠭᠤᠬᠤ ᠵᠡᠷᠭᠡ ᠲᠤᠯᠤᠭᠠᠨ ᠲᠠᠯ᠎ᠠ ᠶᠢᠨ | ᠴᠢᠳᠠᠮᠵᠢ ᠶᠢᠨ ᠬᠡᠷᠡᠭᠯᠡᠯᠲᠡ ᠶᠢ ᠪᠡᠶᠡᠯᠡᠭᠦᠯᠬᠦ ᠪᠠᠷ ᠪᠤᠶ᠃ ᠣᠳᠣᠬᠠᠨ ᠳᠤ᠂ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠤᠨ︽ᠨᠢᠭᠡ ᠺᠠᠷᠲ ᠢᠶᠠᠷ ᠨᠡᠶᠢᠳᠡᠮ ᠭᠦᠢᠴᠡᠳᠬᠡᠬᠦ︾ ᠶᠢ | ᠨᠢᠭᠡᠨᠲᠡ ᠪᠡᠶᠡᠯᠡᠭᠦᠯᠵᠦ᠂ ᠪᠦᠭᠦ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | 95 ᠵᠦᠢᠯ ᠤᠨ ᠦᠢᠯᠡᠴᠢᠯᠡᠭᠡᠨ ᠤ ᠵᠦᠢᠯᠡᠰ ᠢ ᠺᠠᠷᠲ ᠢᠶᠠᠷ ᠭᠦᠢᠴᠡᠳᠬᠡᠵᠦ ᠪᠤᠯᠤᠨ᠎ᠠ; ᠠᠷᠠᠳ ᠲᠤ ᠠᠰᠢᠭ | ᠬᠦᠷᠲᠡᠭᠡᠬᠦ ᠨᠥᠬᠦᠪᠦᠷᠢ ᠶᠢ ︽ᠨᠢᠭᠡ ᠺᠠᠷᠲ ᠢᠶᠠᠷ ᠲᠠᠷᠬᠠᠭᠠᠬᠤ︾᠂ ᠡᠳ᠋ ᠤᠨ ᠵᠠᠰᠠᠭ ᠠᠴᠠ ᠲᠠᠷᠢᠶᠠᠴᠢᠳ ᠲᠤ ᠠᠰᠢᠭ | ᠬᠦᠷᠲᠡᠭᠡᠬᠦ 92 ᠵᠦᠢᠯ ᠤᠨ ᠨᠥᠬᠦᠪᠦᠷᠢ ᠶᠢ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠷ ᠳᠠᠮᠵᠢᠭᠤᠯᠤᠨ ᠲᠠᠷᠬᠠᠭᠠᠵᠠᠢ; | ᠡᠪᠡᠳᠴᠢᠨ ᠦᠵᠡᠭᠦᠯᠭᠦ᠂ ᠡᠮ ᠤᠨ ᠳᠡᠯᠭᠡᠭᠦᠷ ᠠᠴᠠ ᠡᠮ ᠬᠤᠳᠠᠯᠳᠤᠨ ᠠᠪᠬᠤ᠂ ᠮᠤᠵᠢ ᠠᠯᠤᠰᠯᠠᠨ ᠣᠨᠳᠣᠣ | ᠭᠠᠵᠠᠷ ᠲᠤ ᠡᠪᠡᠳᠴᠢᠨ ᠦᠵᠡᠭᠦᠯᠭᠦ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ︽ᠨᠢᠭᠡ ᠺᠠᠷᠲ ᠢᠶᠠᠷ ᠨᠡᠶᠢᠳᠡᠮ | ᠭᠦᠢᠴᠡᠳᠬᠡᠬᠦ︾ ᠶᠢ ᠪᠡᠶᠡᠯᠡᠭᠦᠯᠵᠡᠢ᠃ | ᠡᠭᠦᠨ ᠤ ᠬᠠᠮᠲᠤ᠂ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠰᠠᠭᠤᠭᠠᠯᠢ ᠠᠷᠠᠳ ᠤᠨ ᠦᠢᠯᠡᠴᠢᠯᠡᠭᠡᠨ ᠤ | ᠰᠢᠰᠲ᠋ᠧᠮ ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ᠂ ︽ᠮᠥᠩᠬᠡ ᠰᠤᠪᠠᠭ︾APP ᠳᠤ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ | ᠰᠠᠭᠤᠭᠠᠯᠢ ᠠᠷᠠᠳ ᠤᠨ ᠦᠢᠯᠡᠴᠢᠯᠡᠭᠡᠨ ᠤ ᠲᠤᠰᠬᠠᠢ ᠲᠣᠭᠤᠷᠢᠭ ᠢ ᠪᠠᠶᠢᠭᠤᠯᠵᠤ᠂ ᠲᠤᠬᠠᠶᠢᠯᠠᠭᠰᠠᠨ ᠠᠵᠢᠯ | ᠠᠯᠤᠰᠯᠠᠭᠰᠠᠨ᠂ ᠭᠠᠵᠠᠷ ᠣᠷᠣᠨ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ ᠰᠢᠰᠲ᠋ᠧᠮ ᠤᠨ ᠲᠤᠭ᠎ᠠ | ᠪᠠᠷᠢᠮᠲᠠ ᠶᠢ ᠬᠠᠮᠲᠤᠪᠠᠷ ᠡᠳ᠋ᠯᠡᠬᠦ ᠪᠠ ᠦᠢᠯᠡᠴᠢᠯᠡᠭᠡᠨ ᠤ ᠠᠭᠤᠰᠤᠯᠴᠠᠯ ᠢ ᠠᠬᠢᠭᠤᠯᠤᠨ᠂ ᠣᠯᠠᠨ ᠲᠦᠮᠡᠨ ᠳᠤ | ︽ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ︾᠂ ︽ᠡᠪᠡᠳᠴᠢᠨ | ᠦᠵᠡᠭᠦᠯᠵᠦ ᠡᠮ ᠬᠤᠳᠠᠯᠳᠤᠨ ᠠᠪᠬᠤ︾᠂ ︽ᠵᠠᠮ ᠬᠠᠷᠢᠯᠴᠠᠭ᠎ᠠ ᠶᠠᠪᠤᠵᠤ ᠰᠠᠭᠤᠬᠤ︾᠂ ︽ᠰᠣᠶᠣᠯ ᠤᠨ ᠣᠶᠢᠯᠠᠭᠠᠯᠲᠠ︾ | ᠶᠢᠨ ᠲᠠᠶᠢᠯᠤᠮᠵᠢ᠂ ᠬᠥᠲᠥᠯᠥᠨ ᠵᠢᠯᠤᠭᠤᠳᠬᠤ᠂ ᠪᠠᠶᠢᠴᠠᠭᠠᠨ ᠯᠠᠪᠯᠠᠬᠤ ᠦᠢᠯᠡᠴᠢᠯᠡᠭᠡ ᠬᠠᠩᠭᠠᠨ᠎ᠠ᠃ | ᠲᠠᠷᠠᠭᠠᠴᠢ ᠪᠠᠷ᠂ ᠮᠠᠨ ᠤ ᠣᠷᠣᠨ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠰᠠᠭᠤᠭᠠᠯᠢ ᠠᠷᠠᠳ ᠲᠤ | ᠦᠢᠯᠡᠴᠢᠯᠡᠬᠦ ︽ᠨᠢᠭᠡ ᠺᠠᠷᠲ ᠢᠶᠠᠷ ᠨᠡᠶᠢᠳᠡᠮ ᠭᠦᠢᠴᠡᠳᠬᠡᠬᠦ︾ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ | ᠨᠡᠶᠢᠭᠡᠮ ᠤᠨ ᠪᠠᠲᠤᠯᠠᠭ᠎ᠠ ᠶᠢᠨ ᠺᠠᠷᠲ ᠢ ︽ᠠᠷᠠᠳ ᠤᠨ ᠠᠮᠢᠳᠤᠷᠠᠯ ᠤᠨ ᠺᠠᠷᠲ︾᠂ ︽ᠰᠠᠨᠠᠭ᠎ᠠ ᠠᠮᠤᠷ ᠺᠠᠷᠲ︾ | ᠪᠤᠯᠭᠠᠬᠤ ᠪᠠᠷ ᠴᠢᠷᠮᠠᠶᠢᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ | ᠲᠦᠪᠰᠢᠨ ᠤ ᠲᠥᠷᠥᠭᠳᠡᠯ ᠢ ᠴᠢᠨᠠᠭᠰᠢᠳᠠ ᠳᠡᠭᠡᠭᠰᠢᠯᠡᠭᠦᠯᠦᠨ᠎ᠡ᠃ | | | |