ᠡᠨᠡ ᠵᠢᠯ ᠪᠦᠭᠦ ᠣᠷᠣᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠭᠰᠠᠨ ᠲᠠᠯᠠᠪᠠᠢ ᠨᠢᠭᠡᠨᠲᠡ 1147 ᠲᠦᠮᠡᠨ ᠮᠦ ᠳᠤ ᠬᠦᠷᠴᠡᠢ
ᠨᠡᠶᠢᠲᠡᠯᠡᠭᠰᠡᠨ ᠴᠠᠭ᠄
2024/7/18
     ᠣᠶᠢᠷ᠎ᠠ ᠳᠤ ᠶᠠᠪᠤᠭᠳᠠᠭᠰᠠᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠭᠤᠣᠯ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠮᠠᠨ ᠤ ᠣᠷᠣᠨ ᠪᠦᠭᠦ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠵᠤ᠂ ᠨᠢᠳᠤᠨᠤᠨ ᠪᠦᠭᠦ ᠣᠷᠣᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠭᠰᠠᠨ ᠲᠠᠯᠠᠪᠠᠶ 950 ᠲᠦᠮᠡᠨ ᠮᠦ ᠬᠦᠷᠴᠦ᠂ ᠵᠢᠯ ᠤᠨ ᠡᠬᠢᠨ ᠤ ᠲᠥᠯᠥᠪᠯᠡᠭᠡ ᠶᠢᠨ ᠢᠶᠠᠨ1.5 ᠳᠠᠭᠢᠨ ᠪᠣᠯᠪᠠ᠃ ᠡᠨᠡ ᠵᠢᠯ ᠠᠴᠠ ᠨᠠᠭᠠᠰᠢ᠂ ᠮᠠᠨ ᠤ ᠣᠷᠣᠨ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠨᠢᠭᠡᠨᠲᠡ 1147 ᠲᠦᠮᠡᠨ ᠮᠦ ᠶᠢᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢ ᠪᠡᠶᠡᠯᠡᠭᠦᠯᠪᠡ᠃      ᠮᠠᠨ ᠤ ᠣᠷᠣᠨ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠵᠠᠰᠠᠨ ᠰᠡᠷᠭᠦᠭᠡᠬᠦ ᠶᠢ ᠦᠷᠭᠦᠯᠵᠢᠯᠡᠨ ᠴᠢᠩᠭᠠᠳᠬᠠᠵᠤ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠪᠠ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ  ︽ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ︾   ᠢ ᠭᠤᠶᠢᠪᠢᠰᠢ ᠦᠭᠡᠢ ᠰᠠᠶᠢᠲᠤᠷ ᠬᠢᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠠᠴᠠ ᠨᠠᠭᠠᠰᠢ᠂ ᠪᠦᠭᠦ ᠣᠷᠣᠨ ᠳᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠭᠰᠠᠨ ᠲᠠᠯᠠᠪᠠᠶ 3000 ᠲᠦᠮᠡᠨ ᠮᠦ ᠶᠢ ᠳᠠᠪᠠᠵᠤ᠂ ᠡᠳᠦᠷ ᠳᠤᠮᠳᠠᠴᠢ ᠶᠢᠨ ᠡᠯᠡᠰᠦ ᠶᠢ ᠵᠠᠰᠠᠭᠰᠠᠨ ᠲᠠᠯᠠᠪᠠᠶ 2 ᠲᠦᠮᠡᠨ ᠮᠦ ᠶᠢ ᠳᠠᠪᠠᠨ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ︽ᠬᠤᠷᠳᠤᠴᠠ ᠪᠠᠨ ᠲᠦᠷᠭᠡᠳᠬᠡᠬᠦ︾ ᠶᠢ ᠪᠡᠶᠡᠯᠡᠭᠦᠯᠪᠡ᠃ ᠡᠨᠡ ᠵᠢᠯ ᠠᠴᠠ ᠨᠠᠭᠠᠰᠢ ᠮᠠᠨ ᠣᠷᠣᠨ ᠤ ︽ᠬᠤᠣᠰ︾ ᠢᠨᠵᠧᠨᠧᠷᠢᠩ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠤᠷᠤᠭᠰᠢᠲᠠᠢ ᠶᠠᠪᠤᠭᠳᠠᠵᠤ᠂ ᠣᠶᠢᠵᠢᠭᠤᠯᠬᠤ᠂ ᠡᠪᠡᠰᠦ ᠳᠠᠷᠢᠬᠤ᠂ ᠢᠨᠵᠧᠨᠧᠷᠢᠩ ᠢᠶᠠᠷ ᠡᠯᠡᠰᠦ ᠶᠢ ᠲᠣᠭᠲᠠᠪᠤᠷᠢᠵᠢᠭᠤᠯᠤᠭᠰᠠᠨ ᠲᠠᠯᠠᠪᠠᠢ ᠲᠤᠰ ᠲᠤᠰ ᠣᠨ ᠤ ᠡᠭᠦᠷᠭᠡ ᠶᠢᠨ ᠢᠶᠠᠨ 81.8%᠂ 67.7%᠂ 93.6% ᠶᠢ ᠪᠡᠶᠡᠯᠡᠭᠦᠯᠪᠡ᠃ ᠡᠭᠦᠨ ᠠᠴᠠ ᠭᠠᠳᠠᠨ᠎ᠠ᠂ ᠮᠠᠨ ᠤ ᠣᠷᠣᠨ ᠶᠠᠭ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠢᠶᠠᠷ ᠴᠠᠭᠢᠯᠭᠠᠨ ᠭᠠᠷᠭᠠᠬᠤ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ ᠰᠠᠯᠬᠢᠨ ᠬᠦᠴᠦᠨ ᠢᠶᠠᠷ ᠴᠠᠭᠢᠯᠭᠠᠨ ᠭᠠᠷᠭᠠᠬᠤ ᠭᠡᠷᠡᠯᠴᠢ ᠴᠡᠨᠡᠭ ᠢᠶᠠᠷ ᠡᠯᠡᠰᠦ ᠶᠢ ᠵᠠᠰᠠᠬᠤ ᠰᠢᠨ᠎ᠡ ᠵᠠᠭᠪᠤᠷ ᠢ ᠶᠡᠭᠡ  ᠪᠠᠷ ᠳᠡᠯᠭᠡᠷᠡᠭᠦᠯᠦᠨ᠂ ᠨᠣᠭᠤᠭᠠᠷᠠᠭᠤᠯᠤᠯᠲᠠ ᠶᠢ ᠨᠡᠮᠡᠭᠳᠡᠭᠦᠯᠬᠦ᠂ ᠡᠨᠧᠷᠭᠢ ᠶᠢ ᠨᠡᠮᠡᠭᠳᠡᠭᠦᠯᠬᠦ᠂ ᠣᠷᠣᠯᠭ᠎ᠠ ᠶᠢ ᠨᠡᠮᠡᠭᠳᠡᠭᠦᠯᠬᠦ  ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ︽1 + 1﹀2︾ ᠤᠨ ᠦᠷ᠎ᠡ ᠪᠦᠲᠦᠮᠵᠢ ᠶᠢ ᠣᠯᠬᠤ ᠪᠠᠷ ᠴᠢᠷᠮᠠᠶᠢᠵᠤ᠂ ᠵᠢᠱᠢᠯᠲᠡ ᠪᠠᠷ 2030 ᠣᠨ ᠪᠤᠯᠬᠤ ᠳᠤ 9700 ᠲᠦᠮᠡᠨ ᠮᠦ ᠡᠯᠡᠰᠦ ᠶᠢ ᠵᠠᠰᠠᠬᠤ ᠪᠣᠯᠣᠨ᠎ᠠ᠃      ︽ᠪᠦᠭᠦ ᠤᠯᠤᠰ ᠤᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ  ᠶᠢᠨ ᠲᠥᠯᠥᠭᠡ ᠮᠠᠨ ᠤ ᠣᠷᠣᠨ ᠪᠠᠰᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠠᠮᠠᠷᠠᠭᠤᠯᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ 7.3 ᠳ᠋ᠦᠩᠰᠢᠭᠤᠷ ᠮᠦ ᠦᠨᠳᠦᠰᠦᠨ ᠨᠤᠲᠤᠭ ᠪᠡᠯᠴᠢᠭᠡᠷ ᠲᠤ ᠲᠣᠬᠢᠷᠠᠭᠤᠯᠤᠯᠲᠠ ᠬᠢᠵᠦ ᠬᠤᠪᠢᠶᠠᠷᠢᠯᠠᠨ ᠲᠣᠭᠲᠠᠭᠠᠵᠤ᠂ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠪᠡᠯᠴᠢᠭᠡᠷᠯᠡᠭᠦᠯᠬᠦ ᠶᠢ ᠰᠡᠷᠡᠮᠵᠢᠯᠡᠭᠦᠯᠭᠦ ᠲᠠᠯᠠᠪᠠᠢ ᠲᠠᠰᠤᠷᠠᠯᠲᠠ ᠦᠭᠡᠢ ᠪᠠᠭᠠᠰᠪᠠ᠃ ︿ᠬᠥᠯᠥᠨ ᠨᠠᠭᠤᠷ ᠳᠠᠭ᠎ᠠ ᠶᠢᠨ ᠨᠠᠭᠤᠷ ᠤᠯᠠᠭᠠᠨᠰᠤᠬᠠᠢ﹀ ᠵᠢᠴᠢ ᠴᠠᠭᠠᠨᠨᠠᠭᠤᠷ   ᠢ ᠣᠨᠣᠴᠠᠲᠠᠢ ᠵᠠᠰᠠᠬᠤ ︿ᠬᠥᠯᠥᠨ ᠨᠠᠭᠤᠷ  ᠳᠠᠭ᠎ᠠ ᠶᠢᠨ ᠨᠠᠭᠤᠷ ᠤᠯᠠᠭᠠᠨᠰᠤᠬᠠᠢ﹀ ᠶᠢᠨ ᠤᠰᠤᠨ ᠤ ᠭᠠᠳᠠᠷᠭᠤ ᠶᠢ ᠵᠣᠬᠢᠰᠲᠠᠢ ᠣᠷᠣᠨ ᠵᠠᠢ ᠳᠤ ᠪᠠᠶᠢᠯᠭᠠᠵᠤ᠂ ᠤᠰᠤᠨ ᠤ ᠴᠢᠨᠠᠷ ᠢ ᠲᠣᠭᠲᠠᠭᠤᠨ ᠪᠠᠶᠢᠯᠭᠠᠬᠤ ᠶᠢᠨ ᠵᠡᠷᠭᠡ ᠪᠠᠷ ᠰᠠᠶᠢᠵᠢᠷᠠᠭᠤᠯᠤᠨ᠂ ᠴᠠᠭᠠᠨᠨᠠᠭᠤᠷ ᠤᠨ ᠠᠮᠢ ᠠᠬᠤᠢ ᠶᠢᠨ ᠪᠠᠶᠢᠳᠠᠯ ᠴᠤ ᠦᠷᠭᠦᠯᠵᠢᠯᠡᠨ ᠰᠠᠶᠢᠵᠢᠷᠠᠪᠠ︾ ᠭᠡᠵᠦ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠤᠨ ᠳᠡᠳ᠋  ᠳᠠᠷᠤᠭ᠎ᠠ ᠸᠠᠩ ᠢ ᠯᠢᠩ ᠬᠡᠯᠡᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号