ᠰᠢᠨ᠎ᠡ ᠪᠠᠷᠠᠭᠤᠨ ᠵᠡᠭᠡᠯᠢ ᠶᠢᠨ ᠨᠡᠶᠢᠭᠡᠮ ᠲᠣᠭᠤᠷᠢᠭ᠄ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠪᠠᠷ ︽ᠲᠤᠯᠤᠭᠠᠨ ᠰᠠᠷ᠎ᠠ ᠶᠢᠨ ᠨᠢᠭᠡᠨ︾ ᠳᠤ ᠪᠡᠯᠡᠭ ᠬᠦᠷᠭᠡᠪᠡ
ᠨᠡᠶᠢᠲᠡᠯᠡᠭᠰᠡᠨ ᠴᠠᠭ᠄
2024/7/2
     ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠤᠢ ᠶᠢ ᠪᠡᠯᠭᠡᠯᠡᠵᠦ᠂ ᠨᠠᠮ ᠤᠨ ᠭᠡᠷᠡᠯ ᠰᠠᠴᠤᠷᠠᠩᠭᠤᠢ ᠲᠡᠦᠬᠡ ᠶᠢ ᠡᠷᠭᠢᠴᠡᠭᠦᠯᠵᠦ᠂ ᠨᠠᠮ ᠤᠨ ᠰᠢᠯᠢᠳᠡᠭ ᠤᠯᠠᠮᠵᠢᠯᠠᠯ ᠢ ᠪᠠᠳᠠᠷᠠᠭᠤᠯᠬᠤ ᠶᠢᠨ ᠲᠥᠯᠥᠭᠡ᠂ 7 ᠰᠠᠷ᠎ᠠ ᠶᠢᠨ 1 ᠤ ᠡᠳᠦᠷ᠂ ᠰᠢᠨ᠎ᠡ ᠪᠠᠷᠠᠭᠤᠨ ᠵᠡᠭᠡᠯᠢ ᠶᠢᠨ ᠨᠡᠶᠢᠭᠡᠮ ᠲᠣᠭᠤᠷᠢᠭ ᠨᠡᠶᠢᠭᠡᠮ ᠲᠣᠭᠤᠷᠢᠭ ᠤᠨ ︽ᠲᠠᠪᠤᠨ ᠠᠬᠠᠮᠠᠳ︾ ᠤᠨ ᠨᠠᠶᠢᠷᠠᠯ ᠳᠠᠭᠤᠤ ᠶᠢᠨ ᠪᠦᠯᠬᠦᠮ ᠲᠠᠢ ᠬᠠᠮᠲᠤᠷᠠᠨ ᠣᠯᠠᠨ ᠲᠦᠮᠡᠨ ᠳᠤ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠭᠠᠷᠭᠠᠪᠠ᠃
     ᠤᠷᠠᠨ ᠰᠠᠶᠢᠬᠠᠨ ᠤ ᠲᠣᠭᠯᠠᠯᠲᠠ ᠨᠢ ᠪᠥᠵᠢᠭ᠂ ᠭᠤᠴᠣᠯᠠᠯ ᠳᠠᠭᠤᠤ᠂ ᠳᠠᠭᠤᠤ᠂ ᠠᠷᠠᠳ ᠤᠨ ᠬᠥᠭᠵᠢᠮ ᠤᠨ ᠲᠣᠭᠯᠠᠯᠲᠠ ᠵᠡᠷᠭᠡ ᠤᠯᠠᠨ ᠵᠦᠢᠯ ᠤᠨ ᠬᠡᠯᠪᠡᠷᠢ ᠪᠠᠷ ᠨᠠᠮ ᠤᠨ ᠵᠠᠭᠤᠨ ᠵᠢᠯ ᠤᠨ ᠲᠡᠮᠡᠴᠡᠯ ᠳᠤ ᠬᠦᠨᠳᠦᠳᠬᠡᠯ ᠳᠡᠪᠰᠢᠭᠦᠯᠵᠦ ᠪᠠᠶᠢᠬᠤ ᠪᠠᠨ ᠢᠯᠡᠳᠬᠡᠪᠡ᠃ ᠲᠣᠭᠯᠠᠯᠲᠠ ᠨᠢ ︽ᠨᠠᠮ ᠤᠨ ᠲᠤᠭ ᠢ ᠥᠨᠳᠥᠷ ᠲᠤ ᠨᠠᠮᠢᠷᠠᠭᠤᠯᠤᠶ᠎ᠠ︾ ᠭᠡᠬᠦ ᠨᠠᠶᠢᠷᠠᠯ ᠳᠠᠭᠤᠤ ᠶᠢᠨ ᠳᠤᠮᠳᠠ ᠬᠥᠰᠢᠭᠡ ᠪᠠᠨ ᠰᠡᠬᠦᠵᠦ᠂ ᠣᠯᠠᠨ ᠢᠶᠠᠷ ᠢᠶᠠᠨ ᠣᠷᠭᠢᠯᠤᠮ᠎ᠠ ᠬᠠᠯᠠᠭᠤᠨ ᠰᠡᠳᠬᠢᠯᠭᠡ ᠪᠠᠷ ᠨᠠᠮ ᠳᠠᠭᠠᠨ ᠵᠥᠩᠨᠡᠯ ᠳᠡᠪᠰᠢᠭᠦᠯᠪᠡ᠃ ᠳᠠᠷᠠᠭ᠎ᠠ ᠨᠢ᠂ ᠡᠮᠡᠭᠲᠡᠢ ᠶᠢᠨ ᠭᠤᠴᠣᠯᠠᠯ ᠳᠠᠭᠤᠤ ︽ᠬᠠᠮᠤᠭ ᠤᠨ ᠭᠤᠶᠤ ᠳᠠᠭᠤᠤ ᠶᠢ ᠡᠵᠢ ᠳᠤ ᠪᠠᠨ ᠡᠷᠭᠦᠶ᠎ᠡ︾᠂ ᠪᠥᠵᠢᠭ ︽ᠬᠤᠶᠠᠳᠤᠭᠠᠷ ᠡᠮᠡᠭᠡ︾᠂ ᠡᠷᠡᠭᠲᠡᠢ ᠶᠢᠨ ᠭᠤᠴᠣᠯᠠᠯ ᠳᠠᠭᠤᠤ ︽ᠲᠤᠭᠤᠷ ᠤᠨ ᠴᠡᠴᠡᠭ ᠪᠠᠳᠠᠷᠠᠨ ᠳᠡᠯᠭᠡᠷᠡᠭᠰᠡᠨ ᠭᠠᠵᠠᠷ ᠲᠤ︾᠂ ᠰᠢᠯᠦᠭ ︽ᠨᠠᠮ ᠤᠨ ᠲᠤᠭ ᠤᠨ ᠮᠠᠭᠲᠠᠭᠠᠯ︾᠂ ᠬᠤᠯᠤ ᠶᠢᠨ ᠬᠥᠭᠵᠢᠮ ︽ᠨᠤᠲᠤᠭ ᠤᠨ ᠳᠠᠭᠤᠤ ᠪᠠᠨ ᠨᠠᠮ ᠳᠠᠭᠠᠨ ᠳᠠᠭᠤᠯᠠᠶ᠎ᠠ︾᠂ ᠳᠡᠪᠢᠭᠦᠷ ᠤᠨ ᠪᠥᠵᠢᠭ ︽ᠦᠨᠡᠨᠴᠢ ᠰᠢᠳᠤᠷᠭᠤ ᠪᠠᠷ ᠤᠯᠤᠰ ᠲᠠᠭᠠᠨ ᠵᠢᠳᠬᠦᠭᠰᠡᠨ ᠨᠢ︾᠂ ᠳᠠᠭᠤᠤ ᠪᠥᠵᠢᠭ ᠤᠨ ᠨᠠᠶᠢᠷᠠᠯ ᠳᠠᠭᠤᠤ ᠵᠡᠷᠭᠡ ᠠᠷᠪᠠᠨ ᠬᠡᠳᠦᠨ ᠲᠣᠭᠯᠠᠯᠲᠠ ᠵᠠᠯᠭᠠᠭ᠎ᠠ ᠪᠠᠷ ᠲᠣᠭᠯᠠᠵᠤ᠂ ᠭᠤᠶᠢᠳᠠ ᠰᠠᠶᠢᠬᠠᠨ ᠪᠠᠶᠢᠵᠤ᠂ ᠠᠯᠠᠭ᠎ᠠ ᠲᠡᠰᠢᠯᠲᠡ ᠶᠢᠨ ᠲᠠᠭᠤᠨ ᠲᠠᠰᠤᠷᠠᠯᠳᠠ ᠦᠭᠡᠢ ᠴᠤᠤᠷᠢᠶᠠᠲᠤᠨ᠎ᠠ᠃
     ᠲᠣᠰ ᠤᠳᠠᠭᠠᠨ ᠤ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠨᠢ ᠰᠢᠨ᠎ᠡ ᠪᠠᠷᠠᠭᠤᠨ ᠵᠡᠭᠡᠯᠢ ᠶᠢᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠴᠤᠭ ᠪᠠᠳᠠᠷᠠᠩᠭᠤᠢ᠂ ᠢᠳᠡᠪᠬᠢᠲᠡᠢ ᠪᠠᠷ ᠥᠭᠡᠳᠡᠯᠡᠨ ᠲᠠᠪᠰᠢᠬᠤ᠂ ᠪᠣᠯᠪᠠᠰᠤᠨ ᠡᠶ᠎ᠡ ᠵᠣᠬᠢᠴᠠᠩᠭᠤᠢ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠵᠦ᠂ ᠠᠭᠤᠯᠭ᠎ᠠ ᠪᠠᠷ ᠪᠠᠶᠠᠯᠢᠭ᠂ ᠬᠡᠯᠪᠡᠷᠢ ᠪᠠᠷ ᠣᠯᠠᠨ ᠶᠠᠩᠵᠤ ᠶᠢᠨ ᠲᠣᠭᠯᠠᠯᠲᠠ ᠪᠠᠷ ᠳᠠᠮᠵᠢᠭᠤᠯᠤᠨ᠂ ᠨᠠᠮ ᠳᠠᠭᠠᠨ ᠲᠠᠯᠠᠷᠬᠠᠵᠤ᠂ ᠡᠬᠡ ᠤᠯᠤᠰ ᠢᠶᠠᠨ ᠮᠠᠭᠲᠠᠨ ᠳᠠᠭᠤᠯᠠᠵᠤ᠂ ᠰᠢᠨ᠎ᠡ ᠴᠠᠭ ᠦᠶ᠎ᠡ ᠶᠢᠨ ᠵᠣᠯ ᠵᠢᠷᠭᠠᠯᠲᠤ ᠰᠠᠶᠢᠨ ᠰᠠᠶᠢᠬᠠᠨ ᠠᠮᠢᠳᠤᠷᠠᠯ ᠢ ᠮᠠᠭᠲᠠᠨ ᠳᠠᠭᠤᠯᠠᠪᠠ᠃ ᠡᠨᠡ ᠪᠣᠯ ᠨᠠᠮ ᠪᠠ ᠣᠯᠠᠨ ᠲᠦᠮᠡᠨ ᠤ ᠬᠠᠮᠲᠤᠷᠠᠭᠰᠠᠨ ᠳᠠᠭᠤᠤ ᠪᠥᠵᠢᠭ ᠤᠨ ᠦᠵᠡᠭᠦᠯᠭᠡ ᠶᠢᠨ ᠲᠣᠭᠯᠠᠯᠲᠠ ᠪᠣᠯᠬᠤ ᠪᠥᠭᠡᠳ ᠪᠠᠰᠠ ᠴᠤ ᠨᠢᠭᠡ ᠤᠳᠠᠭᠠᠨ ᠤ ᠨᠢᠭᠡ ᠰᠡᠳᠬᠢᠯ ᠢᠶᠠᠷ ᠨᠠᠮ ᠳᠠᠭᠠᠨ ᠬᠠᠨᠳᠤᠭᠰᠠᠨ ᠰᠢᠨ᠎ᠡ ᠴᠠᠭ ᠦᠶ᠎ᠡ ᠶᠢᠨ ᠵᠣᠷᠢᠭ ᠰᠠᠨᠠᠭᠠᠨ ᠤ ᠵᠢᠷᠤᠭᠯᠠᠯ ᠪᠣᠯᠣᠨ᠎ᠠ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠵᠦ᠂ ᠰᠠᠭᠤᠭᠠᠯᠢ ᠠᠷᠠᠳ ᠤᠨ ᠣᠶᠤᠨ ᠰᠠᠨᠠᠭᠠᠨ ᠤ ᠬᠦᠴᠦᠨ ᠢ ᠨᠢᠭᠲᠠᠷᠠᠭᠤᠯᠤᠨ᠂ ᠨᠡᠶᠢᠭᠡᠮ ᠲᠣᠭᠤᠷᠢᠭ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃      ᠢᠷᠡᠯᠲᠡ᠄ ᠦᠴᠦᠸᠠᠨ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号