ᠬᠠᠳᠠ ᠮᠠᠨ ᠤ ᠰᠢᠶᠠᠨ ᠤ ᠭᠤᠣᠯᠳᠠᠯᠭ᠎ᠠ ᠲᠠᠢ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2024/7/2
     6 ᠰᠠᠷ᠎ᠠ ᠶᠢᠨ 29 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠤᠷᠢᠳ ᠬᠤᠵᠢᠳ ᠨᠠᠭᠤᠷ ᠤᠨ ᠰᠢᠯᠢ ᠥᠨᠳᠥᠷ ᠠᠭᠤᠯᠠ ᠨᠤᠭᠤ ᠭᠠᠵᠠᠷ ᠤᠨ ᠰᠣᠶᠣᠯ ᠵᠤᠭᠠᠴᠠᠯ ᠤᠨ ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ᠂ ᠬᠤᠭᠤᠯᠠᠢ ᠠᠭᠤᠯᠠ ᠰᠢᠶᠠᠨᠩ ᠤᠨ ᠨᠡᠷᠡᠨ ᠬᠤᠸᠠᠷ ᠤᠨ ᠠᠵᠤ ᠦᠢᠯᠡᠰ ᠤᠨ ᠬᠦᠷᠢᠶᠡᠯᠡᠩ᠂ ᠦᠴᠦᠸᠠᠨ ᠰᠢᠶᠠᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ᠂ ᠤᠳᠤ ᠦᠶ᠎ᠡ ᠶᠢᠨ ᠮᠠᠯ ᠠᠵᠤ ᠠᠬᠤᠢ ᠶᠢᠨ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠵᠢᠴᠢ ᠮᠧᠩ ᠼᠤᠤ ᠡᠪᠡᠰᠦᠨ ᠤ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ᠂ ᠹᠦ᠋ ᠷᠦ᠋ ᠳ᠋ᠦᠩ ᠲᠣᠰᠬᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠤᠬᠠᠢ ᠶᠢᠨ ᠲᠠᠯᠠᠪᠠᠢ᠂ ᠬᠠᠳᠠᠲᠤ ᠬᠠᠭᠠᠯᠭ᠎ᠠ ᠥᠨᠳᠥᠷ ᠠᠭᠤᠯᠠ ᠲᠠᠯ᠎ᠠ ᠨᠤᠲᠤᠭ ᠤᠨ ᠵᠤᠭᠠᠴᠠᠯ ᠤᠨ ᠣᠷᠣᠨ ᠤ ᠳᠡᠭᠡᠭᠰᠢᠯᠡᠭᠦᠯᠬᠦ ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠬᠦᠷᠴᠦ᠂ ᠡᠯ᠎ᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠵᠢᠴᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠠᠰᠠᠭᠤᠳᠠᠯ ᠢ ᠰᠤᠳᠤᠯᠤᠨ ᠵᠣᠬᠢᠴᠠᠭᠤᠯᠤᠨ ᠰᠢᠢᠳᠪᠦᠷᠢᠯᠡᠬᠦ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠪᠠ᠃      ᠪᠠᠶᠢᠴᠠᠭᠠᠨ ᠰᠤᠳᠤᠯᠤᠯᠲᠠ ᠶᠢᠨ ᠳᠤᠮᠳᠠ᠂ ᠬᠠᠳᠠ ᠵᠢᠭᠠᠵᠤ ᠭᠠᠷᠭᠠᠭᠰᠠᠨ ᠨᠢ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠡᠯ᠎ᠡ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠥᠮᠥᠨ ᠤ ᠬᠦᠴᠦᠨ᠂ ᠪᠣᠳᠠᠰ ᠤᠨ ᠬᠦᠴᠦᠨ᠂ ᠡᠳ᠋ ᠤᠨ ᠬᠦᠴᠦᠨ ᠵᠡᠷᠭᠡ ᠲᠠᠯ᠎ᠠ ᠪᠠᠷ ᠬᠦᠴᠦᠲᠡᠢ ᠳᠡᠮᠵᠢᠯᠭᠡ ᠦᠵᠡᠭᠦᠯᠪᠡ᠃ ᠡᠯ᠎ᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠬᠦᠴᠦᠲᠡᠢ ᠠᠷᠭ᠎ᠠ ᠬᠡᠮᠵᠢᠶ᠎ᠡ ᠠᠪᠴᠤ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠨᠢᠭᠡᠨᠲᠡ ᠲᠣᠭᠲᠠᠭᠠᠭᠰᠠᠨ ᠪᠠᠷᠢᠯᠭ᠎ᠠ ᠶᠢᠨ ᠲᠥᠯᠥᠪᠯᠡᠭᠡ ᠶᠣᠰᠣᠭᠠᠷ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠦᠨᠡᠨᠬᠦ ᠲᠦᠷᠭᠡᠳᠬᠡᠬᠦ ᠬᠡᠷᠡᠭᠲᠡᠢ᠃ ᠬᠤᠯᠪᠣᠭᠳᠠᠯ ᠪᠦᠬᠦᠢ ᠨᠢᠭᠡᠴᠢ ᠨᠦᠭᠦᠳ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠵᠣᠬᠢᠴᠠᠭᠤᠯᠤᠨ ᠬᠠᠮᠵᠢᠯᠴᠠᠬᠤ᠂ ᠲᠤᠬᠠᠢ ᠶᠢᠨ ᠭᠠᠵᠠᠷ ᠲᠤᠨᠢ ᠲᠣᠬᠢᠷᠠᠭᠤᠯᠬᠤ ᠪᠠ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠷᠲᠡᠬᠡᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃      ᠬᠠᠳᠠ ᠱᠠᠭᠠᠷᠳᠠᠭᠰᠠᠨ ᠨᠢ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠤᠯᠭᠠᠮ᠎ᠠ ᠰᠡᠳᠬᠢᠯᠭᠡ ᠪᠣᠯᠣᠨ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠴᠢᠩᠭᠠᠷᠠᠭᠤᠯᠤᠨ᠂ ᠠᠶᠤᠯᠭᠦᠢ ᠦᠢᠯᠡᠳᠪᠦᠷᠢᠯᠡᠯ ᠤᠨ ᠦᠵᠡᠯ ᠤᠬᠠᠮᠰᠠᠷ ᠢ ᠪᠠᠲᠤᠳᠬᠠᠵᠤ᠂ ᠪᠦᠲᠦᠭᠡᠨ ᠪᠠᠶᠢᠭᠤᠯᠤᠯᠲᠠ ᠶᠢᠨ ᠠᠵᠢᠯ ᠢ ᠵᠢᠷᠤᠮᠵᠢᠭᠤᠯᠬᠤ ᠬᠡᠷᠡᠭᠲᠡᠢ᠃ ᠡᠯ᠎ᠡ ᠠᠵᠤ ᠠᠬᠤᠶᠢᠯᠠᠯ ᠬᠠᠷᠠᠯᠲᠠ ᠡᠭᠦᠷᠭᠡ ᠪᠣᠯᠣᠨ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠷᠭ᠎ᠠ ᠬᠡᠮᠵᠢᠶ᠎ᠡ᠂ ᠪᠠᠷᠢᠯᠭ᠎ᠠ ᠶᠢᠨ ᠠᠮᠤᠷ ᠲᠦᠪᠰᠢᠨ ᠪᠣᠯᠣᠨ ᠪᠠᠷᠢᠯᠭ᠎ᠠ ᠶᠢᠨ ᠶᠠᠰᠤ ᠴᠢᠨᠠᠷ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠠᠵᠠ ᠲᠣᠬᠢᠶᠠᠯ ᠢ ᠭᠦᠢᠴᠡᠳ ᠡᠵᠡᠮᠳᠡᠵᠦ᠂ ᠢᠲᠡᠭᠡᠯ ᠵᠣᠷᠢᠭ ᠢᠶᠠᠨ ᠪᠠᠲᠤᠳᠬᠠᠵᠤ᠂ ᠪᠣᠳᠠᠲᠠᠢ ᠳᠤ ᠰᠠᠭᠤᠷᠢᠯᠠᠵᠤ᠂ ᠠᠵᠤ ᠦᠢᠯᠡᠰ ᠤᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠴᠢᠩᠭᠠᠳᠬᠠᠵᠤ᠂ ᠪᠦᠬᠦ ᠰᠢᠶᠠᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ᠃      ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠬᠠᠳᠠ ᠴᠢᠬᠤᠯᠠᠴᠢᠯᠠᠭᠰᠠᠨ ᠨᠢ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠨᠥᠯᠥᠭᠡᠯᠡᠨ ᠬᠢᠵᠠᠭᠠᠷᠯᠠᠵᠤ ᠪᠠᠶᠢᠭ᠎ᠠ ᠶᠠᠪᠤᠴᠠ ᠳᠠᠬᠢ ᠬᠦᠴᠢᠷ ᠠᠰᠠᠭᠤᠳᠠᠯ ᠢ ᠤᠯᠠᠮ ᠨᠢᠭᠡ ᠠᠯᠬᠤᠮ ᠡᠮᠬᠢᠯᠡᠵᠦ᠂ ᠰᠤᠳᠤᠯᠤᠨ ᠮᠠᠭᠠᠳᠯᠠᠵᠤ᠂ ᠡᠯ᠎ᠡ ᠲᠥᠷᠥᠯ ᠤᠨ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡ ᠶᠢ ᠰᠠᠶᠢᠲᠤᠷ ᠬᠢᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠥᠨᠳᠥᠷ ᠪᠦᠲᠦᠮᠵᠢᠲᠡᠶ᠂ ᠡᠮᠬᠢ ᠵᠢᠷᠤᠮ ᠲᠠᠢ ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠡᠯ᠎ᠡ ᠠᠵᠤ ᠠᠬᠤᠶᠢᠯᠠᠯ ᠤᠳ ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠤᠨ ᠪᠠᠷᠢᠵᠤ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ ᠵᠦᠢ ᠵᠣᠬᠢᠰᠲᠠᠢ ᠲᠣᠬᠢᠷᠠᠭᠤᠯᠤᠨ᠂ ᠠᠯᠬᠤᠮ ᠳᠠᠷᠠᠭ᠎ᠠ ᠲᠠᠢ ᠪᠠᠷ ᠠᠬᠢᠭᠤᠯᠵᠤ᠂ ᠡᠯ᠎ᠡ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠲᠤ ᠴᠢᠨᠠᠷ ᠰᠠᠶᠢᠲᠠᠢ᠂ ᠥᠨᠳᠥᠷ ᠦᠷ᠎ᠡ ᠪᠦᠲᠦᠮᠵᠢᠲᠡᠶ ᠪᠠᠷ ᠠᠬᠢᠭᠤᠯᠬᠤ ᠶᠢ ᠦᠨᠡᠨᠬᠦ ᠪᠠᠲᠤᠯᠠᠵᠤ᠂ ᠡᠯ᠎ᠡ ᠲᠥᠷᠥᠯ ᠵᠦᠢᠯ ᠢ ᠡᠷᠲᠡᠬᠡᠨ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠢ᠃      ᠰᠢᠶᠠᠨ ᠤ ᠤᠳᠤᠷᠢᠳᠤᠯᠭ᠎ᠠ ᠷᠧᠨ ᠶᠠᠨ ᠰᠢᠶᠠᠩ᠂ ᠰᠢᠶᠧ ᠴᠢᠦᠢ ᠫᠢᠩ᠂ ᠶᠠᠩ ᠶᠦᠩ ᠭᠠᠩ᠂ ᡁᠢ ᠵᠢᠶᠠᠨ ᠭᠠᠩ᠂ ᠶᠦᠨ ᠰᠢᠶᠣᠣ ᠮᠢᠨ ᠵᠢᠴᠢ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃  ︵ᠰᠤᠷᠪᠤᠯᠵᠢᠯᠠᠭᠴᠢ ᠵᠠᠩ ᠸᠧᠨ ᠴᠢᠩ  ᠭᠦᠩ ᠨᠠᠨ︶      ᠢᠷᠡᠯᠲᠡ᠄ ᠦᠴᠦᠸᠠᠨ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号