ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠢᠩᠬᠢᠮ ᠠᠴᠠ ᠣᠶᠢᠯᠠᠭᠠᠭᠰᠠᠨ ᠢᠶᠠᠷ᠂ ᠮᠠᠨ ᠤ ᠣᠷᠣᠨ ᠣᠶᠢᠷ᠎ᠠ ᠳᠤ 2024 ᠣᠨ ᠤ ᠥᠪᠥᠷ ᠮᠣᠩᠭᠤᠯ ᠤᠨ | ᠦᠢᠯᠡᠳᠬᠦ ᠦᠢᠯᠡᠰ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ 50 ᠬᠦᠴᠦᠷᠬᠡᠭ ᠢ ᠨᠡᠶᠢᠲᠡᠯᠡᠪᠡ᠃ | ᠡᠨᠡ ᠵᠢᠯ ᠤᠨ ᠥᠪᠥᠷ ᠮᠣᠩᠭᠤᠯ ᠤᠨ ᠦᠢᠯᠡᠳᠬᠦ ᠦᠢᠯᠡᠰ ᠤᠨ ᠠᠷᠠᠳ ᠤᠨ ᠡᠵᠡᠩᠨᠡᠯᠲᠡ ᠶᠢᠨ 50 | ᠬᠦᠴᠦᠷᠬᠡᠭ ᠠᠵᠤ ᠠᠬᠤᠶᠢᠯᠠᠯ ᠳᠤ ᠭᠦᠭᠡᠬᠤᠳᠠ ᠶᠢᠨ 6 ᠠᠵᠤ ᠠᠬᠤᠶᠢᠯᠠᠯ᠂ ᠪᠤᠭᠤᠲᠤ ᠬᠤᠳᠠ ᠶᠢᠨ 13 ᠠᠵᠤ | ᠠᠬᠤᠶᠢᠯᠠᠯ᠂ ᠣᠷᠳᠣᠰ ᠬᠤᠳᠠ ᠶᠢᠨ 6 ᠠᠵᠤ ᠠᠬᠤᠶᠢᠯᠠᠯ᠂ ᠤᠯᠠᠭᠠᠨᠬᠠᠳᠠ ᠬᠤᠳᠠ ᠶᠢᠨ 2 ᠠᠵᠤ ᠠᠬᠤᠶᠢᠯᠠᠯ᠂ | ᠦᠬᠠᠢ ᠬᠤᠳᠠ ᠶᠢᠨ 5 ᠠᠵᠤ ᠠᠬᠤᠶᠢᠯᠠᠯ᠂ ᠲᠦᠩᠯᠢᠶᠣᠣ ᠬᠤᠳᠠ ᠶᠢᠨ 5 ᠠᠵᠤ ᠠᠬᠤᠶᠢᠯᠠᠯ᠂ ᠤᠯᠠᠭᠠᠨᠴᠠᠪ ᠬᠤᠳᠠ | ᠶᠢᠨ 5 ᠠᠵᠤ ᠠᠬᠤᠶᠢᠯᠠᠯ᠂ ᠠᠯᠠᠱᠠ ᠠᠶᠢᠮᠠᠭ ᠤᠨ 2 ᠠᠵᠤ ᠠᠬᠤᠶᠢᠯᠠᠯ᠂ ᠬᠥᠯᠥᠨ ᠪᠤᠶᠢᠷ ᠬᠤᠳᠠ ᠶᠢᠨ 2 ᠠᠵᠤ | ᠠᠬᠤᠶᠢᠯᠠᠯ᠂ ᠬᠢᠩᠭᠠᠨ ᠠᠶᠢᠮᠠᠭ ᠤᠨ 1 ᠠᠵᠤ ᠠᠬᠤᠶᠢᠯᠠᠯ᠂ ᠪᠠᠶᠠᠨᠨᠠᠭᠤᠷ ᠬᠤᠳᠠ ᠶᠢᠨ 3 ᠠᠵᠤ ᠠᠬᠤᠶᠢᠯᠠᠯ ᠪᠠᠶᠢᠵᠤ᠂ | ᠡᠭᠦᠨ ᠳᠤ ᠭᠦᠭᠡᠬᠤᠳᠠ ᠶᠢᠨ ᠢᠯᠢ ᠪᠦᠯᠦᠭᠯᠡᠯ ᠺᠤᠮᠫᠠᠨᠢ 1261.79 ᠳ᠋ᠦᠩᠰᠢᠭᠤᠷ ᠲᠥᠭᠦᠷᠢᠭ ᠤᠨ ᠡᠵᠡᠩᠨᠡᠯᠲᠡ | ᠶᠢᠨ ᠤᠷᠤᠯᠭ᠎ᠠ ᠪᠠᠷ ᠮᠠᠩᠯᠠᠶᠢᠯᠠᠵᠤ᠂ ᠣᠷᠳᠣᠰ ᠬᠤᠳᠠ ᠶᠢᠨ ᠣᠷᠳᠣᠰ ᠪᠦᠯᠦᠭᠯᠡᠯ ᠺᠤᠮᠫᠠᠨᠢ 680.78 ᠳ᠋ᠦᠩᠰᠢᠭᠤᠷ | ᠲᠥᠭᠦᠷᠢᠭ ᠤᠨ ᠡᠵᠡᠩᠨᠡᠯᠲᠡ ᠶᠢᠨ ᠤᠷᠤᠯᠭ᠎ᠠ ᠪᠠᠷ ᠳᠡᠳ᠋ᠯᠡᠨ᠂ ᠣᠷᠳᠣᠰ ᠬᠤᠳᠠ ᠶᠢᠨ ᠥᠪᠥᠷ ᠮᠣᠩᠭᠤᠯ ᠤᠨ ᠮᠧᠩ | ᠲᠠᠢ ᠪᠦᠯᠦᠭᠯᠡᠯ 492.47 ᠳ᠋ᠦᠩᠰᠢᠭᠤᠷ ᠲᠥᠭᠦᠷᠢᠭ ᠤᠨ ᠡᠵᠡᠩᠨᠡᠯᠲᠡ ᠶᠢᠨ ᠤᠷᠤᠯᠭ᠎ᠠ ᠪᠠᠷ ᠭᠤᠷᠪᠠᠳᠤᠭᠠᠷ ᠲᠤ | ᠲᠣᠳᠣᠷᠠᠵᠤ᠂ ᠭᠦᠭᠡᠬᠤᠳᠠ ᠶᠢᠨ ᠬᠤᠸᠠ ᠶᠣᠣ ᠭᠡᠷᠡᠯ ᠴᠠᠭᠢᠯᠭᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠢᠵᠠᠭᠠᠷᠲᠤ ᠺᠤᠮᠫᠠᠨᠢ 43.52 ᠳ᠋ᠦᠩᠰᠢᠭᠤᠷ ᠲᠥᠭᠦᠷᠢᠭ ᠤᠨ ᠡᠵᠡᠩᠨᠡᠯᠲᠡ ᠶᠢᠨ ᠤᠷᠤᠯᠭ᠎ᠠ ᠪᠠᠷ ᠲᠠᠪᠢᠳᠤᠭᠠᠷ ᠲᠤ | ᠣᠷᠣᠵᠤ ᠰᠡᠭᠦᠯ ᠬᠤᠷᠢᠶᠠᠪᠠ᠃ ᠭᠦᠭᠡᠬᠤᠳᠠ ᠶᠢᠨ ᠵᠦᠩ ᠬᠤᠸᠠᠨ ᠲᠠᠯᠠᠰᠲᠤ ᠮᠠᠲ᠋ᠧᠷᠢᠶᠠᠯ ᠤᠨ ᠬᠢᠵᠠᠭᠠᠷᠲᠤ ᠺᠤᠮᠫᠠᠨᠢ᠂ | ᠤᠯᠠᠭᠠᠨᠬᠠᠳᠠ ᠬᠤᠳᠠ ᠶᠢᠨ ᠶᠤᠸᠠᠨ ᠯᠢᠶᠠᠨ ᠪᠣᠯᠣᠳ ᠲᠡᠮᠦᠷ ᠤᠨ ᠬᠢᠵᠠᠭᠠᠷᠲᠤ ᠺᠤᠮᠫᠠᠨᠢ᠂ ᠦᠬᠠᠢ ᠬᠤᠳᠠ ᠶᠢᠨ | ᠵᠢᠶᠦ᠋ᠨ ᠵᠧᠩ ᠡᠨᠧᠷᠭᠢ ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ ᠺᠤᠮᠫᠠᠨᠢ᠂ ᠲᠦᠩᠯᠢᠶᠣᠣ ᠬᠤᠳᠠ ᠶᠢᠨ ᠶᠢᠨ | ᠯᠢᠶᠠᠨ ᠬᠥᠩᠭᠡᠨᠴᠠᠭᠠᠨ ᠤ ᠮᠠᠲ᠋ᠧᠷᠢᠶᠠᠯ ᠤᠨ ᠬᠢᠵᠠᠭᠠᠷᠲᠤ ᠺᠤᠮᠫᠠᠨᠢ᠂ ᠪᠤᠭᠤᠲᠤ ᠬᠤᠳᠠ ᠶᠢᠨ ᠱᠤᠸᠠᠩ ᠯᠢᠶᠠᠩ | ᠴᠠᠬᠢᠭᠤᠷ ᠤᠨ ᠮᠠᠲ᠋ᠧᠷᠢᠶᠠᠯ ᠤᠨ ᠬᠢᠵᠠᠭᠠᠷᠲᠤ ᠺᠤᠮᠫᠠᠨᠢ᠂ ᠤᠯᠠᠭᠠᠨᠴᠠᠪ ᠤᠨ ᠰᠢᠨ ᠲᠠᠢ ᠠᠵᠤ ᠦᠢᠯᠡᠰ ᠤᠨ ᠪᠦᠯᠦᠭᠯᠡᠯ | ᠺᠤᠮᠫᠠᠨᠢ᠂ ᠦᠬᠠᠢ ᠬᠤᠳᠠ ᠶᠢᠨ ᠬᠠᠳᠤᠨ ᠭᠤᠣᠯ ᠤᠨ ᠡᠨᠧᠷᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠪᠦᠯᠦᠭᠯᠡᠯ ᠺᠤᠮᠫᠠᠨᠢ ᠡᠮᠦᠨ᠎ᠡ ᠠᠷᠪᠠ ᠳᠤ ᠣᠷᠣᠵᠠᠢ᠃ | | | |