ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ ᠵᠡᠭᠦᠨ ᠬᠤᠶᠢᠲᠤ ᠶᠢᠨ ᠭᠤᠷᠪᠠᠨ ᠮᠤᠵᠢ ᠨᠢᠭᠡ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠩᠬᠠᠳᠠᠭᠴᠢ ᠬᠠᠮᠵᠢᠯᠴᠠᠨ ᠬᠠᠤᠯᠢ ᠲᠣᠭᠲᠠᠭᠠᠭᠰᠠᠨ ᠵᠦᠢᠯᠡᠰ ᠢ ᠤᠬᠠᠭᠤᠯᠤᠨ ᠲᠠᠨᠢᠯᠴᠠᠭᠤᠯᠪᠠ
ᠨᠡᠶᠢᠲᠡᠯᠡᠭᠰᠡᠨ ᠴᠠᠭ᠄
2024/7/2
     7 ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠳᠤᠭᠠᠷ ᠬᠤᠷᠠᠯ ᠠᠴᠠ ᠪᠠᠲᠤᠯᠠᠭᠰᠠᠨ ︽ᠵᠡᠭᠦᠨ ᠬᠤᠶᠢᠲᠤ ᠶᠢᠨ ᠭᠤᠷᠪᠠᠨ ᠮᠤᠵᠢ ᠨᠢᠭᠡ ᠣᠷᠣᠨ ᠤ ᠵᠢᠭᠤᠯᠴᠢᠯᠠᠯ ᠤᠨ ᠦᠢᠯᠡᠰ ᠤᠨ ᠬᠠᠮᠵᠢᠯᠴᠠᠨ ᠬᠥᠭᠵᠢᠬᠦ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠣᠭᠲᠠᠭᠠᠯ︾ ︵ᠳᠣᠷᠣᠭᠰᠢ ︽ᠲᠣᠭᠲᠠᠭᠠᠯ︾ ᠭᠡᠵᠦ ᠲᠣᠪᠴᠢᠯᠠᠨ᠎ᠠ︶ ᠢ ᠤᠬᠠᠭᠤᠯᠤᠨ ᠲᠠᠨᠢᠯᠴᠠᠭᠤᠯᠵᠤ᠂ ︽ᠲᠣᠭᠲᠠᠭᠠᠯ︾ ᠢ ᠰᠤᠷᠤᠯᠴᠠᠨ ᠤᠬᠠᠭᠤᠯᠬᠤ ᠪᠠ ᠲᠤᠭᠤᠰᠢᠯᠠᠭᠤᠯᠤᠨ ᠬᠡᠷᠡᠭᠵᠢᠭᠦᠯᠬᠦ ᠶᠢ ᠠᠬᠢᠭᠤᠯᠪᠠ᠃      ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠤᠨ ᠠᠵᠢᠯ ᠤᠨ ᠵᠥᠪᠯᠡᠯ ᠤᠨ ᠬᠠᠷᠢᠭᠤᠴᠠᠯᠭᠠᠲᠠᠨ ᠨᠥᠬᠦᠷ ᠶᠡᠷᠦᠩᠬᠡᠶᠢᠯᠡᠨ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠤᠨ ᠠᠵᠢᠯ ᠤᠨ ᠵᠥᠪᠯᠡᠯ᠂ ᠬᠠᠤᠯᠢ ᠴᠠᠭᠠᠵᠠ ᠶᠢᠨ ᠠᠵᠢᠯ ᠤᠨ ᠵᠥᠪᠯᠡᠯ ᠤᠨ ᠬᠠᠷᠢᠭᠤᠴᠠᠯᠭᠠᠲᠠᠨ ᠨᠥᠬᠦᠷ  ᠬᠠᠮᠵᠢᠯᠴᠠᠨ ᠬᠠᠤᠯᠢ ᠲᠣᠭᠲᠠᠭᠠᠭᠰᠠᠨ ᠠᠬᠤᠢ ᠪᠠᠶᠢᠳᠠᠯ᠂ ᠠᠴᠢ ᠬᠤᠯᠪᠣᠭᠳᠠᠯ ᠵᠢᠴᠢ ᠲᠤᠷᠰᠢᠯᠭ᠎ᠠ ᠠᠷᠭ᠎ᠠ ᠬᠢᠳᠡᠯ ᠤᠨ ᠲᠤᠬᠠᠢ ᠰᠤᠷᠪᠤᠯᠵᠢᠯᠠᠬᠴᠢ ᠶᠢᠨ ᠠᠰᠠᠭᠤᠯᠲᠠ ᠶᠢ ᠬᠠᠷᠢᠭᠤᠯᠵᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠲᠢᠩᠬᠢᠮ ᠤᠨ ᠬᠠᠷᠢᠭᠤᠴᠠᠯᠭᠠᠲᠠᠨ ᠨᠥᠬᠦᠷ ︽ᠲᠣᠭᠲᠠᠭᠠᠯ︾ ᠢ ᠬᠡᠷᠡᠭᠵᠢᠭᠦᠯᠬᠦ ᠶᠢ ᠠᠬᠢᠭᠤᠯᠬᠤ ᠲᠤᠬᠠᠢ ᠰᠤᠷᠪᠤᠯᠵᠢᠯᠠᠬᠴᠢ ᠶᠢᠨ ᠠᠰᠠᠭᠤᠯᠲᠠ ᠶᠢ ᠬᠠᠷᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠲᠢᠩᠬᠢᠮ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠷ ᠰᠣᠨᠢᠨ ᠮᠡᠳᠡᠭᠡ ᠨᠡᠶᠢᠲᠡᠯᠡᠬᠦ ᠬᠤᠷᠠᠯ ᠢ ᠡᠷᠭᠢᠯᠡᠵᠡᠢ᠃      ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠲᠠᠨᠢᠯᠴᠠᠭᠤᠯᠤᠭᠰᠠᠨ ᠢᠶᠠᠷ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠳᠤ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠵᠢᠭᠤᠯᠴᠢᠯᠠᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠴᠢᠬᠤᠯᠠ ᠥᠭᠦᠯᠡᠯᠲᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠡᠭᠦᠨ ᠬᠤᠶᠢᠲᠤ ᠶᠢᠨ ᠭᠤᠷᠪᠠᠨ ᠮᠤᠵᠢ ᠨᠢᠭᠡ ᠣᠷᠣᠨ ᠤ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠠᠮᠵᠢᠯᠴᠠᠨ ᠬᠥᠭᠵᠢᠬᠦ ᠶᠢ ᠠᠬᠢᠭᠤᠯᠬᠤ ᠶᠢᠨ ᠲᠥᠯᠥᠭᠡ᠂ ᠯᠢᠶᠣᠤᠨᠢᠩ ᠮᠤᠵᠢ᠂ ᠭᠢᠷᠢᠨ ᠮᠤᠵᠢ᠂ ᠬᠠᠷᠠᠮᠥ᠋ᠷᠡᠨ ᠮᠤᠵᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠠᠮᠲᠤ ᠪᠠᠷ ᠵᠡᠭᠦᠨ ᠬᠤᠶᠢᠲᠤ ᠶᠢᠨ ᠭᠤᠷᠪᠠᠨ ᠮᠤᠵᠢ ᠨᠢᠭᠡ ᠣᠷᠣᠨ ᠤ ᠵᠢᠭᠤᠯᠴᠢᠯᠠᠯ ᠤᠨ ᠦᠢᠯᠡᠰ ᠤᠨ ᠬᠠᠮᠵᠢᠯᠴᠠᠨ ᠬᠥᠭᠵᠢᠬᠦ ᠶᠢ ᠠᠬᠢᠭᠤᠯᠬᠤ ᠲᠤᠬᠠᠢ ᠲᠣᠭᠲᠠᠭᠠᠯ ᠢ ᠨᠡᠶᠢᠲᠡᠯᠡᠪᠡ᠃ ᠣᠶᠢᠯᠠᠭᠠᠭᠰᠠᠨ ᠢᠶᠠᠷ᠂ ᠡᠨᠡ ᠪᠣᠯ ᠵᠡᠭᠦᠨ ᠬᠤᠶᠢᠲᠤ ᠶᠢᠨ ᠭᠤᠷᠪᠠᠨ ᠮᠤᠵᠢ ᠨᠢᠭᠡ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠩᠬᠠᠳᠠᠭᠴᠢ ᠬᠠᠮᠵᠢᠯᠴᠠᠨ ᠬᠠᠤᠯᠢ ᠲᠣᠭᠲᠠᠭᠠᠭᠰᠠᠨ ᠵᠦᠢᠯᠡᠰ ᠪᠣᠯᠣᠨ᠎ᠠ᠃      ︽ᠲᠣᠭᠲᠠᠭᠠᠯ︾ ᠨᠢ ᠨᠡᠶᠢᠳᠡ 16 ᠵᠦᠢᠯ ᠢᠶᠠᠷ ᠪᠦᠷᠢᠯᠳᠦᠪᠡ᠂ ᠨᠢᠭᠡ ᠳᠤ  ᠬᠠᠮᠵᠢᠯᠴᠠᠨ ᠬᠥᠭᠵᠢᠬᠦ ᠵᠢᠯᠤᠭᠤᠳᠬᠤ ᠦᠵᠡᠯ ᠰᠠᠨᠠᠭ᠎ᠠ ᠪᠣᠯᠣᠨ ᠬᠠᠷᠠᠯᠲᠠ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠪᠠ; ᠬᠤᠶᠠᠷ ᠲᠤ ᠬᠠᠮᠵᠢᠯᠴᠠᠨ ᠬᠥᠭᠵᠢᠬᠦ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠠ; ᠭᠤᠷᠪᠠ ᠳᠤ ᠵᠡᠭᠦᠨ ᠬᠤᠶᠢᠲᠤ ᠣᠷᠣᠨ ᠪᠣᠯᠣᠨ ᠥᠪᠥᠷ ᠮᠣᠩᠭᠤᠯ ᠤᠨ ᠣᠨᠴᠠᠯᠢᠭ ᠲᠠᠢ ᠵᠢᠭᠤᠯᠴᠢᠯᠠᠯ ᠤᠨ ᠦᠢᠯᠡᠳᠬᠦᠨ ᠢ ᠬᠤᠷᠰᠢᠨ ᠨᠡᠭᠡᠭᠡᠨ ᠭᠦᠭᠵᠢᠭᠦᠯᠦᠨ᠎ᠡ; ᠳᠥᠷᠪᠡ ᠳᠤ ᠬᠠᠮᠵᠢᠯᠴᠠᠨ ᠬᠥᠭᠵᠢᠬᠦ ᠪᠣᠳᠠᠲᠠᠢ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠤᠨ᠎ᠠ; ᠲᠠᠪᠤ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠮᠵᠢᠯᠴᠠᠭ᠎ᠠ ᠶᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠴᠢᠩᠭᠠᠳᠬᠠᠬᠤ ᠪᠣᠯᠣᠨ᠎ᠠ᠃      ᠲᠤᠰ ᠡᠳᠦᠷ ᠯᠢᠶᠣᠤᠨᠢᠩ ᠮᠤᠵᠢ᠂ ᠭᠢᠷᠢᠨ ᠮᠤᠵᠢ᠂ ᠬᠠᠷᠠᠮᠥ᠋ᠷᠡᠨ ᠮᠤᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠᠰᠠ ᠵᠡᠭᠦᠨ ᠬᠤᠶᠢᠲᠤ ᠶᠢᠨ ᠭᠤᠷᠪᠠᠨ ᠮᠤᠵᠢ ᠨᠢᠭᠡ ᠣᠷᠣᠨ ᠤ ᠵᠢᠭᠤᠯᠴᠢᠯᠠᠯ ᠤᠨ ᠦᠢᠯᠡᠰ ᠤᠨ ᠬᠠᠮᠵᠢᠯᠴᠠᠨ ᠬᠥᠭᠵᠢᠬᠦ ᠶᠢ ᠠᠬᠢᠭᠤᠯᠬᠤ ᠲᠤᠬᠠᠢ ᠲᠣᠭᠲᠠᠭᠠᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠢ ᠵᠡᠷᠭᠡ ᠪᠠᠷ ᠬᠤᠷᠠᠯᠳᠤᠭᠤᠯᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号