ᠦᠴᠦᠸᠠᠨ ᠰᠢᠶᠠᠨ 2024 ᠣᠨ ᠤ ᠦᠶᠡᠷ ᠢ ᠰᠡᠷᠭᠡᠶᠢᠯᠡᠬᠦ ᠴᠠᠬᠢᠯᠭᠠᠨ ᠬᠠᠩᠭᠠᠬᠤ ᠪᠠᠲᠤᠯᠠᠭ᠎ᠠ ᠵᠢᠴᠢ ᠬᠤᠲᠠ ᠶᠢᠨ ᠥᠷᠭᠡᠨ ᠬᠡᠪᠴᠢᠶᠡᠨ ᠤ ᠴᠠᠬᠢᠯᠭᠠᠨ ᠵᠣᠭᠰᠣᠬᠤ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠬᠢᠪᠡ
ᠨᠡᠶᠢᠲᠡᠯᠡᠭᠰᠡᠨ ᠴᠠᠭ᠄
2024/7/22
     ᠦᠴᠦᠸᠠᠨ ᠰᠢᠶᠠᠨ ᠤ ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠭᠠᠴᠠᠬᠤ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠢ ᠴᠢᠩᠭᠠᠳᠬᠠᠵᠤ᠂ ᠠᠷᠭᠠᠴᠠᠬᠤ ᠦᠷ᠎ᠡ ᠪᠦᠲᠦᠮᠵᠢ ᠶᠢ  ᠳᠡᠭᠡᠭᠰᠢᠯᠡᠭᠦᠯᠬᠦ ᠶᠢᠨ ᠲᠥᠯᠥᠭᠡ᠂ 7 ᠰᠠᠷ᠎ᠠ ᠶᠢᠨ 19 ᠤ ᠡᠳᠦᠷ᠂ ᠬᠥᠬᠡᠬᠤᠲᠠ ᠶᠢᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠢᠯᠤᠭᠤᠳᠬᠤ ᠭᠠᠵᠠᠷ ᠤᠨ ᠠᠯᠪᠠᠨ ᠭᠡᠷ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠦᠴᠦᠸᠠᠨ ᠰᠢᠶᠠᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠢᠯᠤᠭᠤᠳᠬᠤ ᠭᠠᠵᠠᠷ᠂ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠥᠬᠡᠬᠤᠲᠠ ᠶᠢᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠠᠴᠠ ᠭᠤᠣᠯᠯᠠᠨ ᠡᠷᠬᠢᠯᠡᠭᠰᠡᠨ᠂ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠥᠬᠡᠬᠤᠲᠠ ᠶᠢᠨ ᠦᠴᠦᠸᠠᠨ ᠤ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠳᠠᠭᠠᠭᠠᠴᠢᠯᠠᠨ ᠡᠷᠬᠢᠯᠡᠭᠰᠡᠨ᠂ ᠣᠯᠠᠨ ᠰᠠᠯᠠᠭ᠎ᠠ ᠮᠥᠴᠢᠷ᠂ ᠠᠵᠤ ᠠᠬᠤᠶᠢᠯᠠᠯ ᠤᠨ ᠣᠷᠣᠯᠴᠠᠭᠰᠠᠨ ᠦᠴᠦᠸᠠᠨ ᠰᠢᠶᠠᠨ ᠤ ᠦᠶᠡᠷ ᠢ ᠰᠡᠷᠭᠡᠶᠢᠯᠡᠵᠦ ᠴᠠᠬᠢᠯᠭᠠᠨ ᠬᠠᠩᠭᠠᠬᠤ ᠪᠠᠲᠤᠯᠠᠭ᠎ᠠ ᠵᠢᠴᠢ ᠬᠤᠲᠠ ᠶᠢᠨ ᠥᠷᠭᠡᠨ ᠬᠡᠪᠴᠢᠶᠡᠨ ᠤ ᠴᠠᠬᠢᠯᠭᠠᠨ ᠵᠣᠭᠰᠣᠬᠤ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠬᠢᠪᠡ᠃
     ᠦᠴᠦᠸᠠᠨ ᠰᠢᠶᠠᠨ ᠶᠡᠭᠡ ᠰᠠᠯᠬᠢ᠂ ᠰᠢᠷᠦᠭᠦᠨ ᠪᠣᠷᠣᠭᠠᠨ ᠤ ᠴᠠᠭ ᠠᠭᠤᠷ ᠤᠨ ᠨᠥᠯᠥᠭᠡ ᠶᠢ ᠬᠦᠷᠲᠡᠵᠦ᠂ ᠦᠴᠦᠸᠠᠨ ᠰᠢᠶᠠᠨ ᠤ ᠬᠡᠪᠴᠢᠶᠡᠨ ᠳᠣᠲᠣᠷᠠᠬᠢ ᠣᠯᠠᠨ ᠬᠦᠴᠦᠳᠡᠯ ᠥᠭᠡᠷᠡᠴᠢᠯᠡᠬᠦ ᠥᠷᠲᠡᠭᠡ ᠵᠢᠴᠢ ᠴᠠᠬᠢᠯᠭᠠᠨ ᠳᠠᠮᠵᠢᠭᠤᠯᠵᠤ ᠲᠦᠭᠡᠭᠡᠬᠦ ᠱᠤᠭᠤᠮ ᠤᠨ ᠬᠠᠭᠠᠯᠲᠠ ᠰᠤᠭᠤᠷᠠᠵᠤ᠂ ᠣᠯᠠᠩᠬᠢ ᠣᠷᠣᠨ ᠪᠦᠰᠡ ᠳᠤ ᠴᠠᠬᠢᠯᠭᠠᠨ ᠵᠣᠭᠰᠣᠵᠤ᠂ ᠡᠩ ᠤᠨ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠲᠤ ᠬᠥᠷᠥᠭᠰᠡᠨ ᠢ ᠳᠠᠭᠤᠷᠢᠶᠠᠪᠠ᠃      ᠦᠴᠦᠸᠠᠨ ᠰᠢᠶᠠᠨ ᠤ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠭᠠᠵᠠᠷ ᠨᠢ ᠳᠠᠷᠤᠶᠢᠬᠠᠨ ᠡᠯ᠎ᠡ ᠪᠦᠷᠢᠯᠳᠦᠭᠦᠨ ᠨᠢᠭᠡᠴᠢ ᠶᠢ ᠵᠣᠬᠢᠶᠠᠨ ᠪᠠᠶᠢᠭᠤᠯᠤᠨ ᠵᠥᠪᠳᠡᠯᠴᠡᠵᠦ᠂ ᠰᠤᠳᠤᠯᠤᠨ ᠮᠠᠭᠠᠳᠯᠠᠬᠤ ᠪᠠᠷ ᠳᠠᠮᠵᠢᠭᠤᠯᠤᠨ ︽ᠦᠴᠦᠸᠠᠨ ᠰᠢᠶᠠᠨ ᠤ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ︾ ᠤᠨ ᠪᠠᠴᠢᠮ ᠪᠠᠶᠢᠳᠠᠯ ᠢ ᠠᠷᠭᠠᠴᠠᠬᠤ ᠳᠥᠷᠪᠡᠳᠦᠭᠡᠷ ᠳᠡᠰ ᠤᠨ ᠬᠠᠷᠢᠭᠤ ᠦᠢᠯᠡᠳᠦᠯ ᠢ ᠡᠬᠢᠯᠡᠭᠦᠯᠬᠦ ᠨᠥᠬᠦᠴᠡᠯ ᠳᠤ ᠬᠦᠷᠴᠦ᠂ ᠵᠢᠯᠤᠭᠤᠳᠬᠤ ᠭᠠᠵᠠᠷ ᠨᠢ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠪᠠᠴᠢᠮ ᠪᠠᠶᠢᠳᠠᠯ ᠢ ᠠᠷᠭᠠᠴᠠᠬᠤ ᠳᠥᠷᠪᠡᠳᠦᠭᠡᠷ ᠳᠡᠰ ᠤᠨ ᠬᠠᠷᠢᠭᠤ ᠦᠢᠯᠡᠳᠦᠯ ᠢ ᠡᠬᠢᠯᠡᠭᠦᠯᠦᠨ ᠬᠡᠷᠡᠭᠵᠢᠭᠦᠯᠵᠦ᠂ ᠡᠯ᠎ᠡ ᠨᠢᠭᠡᠴᠢ ᠨᠢ ᠲᠣᠰ ᠲᠣᠰ ᠪᠡᠯᠡᠳᠬᠡᠯ ᠲᠥᠰᠥᠯ ᠤᠨ ᠲᠣᠭᠲᠠᠭᠠᠯ ᠶᠣᠰᠣᠭᠠᠷ ᠰᠢᠢᠳᠪᠦᠷᠢᠯᠡᠪᠡ᠃ ᠦᠴᠦᠸᠠᠨ ᠰᠢᠶᠠᠨ ᠤ ᠥᠷᠭᠡᠨ ᠬᠡᠪᠴᠢᠶᠡᠨ ᠤ ᠴᠠᠬᠢᠯᠭᠠᠨ ᠵᠣᠭᠰᠣᠭᠰᠠᠨ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠭᠠᠵᠠᠷ ᠨᠢ ᠴᠠᠬᠢᠯᠭᠠᠨ ᠲᠣᠣᠷ᠂ ᠠᠷᠠᠳ ᠤᠨ ᠠᠮᠢᠳᠤᠷᠠᠯ᠂ ᠵᠠᠮ ᠬᠠᠷᠢᠯᠴᠠᠭ᠎ᠠ ᠵᠡᠷᠭᠡ ᠭᠤᠷᠪᠠᠨ ᠲᠠᠯ᠎ᠠ ᠪᠠᠷ ᠡᠯ᠎ᠡ ᠪᠦᠷᠢᠯᠳᠦᠭᠦᠨ ᠨᠢᠭᠡᠴᠢ ᠶᠢ ᠭᠠᠷᠳᠠᠨ ᠵᠢᠯᠤᠭᠤᠳᠴᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠥᠷᠨᠢᠭᠦᠯᠵᠦ᠂ ᠵᠢᠯᠤᠭᠤᠳᠬᠤ ᠭᠠᠵᠠᠷ ᠤᠨ ᠨᠢᠭᠡᠳᠦᠯᠲᠡᠢ ᠵᠢᠯᠣᠭᠤᠳᠤᠯᠭ᠎ᠠ ᠳᠣᠣᠷ᠎ᠠ᠂ ᠡᠯ᠎ᠡ ᠨᠢᠭᠡᠴᠢ ᠨᠢᠭᠲᠠ ᠬᠠᠮᠵᠢᠯᠴᠠᠵᠤ᠂ ᠬᠥᠨᠳᠡᠯᠡᠨ ᠭᠤᠯᠳᠤ ᠴᠢᠭᠯᠡᠯ ᠢᠶᠠᠷ ᠵᠣᠬᠢᠴᠠᠭᠤᠯᠤᠨ ᠬᠤᠯᠪᠤᠭᠠᠯᠠᠨ ᠰᠢᠢᠳᠪᠦᠷᠢᠯᠡᠵᠦ᠂ ᠪᠠᠶᠢᠭᠠᠯᠢ ᠶᠢᠨ ᠭᠠᠮᠰᠢᠭ ᠤᠨ ᠨᠥᠯᠥᠭᠡ ᠪᠠᠭᠠᠰᠬᠤ ᠶᠢ ᠳᠠᠭᠠᠯᠳᠤᠨ ᠭᠠᠮᠰᠢᠭ ᠤᠨ ᠪᠠᠶᠢᠳᠠᠯ ᠢ ᠡᠵᠡᠮᠳᠡᠪᠡ᠃ ᠴᠠᠬᠢᠯᠭᠠᠨ ᠬᠠᠩᠭᠠᠬᠤ ᠰᠠᠯᠠᠭ᠎ᠠ ᠮᠥᠴᠢᠷ ᠤᠨ ᠴᠢᠷᠮᠠᠶᠢᠯᠭ᠎ᠠ ᠪᠠᠷ ᠳᠠᠮᠵᠢᠨ᠂ ᠪᠣᠳᠠᠲᠠᠢ ᠳᠠᠭᠠᠭᠠᠴᠠ ᠶᠢᠨ ᠪᠠᠭᠠᠰᠤᠭᠰᠠᠨ ᠬᠡᠮᠵᠢᠶ᠎ᠡ ᠶᠢ 80% ᠠᠴᠠ ᠳᠡᠭᠡᠭᠰᠢᠬᠢ ᠶᠢ ᠰᠡᠷᠭᠦᠭᠡᠵᠦ᠂ ᠴᠠᠬᠢᠯᠭᠠᠨ ᠵᠣᠭᠰᠣᠭᠰᠠᠨ ᠨᠥᠯᠥᠭᠡ ᠶᠢ ᠬᠦᠷᠲᠡᠭᠰᠡᠨ ᠭᠤᠣᠯᠳᠠᠯᠭ᠎ᠠ ᠲᠠᠢ ᠭᠠᠵᠠᠷ ᠣᠷᠣᠨ᠂ ᠴᠢᠬᠤᠯᠠ ᠬᠤᠲᠠ ᠲᠣᠭᠤᠷᠢᠭ ᠤᠨ ᠳᠠᠭᠠᠭᠠᠴᠠ ᠶᠢ 90% ᠠᠴᠠ ᠳᠡᠭᠡᠭᠰᠢ ᠰᠡᠷᠭᠦᠭᠡᠵᠦ᠂ ᠦᠴᠦᠸᠠᠨ ᠰᠢᠶᠠᠨ ᠤ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠭᠠᠵᠠᠷ ᠨᠢ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠪᠠᠴᠢᠮ ᠪᠠᠶᠢᠳᠠᠯ ᠢ ᠠᠷᠭᠠᠴᠠᠬᠤ ᠳᠥᠷᠪᠡᠳᠦᠭᠡᠷ ᠳᠡᠰ ᠤᠨ ᠬᠠᠷᠢᠭᠤ ᠦᠢᠯᠡᠳᠦᠯ ᠢ ᠬᠦᠴᠦᠨ ᠦᠭᠡᠢ ᠪᠣᠯᠭᠠᠪᠠ᠃      ᠲᠣᠰ ᠤᠳᠠᠭᠠᠨ ᠤ ᠰᠣᠷᠢᠯᠲᠠ ᠳᠤ ᠵᠠᠰᠠᠭ ᠠᠵᠤ ᠠᠬᠤᠶᠢᠯᠠᠯ ᠬᠤᠯᠪᠤᠭᠠᠯᠠᠨ ᠬᠥᠳᠡᠯᠦᠯᠴᠡᠬᠦ᠂ ᠲᠤᠰᠬᠠᠢ ᠮᠡᠷᠭᠡᠵᠢᠯ ᠢᠶᠠᠷ ᠬᠠᠮᠵᠢᠯᠴᠠᠬᠤ ᠪᠠᠷ ᠳᠠᠮᠵᠢᠭᠤᠯᠤᠨ᠂ ︽ᠦᠴᠦᠸᠠᠨ ᠰᠢᠶᠠᠨ ᠤ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ︾᠂ ︽ᠦᠴᠦᠸᠠᠨ ᠰᠢᠶᠠᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠬᠤ ᠲᠥᠰᠥᠯ︾᠂ ︽ᠦᠴᠦᠸᠠᠨ ᠰᠢᠶᠠᠨ ᠤ ᠴᠠᠬᠢᠯᠭᠠᠨ ᠬᠠᠩᠭᠠᠬᠤ ᠺᠣᠮᠫᠠᠨᠢ ᠶᠢᠨ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ︾ ᠢ ᠰᠢᠯᠭᠠᠨ ᠪᠠᠶᠢᠴᠠᠭᠠᠵᠤ᠂ ᠥᠷᠭᠡᠨ ᠬᠡᠪᠴᠢᠶᠡᠨ ᠳᠤ ᠴᠠᠬᠢᠯᠭᠠᠨ ᠬᠡᠷᠡᠭᠯᠡᠭᠰᠡᠨ ᠴᠢᠬᠤᠯᠠ ᠬᠡᠷᠡᠭ ᠤᠨ ᠳᠣᠣᠷᠠᠬᠢ ᠴᠠᠬᠢᠯᠭᠠᠨ ᠬᠦᠴᠦᠨ ᠤ ᠴᠢᠬᠤᠯᠠ ᠬᠡᠷᠡᠭᠯᠡᠭᠴᠢ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠥᠰᠥᠯ ᠤᠨ ᠰᠢᠨᠵᠢᠯᠡᠬᠦ ᠤᠬᠠᠭᠠᠨᠴᠢ ᠴᠢᠨᠠᠷ᠂ ᠬᠡᠷᠡᠭᠯᠡᠭᠡᠨ ᠤ ᠴᠢᠨᠠᠷ ᠪᠠ ᠵᠣᠯᠭᠠᠭᠤᠯᠬᠤ ᠴᠢᠨᠠᠷ ᠢ ᠰᠢᠯᠭᠠᠨ ᠪᠠᠶᠢᠴᠠᠭᠠᠵᠤ᠂ ᠠᠰᠠᠭᠤᠳᠠᠯ ᠢ ᠢᠯᠡᠷᠡᠭᠦᠯᠵᠦ᠂ ᠪᠡᠯᠡᠳᠬᠡᠯ ᠲᠥᠰᠥᠯ ᠳᠤ ᠴᠠᠭ ᠲᠤᠬᠠᠢ ᠳᠤᠨᠢ ᠵᠠᠰᠠᠪᠤᠷᠢ ᠣᠷᠣᠭᠤᠯᠵᠤ ᠲᠡᠭᠦᠯᠳᠡᠷᠵᠢᠭᠦᠯᠦᠨ᠂ ᠪᠡᠯᠡᠳᠬᠡᠯ ᠲᠥᠰᠥᠯ ᠤᠨ ᠰᠢᠨᠵᠢᠯᠡᠬᠦ ᠤᠬᠠᠭᠠᠨᠴᠢ ᠴᠢᠨᠠᠷ᠂ ᠬᠠᠨᠳᠤᠯᠭᠠᠲᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠶᠢᠰᠢᠳᠠ ᠶᠢᠨ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠢ ᠠᠷᠭᠠᠴᠠᠬᠤ ᠳᠤ ᠡᠯᠪᠡᠭ ᠪᠠᠶᠠᠯᠢᠭ ᠲᠤᠷᠰᠢᠯᠭ᠎ᠠ ᠬᠤᠷᠠᠮᠳᠤᠭᠤᠯᠵᠤ᠂ ᠪᠠᠲᠤ ᠪᠠᠬᠢ ᠰᠠᠭᠤᠷᠢ ᠶᠢ ᠲᠠᠯᠪᠢᠵᠠᠢ᠃ ︵ᠰᠤᠷᠪᠤᠯᠵᠢᠯᠠᠭᠴᠢ᠄ ᠯᠢᠦ ᠪᠠᠢ ᠢᠦᠢ  ᠶᠠᠩ ᠵᠢᠶᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号