ᠦᠴᠦᠸᠠᠨ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠭᠠᠯ ᠤᠨᠲᠠᠷᠠᠭᠠᠬᠤ ᠠᠮᠤᠷ ᠲᠦᠪᠰᠢᠨ ᠤ ᠰᠥᠨᠢ ᠶᠢᠨ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/22
     ᠰᠧᠴᠤᠸᠠᠨ ᠤ ᠽᠢ ᠭᠦᠩ ᠶᠢᠨ ︽7.17︾ ᠤ ᠬᠦᠨᠳᠦ ᠶᠡᠭᠡ ᠭᠠᠯ ᠤᠨ ᠠᠶᠤᠯ ᠤᠨ ᠠᠳᠡᠯ ᠠᠴᠠ ᠰᠤᠷᠭᠠᠮᠵᠢ ᠠᠪᠴᠤ᠂ ᠣᠳᠣᠬᠠᠨ ᠤ ᠭᠠᠯ ᠤᠨᠲᠠᠷᠠᠭᠠᠬᠤ ᠠᠮᠤᠷ ᠲᠦᠪᠰᠢᠨ ᠤ ᠲᠣᠪᠣᠶᠢᠮ᠎ᠠ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠬᠦᠨᠳᠦ ᠶᠡᠭᠡ ᠣᠨᠴᠠ ᠶᠡᠭᠡ ᠭᠠᠯ ᠤᠨ ᠠᠶᠤᠯ ᠤᠨ ᠠᠳᠡᠯ ᠢ ᠡᠷᠡᠰ ᠬᠤᠷᠢᠭᠯᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠣᠯᠣᠨ ᠨᠡᠶᠢᠭᠡᠮ ᠤᠨ ᠲᠣᠭᠲᠠᠭᠤᠨ ᠪᠠᠶᠢᠳᠠᠯ ᠢ ᠦᠨᠡᠨ ᠬᠦ ᠬᠠᠮᠠᠭᠠᠯᠠᠬᠤ ᠶᠢᠨ ᠲᠥᠯᠥᠭᠡ᠂ 7 ᠰᠠᠷ᠎ᠠ ᠶᠢᠨ 18 ᠤ ᠡᠳᠦᠷ᠂ ᠦᠴᠦᠸᠠᠨ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠦᠳᠲᠡᠷ ᠲᠦᠷᠭᠡᠨ ᠨᠠᠶᠢᠳᠠᠪᠤᠷᠢᠵᠢᠭᠤᠯᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠲᠥᠪᠯᠡᠷᠡᠩᠭᠦᠢ ᠰᠥᠨᠢ ᠶᠢᠨ ᠪᠠᠶᠢᠴᠠᠭᠠᠯᠲᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃
     ᠠᠵᠢᠯᠯᠠᠭ᠎ᠠ ᠶᠢᠨ ᠳᠤᠮᠳᠠ᠂ ᠪᠠᠶᠢᠴᠠᠭᠠᠬᠤ ᠳᠤᠭᠤᠶᠢᠯᠠᠩ ᠬᠠᠷᠢᠶᠠᠲᠤ ᠣᠷᠣᠨ ᠤ ᠬᠤᠸᠠᠩ ᠱᠧᠩ ᠪᠠᠭᠤᠳᠠᠯ᠂ ᠱᠠᠩ ᠵᠢᠦᠢ ᠰᠢᠷᠠᠯᠭ᠎ᠠ᠂ ᠯᠠᠨ ᠮᠧᠢ ᠠᠷᠢᠬᠢᠨ ᠮᠤᠬᠤᠯᠠᠭ ᠵᠡᠷᠭᠡ ᠬᠥᠮᠥᠨ ᠬᠠᠷ᠎ᠠ ᠲᠥᠪᠯᠡᠷᠡᠭᠰᠡᠨ ᠲᠠᠯᠠᠪᠤᠷ ᠲᠤ ᠭᠦᠨᠵᠡᠭᠡᠶᠢᠷᠡᠨ᠂ ᠡᠯ᠎ᠡ ᠨᠢᠭᠡᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ᠂ ᠭᠠᠯ ᠤᠨᠲᠠᠷᠠᠭᠠᠬᠤ ᠡᠵᠡᠮᠳᠡᠯ ᠤᠨ ᠲᠠᠰᠤᠭ ᠤᠨ ᠠᠵᠢᠯᠲᠠᠨ ᠤ ᠵᠢᠵᠢᠭᠦᠷ᠂ ᠲᠣᠭᠤᠷᠢᠨ ᠪᠠᠶᠢᠴᠠᠭᠠᠬᠤ ᠳᠦᠷᠢᠮ ᠢ ᠨᠠᠶᠢᠳᠠᠪᠤᠷᠢᠵᠢᠭᠤᠯᠵᠤ᠂ ᠲᠣᠭᠲᠠᠭᠠᠯ ᠠᠴᠠ ᠵᠥᠷᠢᠴᠡᠨ ᠭᠠᠯ ᠬᠡᠷᠡᠭᠯᠡᠬᠦ᠂ ᠭᠠᠯ ᠤᠨᠲᠠᠷᠠᠭᠠᠬᠤ ᠲᠠᠷᠬᠠᠭᠠᠬᠤ ᠵᠠᠮ ᠢ ᠡᠵᠡᠯᠡᠨ ᠬᠡᠷᠡᠭᠯᠡᠭᠰᠡᠨ᠂ ᠭᠠᠯ ᠤᠨᠲᠠᠷᠠᠭᠠᠬᠤ ᠲᠥᠬᠦᠭᠡᠷᠦᠮᠵᠢ᠂ ᠪᠠᠭᠠᠵᠢ ᠬᠡᠷᠡᠭᠰᠡᠯ ᠪᠦᠷᠢᠨ ᠪᠦᠲᠦᠨ ᠪᠥᠭᠡᠳ ᠪᠦᠲᠦᠮᠵᠢᠲᠡᠶ ᠵᠡᠷᠭᠡ ᠪᠠᠶᠢᠳᠠᠯ ᠢ ᠨᠠᠷᠢᠨ ᠪᠠᠶᠢᠴᠠᠭᠠᠨ ᠦᠵᠡᠪᠡ᠃ ᠳᠠᠷᠤᠶᠢᠬᠠᠨ ᠴᠡᠭᠴᠡᠯᠡᠨ ᠰᠠᠶᠢᠵᠢᠷᠠᠭᠤᠯᠵᠤ ᠳᠡᠶᠢᠯᠬᠦ ᠳᠠᠯᠳᠠ ᠭᠡᠮ ᠤᠨ ᠠᠰᠠᠭᠤᠳᠠᠯ ᠢ ᠪᠠᠶᠢᠴᠠᠭᠠᠬᠤ ᠳᠤᠭᠤᠶᠢᠯᠠᠩ ᠪᠠᠶᠢᠴᠠᠭᠠᠭᠳᠠᠬᠤ ᠨᠢᠭᠡᠴᠢ ᠶᠢ ᠱᠠᠭᠠᠷᠳᠠᠵᠤ ᠪᠠᠶᠢᠭᠠᠳ ᠲᠤᠬᠠᠢ ᠶᠢᠨ ᠭᠠᠵᠠᠷ ᠲᠤᠨᠢ ᠵᠠᠯᠠᠷᠠᠭᠤᠯᠪᠠ᠃ ᠲᠤᠬᠠᠢ ᠶᠢᠨ ᠭᠠᠵᠠᠷ ᠲᠤᠨᠢ ᠵᠠᠯᠠᠷᠠᠭᠤᠯᠵᠤ ᠳᠡᠶᠢᠯᠬᠦ ᠦᠭᠡᠢ ᠠᠰᠠᠭᠤᠳᠠᠯ ᠢ ᠨᠢᠭᠡᠴᠢ ᠶᠢ ᠱᠠᠭᠠᠷᠳᠠᠵᠤ ᠪᠠᠶᠢᠭᠠᠳ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠬᠡᠨ ᠠᠬᠢᠭᠤᠯᠪᠠ᠃ ᠡᠭᠦᠨ ᠤ ᠬᠠᠮᠲᠤ᠂ ᠪᠠᠶᠢᠴᠠᠭᠠᠬᠤ ᠳᠤᠭᠤᠶᠢᠯᠠᠩ ᠠᠴᠠ ᠡᠯ᠎ᠡ ᠲᠠᠯᠠᠪᠤᠷ ᠤᠨ ᠬᠠᠷᠢᠭᠤᠴᠠᠯᠭᠠᠲᠠᠨ ᠳᠤ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠠᠮᠤᠷ ᠲᠦᠪᠰᠢᠨ ᠤ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠵᠠ ᠵᠠᠪᠰᠢᠶᠠᠨ ᠢ ᠡᠷᠢᠬᠦ ᠰᠡᠳᠬᠢᠴᠡ ᠶᠢ ᠡᠷᠡᠰ ᠲᠡᠪᠴᠢᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠭᠠᠯ ᠰᠡᠷᠭᠡᠶᠢᠯᠡᠬᠦ ᠲᠣᠭᠤᠷᠢᠨ ᠪᠠᠶᠢᠴᠠᠭᠠᠬᠤ ᠡᠷᠴᠢᠮ ᠢ ᠴᠢᠩᠭᠠᠷᠠᠭᠤᠯᠵᠤ᠂ ᠭᠠᠯ ᠤᠨᠲᠠᠷᠠᠭᠠᠬᠤ ᠤᠬᠠᠭᠤᠯᠭ᠎ᠠ ᠪᠣᠯᠪᠠᠰᠤᠷᠠᠯ ᠢ ᠥᠷᠭᠡᠨ ᠢᠶᠠᠷ ᠥᠷᠨᠢᠭᠦᠯᠵᠦ᠂ ᠬᠥᠮᠥᠨ ᠢᠶᠠᠷ ᠰᠡᠷᠭᠡᠶᠢᠯᠡᠬᠦ ᠪᠣᠳᠠᠰ ᠢᠶᠠᠷ ᠰᠡᠷᠭᠡᠶᠢᠯᠡᠬᠦ ᠮᠡᠷᠭᠡᠵᠢᠯ ᠢᠶᠠᠷ ᠰᠡᠷᠭᠡᠶᠢᠯᠡᠬᠦ ᠠᠷᠭ᠎ᠠ ᠬᠡᠮᠵᠢᠶ᠎ᠡ ᠶᠢ ᠦᠨᠡᠨ ᠬᠦ ᠴᠢᠩᠭᠠᠳᠬᠠᠵᠤ᠂ ᠲᠠᠯᠠᠪᠤᠷ ᠤᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠦ ᠵᠠᠬᠢᠪᠠ᠃
     ᠳᠠᠷᠠᠭᠠᠴᠢ ᠶᠢᠨ ᠠᠯᠬᠤᠮ ᠳᠤ᠂ ᠦᠴᠦᠸᠠᠨ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠦᠷᠭᠦᠯᠵᠢᠯᠡᠨ ᠬᠦᠴᠦᠯᠡᠵᠦ᠂ ᠭᠠᠯ ᠤᠨᠲᠠᠷᠠᠭᠠᠬᠤ ᠠᠮᠤᠷ ᠲᠦᠪᠰᠢᠨ ᠢ ᠪᠠᠶᠢᠩᠭᠤᠵᠢᠭᠤᠯᠬᠤ᠂ ᠤᠷᠳᠤ ᠬᠤᠭᠤᠴᠠᠭ᠎ᠠ ᠪᠠᠷ ᠪᠦᠲᠦᠮᠵᠢᠲᠡᠢ ᠪᠠᠶᠢᠯᠭᠠᠬᠤ ᠶᠢ ᠪᠠᠷᠢᠮᠲᠠᠯᠠᠵᠤ᠂ ᠰᠠᠨᠠᠭ᠎ᠠ ᠠᠮᠤᠷ ᠦᠭᠡᠢ ᠲᠠᠯᠠᠪᠤᠷ ᠪᠣᠯᠣᠨ ᠪᠠᠭᠤᠷᠠᠢ ᠭᠤᠭᠴᠤᠭ᠎ᠠ ᠶᠢ ᠴᠢᠩᠭ᠎ᠠ ᠠᠩᠬᠠᠷᠴᠤ᠂ ᠪᠦᠬᠦ ᠰᠢᠶᠠᠨ ᠤ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号