ᠦᠴᠦᠸᠠᠨ ᠰᠢᠶᠠᠨ ᠤ ᠤᠳᠤᠷᠢᠳᠬᠤ ᠺᠠᠳ᠋ᠷᠴᠤᠳ ᠤᠨ ᠤᠯᠤᠰ ᠲᠦᠷᠦ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠵᠢᠴᠢ ᠰᠢᠶᠠᠨ ᠤ ᠨᠠᠮ ᠤᠨ ᠬᠤᠷᠢᠶ᠎ᠠ ᠶᠢᠨ ᠣᠨᠣᠯ ᠰᠣᠷᠣᠯᠴᠠᠬᠤ ᠭᠤᠣᠯ ᠳᠤᠭᠤᠶᠢᠯᠠᠩ  ︵ᠥᠷᠭᠡᠳᠬᠡᠭᠰᠡᠨ︶ ᠤᠨ 2024 ᠣᠨ ᠤ 8 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/22
     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠠᠭᠤᠤ ᠶᠡᠭᠡ ᠲᠡᠮᠡᠴᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠣᠶᠢᠯᠠᠭᠠᠵᠤ᠂ ᠪᠦᠬᠦ ᠰᠢᠶᠠᠨ ᠤ ᠡᠯ᠎ᠡ ᠱᠠᠲᠤᠨ ᠤ ᠤᠳᠤᠷᠢᠳᠬᠤ ᠺᠠᠳ᠋ᠷ ᠢ ᠬᠥᠮᠥᠵᠢᠭᠦᠯᠦᠨ ᠵᠢᠯᠤᠭᠤᠳᠴᠤ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠦᠵᠡᠯ ᠰᠠᠨᠠᠭᠠᠨ ᠤ ᠰᠠᠭᠤᠷᠢ ᠪᠠᠨ ᠪᠠᠬᠢᠵᠢᠭᠦᠯᠵᠦ᠂ ᠤᠯᠤᠰ ᠲᠦᠷᠦ ᠶᠢᠨ ᠡᠭᠦᠷᠭᠡᠯᠡᠯ ᠢᠶᠠᠨ ᠴᠢᠩᠭᠠᠳᠬᠠᠵᠤ᠂ ᠤᠯᠤᠰ ᠲᠦᠷᠦ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠶᠢᠨ ᠲᠥᠯᠥᠭᠡ᠂ 7 ᠰᠠᠷ᠎ᠠ ᠶᠢᠨ 18 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠦᠴᠦᠸᠠᠨ ᠰᠢᠶᠠᠨ ᠤ ᠤᠳᠤᠷᠢᠳᠬᠤ ᠺᠠᠳ᠋ᠷ ᠤᠨ ᠤᠯᠤᠰ ᠲᠦᠷᠦ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠵᠢᠴᠢ ᠰᠢᠶᠠᠨ ᠤ ᠨᠠᠮ ᠤᠨ ᠬᠤᠷᠢᠶᠠᠨ ᠤ ᠣᠨᠣᠯ ᠰᠣᠷᠣᠯᠴᠠᠬᠤ ᠭᠤᠣᠯ ᠳᠤᠭᠤᠶᠢᠯᠠᠩ  ︵ᠥᠷᠭᠡᠳᠬᠡᠭᠰᠡᠨ︶ ᠤᠨ 2024 ᠣᠨ ᠤ 8 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠰᠢᠶᠠᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠵᠢᠴᠢ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠤᠤᠯ ᠤᠨ ᠳᠡᠳ᠋ ᠨᠠᠷᠢᠨ ᠪᠢᠴᠢᠭ ᠤᠨ ᠳᠠᠷᠤᠭ᠎ᠠ᠂ ᠳ᠋ᠣᠺᠲ᠋ᠣᠷᠠᠨᠲ ᠤᠨ ᠵᠢᠯᠣᠭᠤᠳᠤᠭᠴᠢ ᠪᠠᠭᠰᠢ ᠬᠤᠤ ᠶᠦᠩ ᠫᠢᠩ ᠫᠷᠤᠹᠧᠰᠰᠤᠷ ︽ᠰᠢᠨ᠎ᠡ ᠴᠠᠭ ᠦᠶ᠎ᠡ ᠶᠢᠨ ᠠᠭᠤᠤ ᠶᠡᠭᠡ ᠲᠡᠮᠡᠴᠡᠯ︾ ᠭᠡᠬᠦ ᠰᠡᠳᠦᠪ ᠢᠶᠠᠷ ᠠᠭᠤᠤ ᠶᠡᠭᠡ ᠲᠡᠮᠡᠴᠡᠯ ᠤᠨ ᠴᠠᠭ ᠦᠶ᠎ᠡ ᠶᠢᠨ ᠠᠬᠤᠢ ᠪᠠᠶᠢᠳᠠᠯ᠂ ᠠᠭᠤᠤ ᠶᠡᠭᠡ ᠲᠡᠮᠡᠴᠡᠯ ᠤᠨ ᠦᠨᠳᠦᠰᠦᠨ ᠠᠭᠤᠯᠭ᠎ᠠ᠂ ᠠᠭᠤᠤ ᠶᠡᠭᠡ ᠲᠡᠮᠡᠴᠡᠯ ᠤᠨ ᠲᠡᠦᠬᠡ ᠶᠢᠨ ᠣᠨᠴᠠᠯᠢᠭ᠂ ᠠᠭᠤᠤ ᠶᠡᠭᠡ ᠲᠡᠮᠡᠴᠡᠯ ᠤᠨ ᠵᠦᠢ ᠵᠣᠬᠢᠰᠲᠠᠢ ᠵᠠᠭᠠᠭ ᠱᠤᠭᠤᠮ᠂ ᠠᠭᠤᠤ ᠶᠡᠭᠡ ᠲᠡᠮᠡᠴᠡᠯ ᠤᠨ ᠦᠢᠯᠡᠳᠦᠯᠭᠡ ᠶᠢᠨ ᠱᠠᠭᠠᠷᠳᠠᠯᠭ᠎ᠠ ᠵᠡᠷᠭᠡ ᠲᠠᠪᠤᠨ ᠲᠠᠯ᠎ᠠ ᠠᠴᠠ ᠶᠡᠷᠦᠩᠬᠡᠢ ᠱᠦᠵᠢ ᠰᠢ ᠶᠢᠨ ᠫᠢᠩ ᠤᠨ ᠠᠭᠤᠤ ᠶᠡᠭᠡ ᠲᠡᠮᠡᠴᠡᠯ ᠤᠨ ᠲᠤᠬᠠᠢ ᠴᠢᠬᠤᠯᠠ ᠥᠭᠦᠯᠡᠯᠲᠡ ᠪᠠᠷ ᠭᠠᠷᠳᠠᠬᠤ ᠴᠡᠭ ᠪᠣᠯᠭᠠᠵᠤ᠂ ᠠᠭᠤᠤ ᠶᠡᠭᠡ ᠲᠡᠮᠡᠴᠡᠯ ᠤᠨ ᠵᠣᠷᠢᠭ ᠰᠠᠨᠠᠭ᠎ᠠ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠤᠳᠤᠷᠢᠳᠤᠨ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠦᠯᠳᠦᠭᠡᠨ ᠢ ᠢᠯᠠᠨ ᠳᠠᠪᠠᠭᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠳᠤ ᠦᠵᠡᠭᠦᠯᠬᠦ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠶᠢᠯᠪᠤᠷᠢᠯᠠᠵᠤ᠂ ᠰᠢᠨ᠎ᠡ ᠴᠠᠭ ᠦᠶ᠎ᠡ ᠳᠤ ᠠᠭᠤᠤ ᠶᠡᠭᠡ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠴᠠᠭ ᠦᠶ᠎ᠡ ᠶᠢᠨ ᠠᠭᠤᠯᠤᠭᠳᠠᠬᠤᠨ ᠪᠠ ᠦᠢᠯᠡᠳᠦᠯᠭᠡ ᠶᠢᠨ ᠠᠷᠭ᠎ᠠ ᠵᠠᠮ ᠢ ᠤᠯᠠᠮ ᠴᠢᠨᠠᠭᠰᠢᠳᠠ ᠲᠣᠳᠣᠷᠬᠠᠶᠢᠯᠠᠪᠠ᠃      ᠬᠤᠷᠠᠯ ᠠᠴᠠ᠂ ᠰᠢᠨ᠎ᠡ ᠴᠠᠭ ᠦᠶ᠎ᠡ ᠶᠢᠨ ᠠᠭᠤᠤ ᠶᠡᠭᠡ ᠲᠡᠮᠡᠴᠡᠯ ᠪᠣᠯ ᠮᠠᠷᠺᠰ ᠤᠨ ᠦᠵᠡᠯ ᠤᠨ ᠲᠡᠮᠡᠴᠡᠯ ᠤᠨ ᠭᠧᠨ ᠢ ᠪᠠᠳᠠᠷᠠᠭᠤᠯᠤᠨ ᠵᠠᠯᠭᠠᠮᠵᠢᠯᠠᠬᠤ ᠶᠠᠪᠤᠳᠠᠯ ᠮᠥᠨ᠂ ᠳᠤᠮᠳᠠᠳᠤ ᠤᠯᠤᠰ ᠤᠨ ᠡᠪ ᠬᠠᠮᠲᠤᠴᠤᠳ ᠤᠨ ᠵᠣᠷᠢᠭ ᠰᠠᠨᠠᠭᠠᠨ ᠤ ᠴᠠᠳᠢᠭ ᠢ ᠨᠢᠭᠲᠠᠷᠠᠭᠤᠯᠤᠨ ᠢᠯᠡᠳᠬᠡᠬᠦ ᠶᠠᠪᠤᠳᠠᠯ ᠮᠥᠨ᠃ ᠪᠦᠬᠦ ᠰᠢᠶᠠᠨ ᠤ ᠡᠯ᠎ᠡ ᠱᠠᠲᠤᠨ ᠤ ᠤᠳᠤᠷᠢᠳᠬᠤ ᠺᠠᠳ᠋ᠷ ᠰᠤᠷᠤᠯᠴᠠᠬᠤ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠬᠤᠤ ᠫᠷᠤᠹᠧᠰᠰᠤᠷ ᠤᠨ ᠲᠠᠶᠢᠯᠤᠮᠵᠢ ᠲᠠᠢ ᠤᠶᠠᠯᠳᠤᠭᠤᠯᠵᠤ᠂ ᠤᠨᠤᠯ ᠤᠨ ᠰᠤᠷᠤᠯᠴᠠᠯᠭ᠎ᠠ ᠳᠡᠭᠡᠷ᠎ᠡ ᠨᠢᠭᠡ ᠤᠳᠠᠭ᠎ᠠ ᠶᠢᠨ ᠰᠢᠰᠲ᠋ᠧᠮ ᠲᠠᠢ ᠬᠢᠴᠢᠶᠡᠯ ᠨᠥᠬᠦᠪᠦᠷᠢᠯᠡᠵᠦ ᠴᠠᠬᠢᠯᠭᠠᠨ ᠴᠡᠨᠡᠭᠯᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠦᠨᠳᠦᠰᠦᠨ ᠦᠵᠡᠯᠲᠡ᠂ ᠰᠢᠨᠵᠢᠯᠡᠬᠦ ᠤᠬᠠᠭᠠᠨᠴᠢ ᠰᠢᠰᠲ᠋ᠧᠮ ᠢ ᠪᠦᠬᠦ ᠲᠠᠯ᠎ᠠ ᠪᠠᠷ ᠰᠢᠰᠲ᠋ᠧᠮ ᠲᠠᠢ ᠡᠵᠡᠮᠰᠢᠵᠦ᠂ ᠡᠨᠡ ᠬᠦ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ᠂ ᠠᠷᠭ᠎ᠠ ᠶᠢᠨ ᠤᠨᠤᠯ ᠢ ᠰᠠᠶᠢᠲᠤᠷ ᠡᠵᠡᠮᠳᠡᠵᠦ᠂ ᠵᠣᠭᠰᠣᠯᠲᠠ ᠦᠵᠡᠯᠲᠡ ᠠᠷᠭ᠎ᠠ ᠶᠢ ᠰᠠᠶᠢᠲᠤᠷ ᠪᠠᠷᠢᠮᠲᠠᠯᠠᠵᠤ᠂ ᠰᠠᠶᠢᠲᠤᠷ ᠬᠡᠷᠡᠭᠯᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠤᠬᠠᠢ ᠤᠯᠤᠰ ᠲᠦᠷᠦ ᠶᠢᠨ ᠮᠡᠳᠡᠷᠡᠮᠵᠢ᠂ ᠦᠵᠡᠯ ᠰᠠᠨᠠᠭᠠᠨ ᠤ ᠮᠡᠳᠡᠷᠡᠮᠵᠢ᠂ ᠤᠨᠤᠯ ᠤᠨ ᠮᠡᠳᠡᠷᠡᠮᠵᠢ ᠪᠣᠯᠣᠨ ᠬᠠᠶᠢᠷ᠎ᠠ ᠰᠡᠳᠬᠢᠯᠭᠡ ᠶᠢᠨ ᠮᠡᠳᠡᠷᠡᠮᠵᠢ ᠶᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ᠂ ᠪᠦᠬᠦ ᠰᠢᠶᠠᠨ ᠤ ᠡᠯ᠎ᠡ ᠱᠠᠲᠤᠨ ᠤ ᠤᠳᠤᠷᠢᠳᠬᠤ ᠺᠠᠳ᠋ᠷ ᠲᠡᠮᠡᠴᠡᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ᠂ ᠰᠠᠶᠢᠲᠤᠷ ᠣᠶᠢᠯᠠᠭᠠᠵᠤ᠂ ᠰᠠᠶᠢᠲᠤᠷ ᠲᠤᠭᠤᠰᠢᠯᠠᠭᠤᠯᠵᠤ᠂ ᠰᠠᠶᠢᠲᠤᠷ ᠬᠡᠷᠡᠭᠯᠡᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠵᠣᠷᠢᠭ ᠰᠠᠨᠠᠭ᠎ᠠ ᠵᠠᠩ ᠰᠤᠷᠲᠠᠯ ᠢᠶᠠᠨ ᠳᠠᠪᠲᠠᠨ ᠪᠣᠯᠪᠠᠰᠤᠷᠠᠭᠤᠯᠵᠤ᠂ ᠦᠴᠦᠸᠠᠨ ᠤ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂ ᠤᠨᠤᠯ ᠢ ᠪᠣᠳᠠᠲᠠᠢ ᠲᠠᠢ ᠤᠶᠠᠯᠳᠤᠭᠤᠯᠵᠤ᠂ ᠴᠢᠨᠠᠷ ᠰᠠᠶᠢᠲᠠᠢ ᠬᠥᠭᠵᠢᠯᠲᠡ ᠭᠡᠬᠦ ᠡᠨᠡᠬᠦ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠳᠡᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠠᠵᠤ ᠠᠬᠤᠢ ᠶᠢᠨ ᠠᠵᠢᠯᠯᠠᠭᠠᠨ ᠤ ᠲᠣᠬᠢᠷᠠᠭᠤᠯᠤᠯᠲᠠ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠠᠶᠤᠯᠭᠦᠢ ᠦᠢᠯᠡᠳᠪᠦᠷᠢᠯᠡᠯ ᠵᠡᠷᠭᠡ ᠡᠯ᠎ᠡ ᠬᠦᠷᠢᠶᠡᠨ ᠤ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠭᠤᠷᠪᠠᠨ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠥᠷᠨᠢᠭᠦᠯᠵᠦ᠂ ᠪᠣᠳᠠᠲᠤ ᠠᠮᠵᠢᠯᠲᠠ ᠪᠦᠲᠦᠮᠵᠢ ᠪᠠᠷ ᠪᠦᠬᠦ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤᠮᠳᠠ ᠡᠭᠦᠷᠭᠡᠯᠡᠯ ᠢᠶᠠᠨ ᠢᠯᠡᠷᠡᠭᠦᠯᠵᠦ᠂ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃ ︵ᠰᠣᠷᠪᠤᠯᠵᠢᠯᠠᠬᠴᠢ ᠮᠠ ᠾᠦᠢ ᠮᠢᠨ  ᠵᠠᠩ ᠵᠠᠨ ᠹᠧᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号