ᠰᠢᠨ᠎ᠡ ᠴᠢᠨᠠᠷ ᠤᠨ ᠳᠣᠲᠣᠭᠠᠳᠤ ᠶᠢ ᠬᠠᠮᠠᠭᠠᠯᠠᠬᠤ ᠲᠠᠶᠢᠴᠢᠨ ᠬᠦᠴᠦᠨ ᠢ ᠪᠤᠶ ᠪᠣᠯᠭᠠᠵᠣ ᠪᠥᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠣᠯᠠᠭ᠎ᠠ ᠬᠠᠩᠭᠠᠨ᠎ᠠ  ᠦᠴᠦᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ 2024 ᠣᠨ ᠤ ᠠᠵᠢᠯ ᠦᠢᠯᠡᠰ ᠤᠨ ᠣᠷᠣᠨ ᠲᠤᠭ᠎ᠠ ᠶᠢᠨ ᠠᠵᠢᠯᠲᠠᠨ᠂ ᠴᠠᠭᠳᠠᠭᠠᠨ ᠤ ᠶᠠᠪᠤᠳᠠᠯ ᠤᠨ ᠲᠤᠰᠠᠯᠠᠬᠤ ᠠᠵᠢᠯᠲᠠᠨ ᠤ ᠬᠤᠪᠴᠠᠰᠤ ᠬᠤᠴᠢᠯᠭ᠎ᠠ ᠵᠢᠴᠢ ᠴᠠᠭᠳᠠᠭᠠᠨ ᠤ ᠵᠡᠪᠰᠡᠭ ᠲᠣᠨᠣᠭᠯᠠᠯ ᠲᠠᠷᠬᠠᠭᠠᠬᠤ ᠶᠣᠰᠣᠯᠠᠯ ᠢ ᠡᠷᠭᠢᠯᠡᠪᠡ
ᠨᠡᠶᠢᠲᠡᠯᠡᠭᠰᠡᠨ ᠴᠠᠭ᠄
2024/7/22
     ᠳᠣᠲᠣᠭᠠᠳᠤ ᠶᠢ ᠬᠠᠮᠠᠭᠠᠯᠠᠬᠤ ᠦᠨᠳᠦᠰᠦᠨ ᠱᠠᠲᠤᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠷᠠᠳ ᠤᠨ ᠲᠤᠰᠠᠯᠠᠬᠤ ᠴᠠᠭᠳᠠᠭ᠎ᠠ ᠶᠢᠨ ᠬᠠᠤᠯᠢ ᠬᠡᠷᠡᠭᠵᠢᠭᠦᠯᠬᠦ ᠡᠭᠦᠷᠭᠡ ᠭᠦᠢᠴᠡᠳᠬᠡᠬᠦ ᠴᠢᠳᠠᠮᠵᠢ ᠶᠢ ᠳᠡᠭᠡᠭᠰᠢᠯᠡᠭᠦᠯᠦᠨ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠰᠡᠷᠭᠡᠶᠢᠯᠡᠨ ᠴᠣᠬᠢᠯᠲᠠ ᠥᠭᠬᠦ ᠴᠢᠳᠠᠪᠤᠷᠢ ᠶᠢ ᠨᠡᠮᠡᠭᠳᠡᠭᠦᠯᠬᠦ ᠶᠢᠨ ᠲᠥᠯᠥᠭᠡ᠂ 7 ᠰᠠᠷ᠎ᠠ ᠶᠢᠨ 19 ᠤ ᠡᠳᠦᠷ᠂ ᠦᠴᠦᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ 2024 ᠣᠨ ᠤ ᠠᠵᠢᠯ ᠦᠢᠯᠡᠰ ᠤᠨ ᠣᠷᠣᠨ ᠲᠤᠭ᠎ᠠ ᠶᠢᠨ ᠠᠵᠢᠯᠲᠠᠨ᠂ ᠴᠠᠭᠳᠠᠭᠠᠨ ᠤ ᠶᠠᠪᠤᠳᠠᠯ ᠤᠨ ᠲᠤᠰᠠᠯᠠᠬᠤ ᠠᠵᠢᠯᠲᠠᠨ ᠤ ᠬᠤᠪᠴᠠᠰᠤ ᠬᠤᠴᠢᠯᠭ᠎ᠠ ᠵᠢᠴᠢ ᠴᠠᠭᠳᠠᠭᠠᠨ ᠤ ᠵᠡᠪᠰᠡᠭ ᠲᠣᠨᠣᠭᠯᠠᠯ ᠲᠠᠷᠬᠠᠭᠠᠬᠤ ᠶᠣᠰᠣᠯᠠᠯ ᠶᠠᠪᠤᠭᠤᠯᠪᠠ᠃      ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠪᠠᠢ ᡁᠢ ᠰᠢᠤᠸᠠᠨ ᠲᠠᠷᠬᠠᠭᠠᠬᠤ ᠶᠣᠰᠣᠯᠠᠯ ᠳᠤ ᠣᠷᠣᠯᠴᠠᠵᠤ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠬᠦᠶ ᠭᠦᠸᠧ ᠰᠢᠨ ᠲᠠᠷᠬᠠᠭᠠᠬᠤ ᠶᠣᠰᠣᠯᠠᠯ ᠢ ᠡᠷᠭᠢᠯᠡᠪᠡ᠃      ᠶᠣᠰᠣᠯᠠᠯ ᠳᠡᠭᠡᠷ᠎ᠡ᠂ ᠶᠠᠩ ᠰᠢᠩ ᠱᠧᠩ᠂ ᠬᠠᠳᠠ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠴᠠᠭᠳᠠᠭᠠᠨ ᠤ ᠲᠡᠷᠭᠡᠨ ᠤ ᠲᠦᠯᠬᠢᠭᠦᠷ ᠣᠯᠭᠤᠭᠰᠠᠨ ᠪᠥᠭᠡᠳ ᠠᠷᠠᠳ ᠤᠨ ᠲᠤᠰᠠᠯᠠᠬᠤ ᠴᠠᠭᠳᠠᠭ᠎ᠠ ᠶᠢᠨ ᠲᠥᠯᠥᠭᠡᠯᠡᠭᠴᠢ ᠳᠤ ᠴᠠᠭᠳᠠᠭᠠᠨ ᠤ ᠵᠡᠪᠰᠡᠭ ᠲᠣᠨᠣᠭᠯᠠᠯ ᠢ ᠲᠠᠷᠬᠠᠭᠠᠪᠠ᠃      ᠣᠶᠢᠯᠠᠭᠠᠭᠰᠠᠨ ᠢᠶᠠᠷ᠂ ᠲᠣᠰ ᠤᠳᠠᠭ᠎ᠠ ᠠᠵᠢᠯ ᠦᠢᠯᠡᠰ ᠤᠨ ᠣᠷᠣᠨ ᠲᠤᠭ᠎ᠠ᠂ ᠲᠤᠰᠠᠯᠠᠬᠤ ᠴᠠᠭᠳᠠᠭ᠎ᠠ ᠳᠤ 212 ᠬᠠᠶᠢᠷᠴᠠᠭ ᠬᠤᠪᠴᠠᠰᠤ ᠬᠤᠴᠢᠯᠭ᠎ᠠ ᠲᠠᠷᠬᠠᠭᠠᠵᠤ᠂ ᠳᠠᠩ ᠴᠠᠭᠳᠠᠭᠠᠨ ᠤ ᠵᠡᠪᠰᠡᠭ ᠲᠣᠨᠣᠭᠯᠠᠯ 150 ᠢᠵᠢ᠂ ᠰᠢᠯᠵᠢᠮᠡᠯ ᠴᠠᠭᠳᠠᠭᠠᠨ ᠤ ᠶᠠᠪᠤᠳᠠᠯ ᠤᠨ ᠦᠵᠦᠭᠦᠷᠯᠢᠭ 17 ᠰᠠᠭᠤᠷᠢ᠂ ᠪᠠᠮᠪᠠᠢ 30 ᠢᠵᠢ᠂ ᠴᠠᠭᠳᠠᠭᠠᠨ ᠤ ᠲᠡᠷᠭᠡ 18 ᠰᠠᠭᠤᠷᠢ᠂ ᠡᠲᠡᠭᠡᠷ ᠵᠡᠪᠰᠡᠭ ᠲᠣᠨᠣᠭᠯᠠᠯ ᠢ ᠨᠡᠮᠡᠨ ᠨᠥᠬᠦᠪᠦᠷᠢᠯᠡᠵᠦ᠂ ᠰᠢᠨᠡᠳᠬᠡᠵᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠦᠷᠭᠡᠨ ᠲᠤᠰᠬᠠᠬᠤ ᠴᠢᠳᠠᠪᠤᠷᠢ᠂ ᠬᠠᠤᠯᠢ ᠬᠡᠷᠡᠭᠵᠢᠭᠦᠯᠵᠦ ᠡᠭᠦᠷᠭᠡ ᠭᠦᠢᠴᠡᠳᠬᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ᠂ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠳᠤ ᠪᠠᠲᠤ ᠴᠢᠩᠭ᠎ᠠ ᠲᠤᠯᠭᠠᠭᠤᠷᠢᠯᠠᠯ ᠪᠠᠲᠤᠯᠠᠭ᠎ᠠ ᠬᠠᠩᠭᠠᠭᠰᠠᠨ ᠪᠠᠶᠢᠨ᠎ᠠ᠃      ᠳᠠᠷᠠᠭᠠᠴᠢ ᠶᠢᠨ ᠠᠯᠬᠤᠮ ᠳᠤ᠂ ᠦᠴᠦᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠤᠰ ᠤᠳᠠᠭᠠᠨ ᠤ ᠴᠠᠭᠳᠠᠭᠠᠨ ᠤ ᠵᠡᠪᠰᠡᠭ ᠲᠣᠨᠣᠭᠯᠠᠯ ᠢᠶᠠᠷ ᠰᠢᠨ᠎ᠡ ᠡᠬᠢᠯᠡᠯᠲᠡ ᠶᠢᠨ ᠱᠤᠭᠤᠮ ᠪᠣᠯᠭᠠᠵᠤ᠂ ᠲᠡᠷᠢᠭᠦᠨ ᠤ ᠲᠣᠨᠣᠭᠯᠠᠯ᠂ ᠲᠡᠷᠢᠭᠦᠨ ᠤ ᠪᠠᠲᠤᠯᠠᠭ᠎ᠠ ᠶᠢ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ᠂ ᠬᠥᠭᠵᠢᠯᠲᠡ ᠶᠢ ᠠᠬᠢᠭᠤᠯᠬᠤ ᠡᠷᠡᠰ ᠵᠣᠷᠢᠭ ᠪᠣᠯᠭᠠᠨ ᠬᠤᠪᠢᠷᠠᠭᠤᠯᠵᠤ᠂ ᠳᠣᠲᠣᠭᠠᠳᠤ ᠶᠢ ᠬᠠᠮᠠᠭᠠᠯᠠᠬᠤ ᠠᠵᠢᠯ ᠳᠠᠬᠢ ᠨᠠᠮ ᠤᠨ ᠬᠠᠷᠢᠴᠠᠯᠠᠰᠢᠭᠦᠢ ᠤᠳᠤᠷᠢᠳᠤᠯᠭ᠎ᠠ ᠶᠢ ᠭᠤᠶᠢᠪᠢᠰᠢ ᠦᠭᠡᠢ ᠪᠠᠷᠢᠮᠲᠠᠯᠠᠵᠤ᠂ ᠳᠣᠲᠣᠭᠠᠳᠤ ᠶᠢ ᠬᠠᠮᠠᠭᠠᠯᠠᠬᠤ ᠰᠢᠨ᠎ᠡ ᠴᠢᠨᠠᠷ ᠤᠨ ᠲᠠᠶᠢᠴᠢᠨ ᠬᠦᠴᠦᠨ ᠢ ᠲᠦᠷᠭᠡᠨ ᠪᠦᠷᠢᠯᠳᠦᠭᠦᠯᠦᠨ ᠳᠡᠭᠡᠭᠰᠢᠯᠡᠭᠦᠯᠵᠦ᠂ ᠰᠢᠨ᠎ᠡ ᠪᠠᠶᠢᠳᠠᠯ ᠳᠣᠣᠷ᠎ᠠ ᠨᠡᠶᠢᠭᠡᠮ ᠤᠨ ᠠᠮᠤᠷ ᠲᠦᠪᠰᠢᠨ ᠤ ᠪᠠᠶᠢᠳᠠᠯ ᠢ ᠡᠵᠡᠮᠳᠡᠬᠦ ᠴᠢᠳᠠᠪᠤᠷᠢ ᠪᠠᠨ ᠲᠠᠰᠤᠷᠠᠯᠲᠠ ᠦᠭᠡᠢ ᠴᠢᠩᠭᠠᠳᠬᠠᠵᠤ᠂ ᠬᠠᠮᠤᠭ ᠤᠨ ᠡᠷᠡᠰ ᠪᠠᠲᠤ ᠢᠲᠡᠭᠡᠯ ᠵᠣᠷᠢᠭ᠂ ᠬᠠᠮᠤᠭ ᠤᠨ ᠬᠦᠴᠦᠲᠡᠢ ᠠᠷᠭ᠎ᠠ ᠬᠡᠮᠵᠢᠶ᠎ᠡ ᠪᠠᠷ ᠦᠴᠦᠸᠠᠨ ᠤ ᠡᠶ᠎ᠡ ᠵᠣᠬᠢᠴᠠᠩᠭᠤᠢ ᠲᠣᠭᠲᠠᠭᠤᠨ ᠤ ᠶᠡᠭᠡ ᠲᠠᠯ᠎ᠠ ᠶᠢ ᠡᠷᠡᠰ ᠬᠠᠮᠠᠭᠠᠯᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠰᠠᠶᠢᠲᠤᠷ ᠬᠠᠮᠠᠭᠠᠯᠠᠵᠤ᠂ ᠳᠡᠭᠡᠳᠦ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠳᠡᠮᠵᠢᠯᠭᠡ ᠭᠦᠨ ᠬᠠᠶᠢᠷ᠎ᠠ ᠶᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ᠂ ᠥᠷᠭᠡᠨ ᠤᠯᠠᠨ ᠠᠷᠠᠳ ᠲᠦᠮᠡᠨ ᠤ ᠬᠠᠯᠠᠭᠤᠨ ᠬᠦᠰᠡᠯ ᠡᠷᠡᠮᠡᠯᠵᠡᠯ ᠢ ᠬᠥᠰᠡᠷᠳᠡᠭᠦᠯᠬᠦ ᠦᠭᠡᠢ᠂ ᠤᠯᠤᠰ ᠲᠦᠷᠦ ᠶᠢᠨ ᠠᠮᠤᠷ ᠲᠦᠪᠰᠢᠨ ᠢ ᠬᠠᠮᠠᠭᠠᠯᠠᠬᠤ᠂ ᠨᠡᠶᠢᠭᠡᠮ ᠤᠨ ᠠᠮᠤᠷ ᠲᠣᠭᠲᠠᠭᠤᠨ ᠢ ᠬᠠᠮᠠᠭᠠᠯᠠᠬᠤ᠂ ᠠᠷᠠᠳ ᠲᠦᠮᠡᠨ ᠤ ᠠᠮᠤᠷ ᠲᠣᠭᠲᠠᠭᠤᠨ ᠢ ᠪᠠᠲᠤᠯᠠᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠨ᠎ᠠ᠃  ︵ᠰᠣᠷᠪᠤᠯᠵᠢᠯᠠᠬᠴᠢ ᠮᠠ ᠾᠦᠢ ᠮᠢᠨ  ᠴᠠ ᠪᠦᠧᠸ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号