4.7 ᠲᠦᠮᠡᠨ ᠳᠡᠪᠰᠢᠬᠦ ᠠᠵᠢᠯ ᠤᠨ ᠪᠠᠶᠢᠷᠢ ᠭᠠᠷᠭᠠᠪᠠ
ᠨᠡᠶᠢᠲᠡᠯᠡᠭᠰᠡᠨ ᠴᠠᠭ᠄
2024/7/23
     ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠮᠠᠨ ᠤ ᠣᠷᠣᠨ ᠦᠨᠳᠦᠰᠦᠨ ᠱᠠᠲᠤᠨ ᠤ ᠠᠵᠢᠯ ᠦᠢᠯᠡᠰ ᠤᠨ ᠨᠢᠭᠡᠴᠢ ᠳᠤ 4.7 ᠲᠦᠮᠡᠨ ᠠᠵᠢᠯᠲᠠᠨ ᠤ ᠳᠡᠪᠰᠢᠬᠦ ᠠᠵᠢᠯ ᠤᠨ ᠪᠠᠶᠢᠷᠢ ᠶᠢᠨ ᠣᠷᠣᠨ ᠲᠤᠭ᠎ᠠ ᠭᠠᠷᠭᠠᠵᠤ ᠥᠭᠴᠡᠢ᠃      ᠣᠶᠢᠷ᠎ᠠ ᠶᠢᠨ ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠦᠨᠳᠦᠰᠦᠨ ᠱᠠᠲᠤᠨ ᠤ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠠᠵᠢᠯ ᠤᠨ ᠪᠠᠶᠢᠷᠢ ᠶᠢᠨ ᠣᠷᠣᠨ ᠲᠤᠭ᠎ᠠ ᠴᠥᠭᠡᠨ ᠪᠠᠶᠢᠭ᠎ᠠ ᠪᠠᠶᠢᠳᠠᠯ ᠳᠤ ᠴᠢᠭᠯᠡᠭᠦᠯᠦᠨ᠂ ︽ᠬᠤᠶᠠᠷ ᠢ ᠵᠥᠪᠰᠢᠶᠡᠷᠡᠬᠦ︾ ᠠᠮᠢᠳᠤᠯᠢᠭ ᠠᠷᠭ᠎ᠠ ᠬᠡᠮᠵᠢᠶ᠎ᠡ ᠶᠢ ᠬᠡᠷᠡᠭᠵᠢᠭᠦᠯᠪᠡ᠂ ᠨᠢᠭᠡ ᠳᠤ ᠬᠤᠰᠢᠭᠤ ᠰᠢᠶᠠᠨ ᠤ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠶᠠᠪᠤᠳᠠᠯ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠤᠰᠢᠭᠤ ᠰᠢᠶᠠᠨ᠂ ᠠᠵᠢᠯ ᠲᠥᠷᠥᠯ᠂ ᠨᠢᠭᠡᠴᠢ ᠶᠢᠨ ᠶᠣᠰᠣᠭᠠᠷ ᠠᠵᠢᠯᠲᠠᠨ ᠤ ᠠᠵᠢᠯ ᠤᠨ ᠪᠠᠶᠢᠷᠢ ᠶᠢ ᠨᠡᠶᠢᠯᠡᠭᠦᠯᠦᠨ ᠲᠣᠬᠢᠷᠠᠭᠤᠯᠬᠤ ᠶᠢ ᠵᠥᠪᠰᠢᠶᠡᠷᠡᠪᠡ; ᠬᠤᠶᠠᠷ ᠲᠤ ᠳᠣᠯᠤᠭ᠎ᠠ᠂ ᠨᠠᠢᠮᠠᠳᠤᠭᠠᠷ ᠳᠡᠰ ᠤᠨ ᠠᠵᠢᠯᠲᠠᠨ ᠤ ᠬᠠᠷᠢᠴᠠᠯ ᠢ 60% ᠪᠠᠷ ᠲᠣᠭᠲᠠᠭᠠᠵᠠᠢ᠃ ᠡᠭᠦᠨ ᠢ ᠬᠡᠷᠡᠭᠵᠢᠭᠦᠯᠦᠭᠰᠡᠨ ᠤ ᠳᠠᠷᠠᠭ᠎ᠠ᠂ ᠪᠦᠭᠦ ᠣᠷᠣᠨ ᠤ ᠳᠣᠯᠤᠭ᠎ᠠ᠂ ᠨᠠᠢᠮᠠᠳᠤᠭᠠᠷ ᠳᠡᠰ ᠤᠨ ᠠᠵᠢᠯᠲᠠᠨ ᠢ ᠨᠡᠶᠢᠲᠡ 47834 ᠲᠣᠬᠢᠷᠠᠭᠤᠯᠵᠤ᠂ ᠡᠨᠡ ᠨᠢ ᠥᠩᠭᠡᠷᠡᠭᠰᠡᠨ ᠵᠢᠯ ᠤᠨ ᠬᠢ ᠠᠴᠠ 3660 ᠨᠡᠮᠡᠭᠳᠡᠵᠦ᠂ ᠵᠢᠷᠭᠤᠳᠤᠭᠠᠷ ᠳᠡᠰ ᠤᠨ ᠠᠵᠢᠯᠲᠠᠨ ᠤ ᠲᠤᠭ᠎ᠠ ᠴᠤ ᠳᠠᠭᠠᠯᠳᠤᠨ ᠨᠡᠮᠡᠭᠳᠡᠵᠦ᠂ ᠠᠵᠢᠯᠲᠠᠨ ᠤ ᠳᠡᠪᠰᠢᠬᠦ ᠣᠷᠣᠨ ᠵᠠᠢ ᠶᠢ ᠤᠯᠠᠮ ᠨᠢᠭᠡ ᠠᠯᠬᠤᠮ ᠥᠷᠭᠡᠳᠬᠡᠪᠡ᠃      ︽ᠪᠢ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯ ᠢ 30 ᠭᠠᠷᠤᠢ ᠵᠢᠯ ᠬᠢᠭᠰᠡᠨ ᠪᠤᠯᠪᠠᠴᠤ ᠨᠠᠰᠤᠨ ᠤ ᠠᠮᠠᠷᠠᠯᠲᠠ ᠪᠠᠨ ᠠᠪᠬᠤ ᠭᠡᠵᠦ ᠪᠠᠶᠢᠭ᠎ᠠ ᠦᠶ᠎ᠡ ᠳᠤ ᠵᠢᠷᠭᠤᠳᠤᠭᠠᠷ ᠳᠡᠰ ᠤᠨ ᠠᠵᠢᠯᠲᠠᠨ ᠢᠶᠠᠷ ᠳᠡᠪᠰᠢᠭᠦᠯᠦᠭᠳᠡᠵᠦ ᠳᠡᠳ᠋ ᠭᠠᠵᠠᠷ ᠤᠨ ᠲᠠᠰ ᠤᠨ ᠬᠠᠷᠠᠭᠠᠯᠵᠠᠯ ᠭᠦᠷᠳᠡᠨ᠎ᠡ ᠭᠡᠵᠦ ᠶᠡᠷᠦ ᠪᠤᠳᠤᠵᠤ ᠣᠯᠣᠭᠰᠠᠨ ᠦᠭᠡᠢ ᠰᠢᠦ︾ ᠭᠡᠵᠦ ᠤᠯᠠᠭᠠᠨᠬᠠᠳᠠ ᠬᠤᠲᠠ ᠶᠢᠨ ᠨᠢᠩᠴᠧᠩ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠠᠵᠢᠯᠲᠠᠨ ᠱᠠᠩ ᠵᠥᠩ ᠰᠡᠳᠬᠢᠯ ᠳᠣᠭᠳᠣᠯᠤᠨ ᠬᠡᠯᠡᠪᠡ᠃ ᠲᠡᠭᠦᠨ ᠤ ᠠᠵᠢᠯᠯᠠᠵᠤ ᠪᠠᠶᠢᠭ᠎ᠠ ᠪᠠᠶᠢᠭᠤᠯᠭ᠎ᠠ ᠶᠢᠨ ᠬᠠᠮᠢᠶᠠᠷᠤᠯᠲᠠ ᠶᠢᠨ ᠠᠵᠢᠯ ᠤᠨ ᠪᠠᠶᠢᠷᠢ ᠴᠥᠭᠡᠨ᠂ ᠠᠵᠢᠯᠲᠠᠨ ᠤ ᠲᠤᠭ᠎ᠠ ᠶᠢᠨ ᠬᠢᠨᠠᠨ ᠲᠣᠭᠲᠠᠭᠠᠯᠲᠠ ᠴᠥᠭᠡᠨ ᠪᠠᠶᠢᠵᠤ᠂ ᠵᠢᠷᠭᠤᠳᠤᠭᠠᠷ ᠳᠡᠰ ᠤᠨ ᠠᠵᠢᠯᠲᠠᠨ ᠢ ᠬᠢᠨᠠᠨ ᠲᠣᠭᠲᠠᠭᠠᠵᠤ ᠳᠡᠶᠢᠯᠭᠦ ᠦᠭᠡᠢ᠂ ᠮᠠᠰᠢ ᠤᠯᠠᠨ ᠬᠥᠮᠥᠨ ᠠᠵᠢᠯ ᠠᠴᠠ ᠪᠠᠨ ᠠᠮᠠᠷᠠᠭᠰᠠᠨ ᠪᠤᠯᠪᠠᠴᠤ ᠠᠵᠢᠯ ᠤᠨ ᠪᠠᠶᠢᠷᠢ ᠳᠤ ᠳᠡᠪᠰᠢᠬᠦ ᠲᠣᠭᠢᠶᠠᠯ ᠣᠯᠣᠭᠰᠠᠨ ᠦᠭᠡᠢ᠃ 2023 ᠣᠨ ᠳᠤ᠂ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠦᠨᠳᠦᠰᠦᠨ ᠱᠠᠲᠤ ᠲᠠᠢ ︽ᠭᠠᠷ ᠭᠠᠷ ᠢᠶᠠᠨ  ᠬᠤᠯᠪᠣᠨ︾ ᠬᠠᠷᠢᠯᠴᠠᠬᠤ ᠠᠵᠢᠯᠯᠠᠭ᠎ᠠ ᠥᠷᠨᠢᠭᠦᠯᠬᠦ ᠳᠤᠮᠳᠠ ᠦᠨᠳᠦᠰᠦᠨ ᠱᠠᠲᠤᠨ ᠤ ᠬᠠᠮᠢᠶᠠᠷᠤᠯᠲᠠ ᠶᠢᠨ ᠠᠵᠢᠯ ᠤᠨ ᠪᠠᠶᠢᠷᠢ ᠳᠡᠪᠰᠢᠬᠦ ᠳᠤ ᠬᠦᠴᠢᠷᠲᠡᠢ ᠪᠠᠶᠢᠬᠤ ᠠᠰᠠᠭᠤᠳᠠᠯ ᠢ ᠢᠯᠡᠷᠡᠭᠦᠯᠵᠦ᠂ ᠠᠵᠢᠯ ᠤᠨ ᠪᠠᠶᠢᠷᠢ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤᠨᠢ ᠰᠢᠯᠢᠳᠡᠭᠵᠢᠭᠦᠯᠵᠦ᠂ ︽ᠪᠦᠭᠦ ᠣᠷᠣᠨ ᠤ ᠠᠵᠢᠯ ᠦᠢᠯᠡᠰ ᠤᠨ ᠨᠢᠭᠡᠴᠢ ᠶᠢᠨ ᠠᠵᠢᠯ ᠤᠨ ᠪᠠᠶᠢᠷᠢ ᠲᠣᠬᠢᠷᠠᠭᠤᠯᠬᠤ ᠬᠠᠮᠢᠶᠠᠷᠤᠯᠲᠠ ᠶᠢᠨ ︿ᠠᠷᠪᠠᠨ ᠲᠠᠪᠤᠨ ᠵᠤᠷᠪᠤᠰ ᠠᠷᠭ᠎ᠠ  ᠬᠡᠮᠵᠢᠶ᠎ᠡ﹀ ᠶᠢ ᠰᠢᠯᠢᠳᠡᠭᠵᠢᠭᠦᠯᠦᠨ ᠲᠡᠭᠦᠯᠳᠡᠷᠵᠢᠭᠦᠯᠬᠦ ᠲᠤᠬᠠᠢ ᠮᠡᠳᠡᠭᠳᠡᠯ︾ ᠢ ᠨᠡᠶᠢᠲᠡᠯᠡᠭᠰᠡᠨ ᠪᠥᠭᠡᠳ ᠤᠯᠠᠭᠠᠨᠬᠠᠳᠠ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠲᠠᠢ ᠬᠠᠮᠲᠤ ᠪᠠᠷ ᠴᠢᠷᠮᠠᠶᠢᠵᠤ᠂ ᠤᠯᠠᠭᠠᠨᠬᠠᠳᠠ ᠬᠤᠲᠠ ᠶᠢᠨ 7 ᠬᠤᠰᠢᠭᠤ ᠰᠢᠶᠠᠨ ᠲᠣᠭᠤᠷᠢᠭ ᠲᠤ 2974 ᠳᠣᠯᠤᠭ᠎ᠠ᠂ ᠨᠠᠢᠮᠠᠳᠤᠭᠠᠷ ᠳᠡᠰ ᠤᠨ ᠠᠵᠢᠯᠲᠠᠨ ᠤ ᠠᠵᠢᠯ ᠤᠨ ᠪᠠᠶᠢᠷᠢ ᠲᠣᠬᠢᠷᠠᠭᠤᠯᠵᠤ ᠥᠭᠪᠡ᠃ ᠵᠣᠬᠢᠶᠠᠨ ᠪᠠᠶᠢᠭᠤᠯᠤᠯᠲᠠ ᠠᠴᠠ ᠳᠡᠪᠰᠢᠭᠦᠯᠬᠦ ᠦᠶ᠎ᠡ ᠳᠤ᠂ ᠲᠤᠬᠠᠢ ᠶᠢᠨ ᠭᠠᠵᠠᠷ ᠤᠨ ᠬᠢᠨ ᠠᠵᠢᠯᠲᠠᠨ ᠳᠡᠪᠰᠢᠭᠦᠯᠬᠦ ᠲᠣᠭᠲᠠᠴᠠ ᠶᠢᠨ ᠵᠥᠪ ᠴᠢᠭᠯᠡᠯ ᠢᠶᠠᠷ ᠤᠷᠮᠠᠰᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ ᠠᠬᠤᠢ ᠶᠢᠨ ᠬᠥᠭᠵᠢᠯᠲᠡ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠴᠢᠬᠤᠯᠠ ᠬᠦᠷᠢᠶ᠎ᠡ ᠶᠢ ᠣᠨᠢᠯᠠᠵᠤ᠂ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠰᠢᠯᠢᠳᠡᠭ ᠬᠠᠮᠢᠶᠠᠷᠤᠯᠲᠠ ᠶᠢᠨ ᠠᠵᠢᠯᠲᠠᠨ ᠢ ᠤᠷᠢᠳ ᠢᠶᠠᠷ ᠪᠣᠳᠣᠯᠬᠢᠯᠠᠵᠤ᠂ ᠤᠷᠢᠳ ᠢᠶᠠᠷ ᠳᠡᠪᠰᠢᠭᠦᠯᠵᠦ᠂ ᠦᠨᠳᠦᠰᠦᠨ ᠱᠠᠲᠤᠨ ᠤ ᠠᠵᠢᠯ ᠦᠢᠯᠡᠰ ᠤᠨ ᠨᠢᠭᠡᠴᠢ ᠶᠢᠨ ᠬᠠᠮᠢᠶᠠᠷᠤᠯᠲᠠ ᠶᠢᠨ ᠠᠵᠢᠯᠲᠠᠨ ᠤ ᠠᠵᠢᠯ ᠤᠨ ᠢᠳᠡᠪᠬᠢᠵᠢᠯ ᠢ ᠤᠯᠠᠮ ᠨᠢᠭᠡ ᠠᠯᠬᠤᠮ ᠲᠠᠶᠢᠴᠢᠯᠠᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号