ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠪᠠᠴᠢᠮ ᠮᠡᠳᠡᠭᠳᠡᠯ ᠳᠠᠷᠤᠮᠠᠯᠯᠠᠨ ᠲᠠᠷᠬᠠᠭᠠᠵᠤ ᠦᠶᠡᠷ ᠤᠨ ᠴᠢᠬᠤᠯᠠ ᠬᠤᠭᠤᠴᠠᠭᠠᠨ ᠳᠠᠬᠢ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠲᠤᠬᠠᠢ ᠪᠠᠶᠢᠷᠢᠯᠠᠭᠤᠯᠵᠠᠢ
ᠨᠡᠶᠢᠲᠡᠯᠡᠭᠰᠡᠨ ᠴᠠᠭ᠄
2024/7/23
     ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ 21 ᠤ ᠡᠳᠦᠷ ᠪᠠᠴᠢᠮ ᠮᠡᠳᠡᠭᠳᠡᠯ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠲᠥᠪ ᠤᠨ ᠠᠵᠤ ᠠᠬᠤᠶᠢᠯᠠᠯ ᠤᠨ ᠬᠠᠷᠢᠭᠤᠴᠠᠯᠭ᠎ᠠ ᠶᠢᠨ ᠬᠡᠯᠬᠢᠶ᠎ᠡ ᠪᠠᠨ ᠤᠯᠠᠮ ᠨᠢᠭᠡ ᠠᠯᠬᠤᠮ ᠴᠢᠩᠭᠠᠯᠠᠵᠤ᠂ ᠨᠢᠭᠡ ᠠᠴᠠ ᠨᠥᠭᠦᠭᠡ ᠶᠢ ᠵᠦᠢᠴᠢᠯᠡᠨ ᠣᠳᠣᠬᠠᠨ ᠤ ᠭᠤᠣᠯ ᠦᠶᠡᠷ ᠤᠨ ᠬᠤᠭᠤᠴᠠᠭᠠᠨ ᠤ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠦᠨᠡᠨ ᠬᠦ ᠴᠢᠩᠭᠠᠳᠬᠠᠵᠤ᠂ ᠲᠤᠶᠢᠯ ᠤᠨ ᠮᠠᠭᠤ ᠠᠭᠤᠷ ᠠᠮᠢᠰᠬᠤᠯ ᠠᠴᠠ ᠪᠣᠯᠵᠤ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠲᠤᠬᠠᠢ ᠪᠠᠶᠢᠷᠢᠯᠠᠭᠤᠯᠪᠠ᠃      ᠮᠡᠳᠡᠭᠳᠡᠯ ᠳᠤ᠂ ᠡᠨᠡ ᠵᠢᠯ ᠤᠨ ᠦᠶᠡᠷ ᠤᠨ ᠴᠢᠬᠤᠯᠠ ᠬᠤᠭᠤᠴᠠᠭᠠᠨ ᠤ ᠲᠣᠭᠲᠠᠭᠤᠨ ᠪᠤᠰᠤ ᠲᠣᠬᠲᠠᠭᠠᠯᠲᠤ ᠪᠤᠰᠤ ᠬᠦᠴᠦᠨ ᠵᠦᠢᠯ ᠢᠯᠡᠳᠲᠡ ᠨᠡᠮᠡᠭᠳᠡᠭᠰᠡᠨ ᠠᠴᠠ ᠪᠣᠯᠤᠭᠰᠠᠨ ᠨᠥᠯᠥᠭᠡ ᠶᠢ ᠰᠡᠷᠭᠡᠭ ᠢᠶᠠᠷ ᠲᠠᠨᠢᠵᠤ᠂ ᠦᠶᠡᠷ ᠤᠨ ᠴᠢᠬᠤᠯᠠ ᠬᠤᠭᠤᠴᠠᠭᠠᠨ ᠤ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠲᠤᠯᠭᠠᠮ ᠰᠡᠳᠬᠢᠯᠭᠡ ᠪᠣᠯᠣᠨ ᠬᠠᠷᠢᠭᠤᠴᠠᠯᠭᠠᠲᠤ ᠰᠡᠳᠬᠢᠯᠭᠡ ᠪᠠᠨ ᠨᠡᠮᠡᠭᠳᠡᠭᠦᠯᠵᠦ᠂ ᠤᠯᠤᠰ ᠲᠥᠷᠥ ᠶᠢᠨ ᠰᠡᠷᠭᠡᠭ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢ ᠴᠢᠬᠤᠯᠠ ᠤᠯᠤᠰ ᠲᠥᠷᠥ ᠶᠢᠨ ᠡᠭᠦᠷᠭᠡ ᠪᠤᠯᠭᠠᠵᠥ᠂ ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠ ︽ᠶᠠᠪᠤᠳᠠᠯ ᠪᠣᠯᠭᠠᠨ ᠳᠤ ᠳᠣᠲᠣᠷ᠎ᠠ ᠪᠠᠨ ᠲᠤᠭ᠎ᠠ ᠲᠠᠢ ᠪᠠᠶᠢᠬᠤ︾ ᠠᠵᠢᠯᠯᠠᠭᠠᠨ ᠤ ᠬᠦᠴᠦᠨ ᠢᠶᠠᠷ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠠᠷᠭ᠎ᠠ ᠬᠡᠮᠵᠢᠶ᠎ᠡ ᠶᠢ ᠦᠨᠳᠦᠰᠦᠨ ᠱᠠᠲᠤ᠂ ᠠᠵᠢᠯ ᠤᠨ ᠪᠠᠶᠢᠷᠢ ᠶᠢᠨ ᠬᠠᠷᠢᠭᠤᠴᠠᠯᠭᠠᠲᠠᠨ ᠭᠦᠷᠳᠡᠯ᠎ᠡ ᠨᠠᠶᠢᠳᠠᠪᠤᠷᠢᠵᠢᠭᠤᠯᠵᠤ᠂ ᠦᠶᠡᠷ ᠤᠨ ᠬᠤᠭᠤᠴᠠᠭᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠯ᠎ᠡ ᠲᠥᠷᠥᠯ ᠤᠨ ᠲᠦᠭᠰᠢᠭᠦᠷᠢ ᠶᠢᠨ ᠭᠡᠮ ᠰᠣᠭᠤᠭ ᠢ ᠪᠦᠭᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠣᠳᠣᠬᠠᠨ ᠤ ᠦᠶᠡᠷ ᠤᠨ ᠴᠢᠬᠤᠯᠠ ᠬᠤᠭᠤᠴᠠᠭᠠᠨ ᠳᠠᠬᠢ ᠠᠶᠤᠯ ᠦᠭᠡᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠮᠡᠳᠡᠭᠳᠡᠯ ᠳᠤ᠂ ᠭᠤᠣᠯᠳᠠᠯᠭ᠎ᠠ ᠲᠠᠢ ᠣᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠦᠶᠡᠷ ᠤᠨ ᠬᠤᠭᠤᠴᠠᠭᠠᠨ ᠤ ᠠᠮᠤᠷ ᠲᠦᠪᠰᠢᠨ ᠡᠵᠡᠩᠨᠡᠯᠲᠡ ᠶᠢᠨ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠠᠷᠢᠯᠭ᠎ᠠ ᠶᠢᠨ ᠭᠠᠵᠠᠷ ᠤᠨ ᠦᠶᠡᠷ ᠤᠨ ᠬᠤᠭᠤᠴᠠᠭᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠪᠤᠰᠤᠳ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠤ ᠦᠶᠡᠷ ᠤᠨ ᠬᠤᠭᠤᠴᠠᠭᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠪᠠ ᠵᠢᠵᠢᠭᠦᠷᠯᠡᠨ ᠰᠠᠬᠢᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号