ᠦᠴᠦᠸᠠᠨ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠠᠵᠢᠯ ᠤᠨ ᠨᠥᠯᠥᠭᠡᠨ ᠤ ᠡᠪᠡᠳᠴᠢᠨ ᠤ ᠬᠤᠣᠷ ᠬᠥᠨᠥᠭᠡᠯ ᠤᠨ ᠬᠦᠴᠦᠨ ᠵᠦᠢᠯ ᠢ ᠬᠢᠨᠠᠨ ᠬᠡᠮᠵᠢᠬᠦ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/7/24
     ᠠᠵᠢᠯ ᠤᠨ ᠨᠥᠯᠥᠭᠡᠨ ᠤ ᠡᠪᠡᠳᠴᠢᠨ ᠭᠡᠳᠡᠭ ᠨᠢ ᠤᠷᠲᠤ ᠬᠤᠭᠤᠴᠠᠭ᠎ᠠ ᠪᠠᠷ ᠬᠦᠷᠦᠯᠴᠡᠬᠦ ᠪᠤᠶᠤ ᠠᠵᠢᠯᠯᠠᠬᠤ ᠣᠷᠴᠢᠨ ᠳᠤ ᠣᠷᠣᠰᠢᠵᠤ ᠪᠠᠶᠢᠭ᠎ᠠ ᠬᠤᠣᠷ ᠬᠥᠨᠥᠭᠡᠯ ᠲᠠᠢ ᠬᠦᠴᠦᠨ ᠵᠦᠢᠯ ᠠᠴᠠ ᠪᠣᠯᠵᠤ᠂ ᠠᠵᠢᠯᠴᠢᠳ ᠲᠡᠭᠦᠨ ᠲᠠᠢ ᠬᠤᠯᠪᠣᠭᠳᠠᠬᠤ ᠡᠪᠡᠳᠴᠢᠨ ᠡᠮᠭᠡᠭ ᠣᠯᠬᠤ ᠶᠢ ᠵᠢᠭᠠᠵᠤ ᠪᠤᠶ᠃ ᠠᠵᠢᠯᠲᠠᠨ ᠠᠵᠢᠯᠴᠢᠨ ᠤ ᠡᠷᠡᠭᠦᠯ ᠮᠡᠨᠳᠦ ᠪᠣᠯᠣᠨ ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ᠂ ᠠᠵᠢᠯ ᠤᠨ ᠭᠠᠵᠠᠷ ᠲᠠᠯᠠᠪᠠᠶ ᠶᠢᠨ ᠠᠵᠢᠯ ᠤᠨ ᠨᠥᠯᠥᠭᠡᠨ ᠤ ᠡᠪᠡᠳᠴᠢᠨ ᠤ ᠬᠤᠣᠷ ᠬᠥᠨᠥᠭᠡᠯ ᠳᠤ ᠦᠨᠡᠯᠡᠨ ᠵᠢᠱᠢᠯᠲᠡ ᠬᠢᠬᠦ ᠨᠢ ᠲᠤᠶᠢᠯ ᠤᠨ ᠴᠢᠬᠤᠯᠠ ᠶᠤᠮ᠃ ᠣᠶᠢᠷ᠎ᠠ ᠳᠤ᠂ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠠᠴᠠ ᠲᠤᠰᠬᠠᠢ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠵᠤ ᠮᠠᠨ ᠤ ᠰᠢᠶᠠᠨ ᠤ ᠡᠯ᠎ᠡ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠳᠤ ᠭᠦᠨᠵᠡᠭᠡᠶᠢᠷᠡᠨ ᠠᠵᠢᠯ ᠤᠨ ᠨᠥᠯᠥᠭᠡᠨ ᠤ ᠡᠪᠡᠳᠴᠢᠨ ᠤ ᠬᠤᠣᠷ ᠬᠥᠨᠥᠭᠡᠯ ᠤᠨ ᠬᠦᠴᠦᠨ ᠵᠦᠢᠯ ᠳᠤ ᠬᠢᠨᠠᠨ ᠬᠡᠮᠵᠢᠯᠲᠡ ᠬᠢᠪᠡ᠃      ᠶᠠᠭᠤᠨ ᠤ ᠡᠮᠦᠨ᠎ᠡ᠂ ᠠᠵᠢᠯᠯᠠᠬᠤ ᠭᠠᠵᠠᠷ ᠤᠨ ᠬᠥᠨᠥᠭᠡᠯ ᠲᠠᠢ ᠬᠦᠴᠦᠨ ᠵᠦᠢᠯ ᠳᠤ ᠪᠦᠬᠦ ᠲᠠᠯ᠎ᠠ ᠶᠢᠨ ᠪᠠᠶᠢᠴᠠᠭᠠᠯᠲᠠ ᠪᠠ ᠵᠠᠳᠠᠯᠤᠯᠲᠠ ᠬᠢᠨ᠎ᠡ᠃ ᠡᠳᠡᠭᠡᠷ ᠬᠤᠣᠷᠲᠤ ᠡᠯᠧᠮᠧᠨᠲ ᠨᠢ ᠨᠠᠷᠢᠨ ᠲᠣᠭᠤᠰᠣ ᠪᠣᠯᠣᠨ ᠱᠤᠤᠭᠢᠶᠠᠨ ᠪᠠᠭᠠᠳᠤᠨ᠎ᠠ᠃ ᠲᠤᠬᠠᠢ ᠶᠢᠨ ᠭᠠᠵᠠᠷ ᠤᠨ ᠪᠠᠶᠢᠴᠠᠭᠠᠯᠲᠠ ᠪᠠ ᠲᠤᠭ᠎ᠠ ᠪᠠᠷᠢᠮᠲᠠ ᠶᠢᠨ ᠵᠠᠳᠠᠯᠤᠯᠲᠠ ᠪᠠᠷ ᠳᠡᠮᠵᠢᠨ᠂ ᠠᠵᠢᠯᠲᠠᠳ ᠠᠵᠢᠯ ᠤᠨ ᠲᠠᠯᠠᠪᠤᠷ ᠲᠤ ᠣᠷᠣᠰᠢᠵᠤ ᠪᠠᠶᠢᠭ᠎ᠠ ᠡᠯ᠎ᠡ ᠵᠦᠢᠯ ᠤᠨ ᠬᠤᠣᠷ ᠬᠥᠨᠥᠭᠡᠯ ᠤᠨ ᠬᠦᠴᠦᠨ ᠵᠦᠢᠯ ᠢ ᠪᠥᠬᠦ ᠲᠠᠯ᠎ᠠ ᠪᠠᠷ ᠣᠶᠢᠯᠠᠭᠠᠵᠤ᠂ ᠲᠠᠷᠠᠭᠠᠴᠢ ᠶᠢᠨ ᠦᠨᠡᠯᠡᠨ ᠵᠢᠱᠢᠬᠦ ᠠᠵᠢᠯ ᠳᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃      ᠳᠠᠷᠠᠭᠠᠯᠠᠪᠠᠯ᠂ ᠠᠵᠢᠯᠲᠠᠨ ᠠᠵᠢᠯᠴᠢᠨ ᠤ ᠡᠷᠡᠭᠦᠯ ᠮᠡᠨᠳᠦ ᠶᠢᠨ ᠪᠠᠶᠢᠳᠠᠯ ᠳᠤ ᠪᠠᠶᠢᠴᠠᠭᠠᠯᠲᠠ ᠪᠠ ᠬᠢᠨᠠᠨ ᠬᠡᠮᠵᠢᠯᠲᠡ ᠬᠢᠨ᠎ᠡ᠃ ᠠᠵᠢᠯᠲᠠᠳ ᠪᠡᠶ᠎ᠡ ᠶᠢᠨ ᠪᠠᠶᠢᠴᠠᠭᠠᠯᠲᠠ ᠪᠠ ᠠᠰᠠᠭᠤᠯᠲᠠ ᠶᠢᠨ ᠬᠠᠭᠤᠳᠠᠰᠤ ᠪᠠᠷ ᠳᠠᠮᠵᠢᠭᠤᠯᠤᠨ᠂ ᠠᠵᠢᠯᠲᠠᠨ ᠠᠵᠢᠯᠴᠢᠨ ᠤ ᠡᠷᠡᠭᠦᠯ ᠮᠡᠨᠳᠦ ᠶᠢᠨ ᠪᠠᠶᠢᠳᠠᠯ ᠪᠠ ᠡᠪᠡᠳᠴᠢᠯᠡᠭᠰᠡᠨ ᠪᠠᠶᠢᠳᠠᠯ ᠢ ᠣᠶᠢᠯᠠᠭᠠᠵᠤ᠂ ᠠᠵᠢᠯ ᠤᠨ ᠨᠥᠯᠥᠭᠡᠨ ᠤ ᠡᠪᠡᠳᠴᠢᠨ ᠤ ᠬᠤᠣᠷ ᠬᠥᠨᠥᠭᠡᠯ ᠢ ᠦᠨᠡᠯᠡᠨ ᠵᠢᠱᠢᠬᠦ ᠳᠤ ᠴᠢᠬᠤᠯᠠ ᠲᠤᠭ᠎ᠠ ᠪᠠᠷᠢᠮᠲᠠ ᠶᠢᠨ ᠳᠡᠮᠵᠢᠯᠭᠡ ᠬᠠᠩᠭᠠᠨ᠎ᠠ᠃ ᠡᠭᠦᠨ ᠤ ᠬᠠᠮᠲᠤ᠂ ᠠᠵᠢᠯᠲᠠᠳ ᠪᠠᠰᠠ ᠠᠵᠢᠯᠲᠠᠨ ᠠᠵᠢᠯᠴᠢᠨ ᠤ ᠠᠵᠢᠯ ᠤᠨ ᠣᠷᠴᠢᠨ ᠲᠣᠭᠤᠷᠢᠨ ᠪᠠ ᠠᠵᠢᠯᠯᠠᠬᠤ ᠠᠷᠭ᠎ᠠ ᠮᠠᠶ᠋ᠢᠭ ᠢ ᠨᠠᠷᠢᠨ ᠣᠶᠢᠯᠠᠭᠠᠵᠤ᠂ ᠠᠵᠢᠯ ᠤᠨ ᠨᠥᠯᠥᠭᠡᠨ ᠤ ᠡᠪᠡᠳᠴᠢᠨ ᠤ ᠬᠤᠣᠷ ᠬᠥᠨᠥᠭᠡᠯ ᠤᠨ ᠠᠶᠤᠯ ᠲᠦᠭᠰᠢᠭᠦᠷᠢ ᠶᠢ ᠨᠠᠩ ᠣᠨᠣᠪᠴᠢᠲᠠᠶ ᠦᠨᠡᠯᠡᠬᠦ ᠳᠤ ᠲᠥᠬᠦᠮ ᠪᠣᠯᠭᠠᠨ᠎ᠠ᠃      ᠡᠴᠦᠰ ᠲᠤ᠂ ᠦᠨᠡᠯᠡᠨ ᠵᠢᠱᠢᠭᠰᠡᠨ ᠦᠷ᠎ᠡ ᠳᠦᠩ ᠢ ᠦᠨᠳᠦᠰᠦᠯᠡᠨ᠂ ᠵᠣᠬᠢᠴᠠᠩᠭᠤᠢ ᠪᠦᠬᠦᠢ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠪᠣᠯᠣᠨ ᠠᠷᠭᠠᠴᠠᠬᠤ ᠲᠥᠰᠥᠯ ᠢ ᠲᠣᠭᠲᠠᠭᠠᠨ᠎ᠠ᠃ ᠠᠳᠠᠯᠢ ᠪᠤᠰᠤ ᠠᠵᠢᠯ ᠤᠨ ᠨᠥᠯᠥᠭᠡᠨ ᠤ ᠡᠪᠡᠳᠴᠢᠨ ᠤ ᠬᠤᠣᠷ ᠬᠥᠨᠥᠭᠡᠯ ᠤᠨ ᠬᠦᠴᠦᠨ ᠵᠦᠢᠯ ᠳᠤ ᠴᠢᠭᠯᠡᠭᠦᠯᠦᠨ᠂ ᠠᠵᠢᠯᠲᠠᠳ ᠵᠣᠬᠢᠴᠠᠩᠭᠤᠢ ᠪᠦᠬᠦᠢ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠳᠤᠷᠠᠳᠬᠤ ᠶᠢᠨ ᠬᠠᠮᠲᠤ ᠠᠵᠢᠯᠲᠠᠨ ᠠᠵᠢᠯᠴᠢᠨ ᠤ ᠬᠠᠮᠢᠶ᠎ᠠ ᠪᠦᠬᠦᠢ ᠪᠣᠯᠪᠠᠰᠤᠷᠠᠭᠤᠯᠤᠯ ᠪᠣᠯᠣᠨ ᠬᠥᠮᠦᠵᠢᠯ ᠬᠢᠵᠦ᠂ ᠲᠡᠳᠡᠨ ᠤ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠬᠦ ᠦᠵᠡᠯ ᠤᠬᠠᠮᠰᠠᠷ ᠪᠣᠯᠣᠨ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠠᠵᠢᠯᠲᠠᠳ ᠠᠵᠢᠯ ᠤᠨ ᠨᠥᠯᠥᠭᠡᠨ ᠤ ᠡᠪᠡᠳᠴᠢᠨ ᠢ ᠬᠢᠨᠠᠨ ᠬᠡᠮᠵᠢᠨ ᠮᠡᠳᠡᠭᠦᠯᠵᠦ᠂ ᠠᠵᠢᠯᠲᠠᠨ ᠠᠵᠢᠯᠴᠢᠨ ᠤ ᠡᠷᠡᠭᠦᠯ ᠮᠡᠨᠳᠦ ᠶᠢᠨ ᠪᠠᠶᠢᠳᠠᠯ ᠢ ᠴᠠᠭ ᠲᠤᠬᠠᠢ ᠳᠤᠨᠢ ᠬᠢᠨᠠᠨ ᠬᠡᠮᠵᠢᠨ ᠮᠥᠷᠳᠡᠵᠦ᠂ ᠠᠵᠢᠯ ᠤᠨ ᠨᠥᠯᠥᠭᠡᠨ ᠤ ᠡᠪᠡᠳᠴᠢᠨ ᠤ ᠬᠤᠣᠷ ᠬᠥᠨᠥᠭᠡᠯ ᠢ ᠴᠠᠭ ᠲᠤᠬᠠᠢ ᠳᠤᠨᠢ ᠣᠯᠵᠤ ᠮᠡᠳᠡᠵᠦ ᠰᠢᠢᠳᠪᠦᠷᠢᠯᠡᠨ᠎ᠡ᠃      ᠬᠥᠮᠥᠨ ᠬᠡᠷᠡᠭᠯᠡᠬᠦ ᠨᠢᠭᠡᠴᠢ ᠶᠢᠨ ᠠᠵᠢᠯᠯᠠᠬᠤ ᠭᠠᠵᠠᠷ ᠲᠠᠯᠠᠪᠤᠷ ᠤᠨ ᠠᠵᠢᠯ ᠤᠨ ᠨᠥᠯᠥᠭᠡᠨ ᠤ ᠡᠪᠡᠳᠴᠢᠨ ᠤ ᠬᠤᠣᠷ ᠬᠥᠨᠥᠭᠡᠯ ᠤᠨ ᠬᠦᠴᠦᠨ ᠵᠦᠢᠯ ᠢ ᠬᠢᠨᠠᠨ ᠬᠡᠮᠵᠢᠬᠦ ᠪᠠᠷ ᠳᠠᠮᠵᠢᠭᠤᠯᠤᠨ᠂ ᠮᠠᠨ ᠤ ᠰᠢᠶᠠᠨ ᠤ ᠭᠤᠣᠯᠳᠠᠯᠭ᠎ᠠ ᠲᠠᠢ ᠠᠵᠢᠯ ᠲᠥᠷᠥᠯ ᠤᠨ ᠠᠵᠢᠯ ᠤᠨ ᠨᠥᠯᠥᠭᠡᠨ ᠤ ᠡᠪᠡᠳᠴᠢᠨ ᠤ ᠬᠤᠣᠷ ᠬᠥᠨᠥᠭᠡᠯ ᠤᠨ ᠣᠳᠣᠬᠢ ᠪᠠᠶᠢᠳᠠᠯ ᠢ ᠡᠵᠡᠮᠰᠢᠵᠦ᠂ ᠠᠳᠠᠯᠢ ᠪᠤᠰᠤ ᠬᠡᠪᠴᠢᠶ᠎ᠡ᠂ ᠠᠳᠠᠯᠢ ᠪᠤᠰᠤ ᠲᠥᠷᠥᠯ ᠬᠡᠯᠪᠡᠷᠢ ᠶᠢᠨ ᠬᠥᠮᠥᠨ ᠬᠡᠷᠡᠭᠯᠡᠬᠦ ᠨᠢᠭᠡᠴᠢ ᠶᠢᠨ ᠠᠵᠢᠯ ᠤᠨ ᠲᠠᠯᠠᠪᠤᠷ ᠭᠠᠵᠠᠷ ᠤᠨ ᠠᠵᠢᠯ ᠤᠨ ᠨᠥᠯᠥᠭᠡᠨ ᠤ ᠡᠪᠡᠳᠴᠢᠨ ᠤ ᠬᠤᠣᠷ ᠬᠥᠨᠥᠭᠡᠯ ᠤᠨ ᠬᠦᠴᠦᠨ ᠵᠦᠢᠯ ᠤᠨ ᠲᠠᠷᠬᠠᠯᠲᠠ ᠵᠢᠴᠢ ᠥᠳᠬᠡᠴᠡ ᠶᠢᠨ ᠬᠡᠮᠵᠢᠶ᠎ᠡ ︵ᠬᠦᠴᠦᠯᠡᠴᠡ︶ ᠶᠢᠨ ᠬᠢᠷᠢ ᠬᠡᠮᠵᠢᠶ᠎ᠡ ᠵᠢᠴᠢ ᠬᠤᠪᠢᠷᠠᠯᠲᠠ ᠶᠢᠨ ᠬᠠᠨᠳᠤᠰᠢ ᠶᠢ ᠰᠤᠳᠤᠯᠤᠨ ᠵᠠᠳᠠᠯᠵᠤ᠂ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠪᠠᠶᠢᠴᠠᠭᠠᠯᠲᠠ ᠶᠢᠨ ᠦᠷ᠎ᠡ ᠳ᠋ᠦᠩ ᠲᠠᠢ ᠤᠶᠠᠯᠳᠤᠭᠤᠯᠤᠨ᠂ ᠠᠵᠢᠯ ᠤᠨ ᠨᠥᠯᠥᠭᠡᠨ ᠤ ᠡᠪᠡᠳᠴᠢᠨ ᠤ ᠬᠤᠣᠷ ᠬᠥᠨᠥᠭᠡᠯ ᠤᠨ ᠬᠦᠴᠦᠨ ᠵᠦᠢᠯ ᠬᠥᠳᠡᠯᠮᠦᠷᠢᠴᠢᠳ ᠤᠨ ᠡᠷᠡᠭᠦᠯ ᠮᠡᠨᠳᠦ ᠳᠤ ᠦᠵᠡᠭᠦᠯᠬᠦ ᠨᠥᠯᠥᠭᠡ ᠶᠢ ᠦᠨᠡᠯᠡᠨ ᠵᠢᠱᠢᠵᠦ᠂ ᠠᠵᠢᠯ ᠤᠨ ᠨᠥᠯᠥᠭᠡᠨ ᠤ ᠡᠪᠡᠳᠴᠢᠨ ᠤ ᠬᠤᠣᠷ ᠬᠥᠨᠥᠭᠡᠯ ᠢᠶᠠᠷ ᠬᠦᠨᠳᠦ ᠨᠣᠴᠢᠲᠠᠢ ᠭᠤᠣᠯᠳᠠᠯᠭ᠎ᠠ ᠲᠠᠢ ᠭᠠᠵᠠᠷ ᠣᠷᠣᠨ᠂ ᠭᠤᠣᠯᠳᠠᠯᠭ᠎ᠠ ᠲᠠᠢ ᠠᠵᠢᠯ ᠲᠥᠷᠥᠯ᠂ ᠭᠤᠣᠯᠳᠠᠯᠭ᠎ᠠ ᠲᠠᠢ ᠠᠵᠢᠯ ᠤᠨ ᠪᠠᠶᠢᠷᠢ ᠶᠢ ᠲᠣᠳᠣᠷᠬᠠᠶᠢᠯᠠᠵᠤ᠂ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠳᠤ ᠣᠷᠣᠰᠢᠵᠤ ᠪᠠᠶᠢᠭ᠎ᠠ ᠪᠠᠭᠤᠷᠠᠢ ᠭᠤᠭᠴᠤᠭ᠎ᠠ ᠶᠢ ᠢᠯᠡᠷᠡᠭᠦᠯᠵᠦ᠂ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠳᠤ ᠲᠥᠷᠥ ᠶᠢᠨ ᠪᠣᠳᠣᠯᠭ᠎ᠠ ᠲᠣᠭᠲᠠᠭᠠᠬᠤ᠂ ᠬᠠᠤᠯᠢ ᠲᠣᠭᠲᠠᠭᠠᠯ ᠤᠨ ᠪᠠᠷᠢᠮᠵᠢᠶ᠎ᠠ ᠶᠢ ᠲᠡᠭᠦᠯᠳᠡᠷᠵᠢᠭᠦᠯᠬᠦ᠂ ᠬᠢᠨᠠᠨ ᠬᠠᠮᠢᠶᠠᠷᠬᠤ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ᠂ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠠᠵᠢᠯ ᠤᠨ ᠭᠤᠣᠯᠳᠠᠯᠭ᠎ᠠ ᠶᠢ ᠲᠣᠳᠣᠷᠬᠠᠶᠢᠯᠠᠬᠤ ᠳᠤ ᠦᠨᠳᠦᠰᠦᠯᠡᠯ ᠪᠠ ᠲᠤᠯᠭᠠᠭᠤᠷᠢᠯᠠᠯ ᠬᠠᠩᠭᠠᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号