ᠦᠴᠦᠸᠠᠨ ᠰᠢᠶᠠᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠬᠤᠷᠠᠯ ᠵᠢᠴᠢ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/24
     7 ᠰᠠᠷ᠎ᠠ ᠶᠢᠨ 20 ᠤ ᠡᠳᠦᠷ᠂ ᠦᠴᠦᠸᠠᠨ ᠰᠢᠶᠠᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠵᠢᠴᠢ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ᠂ ᠬᠤᠷᠠᠯ ᠠᠴᠠ ᠮᠠᠨ ᠤ ᠰᠢᠶᠠᠨ ᠤ ᠣᠳᠣᠬᠠᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ 2024 ᠣᠨ ᠤ ᠳᠣᠣᠷ᠎ᠠ ᠬᠠᠭᠠᠰ ᠵᠢᠯ ᠤᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃ ᠰᠢᠶᠠᠨ ᠤ ᠤᠳᠤᠷᠢᠳᠤᠯᠭ᠎ᠠ ᠵᠠᠩ ᠵᠢᠶᠧ ᠬᠤᠷᠠᠯ ᠳᠤ ᠣᠷᠣᠯᠴᠠᠵᠤ᠂ ᠡᠯ᠎ᠡ ᠰᠢᠶᠠᠩ ᠪᠠᠯᠭᠠᠰᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠢ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠵᠡᠷᠭᠡ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠡᠯ᠎ᠡ ᠲᠣᠰᠬᠤᠨ ᠤ ᠠᠷᠠᠳ ᠤᠨ ᠵᠥᠪᠯᠡᠯ ᠤᠨ ᠬᠢᠵᠢᠭ ᠢ ᠰᠡᠷᠭᠡᠶᠢᠯᠡᠭᠴᠢ ᠵᠢᠴᠢ ᠬᠠᠮᠢᠶ᠎ᠠ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠣᠳᠣᠬᠠᠨ ᠳᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠲᠤᠶᠢᠯ ᠤᠨ ᠬᠦᠨᠳᠦ ᠨᠣᠴᠢᠲᠠᠢ ᠪᠠᠶᠢᠵᠦ᠂ ᠮᠠᠨ ᠤ ᠰᠢᠶᠠᠨ ᠲᠠᠷᠢᠶᠠᠯᠠᠩ ᠮᠠᠯ ᠠᠵᠤ ᠠᠬᠤᠢ ᠶᠢᠨ ᠲᠣᠮᠣ ᠰᠢᠶᠠᠨ ᠪᠣᠯᠤᠭᠰᠠᠨ ᠤ ᠬᠤᠪᠢ ᠳᠤ᠂ ᠰᠡᠷᠭᠡᠶᠢᠯᠡᠨ ᠬᠢᠵᠠᠭᠠᠷᠯᠠᠬᠤ ᠡᠭᠦᠷᠭᠡ ᠲᠤᠶᠢᠯ ᠤᠨ ᠬᠠᠲᠠᠭᠤ ᠪᠡᠷᠬᠡ ᠪᠠᠶᠢᠨ᠎ᠠ᠂ ᠡᠯ᠎ᠡ ᠰᠢᠶᠠᠩ ᠪᠠᠯᠭᠠᠰᠤ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠬᠠᠷᠢᠭᠤᠴᠠᠯᠭ᠎ᠠ ᠶᠢ ᠬᠥᠮᠥᠨ ᠳᠤᠨᠢ ᠬᠦᠷᠲᠡᠯ᠎ᠡ ᠲᠣᠳᠣᠷᠬᠠᠶᠢᠯᠠᠨ᠂ ᠡᠳᠦᠷ ᠲᠤᠲᠤᠮ ᠤᠨ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠪᠠᠨ ᠴᠢᠩᠭᠠᠳᠬᠠᠵᠤ᠂ ᠬᠢᠵᠢᠭ ᠡᠪᠡᠳᠴᠢᠨ ᠭᠠᠳᠠᠭᠰᠢ ᠥᠷᠭᠡᠵᠢᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠲᠣᠰᠬᠤᠨ ᠤ ᠱᠠᠲᠤᠨ ᠤ ᠠᠮᠢᠲᠠᠨ ᠤ ᠬᠢᠵᠢᠭ ᠰᠡᠷᠭᠡᠶᠢᠯᠡᠭᠴᠢ ᠶᠢᠨ  ᠪᠣᠯᠪᠠᠰᠤᠷᠠᠯ ᠪᠠ ᠬᠠᠮᠢᠶᠠᠷᠤᠯᠲᠠ ᠶᠢ ᠴᠢᠩᠭᠠᠳᠬᠠᠵᠤ᠂ ᠬᠢᠵᠢᠭ ᠰᠡᠷᠭᠡᠶᠢᠯᠡᠬᠦ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠮᠡᠷᠭᠡᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠬᠢᠵᠢᠭ ᠰᠡᠷᠭᠡᠶᠢᠯᠡᠬᠦ ᠠᠵᠢᠯ ᠢ ᠠᠳᠬᠤᠬᠤ ᠬᠥᠮᠥᠨ ᠲᠠᠢ᠂ ᠬᠠᠮᠢᠶᠠᠷᠬᠤ ᠬᠥᠮᠥᠨ ᠲᠠᠢ ᠪᠠᠶᠢᠬᠤ ᠶᠢ ᠦᠨᠡᠨᠬᠦ ᠪᠡᠶᠡᠯᠡᠭᠦᠯᠵᠦ᠂ ᠮᠠᠨ ᠤ ᠰᠢᠶᠠᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ᠂ ᠡᠯ᠎ᠡ ᠬᠠᠷᠢᠶ᠎ᠠ ᠭᠠᠵᠠᠷ ᠵᠢᠴᠢ ᠬᠤᠪᠢ ᠬᠥᠮᠥᠨ ᠡᠯ᠎ᠡ ᠲᠠᠯ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠪᠣᠳᠠᠲᠠᠶᠢᠵᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠴᠠᠭ ᠲᠤᠬᠠᠢ ᠳᠤᠨᠢ ᠲᠣᠭᠲᠠᠭᠠᠵᠤ᠂ ᠡᠳᠦᠷ ᠲᠤᠲᠤᠮ ᠤᠨ ᠤᠬᠠᠭᠤᠯᠭ᠎ᠠ ᠪᠠᠨ ᠴᠢᠩᠭᠠᠳᠬᠠᠨ᠂ ᠠᠷᠠᠳ ᠣᠯᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠤᠬᠠᠢ ᠲᠠᠨᠢᠯᠲᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠢᠭᠡ ᠱᠠᠲᠤ ᠨᠢᠭᠡ ᠬᠠᠷᠢᠭᠤᠴᠠᠯᠭ᠎ᠠ ᠡᠭᠦᠷᠭᠡᠯᠡᠬᠦ᠂ ᠱᠠᠲᠤ ᠱᠠᠲᠤ ᠪᠠᠲᠤᠯᠠᠭ᠎ᠠ ᠲᠠᠢ ᠪᠠᠶᠢᠬᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠣᠣᠷ ᠢ ᠴᠢᠷᠮᠠᠶᠢᠨ ᠪᠦᠷᠢᠯᠳᠦᠭᠦᠯᠵᠦ᠂ ᠮᠠᠨ ᠤ ᠰᠢᠶᠠᠨ ᠳᠤ ᠠᠮᠢᠲᠠᠨ ᠤ ᠬᠦᠨᠳᠦ ᠶᠡᠭᠡ ᠬᠢᠵᠢᠭ ᠤᠨ ᠪᠠᠶᠢᠳᠠᠯ ᠭᠠᠷᠬᠤ ᠦᠭᠡᠢ ᠪᠠᠶᠢᠬᠤ ᠶᠢ ᠦᠨᠡᠨᠬᠦ ᠪᠠᠲᠤᠯᠠᠵᠤ᠂ ᠲᠡᠵᠢᠭᠡᠨ ᠦᠷᠡᠵᠢᠭᠦᠯᠬᠦ ᠦᠢᠯᠡᠰ ᠤᠨ ᠦᠢᠯᠡᠳᠪᠦᠷᠢᠯᠡᠯ ᠤᠨ ᠠᠮᠤᠷ ᠲᠦᠪᠰᠢᠨ ᠵᠢᠴᠢ ᠮᠠᠯ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃      ᠬᠤᠷᠠᠯ ᠤᠨ ᠳᠠᠷᠠᠭ᠎ᠠ᠂ ᠥᠪᠥᠷ ᠮᠣᠩᠭᠤᠯ ᠤᠨ ᠮᠠᠯ ᠡᠮᠨᠡᠯᠭᠡ ᠶᠢᠨ ᠨᠡᠶᠢᠭᠡᠮᠯᠢᠭ ᠤᠨ ᠬᠡᠷᠡᠭ ᠡᠷᠬᠢᠯᠡᠭᠴᠢᠳ ᠤᠨ ᠳᠡᠳ᠋ ᠳᠠᠷᠤᠭ᠎ᠠ ᠨᠠᠷᠢᠨ ᠪᠢᠴᠢᠭ ᠤᠨ ᠳᠠᠷᠤᠭ᠎ᠠ ᠯᠢ ᠯᠢᠨ ᠴᠤᠸᠠᠨ ᠬᠤᠷᠠᠯ ᠳᠤ ᠣᠷᠣᠯᠴᠠᠭᠰᠠᠳ ᠲᠤ ᠲᠤᠰᠬᠠᠢ ᠰᠡᠳᠦᠪᠲᠦ ᠪᠣᠯᠪᠠᠰᠤᠷᠠᠯ ᠬᠢᠪᠡ᠃ ︵ᠰᠤᠷᠪᠤᠯᠵᠢᠯᠠᠭᠴᠢ ᠵᠧᠦ ᠶᠠᠨ  ᠵᠧᠨ ᠶᠣᠠᠨ ᠪᠦᠧᠸ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号