ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠡᠨᠡ | ᠵᠢᠯ ᠤᠨ ᠬᠠᠪᠤᠷ ᠤᠨ ᠤᠯᠠᠷᠢᠯ ᠠᠴᠠ ᠨᠠᠭᠠᠰᠢ᠂ ᠮᠠᠨ ᠤ ᠣᠷᠣᠨ ᠤ ᠣᠯᠠᠨ ᠭᠠᠵᠠᠷ ᠦᠷᠭᠦᠯᠵᠢᠯᠡᠨ ᠭᠠᠩᠳᠠᠵᠤ᠂ | ᠬᠦᠴᠢᠷᠳᠡᠯᠲᠡᠢ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠬᠦᠨᠳᠦ ᠨᠣᠴᠢᠲᠠᠢ ᠨᠥᠯᠥᠭᠡ | ᠤᠴᠠᠷᠠᠭᠤᠯᠤᠭᠰᠠᠨ ᠪᠠᠶᠢᠳᠠᠯ ᠳᠣᠣᠷ᠎ᠠ᠂ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ | ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠣᠷᠣᠯᠴᠠᠵᠤ᠂ ᠭᠠᠮᠰᠢᠭᠳᠠᠭᠰᠠᠨ ᠬᠦᠴᠢᠷᠳᠡᠯᠲᠡᠢ ᠣᠯᠠᠨ ᠲᠦᠮᠡᠨ ᠢ | ᠠᠪᠤᠷᠠᠨ ᠲᠤᠰᠠᠯᠠᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠵᠦᠢᠯ ᠤᠨ ᠠᠪᠤᠷᠠᠨ ᠲᠤᠰᠠᠯᠠᠬᠤ ᠠᠷᠭ᠎ᠠ ᠬᠡᠮᠵᠢᠶ᠎ᠡ ᠶᠢ | ᠴᠠᠭ ᠲᠤᠬᠠᠢ ᠳᠤᠨᠢ ᠨᠠᠶᠢᠳᠠᠪᠤᠷᠢᠵᠢᠭᠤᠯᠵᠤ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠰᠠᠶᠢᠲᠤᠷ ᠪᠠᠲᠤᠯᠠᠪᠠ᠃ | | ᠣᠶᠢᠯᠠᠭᠠᠭᠰᠠᠨ ᠢᠶᠠᠷ᠂ ᠭᠠᠮᠰᠢᠭ ᠤᠨ ᠲᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ | ᠲᠢᠩᠬᠢᠮ ᠦᠳᠲᠡᠷ ᠲᠦᠷᠭᠡᠨ ᠮᠡᠳᠡᠭᠳᠡᠯ ᠪᠠᠭᠤᠯᠭᠠᠵᠤ ᠭᠠᠮᠰᠢᠭᠳᠠᠭᠰᠠᠨ ᠬᠦᠴᠢᠷᠳᠡᠯᠲᠡᠢ ᠣᠯᠠᠨ ᠲᠦᠮᠡᠨ ᠢ ᠠᠪᠤᠷᠠᠨ | ᠲᠤᠰᠠᠯᠠᠵᠤ ᠪᠠᠲᠤᠯᠠᠬᠤ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠭᠠᠮᠰᠢᠭᠳᠠᠭᠰᠠᠨ ᠭᠠᠵᠠᠷ ᠣᠷᠣᠨ ᠤ | ᠪᠠᠶᠢᠳᠠᠯ ᠪᠣᠯᠣᠨ ᠭᠠᠮᠰᠢᠭᠳᠠᠭᠰᠠᠨ ᠣᠯᠠᠨ ᠲᠦᠮᠡᠨ ᠤ ᠦᠨᠳᠦᠰᠦᠨ ᠪᠠᠶᠢᠳᠠᠯ ᠢ ᠴᠠᠭ ᠲᠤᠬᠠᠢ ᠳᠤᠨᠢ ᠡᠵᠡᠮᠰᠢᠵᠦ᠂ | ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠨᠥᠯᠥᠭᠡᠯᠡᠬᠦ ᠶᠢ ᠦᠷᠭᠦᠯᠵᠢᠯᠡᠨ ᠠᠩᠬᠠᠷᠴᠤ᠂ | ᠭᠠᠮᠰᠢᠭ ᠠᠴᠠ ᠪᠣᠯᠵᠤ ᠳᠠᠭᠢᠨ ᠶᠠᠳᠠᠭᠤᠷᠠᠬᠤ ᠶᠢ ᠰᠡᠷᠭᠡᠶᠢᠯᠡᠪᠡ᠃ ᠪᠡᠯᠡ ᠮᠥᠩᠭᠦ ᠣᠯᠭᠤᠬᠤ ᠡᠳᠦᠷ ᠢ ᠲᠣᠬᠢᠷᠠᠭᠤᠯᠬᠤ | ᠲᠣᠭᠲᠠᠴᠠ ᠶᠢ ᠪᠠᠶᠢᠭᠤᠯᠵᠤ᠂ ᠭᠠᠮᠰᠢᠭᠳᠠᠭᠰᠠᠨ ᠭᠠᠵᠠᠷ ᠣᠷᠣᠨ ᠢ ᠵᠢᠭᠠᠨ ᠵᠢᠯᠤᠭᠤᠳᠴᠤ ᠨᠠᠭᠠᠲᠤ ᠵᠠᠬ᠎ᠠ ᠶᠢᠨ | ᠠᠮᠢᠳᠤᠷᠠᠯ ᠤᠨ ᠪᠠᠲᠤᠯᠠᠭ᠎ᠠ ᠬᠦᠷᠲᠡᠭᠰᠡᠳ ᠪᠠ ᠣᠨᠴᠠ ᠬᠦᠴᠢᠷᠳᠡᠯᠲᠡᠢ ᠬᠥᠮᠥᠰ ᠢ ᠠᠪᠤᠷᠠᠨ ᠲᠤᠰᠠᠯᠠᠬᠤ ᠪᠡᠯᠡ | ᠮᠥᠩᠭᠦ ᠶᠢ ᠴᠠᠭ ᠲᠤᠬᠠᠢ ᠳᠤᠨᠢ ᠲᠤᠭ᠎ᠠ ᠶᠣᠰᠣᠭᠠᠷ ᠨᠢ ᠭᠦᠢᠴᠡᠳ ᠣᠯᠭᠤᠪᠠ᠃ ᠨᠡᠶᠢᠭᠡᠮ ᠤᠨ ᠠᠪᠤᠷᠠᠨ ᠲᠤᠰᠠᠯᠠᠬᠤ | ᠦᠢᠯᠡᠴᠢᠯᠡᠭᠡᠨ ᠤ ᠬᠠᠯᠠᠮᠰᠢᠯ ᠤᠲᠠᠰᠤ ᠶᠢ ᠰᠠᠭᠠᠳ ᠦᠭᠡᠢ ᠨᠠᠪᠲᠠᠷᠡᠭᠦᠯᠵᠦ᠂ ᠭᠠᠮᠰᠢᠭᠳᠠᠭᠰᠠᠨ ᠬᠦᠴᠢᠷᠳᠡᠯᠲᠡᠢ ᠣᠯᠠᠨ | ᠲᠦᠮᠡᠨ ᠤ ᠲᠤᠰᠠᠯᠠᠮᠵᠢ ᠭᠤᠶᠤᠴᠢᠯᠠᠭᠰᠠᠳ ᠢ ᠴᠠᠭ ᠲᠤᠬᠠᠢ ᠳᠤᠨᠢ ᠭᠥᠯᠢᠶᠡᠨ ᠠᠪᠴᠤ ᠰᠢᠢᠳᠪᠦᠷᠢᠯᠡᠬᠦ ᠪᠠ ᠬᠠᠷᠢᠭᠤ | ᠥᠭᠴᠦ᠂ ᠴᠠᠭ ᠲᠤᠬᠠᠢ ᠳᠤᠨᠢ ᠲᠤᠰᠠᠯᠠᠮᠵᠢ ᠭᠦᠷᠳᠡᠭᠦ ᠶᠢ ᠦᠨᠡᠨ ᠬᠦ ᠪᠠᠲᠤᠯᠠᠪᠠ᠃ 7 ᠰᠠᠷ᠎ᠠ ᠶᠢᠨ ᠳᠤᠮᠳᠠᠴᠢ | ᠪᠤᠯᠲᠠᠯ᠎ᠠ᠂ ᠡᠷᠦᠭᠡ ᠳᠤ ᠭᠦᠨᠵᠡᠭᠡᠶᠢᠷᠡᠬᠦ᠂ ᠤᠲᠠᠰᠤᠳᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠰᠢᠯᠢ ᠶᠢᠨ ᠭᠤᠣᠯ | ᠠᠶᠢᠮᠠᠭ᠂ ᠪᠠᠶᠠᠨᠨᠠᠭᠤᠷ ᠬᠤᠲᠠ᠂ ᠠᠯᠠᠱᠠ ᠠᠶᠢᠮᠠᠭ ᠤᠨ ᠭᠠᠩ ᠬᠠᠭᠰᠠᠷᠠᠭᠠᠨ ᠠᠴᠠ ᠪᠣᠯᠵᠤ ᠨᠥᠯᠥᠭᠡᠯᠡᠭᠳᠡᠭᠰᠡᠨ 4. | 22 ᠲᠦᠮᠡᠨ ᠬᠦᠴᠢᠷᠳᠡᠯᠲᠡᠢ ᠣᠯᠠᠨ ᠲᠦᠮᠡᠨ ᠢ ᠵᠢᠭᠰᠠᠭᠠᠨ ᠪᠠᠶᠢᠴᠠᠭᠠᠪᠠ᠃ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠯᠦᠭᠡ ᠬᠠᠮᠵᠢᠯᠴᠠᠭ᠎ᠠ ᠪᠠᠨ | ᠴᠢᠩᠭᠠᠳᠬᠠᠵᠤ᠂ ᠨᠡᠶᠢᠭᠡᠮ ᠤᠨ ᠠᠪᠤᠷᠠᠨ ᠲᠤᠰᠠᠯᠠᠯᠲᠠ ᠬᠢᠭᠡᠳ ᠭᠠᠮᠰᠢᠭᠳᠠᠭᠰᠠᠨ ᠬᠥᠮᠥᠰ ᠢ ᠠᠪᠤᠷᠠᠨ ᠲᠤᠰᠠᠯᠠᠬᠤ | ᠲᠥᠷᠥ ᠶᠢᠨ ᠪᠣᠳᠣᠯᠭ᠎ᠠ ᠶᠢ ᠵᠣᠯᠭᠠᠭᠤᠯᠬᠤ ᠶᠢ ᠴᠢᠩᠭᠠᠷᠠᠭᠤᠯᠵᠤ᠂ ᠬᠠᠮᠲᠤᠷᠠᠨ ᠬᠥᠳᠡᠯᠦᠯᠴᠡᠵᠦ ᠨᠥᠬᠦᠴᠡᠯ ᠳᠤ | ᠨᠡᠶᠢᠴᠡᠬᠦ ᠭᠠᠮᠰᠢᠭᠳᠠᠭᠰᠠᠨ ᠣᠯᠠᠨ ᠲᠦᠮᠡᠨ ᠢ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ | ᠬᠦᠴᠢᠷᠳᠡᠯᠲᠡᠢ ᠬᠥᠮᠥᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠬᠦᠷᠢᠶ᠎ᠡ ᠬᠡᠪᠴᠢᠶ᠎ᠡ ᠳᠤ ᠴᠠᠭ ᠲᠤᠬᠠᠢ ᠳᠤᠨᠢ | ᠣᠷᠣᠭᠤᠯᠵᠤ᠂ ︽ᠪᠠᠲᠤᠯᠠᠪᠠᠰᠤ ᠵᠣᠬᠢᠬᠤ ᠶᠢ ᠨᠢ ᠪᠦᠭᠦᠨ ᠢ ᠪᠠᠲᠤᠯᠠᠬᠤ︾ ᠶᠢ ᠭᠦᠢᠴᠡᠳᠬᠡᠪᠡ᠃ ᠲᠦᠷ ᠴᠠᠭ ᠤᠨ | ᠠᠪᠤᠷᠠᠨ ᠲᠤᠰᠠᠯᠠᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠪᠤᠷᠠᠨ ᠲᠤᠰᠠᠯᠠᠬᠤ ᠳᠡᠰ ᠳᠠᠷᠠᠭᠠᠯᠠᠯ ᠢ | ᠳᠥᠭᠦᠮᠴᠢᠯᠡᠨ᠂ ︽ᠤᠷᠢᠳ ᠢᠶᠠᠷ ᠠᠪᠤᠷᠠᠨ ᠲᠤᠰᠠᠯᠠᠬᠤ︾ ᠶᠢ ᠬᠡᠷᠡᠭᠵᠢᠭᠦᠯᠵᠦ᠂ ᠬᠦᠴᠢᠷᠳᠡᠭᠰᠡᠨ ᠪᠦᠭᠦᠨ ᠢ ᠵᠠᠪᠠᠯ | ᠲᠤᠰᠠᠯᠠᠬᠤ ᠶᠢ ᠪᠡᠶᠡᠯᠡᠭᠦᠯᠪᠡ᠃ 7 ᠰᠠᠷ᠎ᠠ ᠶᠢᠨ ᠳᠤᠮᠳᠠᠴᠢ ᠪᠤᠯᠲᠠᠯ᠎ᠠ᠂ ᠰᠢᠯᠢ ᠶᠢᠨ ᠭᠤᠣᠯ ᠠᠶᠢᠮᠠᠭ᠂ ᠪᠠᠶᠠᠨᠨᠠᠭᠤᠷ | ᠬᠤᠲᠠ᠂ ᠠᠯᠠᠱᠠ ᠠᠶᠢᠮᠠᠭ ᠭᠠᠩ ᠭᠠᠮᠰᠢᠭ ᠲᠤ ᠨᠥᠯᠥᠭᠡᠯᠡᠭᠳᠡᠭᠰᠡᠨ ᠬᠦᠴᠢᠷᠳᠡᠯᠲᠡᠢ ᠣᠯᠠᠨ ᠲᠦᠮᠡᠨ ᠢ 3501 | ᠬᠥᠮᠥᠨ ᠤᠳᠠᠭ᠎ᠠ ᠲᠦᠷ ᠴᠠᠭ ᠠᠪᠤᠷᠠᠨ ᠲᠤᠰᠠᠯᠠᠵᠤ᠂ 411.54 ᠲᠦᠮᠡᠨ ᠲᠥᠭᠦᠷᠢᠭ ᠠᠪᠤᠷᠠᠨ ᠲᠤᠰᠠᠯᠠᠬᠤ ᠪᠡᠯᠡ | ᠮᠥᠩᠭᠦ ᠵᠠᠷᠤᠴᠠᠭᠤᠯᠵᠤ᠂ ᠨᠥᠬᠦᠴᠡᠯ ᠳᠤ ᠨᠡᠶᠢᠴᠡᠬᠦ 97 ᠭᠠᠮᠰᠢᠭᠳᠠᠭᠰᠠᠨ ᠣᠯᠠᠨ ᠲᠦᠮᠡᠨ ᠢ ᠨᠠᠭᠠᠲᠤ ᠵᠠᠬ᠎ᠠ ᠶᠢᠨ | ᠠᠮᠢᠳᠤᠷᠠᠯ ᠤᠨ ᠪᠠᠲᠤᠯᠠᠭ᠎ᠠ ᠶᠢᠨ ᠬᠡᠪᠴᠢᠶᠡᠨ ᠳᠤ ᠴᠠᠭ ᠲᠤᠬᠠᠢ ᠳᠤᠨᠢ ᠣᠷᠣᠭᠤᠯᠪᠠ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠠᠴᠠ | ᠬᠦᠴᠢᠷᠳᠡᠯᠲᠡᠢ ᠣᠯᠠᠨ ᠲᠦᠮᠡᠨ ᠢ ᠠᠪᠤᠷᠠᠨ ᠲᠤᠰᠠᠯᠠᠬᠤ ᠳᠤ 500 ᠲᠦᠮᠡᠨ ᠲᠥᠭᠦᠷᠢᠭ ᠤᠨ ᠪᠡᠯᠡ ᠮᠥᠩᠭᠦ ᠶᠢ | ᠪᠠᠴᠢᠮ ᠪᠠᠭᠤᠯᠭᠠᠭᠰᠠᠨ ᠪᠥᠭᠡᠳ ᠰᠢᠯᠢ ᠶᠢᠨ ᠭᠤᠣᠯ ᠠᠶᠢᠮᠠᠭ᠂ ᠪᠠᠶᠠᠨᠨᠠᠭᠤᠷ ᠬᠤᠲᠠ᠂ ᠠᠯᠠᠱᠠ ᠠᠶᠢᠮᠠᠭ ᠵᠡᠷᠭᠡ | ᠭᠠᠮᠰᠢᠭᠳᠠᠭᠰᠠᠨ ᠭᠠᠵᠠᠷ ᠣᠷᠣᠨ ᠤ ᠲᠦᠷ ᠴᠠᠭ ᠠᠪᠤᠷᠠᠨ ᠲᠤᠰᠠᠯᠠᠬᠤ ᠠᠵᠢᠯ ᠢ ᠳᠡᠮᠵᠢᠬᠦ ᠳᠤ ᠬᠡᠷᠡᠭᠯᠡᠵᠦ᠂ | ᠭᠠᠮᠰᠢᠭᠳᠠᠭᠰᠠᠨ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠪᠠ᠃ | | | |