︽︿ᠬᠥᠬᠡᠬᠤᠲᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ ᠦᠢᠯᠡᠳᠪᠦᠷᠢ ᠠᠭᠤᠷᠬᠠᠢ ᠶᠢᠨ ᠠᠵᠤ | ᠠᠬᠤᠶᠢᠯᠠᠯ ᠢ ᠪᠤᠴᠠᠭᠠᠨ ᠭᠠᠷᠭᠠᠬᠤ ᠲᠥᠰᠥᠯ﹀ ᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠮᠡᠳᠡᠭᠳᠡᠯ︾ ︵ᠬᠥᠬᠡᠬᠤᠲᠠ ᠵᠠᠰᠠᠭ ᠲᠠᠷᠬᠠᠭᠠᠭᠰᠠᠨ ﹇2017﹈ 57 ᠳ᠋ᠤᠭᠠᠷ ᠲᠣᠭᠠᠲᠤ︶ ᠵᠢᠴᠢ | ︽︿ᠬᠥᠬᠡᠬᠤᠲᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ ᠠᠭᠤᠷᠬᠠᠢ ᠶᠢᠨ ᠦᠢᠯᠡᠰ ᠤᠨ ᠡᠷᠬᠡ ᠶᠢ | ᠪᠤᠴᠠᠭᠠᠨ ᠭᠠᠷᠭᠠᠬᠤ ᠨᠥᠬᠦᠪᠦᠷᠢ ᠶᠢᠨ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠮᠡᠳᠡᠭᠳᠡᠯ︾ ︵ᠬᠥᠬᠡᠬᠤᠲᠠ ᠵᠠᠰᠠᠭ ᠲᠠᠷᠬᠠᠭᠠᠭᠰᠠᠨ ﹇2019﹈ 21 ᠳ᠋ᠦ᠋ᠭᠡᠷ ᠲᠣᠭᠠᠲᠤ︶ ᠤᠨ | ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠤᠰᠠᠳᠠ᠂ ᠰᠢᠶᠠᠨ ᠤ ᠵᠠᠰᠠᠭ ᠤᠨ | ᠣᠷᠳᠣᠨ ᠤ 22 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠰᠤᠳᠤᠯᠤᠭᠠᠳ᠂ ᠨᠥᠬᠦᠪᠦᠷᠢᠯᠡᠭᠳᠡᠭᠴᠢ ᠬᠠᠷ᠎ᠠ | ᠬᠤᠰᠢᠭᠤ ᠰᠢᠶᠠᠩ ᠤᠨ ᠰᠢᠶᠣᠣ ᠬᠤᠤ ᠯᠠᠢ ᠲᠡᠮᠦᠷ ᠤᠨ ᠠᠭᠤᠷᠬᠠᠢ ᠶᠢᠨ ᠠᠭᠤᠷᠬᠠᠢ ᠶᠢᠨ ᠦᠢᠯᠡᠰ ᠤᠨ ᠡᠷᠬᠡ ᠶᠢ | ᠪᠤᠴᠠᠭᠠᠨ ᠭᠠᠷᠭᠠᠬᠤ ᠲᠤᠬᠠᠢ ᠳᠣᠣᠷᠠᠬᠢ ᠮᠡᠲᠦ ᠨᠥᠬᠦᠪᠦᠷᠢᠯᠡᠶᠡ᠄ | ᠨᠢᠭᠡ᠂ ᠦᠨᠳᠦᠰᠦᠨ ᠪᠠᠶᠢᠳᠠᠯ | ︵ᠨᠢᠭᠡ︶ ᠪᠤᠴᠠᠭᠠᠨ ᠭᠠᠷᠭᠠᠬᠤ ᠨᠥᠬᠦᠪᠦᠷᠢ ᠶᠢ ᠦᠨᠡᠯᠡᠨ ᠵᠢᠱᠢᠭᠰᠡᠨ ᠪᠠᠶᠢᠳᠠᠯ | ︽︿ᠬᠥᠬᠡᠬᠤᠲᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ ᠠᠭᠤᠷᠬᠠᠢ ᠶᠢᠨ ᠦᠢᠯᠡᠰ ᠤᠨ ᠡᠷᠬᠡ ᠶᠢ | ᠪᠤᠴᠠᠭᠠᠨ ᠭᠠᠷᠭᠠᠬᠤ ᠨᠥᠬᠦᠪᠦᠷᠢ ᠥᠭᠬᠦ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠬᠥᠬᠡᠬᠤᠲᠠ ᠵᠠᠰᠠᠭ ᠲᠠᠷᠬᠠᠭᠠᠭᠰᠠᠨ ︹ 2019︺ 21 | ᠳ᠋ᠦ᠋ᠭᠡᠷ ᠲᠣᠭᠠᠲᠤ︶ ᠤᠨ ᠲᠣᠭᠲᠠᠭᠠᠯ ᠶᠣᠰᠣᠭᠠᠷ᠂ ᠨᠥᠬᠦᠪᠦᠷᠢᠯᠡᠭᠳᠡᠭᠴᠢ ᠬᠠᠷ᠎ᠠ ᠬᠤᠰᠢᠭᠤ ᠰᠢᠶᠠᠩ ᠤᠨ ᠰᠢᠶᠣᠣ ᠬᠤᠤ | ᠯᠠᠢ ᠲᠡᠮᠦᠷ ᠤᠨ ᠠᠭᠤᠷᠬᠠᠢ ᠶᠢᠨ ᠠᠭᠤᠷᠬᠠᠢ ᠶᠢᠨ ᠦᠢᠯᠡᠰ ᠤᠨ ᠡᠷᠬᠡ ᠶᠢ ᠪᠤᠴᠠᠭᠠᠨ ᠭᠠᠷᠭᠠᠬᠤ ᠨᠥᠬᠦᠪᠦᠷᠢ ᠳᠤ | ᠦᠨᠡᠯᠡᠨ ᠵᠢᠱᠢᠯᠲᠡ ᠬᠢᠵᠦ᠂ ᠡᠭᠦᠨ ᠳᠤ ᠨᠢᠭᠡᠨᠲᠡ ᠲᠥᠯᠥᠪᠦᠷᠢ ᠲᠠᠢ ᠪᠠᠷ ᠰᠢᠢᠳᠪᠦᠷᠢᠯᠡᠭᠡᠳᠦᠢ ᠡᠬᠢ ᠪᠠᠶᠠᠯᠢᠭ ᠤᠨ | ᠬᠠᠳᠠᠭᠠᠯᠠᠭᠳᠠᠴᠠ ᠶᠢᠨ ᠬᠠᠷᠠᠭᠠᠯᠵᠠᠭᠰᠠᠨ ᠦᠨ᠎ᠡ ᠶᠢᠨ ᠮᠥᠩᠭᠦ ᠨᠢ 104.62 ᠲᠦᠮᠡᠨ ᠲᠥᠭᠦᠷᠢᠭ ᠪᠣᠯᠣᠨ᠎ᠠ︔ | ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠣᠷᠣᠭᠤᠯᠤᠯᠲᠠ ᠪᠠ ᠬᠠᠮᠢᠶ᠎ᠠ ᠪᠦᠬᠦᠢ ᠡᠳ᠋ ᠬᠥᠷᠥᠩᠭᠡ ᠶᠢᠨ | ᠥᠷᠲᠡᠭ ᠤᠨ ᠲᠤᠬᠠᠢ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠬᠤᠶᠠᠷ ᠤᠳᠠᠭ᠎ᠠ ᠪᠢᠴᠢᠭ ᠢᠶᠠᠷ | ᠮᠡᠳᠡᠭᠳᠡᠵᠦ᠂ ᠨᠥᠬᠦᠪᠦᠷᠢ ᠣᠯᠤᠭᠳᠠᠬᠤ ᠬᠥᠮᠥᠨ ᠲᠣᠰ ᠬᠡᠰᠡᠭ ᠡᠳ᠋ ᠬᠥᠷᠥᠩᠭᠡ ᠶᠢᠨ ᠥᠷᠲᠡᠭ ᠢ ᠨᠤᠲᠠᠯᠠᠭᠰᠠᠨ ᠦᠭᠡᠢ᠂ | ᠦᠨᠡᠯᠡᠨ ᠵᠢᠱᠢᠬᠦ ᠪᠠᠨ ᠪᠣᠯᠢᠭᠰᠠᠨ ᠢᠶᠠᠷ ᠦᠵᠡᠨ᠎ᠡ᠃ | ︵ᠬᠤᠶᠠᠷ︶ ᠵᠠᠰᠠᠬᠤ ᠵᠠᠷᠤᠳᠠᠯ ᠢ ᠣᠷᠣᠯᠠᠨ ᠥᠭᠭᠦᠭᠰᠡᠨ ᠪᠠᠶᠢᠳᠠᠯ | 2018 ᠣᠨ ᠳᠤ ᠨᠥᠬᠦᠪᠦᠷᠢᠯᠡᠭᠳᠡᠭᠴᠢ ᠠᠭᠤᠷᠬᠠᠢ ᠶᠢ ᠪᠤᠴᠠᠭᠠᠨ ᠭᠠᠷᠭᠠᠭᠰᠠᠨ ᠤ ᠳᠠᠷᠠᠭ᠎ᠠ᠂ ᠭᠠᠵᠠᠷ | ᠰᠢᠨᠵᠢᠯᠡᠭᠡᠨ ᠤ ᠣᠷᠴᠢᠨ ᠲᠣᠭᠤᠷᠢᠨ ᠢ ᠰᠡᠷᠭᠦᠭᠡᠨ ᠵᠠᠰᠠᠭᠰᠠᠨ ᠨᠢ ᠬᠦᠷᠦᠯᠴᠡᠬᠦ ᠦᠭᠡᠢ ᠪᠣᠯᠬᠤᠷ᠂ ᠰᠢᠶᠠᠨ ᠤ | ᠵᠠᠰᠠᠭ ᠤᠨ ᠣᠷᠳᠣᠨ ᠠᠴᠠ ᠬᠠᠮᠢᠶ᠎ᠠ ᠪᠦᠬᠦᠢ ᠰᠠᠯᠠᠭ᠎ᠠ ᠮᠥᠴᠢᠷ ᠢ ᠤᠯᠠᠮ ᠨᠢᠭᠡ ᠠᠯᠬᠤᠮ ᠴᠡᠭᠴᠡᠯᠡᠨ ᠵᠠᠰᠠᠵᠤ᠂ | ᠵᠠᠰᠠᠬᠤ ᠵᠠᠷᠤᠳᠠᠯ ᠢ 52.5116 ᠲᠦᠮᠡᠨ ᠲᠥᠭᠦᠷᠢᠭ ᠣᠷᠣᠯᠠᠨ ᠥᠭᠪᠡ᠃ ᠡᠭᠦᠨ ᠤ ᠲᠤᠬᠠᠢ ᠵᠠᠷᠤᠳᠠᠯ ᠢ ᠣᠷᠣᠯᠠᠨ | ᠥᠭᠬᠦ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠨᠥᠬᠦᠪᠦᠷᠢᠯᠡᠭᠳᠡᠭᠴᠢ ᠳᠤ ᠪᠢᠴᠢᠭ ᠢᠶᠠᠷ | ᠮᠡᠳᠡᠭᠳᠡᠵᠦ᠂ ᠰᠠᠨᠠᠭᠠᠴᠢᠯᠠᠭ᠎ᠠ ᠠᠴᠠ ᠪᠠᠨ ᠲᠤᠬᠠᠢ ᠶᠢᠨ ᠦᠶ᠎ᠡ ᠶᠢᠨ ᠣᠷᠣᠯᠠᠨ ᠥᠭᠬᠦ ᠵᠠᠷᠤᠳᠠᠯ ᠤᠨ ᠬᠤᠯᠪᠣᠭᠳᠠᠯ | ᠪᠦᠬᠦᠢ ᠰᠠᠯᠠᠭ᠎ᠠ ᠮᠥᠴᠢᠷ ᠲᠠᠢ ᠬᠢᠨᠠᠨ ᠬᠠᠷᠭᠤᠭᠤᠯᠵᠤ ᠨᠤᠲᠠᠯᠠᠬᠤ ᠶᠢ ᠱᠠᠭᠠᠷᠳᠠᠪᠠ᠂ ᠭᠡᠪᠡᠴᠦ ᠨᠥᠬᠦᠪᠦᠷᠢᠯᠡᠭᠳᠡᠭᠴᠢ | ᠬᠢᠨᠠᠨ ᠬᠠᠷᠭᠤᠭᠤᠯᠵᠤ ᠨᠤᠲᠠᠯᠠᠭᠰᠠᠨ ᠦᠭᠡᠢ᠂ ᠡᠭᠦᠨ ᠳᠤ ᠡᠨᠡ ᠤᠳᠠᠭᠠᠨ ᠤ ᠣᠷᠣᠯᠠᠨ ᠥᠭᠬᠦ ᠵᠠᠷᠤᠳᠠᠯ ᠳᠤ ᠣᠨᠳᠣᠣ | ᠰᠠᠨᠠᠯ ᠦᠭᠡᠢ ᠭᠡᠵᠦ ᠦᠵᠡᠨ᠎ᠡ᠂ ᠨᠥᠬᠦᠪᠦᠷᠢ ᠥᠭᠭᠦᠭᠴᠢ ᠠᠴᠠ ᠲᠣᠰ ᠤᠳᠠᠭᠠᠨ ᠤ ᠨᠥᠬᠦᠪᠦᠷᠢ ᠶᠢᠨ ᠵᠠᠷᠤᠳᠠᠯ ᠳᠤ | ᠣᠷᠣᠯᠠᠨ ᠥᠭᠬᠦ ᠵᠠᠷᠤᠳᠠᠯ ᠢ ᠬᠢᠨᠠᠨ ᠬᠠᠰᠤᠬᠤ ᠪᠠᠷ ᠲᠣᠭᠲᠠᠪᠠ᠃ | ︵ᠭᠤᠷᠪᠠ︶ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠢ ᠰᠡᠷᠭᠦᠭᠡᠨ ᠵᠠᠰᠠᠭᠰᠠᠨ ᠤ ᠦᠯᠡᠳᠡᠭᠳᠡᠯ | ᠠᠰᠠᠭᠤᠳᠠᠯ | 2016 ᠣᠨ ᠤ ᠨᠢᠭᠡᠳᠦᠭᠡᠷ ᠡᠭᠡᠯᠵᠢ ᠶᠢᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠰᠢᠮᠳᠠᠭᠤᠯᠤᠨ ᠪᠠᠶᠢᠴᠠᠭᠠᠯᠲᠠ᠂ 2018 ᠣᠨ ᠤ ︽ᠡᠷᠬᠢᠨ ᠬᠠᠷᠠᠬᠤ︾ ᠰᠢᠮᠳᠠᠭᠤᠯᠤᠨ ᠪᠠᠶᠢᠴᠠᠭᠠᠯᠲᠠ᠂ 2021 | ᠣᠨ ᠤ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ | ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ᠂ 2022 ᠣᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠳᠠᠬᠢ ᠲᠣᠰ | ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠠᠰᠠᠭᠤᠳᠠᠯ ᠳᠤ ᠠᠳᠠᠯᠢ ᠪᠤᠰᠤ ᠬᠡᠮᠵᠢᠶ᠎ᠡ ᠪᠠᠷ ᠰᠠᠨᠠᠯ | ᠳᠤᠷᠠᠳᠴᠠᠢ᠄ ᠠᠮᠢ ᠠᠬᠤᠢ ᠶᠢ ᠰᠡᠷᠭᠦᠭᠡᠭᠰᠡᠨ ᠦᠷ᠎ᠡ ᠪᠦᠲᠦᠮᠵᠢ ᠨᠢ ᠱᠠᠭᠠᠷᠳᠠᠯᠭ᠎ᠠ ᠳᠤ ᠬᠦᠷᠦᠭᠰᠡᠨ ᠦᠭᠡᠢ᠂ | ᠠᠶᠠᠨᠳᠠᠭᠠᠨ ᠰᠡᠷᠭᠦᠬᠦ ᠶᠢ ᠱᠠᠭᠠᠷᠳᠠᠵᠤ᠂ ᠬᠥᠮᠥᠨ ᠤ ᠬᠦᠴᠦ ᠪᠠᠷ ᠭᠠᠷ ᠲᠦᠷᠦᠭᠦ ᠠᠷᠭ᠎ᠠ ᠮᠠᠶ᠋ᠢᠭ ᠢᠶᠠᠷ ᠭᠠᠵᠠᠷ | ᠰᠢᠨᠵᠢᠯᠡᠭᠡᠨ ᠤ ᠣᠷᠴᠢᠨ ᠲᠣᠭᠤᠷᠢᠨ ᠤ ᠵᠠᠰᠠᠯᠲᠠ ᠪᠠ ᠠᠮᠢ ᠠᠬᠤᠢ ᠶᠢᠨ ᠰᠡᠷᠭᠦᠭᠡᠯᠲᠡ ᠬᠢᠬᠦ ᠶᠢ ᠱᠠᠭᠠᠷᠳᠠᠪᠠ᠃ | ᠡᠶᠢᠮᠦ ᠠᠴᠠ᠂ ᠲᠠᠷᠠᠭᠠᠴᠢ ᠶᠢᠨ ᠠᠯᠬᠤᠮ ᠳᠤ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠵᠠᠰᠠᠯᠲᠠ ᠪᠠ ᠠᠮᠢ | ᠠᠬᠤᠢ ᠶᠢᠨ ᠰᠡᠷᠭᠦᠭᠡᠯᠲᠡ ᠶᠢ ᠬᠡᠷᠡᠭᠵᠢᠭᠦᠯᠬᠦ ᠳᠤ ᠮᠥᠨ ᠯᠡ ᠵᠠᠰᠠᠬᠤ ᠪᠠ ᠵᠠᠰᠠᠨ ᠰᠡᠷᠭᠦᠭᠡᠬᠦ ᠵᠠᠷᠤᠳᠠᠯ ᠭᠠᠷᠭᠠᠬᠤ | ᠬᠡᠷᠡᠭᠲᠡᠢ᠃ | ︵ᠳᠥᠷᠪᠡ︶ ᠪᠤᠴᠠᠭᠠᠨ ᠭᠠᠷᠭᠠᠬᠤ ᠨᠥᠬᠦᠪᠦᠷᠢᠯᠡᠬᠦ ᠵᠠᠷᠤᠳᠠᠯ ᠳᠤ ᠲᠣᠭᠠᠴᠠᠭ᠎ᠠ ᠬᠢᠬᠦ | ︽ᠬᠥᠬᠡᠬᠤᠲᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ ᠠᠭᠤᠷᠬᠠᠢ ᠶᠢᠨ ᠦᠢᠯᠡᠰ ᠤᠨ ᠡᠷᠬᠡ ᠶᠢ | ᠪᠤᠴᠠᠭᠠᠨ ᠭᠠᠷᠭᠠᠬᠤ ᠨᠥᠬᠦᠪᠦᠷᠢ ᠶᠢᠨ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠮᠡᠳᠡᠭᠳᠡᠯ︾ ︵ᠬᠥᠬᠡᠬᠤᠲᠠ ᠵᠠᠰᠠᠭ ᠲᠠᠷᠬᠠᠭᠠᠭᠰᠠᠨ ︹ 2019︺ 21 ᠳ᠋ᠦ᠋ᠭᠡᠷ ᠲᠣᠭᠠᠲᠤ︶ | ᠤᠨ ᠲᠣᠭᠲᠠᠭᠠᠯ ᠶᠣᠰᠣᠭᠠᠷ᠂ ᠲᠣᠭᠠᠴᠠᠭ᠎ᠠ ᠬᠢᠬᠦ ᠪᠠᠷ ᠳᠠᠮᠵᠢᠭᠠᠳ᠂ ᠬᠠᠷ᠎ᠠ ᠬᠤᠰᠢᠭᠤ ᠰᠢᠶᠠᠩ ᠤᠨ ᠰᠢᠶᠣᠣ ᠬᠤᠤ ᠯᠠᠢ | ᠲᠡᠮᠦᠷ ᠤᠨ ᠠᠭᠤᠷᠬᠠᠢ ᠶᠢᠨ ᠠᠭᠤᠷᠬᠠᠢ ᠶᠢᠨ ᠦᠢᠯᠡᠰ ᠤᠨ ᠡᠷᠬᠡ ᠶᠢ ᠪᠤᠴᠠᠭᠠᠨ ᠭᠠᠷᠭᠠᠭᠰᠠᠨ ᠢ ᠨᠢᠭᠡᠨᠲᠡ ᠦᠨ᠎ᠡ | ᠲᠥᠯᠥᠪᠦᠷᠢ ᠲᠠᠢ ᠪᠠᠷ ᠰᠢᠢᠳᠪᠦᠷᠢᠯᠡᠭᠡᠳᠦᠢ ᠡᠬᠢ ᠪᠠᠶᠠᠯᠢᠭ ᠤᠨ ᠬᠠᠳᠠᠭᠠᠯᠠᠭᠳᠠᠴᠠ ᠶᠢᠨ ᠬᠠᠷᠠᠭᠠᠯᠵᠠᠭᠰᠠᠨ ᠦᠨ᠎ᠡ | 104.62 ᠲᠦᠮᠡᠨ ᠲᠥᠭᠦᠷᠢᠭ ᠢ ᠨᠡᠮᠡᠪᠡᠯ᠂ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠣᠷᠣᠭᠤᠯᠤᠯᠲᠠ ᠪᠠ | ᠬᠠᠮᠢᠶ᠎ᠠ ᠪᠦᠬᠦᠢ ᠡᠳ᠋ ᠬᠥᠷᠥᠩᠭᠡ ᠶᠢᠨ ᠥᠷᠲᠡᠭ ᠢ ᠦᠨᠡᠯᠡᠨ ᠵᠢᠱᠢᠬᠦ ᠵᠠᠷᠤᠳᠠᠯ ︵ᠦᠨᠡᠯᠡᠨ ᠵᠢᠱᠢᠬᠦ 0 ᠲᠥᠭᠦᠷᠢᠭ︶ ᠢ | ᠨᠡᠮᠡᠪᠡᠯ᠂ ᠵᠠᠰᠠᠭ ᠤᠨ ᠣᠷᠳᠣᠨ ᠠᠴᠠ ᠣᠷᠣᠯᠠᠨ ᠥᠭᠭᠦᠭᠰᠡᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ | ᠰᠡᠷᠭᠦᠭᠡᠨ ᠵᠠᠰᠠᠬᠤ ᠵᠠᠷᠤᠳᠠᠯ 52.5116 ᠲᠦᠮᠡᠨ ᠲᠥᠭᠦᠷᠢᠭ ᠢ ᠬᠠᠰᠤᠪᠠᠯ᠂ ᠠᠭᠤᠷᠬᠠᠢ ᠶᠢᠨ ᠦᠢᠯᠡᠰ ᠤᠨ | ᠡᠷᠬᠡ ᠶᠢ ᠪᠤᠴᠠᠭᠠᠨ ᠭᠠᠷᠭᠠᠬᠤ ᠨᠥᠬᠦᠪᠦᠷᠢ ᠶᠢᠨ ᠵᠠᠷᠤᠳᠠᠯ 52.1084 ᠲᠦᠮᠡᠨ ᠲᠥᠭᠦᠷᠢᠭ ᠪᠣᠯᠣᠨ᠎ᠠ᠃ | ᠬᠤᠶᠠᠷ᠂ ᠪᠤᠴᠠᠭᠠᠨ ᠭᠠᠷᠭᠠᠬᠤ ᠨᠥᠬᠦᠪᠦᠷᠢ ᠶᠢᠨ ᠲᠣᠭᠲᠠᠭᠠᠯ | 1. ᠠᠭᠤᠷᠬᠠᠢ ᠶᠢᠨ ᠡᠷᠬᠡ ᠶᠢ ᠪᠤᠴᠠᠭᠠᠨ ᠭᠠᠷᠭᠠᠬᠤ ᠳᠤ 52.1084 ᠲᠦᠮᠡᠨ ᠲᠥᠭᠦᠷᠢᠭ ᠤᠨ ᠨᠥᠬᠦᠪᠦᠷᠢ | ᠥᠭᠭᠦᠨ᠎ᠡ᠃ | 2. ︽ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠢ ᠬᠠᠮᠠᠭᠠᠯᠠᠬᠤ ᠲᠣᠭᠲᠠᠭᠠᠯ︾ ᠤᠨ ᠭᠤᠷᠪᠠᠳᠤᠭᠠᠷ | ᠵᠦᠢᠯ᠄ ︽ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠤ ᠬᠠᠮᠠᠭᠠᠯᠠᠯᠲᠠ᠂ ᠰᠡᠷᠭᠡᠶᠢᠯᠡᠬᠦ ᠪᠠᠷ ᠭᠤᠣᠯ ᠪᠣᠯᠭᠠᠬᠤ᠂ | ᠰᠡᠷᠭᠡᠶᠢᠯᠡᠬᠦ ᠪᠠ ᠵᠠᠰᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠬᠡᠨ ᠨᠡᠭᠡᠭᠡᠨ ᠠᠰᠢᠭᠯᠠᠪᠠᠯ ᠬᠡᠨ ᠬᠠᠮᠠᠭᠠᠯᠠᠬᠤ᠂ ᠬᠡᠨ | ᠡᠪᠳᠡᠪᠡᠯ ᠬᠡᠨ ᠵᠠᠰᠠᠬᠤ᠂ ᠬᠡᠨ ᠪᠡᠯᠡ ᠣᠷᠣᠭᠤᠯᠪᠠᠯ ᠬᠡᠨ ᠠᠰᠢᠭ ᠭᠥᠷᠳᠡᠬᠦ ᠵᠠᠷᠴᠢᠮ ᠢ ᠪᠠᠷᠢᠮᠲᠠᠯᠠᠨ᠎ᠠ︾᠃ | ᠲᠣᠭᠲᠠᠭᠠᠯ ᠳᠤ᠂ ᠨᠥᠬᠦᠪᠦᠷᠢᠯᠡᠭᠳᠡᠭᠴᠢ ᠶᠢ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ | ᠵᠢᠭᠠᠵᠤ ᠭᠠᠷᠭᠠᠭᠰᠠᠨ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠦᠷ᠎ᠡ ᠪᠦᠲᠦᠮᠵᠢ ᠶᠢ ᠰᠡᠷᠭᠦᠭᠡᠨ ᠵᠠᠰᠠᠬᠤ | ᠱᠠᠭᠠᠷᠳᠠᠯᠭ᠎ᠠ ᠳᠤ ᠬᠦᠷᠬᠦ ᠦᠭᠡᠢ ᠠᠰᠠᠭᠤᠳᠠᠯ ᠢ ᠳᠠᠷᠤᠶᠢᠬᠠᠨ ᠠᠶᠠᠨᠳᠠᠭᠠᠨ ᠰᠡᠷᠭᠦᠭᠡᠬᠦ᠂ ᠬᠥᠮᠥᠨ ᠤ ᠬᠦᠴᠦ ᠪᠠᠷ ᠭᠠᠷ | ᠳᠦᠷᠦᠬᠦ ᠠᠷᠭ᠎ᠠ ᠬᠡᠯᠪᠡᠷᠢ ᠶᠢ ᠠᠪᠴᠤ ᠪᠠᠶᠢᠭᠠᠳ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠵᠠᠰᠠᠯᠲᠠ ᠪᠠ ᠠᠮᠢ | ᠠᠬᠤᠢ ᠶᠢ ᠵᠠᠰᠠᠨ ᠰᠡᠷᠭᠦᠭᠡᠬᠦ ᠶᠢ ᠱᠠᠭᠠᠷᠳᠠᠨ᠎ᠠ᠃ ᠬᠡᠷᠪᠡ ᠨᠥᠬᠦᠪᠦᠷᠢᠯᠡᠭᠳᠡᠭᠴᠢ ᠨᠢ ᠱᠠᠭᠠᠷᠳᠠᠯᠭ᠎ᠠ ᠶᠣᠰᠣᠭᠠᠷ ᠵᠠᠰᠠᠬᠤ | ᠡᠭᠦᠷᠭᠡ ᠪᠠᠨ ᠨᠠᠶᠢᠳᠠᠪᠤᠷᠢᠵᠢᠭᠤᠯᠤᠭᠰᠠᠨ ᠦᠭᠡᠢ ᠪᠣᠯ ᠲᠠᠷᠠᠭᠠᠴᠢ ᠶᠢᠨ ᠠᠯᠬᠤᠮ ᠳᠤ ᠰᠢᠶᠠᠨ ᠤ ᠵᠠᠰᠠᠭ ᠤᠨ ᠣᠷᠳᠣᠨ | ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠰᠡᠷᠭᠦᠭᠡᠨ ᠵᠠᠰᠠᠭᠰᠠᠨ ᠠᠴᠠ ᠪᠣᠯᠤᠭᠰᠠᠨ ᠵᠠᠷᠤᠳᠠᠯ ᠢ ᠮᠥᠨ ᠬᠦ | ᠨᠥᠬᠦᠪᠦᠷᠢᠯᠡᠭᠳᠡᠭᠴᠢ ᠡᠭᠦᠷᠭᠡᠯᠡᠨ᠎ᠡ᠃ | ᠲᠤᠰ ᠲᠣᠭᠲᠠᠭᠠᠯ ᠢ ᠦᠯᠦ ᠵᠥᠪᠰᠢᠶᠡᠷᠡᠪᠡᠯ᠂ ᠲᠤᠰ ᠲᠣᠭᠲᠠᠭᠠᠯ ᠤᠨ ᠪᠢᠴᠢᠭ ᠢ ᠬᠦᠷᠭᠡᠵᠦ ᠥᠭᠭᠦᠭᠰᠡᠨ | ᠡᠳᠦᠷ ᠠᠴᠠ ᠡᠬᠢᠯᠡᠨ 60 ᠡᠳᠦᠷ ᠤᠨ ᠳᠣᠲᠣᠷ᠎ᠠ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠵᠠᠰᠠᠭ | ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠬᠤ ᠪᠤᠶᠤ ᠬᠦᠷᠭᠡᠵᠦ ᠥᠭᠭᠦᠭᠰᠡᠨ ᠡᠳᠦᠷ ᠠᠴᠠ ᠡᠬᠢᠯᠡᠨ 6 | ᠰᠠᠷ᠎ᠠ ᠶᠢᠨ ᠳᠣᠲᠣᠷ᠎ᠠ ᠬᠥᠬᠡᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠳᠤ ᠵᠠᠰᠠᠭ ᠵᠠᠬᠢᠷᠭᠠᠨ ᠤ | ᠵᠠᠷᠭᠤ ᠬᠢᠵᠦ ᠪᠣᠯᠣᠨ᠎ᠠ᠃ | | ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ | 2024 ᠣᠨ ᠤ 7 ᠰᠠᠷ᠎ᠠ ᠶᠢᠨ 25 ᠤ ᠡᠳᠦᠷ | | |