ᠮᠠᠨ ᠤ ᠣᠷᠣᠨ ᠨᠡᠶᠢᠳᠡ 14 ᠲᠥᠷᠥᠯ ᠤᠨ 4000 ᠭᠠᠷᠤᠢ ᠠᠵᠢᠯᠲᠠᠨ ᠠᠵᠢᠯᠴᠢᠨ ᠤ ᠦᠢᠯᠡᠴᠢᠯᠡᠭᠡᠨ ᠤ ᠵᠢᠭᠰᠠᠭᠠᠯ ᠤᠨ ᠭᠠᠵᠠᠷ ᠢ ᠪᠠᠶᠢᠭᠤᠯᠪᠠ
ᠨᠡᠶᠢᠲᠡᠯᠡᠭᠰᠡᠨ ᠴᠠᠭ᠄
2024/7/25
     ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠠᠴᠠ ᠣᠶᠢᠯᠠᠭᠠᠭᠰᠠᠨ  ᠢᠶᠠᠷ᠂ ᠲᠦᠷᠦᠭᠦᠬᠡᠨ᠂ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠠᠵᠢᠯᠴᠢᠨ ᠤ ᠡᠪᠯᠡᠯ ᠤᠨ ᠥᠷᠲᠡᠭᠡ ᠪᠠ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠡᠭᠦᠯᠡᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠳᠡᠭᠡᠷ᠎ᠡ᠂ ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠠᠴᠠ ᠥᠪᠥᠷ ᠮᠣᠩᠭᠤᠯ ᠤᠨ ᠠᠵᠢᠯᠴᠢᠨ ᠤ ᠡᠪᠯᠡᠯ ᠤᠨ ᠦᠢᠯᠡᠴᠢᠯᠡᠭᠡᠨ ᠤ ᠵᠢᠭᠰᠠᠭᠠᠯ ᠤᠨ ᠭᠠᠵᠠᠷ ᠢ ᠨᠡᠷ᠎ᠡ ᠳᠤᠷᠠᠳᠤᠨ ᠰᠠᠶᠢᠰᠢᠶᠠᠵᠠᠢ᠃      ᠣᠶᠢᠷ᠎ᠠ ᠶᠢᠨ ᠵᠢᠯ ᠳᠤ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ︽ᠠᠵᠢᠯᠲᠠᠨ ᠠᠵᠢᠯᠴᠢᠨ ᠬᠠᠮᠢᠭ᠎ᠠ ᠪᠠᠶᠢᠪᠠᠯ᠂ ᠠᠵᠢᠯᠴᠢᠨ ᠤ ᠡᠪᠯᠡᠯ ᠤᠨ ᠦᠢᠯᠡᠴᠢᠯᠡᠭᠡ ᠲᠡᠨᠳᠡ ᠭᠦᠷᠲᠡᠯ᠎ᠡ ᠦᠷᠭᠦᠯᠵᠢᠯᠡᠬᠦ︾ ᠣᠶᠢᠯᠠᠭᠠᠭᠳᠠᠬᠤᠨ ᠢ ᠪᠠᠷᠢᠮᠲᠠᠯᠠᠵᠤ᠂ ᠬᠤᠳᠠᠯᠳᠤᠭᠠᠨ ᠤ ᠲᠣᠭᠤᠷᠢᠭ᠂ ᠵᠡᠭᠡᠯᠢ ᠭᠤᠳᠤᠮᠵᠢ ᠶᠢᠨ ᠭᠤᠣᠯ ᠵᠠᠮ᠂ ᠪᠠᠩᠬᠢ᠂ ᠦᠢᠯᠡᠴᠢᠯᠡᠭᠡᠨ ᠤ ᠶᠡᠭᠡ ᠲᠢᠩᠬᠢᠮ᠂ ᠵᠢᠭᠤᠯᠴᠢᠯᠠᠯ ᠤᠨ ᠦᠵᠡᠮᠵᠢ ᠶᠢᠨ ᠭᠠᠵᠠᠷ ᠵᠡᠷᠭᠡ ᠠᠵᠢᠯᠲᠠᠨ ᠠᠵᠢᠯᠴᠢᠨ ᠨᠢᠭᠲᠠᠷᠠᠭᠰᠠᠨ᠂ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠪᠠᠷ ᠥᠨᠳᠥᠷ ᠲᠠᠯᠠᠪᠤᠷ ᠭᠠᠵᠠᠷ ᠲᠤ ᠨᠡᠶᠢᠭᠡᠮ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠤᠷᠢᠳ ᠬᠤᠵᠢᠳ ᠠᠵᠢᠯᠴᠢᠨ ᠤ ᠡᠪᠯᠡᠯ ᠤᠨ ᠥᠷᠲᠡᠭᠡ᠂ ᠵᠢᠯᠣᠭᠤᠴᠢ ᠶᠢᠨ ᠭᠡᠷ᠂ ᠠᠵᠢᠯᠴᠢᠨ ᠤ ᠰᠣᠶᠣᠯ ᠤᠨ ᠣᠷᠳᠣᠨ᠂ ᠠᠵᠢᠯᠴᠢᠨ ᠤ ᠪᠡᠶ᠎ᠡ ᠶᠢᠨ ᠲᠠᠮᠢᠷ ᠤᠨ ᠲᠠᠯᠠᠪᠠᠶ᠂ ᠠᠵᠢᠯᠴᠢᠨ ᠤ ᠰᠤᠪᠢᠯᠠᠯᠲᠠ ᠶᠢᠨ ᠬᠦᠷᠢᠶᠡᠯᠡᠩ᠂ ᠡᠮᠡᠭᠲᠡᠢ ᠠᠵᠢᠯᠲᠠᠨ ᠠᠵᠢᠯᠴᠢᠨ ᠤ ᠠᠮᠠᠷᠠᠵᠤ ᠬᠥᠬᠦᠭᠦᠯᠬᠦ ᠦᠷᠦᠭᠡ᠂ ᠠᠵᠢᠯᠲᠠᠨ ᠠᠵᠢᠯᠴᠢᠨ ᠤ ᠦᠷ᠎ᠡ ᠬᠡᠦᠬᠡᠳ ᠢᠶᠠᠨ ᠨᠠᠶᠢᠳᠠᠨ ᠬᠠᠮᠢᠶᠠᠷᠤᠭᠤᠯᠬᠤ ᠲᠥᠪ᠂ ᠠᠵᠢᠯᠲᠠᠨ ᠠᠵᠢᠯᠴᠢᠨ ᠤ ᠡᠷᠡᠭᠦᠯ ᠮᠡᠨᠳᠦ ᠶᠢᠨ ᠲᠥᠪ᠂ ᠠᠵᠢᠯᠲᠠᠨ ᠠᠵᠢᠯᠴᠢᠨ ᠤ ᠦᠢᠯᠡᠴᠢᠯᠡᠭᠡᠨ ᠤ ᠲᠥᠪ᠂ ᠠᠵᠢᠯᠲᠠᠨ ᠠᠵᠢᠯᠴᠢᠨ ᠤ ᠰᠢᠨ᠎ᠡ ᠶᠢ ᠡᠭᠦᠳᠬᠦ ᠠᠵᠢᠯ ᠤᠨ ᠲᠠᠰᠤᠭ᠂ ᠭᠦᠳᠡᠯᠮᠦᠷᠢ ᠶᠢᠨ ᠮᠠᠷᠭᠤᠯᠳᠤᠭᠠᠨ ᠢ ᠡᠶᠡᠳᠡᠭᠦᠯᠬᠦ ᠲᠠᠰᠤᠭ᠂ ᠠᠵᠢᠯᠲᠠᠨ ᠠᠵᠢᠯᠴᠢᠨ ᠤ ᠬᠥᠮᠦᠵᠢᠯ ᠪᠣᠯᠪᠠᠰᠤᠷᠠᠯ ᠤᠨ ᠰᠠᠭᠤᠷᠢᠨ᠂ ᠠᠵᠢᠯᠲᠠᠨ ᠤ ᠡᠪᠯᠡᠯ ᠤᠨ ᠺᠠᠳ᠋ᠷᠴᠤᠳ ᠤᠨ ᠰᠤᠷᠭᠠᠭᠤᠯᠢ᠂ ᠠᠵᠢᠯᠲᠠᠨ ᠠᠵᠢᠯᠴᠢᠨ ᠤ ᠨᠣᠮ ᠤᠨ ᠥᠷᠥᠭᠡ ᠵᠡᠷᠭᠡ ᠨᠡᠶᠢᠲᠡ 14 ᠲᠥᠷᠥᠯ ᠤᠨ 4000 ᠭᠠᠷᠤᠢ ᠪᠦᠭᠦ ᠲᠠᠯ᠎ᠠ ᠶᠢᠨ᠂ ᠣᠯᠠᠨ ᠶᠠᠩᠵᠤ ᠶᠢᠨ ᠠᠵᠢᠯᠲᠠᠨ ᠠᠵᠢᠯᠴᠢᠨ ᠤ ᠦᠢᠯᠡᠴᠢᠯᠡᠭᠡᠨ ᠤ ᠵᠢᠭᠰᠠᠭᠠᠯ ᠤᠨ ᠭᠠᠵᠠᠷ ᠢ ᠪᠠᠶᠢᠭᠤᠯᠵᠤ᠂ ᠠᠵᠢᠯᠲᠠᠨ ᠠᠵᠢᠯᠴᠢᠨ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠪᠡ᠃      ᠠᠵᠢᠯᠴᠢᠨ ᠤ ᠡᠪᠯᠡᠯ ᠤᠨ ᠲᠣᠭᠠᠴᠢᠯᠠᠭᠰᠠᠨ ᠣᠶᠤᠨᠴᠢᠯᠠᠭᠰᠠᠨ ᠪᠠᠶᠢᠭᠤᠯᠤᠯᠲᠠ ᠶᠢᠨ ᠢᠨᠵᠧᠨᠧᠷᠢᠩ ᠢ ᠲᠦᠷᠭᠡᠳᠬᠡᠨ᠂ ︽ᠨᠢᠭᠡ ᠵᠢᠷᠤᠭ ᠢᠶᠠᠷ ᠦᠢᠯᠡᠴᠢᠯᠡᠭᠡ ᠶᠢ ᠪᠦᠷᠢᠨ ᠡᠳ᠋ᠯᠡᠬᠦ︾ ᠠᠵᠢᠯᠴᠢᠨ ᠤ ᠡᠪᠯᠡᠯ ᠤᠨ ᠦᠢᠯᠡᠴᠢᠯᠡᠭᠡᠨ ᠤ ᠭᠠᠵᠠᠷ ᠤᠨ ᠵᠢᠷᠤᠭ ᠢ ᠪᠤᠶ ᠪᠤᠯᠭᠠᠵᠤ᠂ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ︽ᠠᠵᠢᠯᠲᠠᠨ ᠠᠵᠢᠯᠴᠢᠨ ᠤ ᠭᠡᠷ︾ APP ᠶᠢ ᠣᠯᠠᠨ ᠲᠦᠮᠡᠨ ᠤ ᠠᠯᠠᠭᠠᠨ ᠳᠡᠭᠡᠷᠡᠬᠢ ᠠᠵᠢᠯᠲᠠᠨ ᠠᠵᠢᠯᠴᠢᠨ ᠤ ᠭᠡᠷ ᠪᠤᠯᠭᠠᠬᠤ ᠶᠢ ᠠᠬᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠪᠦᠭᠦ ᠣᠷᠣᠨ ᠤ ᠡᠯ᠎ᠡ ᠱᠠᠲᠤᠨ ᠤ ᠠᠵᠢᠯᠴᠢᠨ ᠤ ᠡᠪᠯᠡᠯ ᠢ ᠵᠣᠬᠢᠶᠠᠨ ᠪᠠᠶᠢᠭᠤᠯᠵᠤ ᠠᠵᠢᠯᠴᠢᠨ ᠤ ᠡᠪᠯᠡᠯ ᠤᠨ ᠦᠢᠯᠡᠴᠢᠯᠡᠭᠡᠨ ᠤ ᠵᠢᠭᠰᠠᠭᠠᠯ ᠤᠨ ᠭᠠᠵᠠᠷ ᠤᠨ ᠲᠤᠭ᠎ᠠ ᠪᠠᠷᠢᠮᠲᠠ ᠶᠢ ᠴᠤᠭᠯᠠᠭᠤᠯᠬᠤ ᠪᠠ ᠰᠦᠯᠵᠢᠶᠡᠨ ᠳᠡᠭᠡᠷᠡᠬᠢ ᠭᠠᠵᠠᠷ ᠤᠨ ᠵᠢᠷᠤᠭ ᠲᠤ ᠤᠷᠤᠭᠤᠯᠬᠤ ᠠᠵᠢᠯ ᠢ ᠪᠦᠭᠦ ᠲᠠᠯ᠎ᠠ ᠪᠠᠷ ᠢᠳᠡᠪᠬᠢᠲᠡᠢ ᠥᠷᠨᠢᠭᠦᠯᠪᠡ᠃ ᠣᠳᠣᠬᠠᠨ ᠪᠤᠯᠲᠠᠯ᠎ᠠ᠂ ᠪᠦᠭᠦ ᠣᠷᠣᠨ ᠤ ᠠᠵᠢᠯᠲᠠᠨ ᠠᠵᠢᠯᠴᠢᠨ ᠤ ᠦᠢᠯᠡᠴᠢᠯᠡᠭᠡᠨ ᠤ ᠵᠢᠭᠰᠠᠭᠠᠯ ᠤᠨ ᠭᠠᠵᠠᠷ ᠢ 100% ᠪᠠᠷ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ︽ᠠᠵᠢᠯᠲᠠᠨ ᠠᠵᠢᠯᠴᠢᠨ ᠤ ᠭᠡᠷ︾ APP ᠳᠤ ᠤᠷᠤᠭᠤᠯᠬᠤ ᠶᠢ ᠪᠡᠶᠡᠯᠡᠭᠦᠯᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号