ᠮᠠᠨ ᠤ ᠣᠷᠣᠨ ᠤ ᠡᠳᠡᠭᠡᠷ ᠭᠦᠢᠴᠡᠳᠬᠡᠯ ᠲᠤᠭ᠎ᠠ ᠪᠦᠭᠦ ᠤᠯᠤᠰ ᠤᠨ ᠡᠮᠦᠨ᠎ᠡ ᠡᠩᠨᠡᠭᠡᠨ ᠳᠤ ᠣᠷᠣᠯ᠎ᠠ
ᠨᠡᠶᠢᠲᠡᠯᠡᠭᠰᠡᠨ ᠴᠠᠭ᠄
2024/7/25
     ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠮᠡᠳᠡᠭᠡ᠄ ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠪᠦᠭᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠭᠤᠣᠯ ᠪᠤᠯᠬᠤ ᠡᠨᠧᠷᠭᠢ ᠶᠢᠨ ᠦᠢᠯᠡᠳᠬᠦᠨ ᠤ ᠦᠢᠯᠡᠳᠪᠦᠷᠢᠯᠡᠯ ᠦᠷᠭᠦᠯᠵᠢᠯᠡᠨ ᠰᠠᠶᠢᠨ ᠨᠡᠮᠡᠭᠳᠡᠯ ᠤᠨ ᠪᠠᠶᠢᠳᠠᠯ ᠢᠶᠠᠨ ᠪᠠᠲᠤᠯᠠᠵᠤ᠂ ᠨᠡᠭᠦᠷᠡᠰᠦᠨ ᠤ ᠭᠠᠷᠤᠯᠲᠠ᠂ ᠴᠠᠭᠢᠯᠭᠠᠨ ᠭᠠᠷᠭᠠᠬᠤ ᠬᠡᠮᠵᠢᠶ᠎ᠡ ᠪᠦᠭᠦ ᠤᠯᠤᠰ ᠲᠤ ᠲᠡᠷᠢᠭᠦᠯᠡᠵᠦ᠂ ᠪᠤᠰᠤᠳ ᠣᠯᠠᠨ ᠵᠦᠢᠯ ᠤᠨ ᠬᠡᠪᠴᠢᠶᠡᠵᠢᠯ ᠠᠴᠠ ᠳᠡᠭᠡᠭᠰᠢᠬᠢ ᠡᠨᠧᠷᠭᠢ ᠶᠢᠨ ᠠᠵᠤ ᠦᠢᠯᠡᠳᠪᠦᠷᠢ ᠶᠢᠨ ᠭᠦᠢᠴᠡᠳᠬᠡᠯ ᠲᠤᠭ᠎ᠠ ᠴᠤ ᠪᠦᠭᠦ ᠤᠯᠤᠰ ᠤᠨ ᠡᠮᠦᠨ᠎ᠡ ᠡᠩᠨᠡᠭᠡᠨ ᠳᠤ ᠣᠷᠣᠵᠤ᠂ ᠡᠨᠧᠷᠭᠢ ᠶᠢᠨ ᠬᠠᠩᠭᠠᠯᠭ᠎ᠠ ᠶᠢᠨ ᠪᠠᠲᠤᠯᠠᠭ᠎ᠠ ᠶᠢᠨ ᠴᠢᠳᠠᠪᠤᠷᠢ ᠦᠷᠭᠦᠯᠵᠢᠯᠡᠨ ᠳᠡᠭᠡᠭᠰᠢᠯᠡᠪᠡ᠃      ᠨᠡᠭᠦᠷᠡᠰᠦᠨ ᠤ ᠭᠠᠷᠤᠯᠲᠠ ᠠᠴᠠ ᠦᠵᠡᠪᠡᠯ᠂ ᠳᠡᠭᠡᠷ᠎ᠡ ᠬᠠᠭᠠᠰ ᠵᠢᠯ ᠳᠤ ᠪᠦᠭᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠨᠡᠭᠦᠷᠡᠰᠦᠨ ᠤ ᠭᠠᠷᠤᠯᠲᠠ 6.3 ᠳ᠋ᠦᠩᠰᠢᠭᠤᠷ ᠲᠣᠨ ᠳᠤ ᠬᠦᠷᠴᠦ ︵ᠠᠳᠠᠯᠢ ᠬᠤᠭᠤᠴᠠᠭᠠᠨ ᠤ ᠬᠢ ᠠᠴᠠ 3.8% ᠪᠠᠷ ᠨᠡᠮᠡᠭᠳᠡᠪᠡ︶᠂ ᠪᠦᠭᠦ ᠤᠯᠤᠰ ᠲᠤ ᠲᠡᠷᠢᠭᠦᠯᠡᠪᠡ᠃ ᠡᠭᠦᠨ ᠳᠤ 6 ᠰᠠᠷ᠎ᠠ ᠳᠤ ᠪᠦᠭᠦ ᠣᠷᠣᠨ ᠤ ᠨᠡᠭᠦᠷᠡᠰᠦᠨ ᠤ ᠭᠠᠷᠤᠯᠲᠠ 1.1 ᠳ᠋ᠦᠩᠰᠢᠭᠤᠷ ᠲᠣᠨ ᠳᠤ ᠬᠦᠷᠴᠦ᠂ ᠨᠡᠭᠦᠷᠡᠰᠦᠨ ᠤ ᠭᠠᠷᠤᠯᠲᠠ 4 ᠰᠠᠷ᠎ᠠ ᠳᠠᠷᠠᠭᠠᠯᠠᠨ ᠳ᠋ᠦᠩᠰᠢᠭᠤᠷ ᠲᠣᠨ ᠢ ᠳᠠᠪᠠᠵᠠᠢ᠃      ︽ᠳᠡᠭᠡᠷ᠎ᠡ ᠬᠠᠭᠠᠰ ᠵᠢᠯ ᠳᠤ ᠣᠷᠳᠣᠰ ᠬᠤᠲᠠ   ᠶᠢᠨ ᠨᠡᠭᠦᠷᠡᠰᠦᠨ ᠤ ᠭᠠᠷᠤᠯᠲᠠ 4.4 ᠳ᠋ᠦᠩᠰᠢᠭᠤᠷ ᠲᠣᠨ ᠳᠤ ᠬᠦᠷᠴᠦ᠂ ᠪᠦᠭᠦ ᠣᠷᠣᠨ ᠤ ᠨᠡᠭᠦᠷᠡᠰᠦᠨ ᠤ ᠭᠠᠷᠤᠯᠲᠠ   ᠶᠢᠨ ᠨᠡᠮᠡᠭᠳᠡᠯ ᠳᠤ ᠬᠠᠮᠤᠭ ᠤᠨ ᠶᠡᠭᠡ ᠬᠤᠪᠢ ᠨᠡᠮᠡᠷᠢ ᠦᠵᠡᠭᠦᠯᠵᠡᠢ; ᠰᠢᠯᠢ   ᠶᠢᠨ ᠭᠤᠣᠯ ᠠᠶᠢᠮᠠᠭ ᠤᠨ ᠨᠡᠭᠦᠷᠡᠰᠦᠨ ᠤ ᠭᠠᠷᠤᠯᠲᠠ ᠠᠳᠠᠯᠢ ᠬᠤᠭᠤᠴᠠᠭᠠᠨ ᠤ ᠬᠢ   ᠠᠴᠠ 6.7% ᠪᠠᠷ ᠨᠡᠮᠡᠭᠳᠡᠵᠦ᠂ ᠪᠦᠭᠦ ᠣᠷᠣᠨ ᠤ ᠨᠡᠭᠦᠷᠡᠰᠦᠨ ᠤ ᠭᠠᠷᠤᠯᠲᠠ ᠶᠢᠨ ᠨᠡᠮᠡᠭᠳᠡᠯ ᠢ ᠵᠠᠭᠤᠨ ᠤ ᠬᠠᠷᠢᠴᠠᠯ  ᠢᠶᠠᠷ 0.7 ᠬᠤᠪᠢ ᠳᠠᠶᠢᠴᠢᠯᠠᠵᠠᠢ︾ᠭᠡᠵᠦ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠡᠨᠧᠷᠭᠢ ᠬᠢᠭᠡᠳ ᠣᠷᠴᠢᠨ ᠲᠣᠭᠤᠷᠢᠨ ᠤ ᠲᠤᠭ᠎ᠠ ᠪᠦᠷᠢᠳᠬᠡᠯ ᠤᠨ ᠭᠠᠵᠠᠷ ᠤᠨ ᠳᠠᠷᠤᠭ᠎ᠠ ᠵᠠᠩ ᠸᠧᠨ ᠵᠢᠶᠦ᠋ᠨ ᠲᠠᠨᠢᠯᠴᠠᠭᠤᠯᠪᠠ᠃      ᠴᠠᠭᠢᠯᠭᠠᠨ ᠭᠠᠷᠭᠠᠭᠰᠠᠨ ᠬᠡᠮᠵᠢᠶ᠎ᠡ ᠠᠴᠠ ᠦᠵᠡᠪᠡᠯ᠂ ᠳᠡᠭᠡᠷ᠎ᠡ ᠬᠠᠭᠠᠰ ᠵᠢᠯ ᠳᠤ ᠪᠦᠭᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠴᠠᠭᠢᠯᠭᠠᠨ ᠭᠠᠷᠭᠠᠭᠰᠠᠨ ᠬᠡᠮᠵᠢᠶ᠎ᠡ 3895.7 ᠳ᠋ᠦᠩᠰᠢᠭᠤᠷ ᠺᠢᠯᠣᠸᠠᠲ ᠴᠠᠭ ︵ᠠᠳᠠᠯᠢ ᠬᠤᠭᠤᠴᠠᠭᠠᠨ ᠤ ᠬᠢ ᠠᠴᠠ 11.6% ᠪᠠᠷ ᠨᠡᠮᠡᠭᠳᠡᠪᠡ︶ ᠲᠤ ᠬᠦᠷᠴᠦ᠂ ᠪᠦᠭᠦ ᠤᠯᠤᠰ ᠤᠨ ᠨᠢᠭᠡᠳᠦᠭᠡᠷ ᠲᠤ ᠣᠷᠣᠪᠠ᠃ ᠡᠭᠦᠨ ᠳᠤ᠂ ᠪᠦᠭᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠢᠯᠴᠢ ᠶᠢᠨ ᠬᠦᠴᠦ ᠪᠠᠷ ᠴᠠᠭᠢᠯᠭᠠᠨ ᠭᠠᠷᠭᠠᠭᠰᠠᠨ ᠬᠡᠮᠵᠢᠶ᠎ᠡ︵2933.6 ᠳ᠋ᠦᠩᠰᠢᠭᠤᠷ ᠺᠢᠯᠣᠸᠠᠲ ᠴᠠᠭ︶᠂ ᠰᠠᠯᠬᠢᠨ ᠤ ᠬᠦᠴᠦ ᠪᠠᠷ ᠴᠠᠭᠢᠯᠭᠠᠨ ᠭᠠᠷᠭᠠᠭᠰᠠᠨ ᠬᠡᠮᠵᠢᠶ᠎ᠡ ︵792.4 ᠳ᠋ᠦᠩᠰᠢᠭᠤᠷ ᠺᠢᠯᠣᠸᠠᠲ ᠴᠠᠭ︶ᠴᠥᠮ ᠪᠦᠭᠦ ᠤᠯᠤᠰ ᠲᠤ ᠲᠡᠷᠢᠭᠦᠯᠡᠵᠦ᠂ ᠨᠡᠷᠡᠨ ᠤ ᠡᠨᠧᠷᠭᠢ ᠪᠠᠷ ᠴᠠᠭᠢᠯᠭᠠᠨ ᠭᠠᠷᠭᠠᠭᠰᠠᠨ ᠬᠡᠮᠵᠢᠶ᠎ᠡ ᠪᠦᠭᠦ ᠤᠯᠤᠰ ᠲᠤ ᠳᠡᠳ᠋ᠯᠡᠪᠡ᠃      ᠪᠤᠰᠤᠳ ᠭᠤᠣᠯ ᠪᠤᠯᠬᠤ ᠡᠨᠧᠷᠭᠢ ᠶᠢᠨ ᠦᠢᠯᠡᠳᠬᠦᠨ ᠤ ᠭᠠᠷᠤᠯᠲᠠ ᠠᠴᠠ ᠦᠵᠡᠪᠡᠯ᠂ ᠳᠡᠭᠡᠷ᠎ᠡ ᠬᠠᠭᠠᠰ ᠵᠢᠯ ᠳᠤ᠂ ᠪᠦᠭᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠡᠦᠷᠡᠰᠦ ᠶᠢᠨ ᠭᠠᠷᠤᠯᠲᠠ 2439.4 ᠲᠦᠮᠡᠨ ᠲᠣᠨ ᠳᠤ ᠬᠦᠷᠴᠦ᠂ ᠪᠦᠭᠦ ᠤᠯᠤᠰ ᠲᠤ ᠲᠡᠳ᠋ᠯᠡᠪᠡ᠃ ᠪᠠᠶᠢᠭᠠᠯᠢ ᠶᠢᠨ ᠰᠢᠲᠠᠮᠠᠬᠠᠢ ᠬᠡᠢ ᠶᠢᠨ ᠭᠠᠷᠤᠯᠲᠠ 163.9 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠪᠦᠭᠦ ᠤᠯᠤᠰ ᠤᠨ ᠳᠥᠷᠪᠡᠳᠦᠭᠡᠷ ᠲᠤ ᠣᠷᠣᠪᠠ; ᠰᠢᠩᠭᠡᠨᠵᠢᠮᠡᠯ ᠪᠠᠶᠢᠭᠠᠯᠢ ᠶᠢᠨ ᠰᠢᠲᠠᠮᠠᠬᠠᠢ ᠬᠡᠢ ᠶᠢᠨ ᠭᠠᠷᠤᠯᠲᠠ 293.4 ᠲᠦᠮᠡᠨ ᠲᠣᠨ ᠳᠤ ᠬᠦᠷᠴᠦ᠂ ᠪᠦᠭᠦ ᠤᠯᠤᠰ ᠤᠨ ᠨᠢᠭᠡᠳᠦᠭᠡᠷ ᠲᠤ ᠣᠷᠣᠪᠠ᠃      ︽ᠳᠡᠭᠡᠷ᠎ᠡ ᠬᠠᠭᠠᠰ ᠵᠢᠯ ᠳᠤ᠂ ᠥᠪᠥᠷ ᠮᠣᠩᠭᠤᠯ ᠤᠨ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠠᠮᠵᠢᠯᠲᠠ ᠪᠦᠲᠦᠮᠵᠢ ᠲᠣᠪᠣᠶᠢᠮ᠎ᠠ ᠪᠠᠶᠢᠵᠤ᠂ 20 ᠭᠠᠷᠤᠢ ᠮᠤᠵᠢ ᠣᠷᠣᠨ ᠤ ᠡᠨᠧᠷᠭᠢ ᠶᠢᠨ ᠬᠡᠷᠡᠭᠴᠡᠭᠡ ᠶᠢ ᠪᠠᠲᠤᠯᠠᠵᠤ᠂ ᠣᠳᠣᠬᠠᠨ ᠳᠤ ᠣᠷᠣᠨ ᠳᠠᠶᠠᠭᠠᠷ ᠢᠶᠠᠨ ᠶᠠᠭ︿ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠣᠷᠣᠬᠤ﹀ ᠬᠠᠷᠠᠯᠲᠠ ᠶᠢᠨ ᠲᠣᠭᠤᠷᠢᠨ ᠳᠤ ᠳᠠᠪᠠᠭᠤᠯᠢᠭ ᠢᠶᠠᠨ ᠪᠠᠳᠠᠷᠠᠭᠤᠯᠵᠤ᠂ ᠳᠤᠲᠠᠭᠤᠳᠠᠯ ᠢ ᠨᠥᠬᠦᠪᠦᠷᠢᠯᠡᠨ᠂ ᠲᠤᠯᠭᠠᠭᠤᠷᠢᠯᠠᠯ ᠢ ᠴᠢᠩᠭᠠᠳᠬᠠᠵᠤ᠂ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ ᠪᠠᠷ ᠦᠷᠭᠦᠯᠵᠢᠯᠡᠨ ᠴᠢᠷᠮᠠᠶᠢᠵᠤ ᠪᠠᠶᠢᠨ᠎ᠠ︾ᠭᠡᠵᠦ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠡᠯᠡᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号