ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠬᠦᠴᠦᠷᠬᠡᠭ ᠣᠷᠣᠨ ᠤ ᠪᠦᠲᠦᠭᠡᠨ ᠪᠠᠶᠢᠭᠤᠯᠤᠯᠲᠠ | ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠣᠶᠢᠷ᠎ᠠ ᠳᠤ ︽ᠵᠠᠮ ᠬᠠᠷᠢᠯᠴᠠᠭᠠᠨ ᠤ ᠬᠦᠴᠦᠷᠬᠡᠭ | ᠤᠯᠤᠰ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠡᠯᠡᠯᠲᠡ ᠶᠢᠨ ᠭᠦᠢᠴᠡᠳᠬᠡᠯ ᠲᠤᠭ᠎ᠠ︾ ᠶᠢ | ᠳᠠᠷᠤᠮᠠᠯᠯᠠᠨ ᠲᠠᠷᠬᠠᠭᠠᠪᠠ᠃ | ︽ᠦᠨᠡᠯᠡᠯᠲᠡ ᠶᠢᠨ ᠭᠦᠢᠴᠡᠳᠬᠡᠯ ᠲᠤᠭ᠎ᠠ︾ ᠨᠢ ᠤᠯᠤᠰ ᠤᠨ ᠪᠠᠶᠢᠯᠳᠤᠬᠤ ᠪᠣᠳᠣᠯᠭ᠎ᠠ ᠶᠢ | ᠨᠠᠶᠢᠳᠠᠪᠤᠷᠢᠵᠢᠭᠤᠯᠬᠤ ᠳᠤ ᠦᠢᠯᠡᠴᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠶᠠᠷ ᠶᠡᠭᠡ ᠶᠠᠪᠤᠳᠠᠯ ᠢ ᠰᠠᠶᠢᠲᠤᠷ | ᠬᠢᠬᠦ ᠳᠤ ᠦᠢᠯᠡᠴᠢᠯᠡᠬᠦ ᠲᠣᠭᠤᠷᠢᠨ ᠳᠤ ᠳᠤᠲᠠᠭᠤᠳᠠᠯ ᠢ ᠨᠥᠬᠦᠪᠦᠷᠢᠯᠡᠬᠦ᠂ ᠴᠢᠩᠭ᠎ᠠ ᠪᠠᠭᠤᠷᠠᠢ ᠲᠠᠯ᠎ᠠ ᠪᠠ ᠠᠵᠢᠯ | ᠲᠥᠷᠥᠯ ᠤᠨ ᠦᠷᠭᠦᠯᠵᠢᠯᠡᠬᠦ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ︽7 +16 + 32︾ ᠤᠨ | ᠭᠤᠷᠪᠠᠨ ᠳᠡᠰ ᠤᠨ ᠪᠣᠷᠣ ᠲᠥᠯᠥᠪ ᠢ ᠪᠠᠶᠢᠭᠤᠯᠪᠠ᠃ ᠲᠤᠬᠠᠶᠢᠯᠠᠪᠠᠯ ︽ᠠᠮᠤᠷ ᠲᠦᠪᠰᠢᠨ᠂ ᠳᠥᠭᠦᠮ ᠳᠥᠲᠡ᠂ | ᠥᠨᠳᠥᠷ ᠪᠦᠲᠦᠮᠵᠢᠲᠡᠢ᠂ ᠪᠣᠬᠢᠷᠳᠤᠯ ᠦᠭᠡᠢ᠂ ᠠᠷᠪᠢᠲᠠᠢ᠂ ᠪᠠᠭᠲᠠᠭᠠᠮᠵᠢᠲᠠᠢ᠂ ᠤᠶᠠᠨ ᠬᠠᠳᠠᠨ︾ ᠵᠡᠷᠭᠡ 7 ᠶᠡᠭᠡ | ᠦᠨᠳᠦᠰᠦᠨ ᠣᠨᠴᠠᠯᠢᠭ ᠤᠨ ᠲᠣᠭᠤᠷᠢᠨ ᠳᠤ ᠮᠥᠨ ᠴᠢᠨᠠᠷ ᠤᠨ ᠠᠮᠤᠷ ᠲᠦᠪᠰᠢᠨ᠂ ᠪᠠᠴᠢᠮ ᠪᠠᠶᠢᠳᠠᠯ ᠢ | ᠠᠷᠭᠠᠴᠠᠭᠠᠬᠤ ᠪᠠᠲᠤᠯᠠᠭ᠎ᠠ᠂ ᠬᠠᠮᠤᠷᠬᠤ ᠬᠡᠪᠴᠢᠶ᠎ᠡ᠂ ᠬᠤᠷᠳᠤᠨ ᠰᠢᠯᠤᠭᠤᠨ ᠵᠡᠷᠭᠡ 16 ᠦᠨᠡᠯᠡᠯᠲᠡ ᠶᠢᠨ ᠬᠡᠮᠵᠢᠶ᠎ᠡ ᠶᠢᠨ | ︽ᠬᠥᠲᠥᠯᠥᠨ ᠳᠠᠭᠠᠭᠤᠯᠬᠤ ᠴᠢᠨᠠᠷ᠂ ᠲᠥᠯᠥᠭᠡᠯᠡᠬᠦ ᠴᠢᠨᠠᠷ᠂ ᠠᠳᠠᠯᠢᠳᠬᠠᠵᠤ ᠪᠤᠯᠬᠤ ᠴᠢᠨᠠᠷ᠂ ᠣᠯᠬᠤ ᠴᠢᠨᠠᠷ᠂ ᠴᠠᠭᠲᠤ | ᠴᠢᠨᠠᠷ︾ ᠤᠨ ᠵᠠᠷᠴᠢᠮ ᠢ ᠦᠨᠳᠦᠰᠦᠯᠡᠨ 32 ᠵᠦᠢᠯ ᠤᠨ ᠦᠨᠡᠯᠡᠯᠲᠡ ᠶᠢᠨ ᠭᠦᠢᠴᠡᠳᠬᠡᠯ ᠲᠤᠭ᠎ᠠ ᠶᠢ ᠲᠣᠬᠢᠷᠠᠭᠤᠯᠪᠠ᠂ | ᠡᠭᠦᠨ ᠳᠤ ᠮᠤᠵᠢ ᠣᠷᠣᠨ ᠤ ᠬᠡᠪᠴᠢᠶᠡᠨ ᠤ ᠨᠡᠶᠢᠲᠡᠯᠢᠭ ᠴᠢᠨᠠᠷᠲᠠᠢ ᠭᠦᠢᠴᠡᠳᠬᠡᠯ ᠲᠤᠭ᠎ᠠ 8 ᠵᠦᠢᠯ ᠪᠠᠶᠢᠵᠤ᠂ | ᠥᠪᠡᠷᠮᠢᠴᠡ ᠴᠢᠨᠠᠷᠲᠠᠢ ᠭᠦᠢᠴᠡᠳᠬᠡᠯ ᠲᠤᠭ᠎ᠠ 24 ᠵᠦᠢᠯ ᠪᠤᠢ᠃ | ᠮᠠᠨ ᠤ ᠣᠷᠣᠨ ︽ᠦᠨᠡᠯᠡᠯᠲᠡ ᠶᠢᠨ ᠭᠦᠢᠴᠡᠳᠬᠡᠯ ᠲᠤᠭ᠎ᠠ︾ ᠶᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ | ᠲᠥᠰᠥᠭᠡᠯᠡᠨ ᠪᠤᠳᠤᠵᠤ ᠬᠡᠷᠡᠭᠵᠢᠭᠦᠯᠬᠦ ᠠᠵᠢᠯ ᠢ ᠤᠯᠠᠮ ᠰᠠᠶᠢᠲᠤᠷ ᠬᠢᠵᠦ᠂ ᠲᠤᠭ᠎ᠠ ᠪᠠᠷᠢᠮᠲᠠ ᠴᠤᠭᠯᠠᠭᠤᠯᠬᠤ | ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠪᠦᠲᠦᠭᠡᠨ ᠪᠠᠶᠢᠭᠤᠯᠤᠯᠲᠠ ᠶᠢᠨ ᠲᠦᠪᠰᠢᠨ ᠤ ᠣᠨ ᠤ ᠦᠨᠡᠯᠡᠯᠲᠡ | ᠶᠢᠨ ᠠᠵᠢᠯ ᠢ ᠥᠷᠨᠢᠭᠦᠯᠵᠦ᠂ ᠲᠡᠷᠢᠭᠦᠨ ᠤ ᠲᠦᠪᠰᠢᠨ ᠲᠠᠢ ᠬᠠᠷᠢᠴᠠᠭᠤᠯᠤᠨ᠂ ᠵᠥᠷᠢᠶ᠎ᠡ ᠪᠠ ᠬᠦᠷᠦᠯᠴᠡᠬᠦ ᠦᠭᠡᠢ | ᠲᠠᠯ᠎ᠠ ᠪᠠᠨ ᠡᠷᠢᠵᠦ᠂ ᠠᠷᠭᠠᠴᠠᠭᠠᠬᠤ ᠪᠣᠳᠣᠯᠭ᠎ᠠ ᠪᠠ ᠰᠠᠨᠠᠭᠤᠯᠭ᠎ᠠ ᠳᠤᠷᠠᠳᠤᠨ᠂ ︽ᠬᠡᠮᠵᠢᠭᠦᠷ︾ ᠪᠠ ︽ᠵᠢᠯᠣᠭᠤᠳᠤᠮᠵᠢ︾ | ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠠᠶᠢᠮᠠᠭ ᠬᠤᠲᠠ᠂ ᠡᠯ᠎ᠡ ᠠᠵᠢᠯ ᠲᠥᠷᠥᠯ ᠢ ᠬᠥᠲᠥᠯᠥᠨ | ᠵᠢᠯᠤᠭᠤᠳᠴᠤ ᠪᠠᠶᠢᠭᠠᠳ ᠴᠢᠨᠠᠷ ᠰᠠᠶᠢᠲᠠᠢ ᠵᠠᠮ ᠬᠠᠷᠢᠯᠴᠠᠭᠠᠨ ᠤ ᠬᠦᠴᠦᠷᠬᠡᠭ ᠣᠷᠣᠨ ᠤ ᠪᠦᠲᠦᠭᠡᠨ ᠪᠠᠶᠢᠭᠤᠯᠤᠯᠲᠠ | ᠶᠢ ᠲᠦᠷᠭᠡᠳᠬᠡᠨ ᠠᠬᠢᠭᠤᠯᠬᠤ ᠪᠣᠯᠣᠨ᠎ᠠ᠃ | | | |