ᠰᠢᠶᠠᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 9 ᠳ᠋ᠦ᠋ᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/26
     7 ᠰᠠᠷ᠎ᠠ ᠶᠢᠨ 23 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 9 ᠳ᠋ᠦ᠋ᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠳᠡᠭᠡᠷ᠎ᠡ᠂ ᠬᠡᠰᠡᠭ ᠭᠤᠣᠯ ᠳᠤᠭᠤᠶᠢᠯᠠᠩ ᠤᠨ ᠪᠦᠷᠢᠯᠳᠦᠭᠦᠨ ᠨᠠᠷ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢᠨ ᠲᠣᠭᠤᠷᠢᠨ ᠳᠤ᠂ ᠬᠤᠪᠢ ᠬᠥᠮᠥᠨ ᠤ ᠦᠵᠡᠯ ᠰᠠᠨᠠᠭ᠎ᠠ᠂ ᠰᠤᠷᠤᠯᠴᠠᠯᠭ᠎ᠠ ᠪᠠ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ᠃      ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠠᠯᠢ ᠤᠯᠠᠨ ᠤᠨᠤᠯ ᠤᠨ ᠰᠢᠨ᠎ᠡ ᠡᠭᠦᠳᠦᠯᠲᠡ᠂ ᠦᠢᠯᠡᠳᠦᠯᠭᠡ ᠶᠢᠨ ᠰᠢᠨ᠎ᠡ ᠡᠭᠦᠳᠦᠯᠲᠡ᠂ ᠳᠦᠷᠢᠮ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠣᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠠᠶᠢᠭᠤᠯᠵᠤ᠂ ᠵᠠᠭᠤᠨ ᠵᠢᠯ ᠤᠨ ᠶᠡᠭᠡ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠰᠢᠨ᠎ᠡ ᠠᠬᠤᠢ ᠪᠠᠶᠢᠳᠠᠯ ᠢ ᠨᠡᠭᠡᠭᠡᠪᠡ᠃ ᠪᠢᠳᠡ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠤᠯᠤᠰ ᠲᠦᠷᠦ ᠶᠢᠨ ᠥᠨᠳᠥᠷᠴᠡ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠪᠠᠲᠤᠲᠠᠢ ᠬᠡᠷᠡᠭᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠᠨ ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠰᠢᠰᠲ᠋ᠧᠮᠲᠦ ᠰᠡᠳᠬᠢᠬᠦᠢ᠂ ᠰᠢᠨᠵᠢᠯᠡᠬᠦ ᠤᠬᠠᠭᠠᠨᠴᠢ ᠠᠷᠭ᠎ᠠ ᠪᠠᠷ ︽ᠵᠣᠬᠢᠶᠠᠨ ᠪᠠᠶᠢᠭᠤᠯᠤᠯᠲᠠ ᠶᠢᠨ ᠰᠢᠰᠲ᠋ᠧᠮ᠂ ᠰᠤᠷᠭᠠᠨ ᠬᠥᠮᠦᠵᠢᠯ ᠤᠨ ᠰᠢᠰᠲ᠋ᠧᠮ᠂ ᠬᠢᠨᠠᠯᠲᠠ ᠬᠠᠮᠢᠶᠠᠷᠤᠯᠲᠠ ᠶᠢᠨ ᠰᠢᠰᠲ᠋ᠧᠮ᠂ ᠳᠦᠷᠢᠮ ᠤᠨ ᠰᠢᠰᠲ᠋ᠧᠮ᠂ ᠬᠠᠷᠢᠭᠤᠴᠠᠯᠭ᠎ᠠ ᠶᠢᠨ ᠰᠢᠰᠲ᠋ᠧᠮ ᠢ ᠪᠦᠷᠢᠨᠰᠢᠭᠦᠯᠬᠦ ᠶᠢ ᠪᠠᠷᠢᠮᠲᠠᠯᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠴᠢᠬᠤᠯᠠ ᠡᠯᠧᠮᠧᠨ᠋ᠲ ᠪᠦᠷᠢᠨ ᠭᠦᠢᠴᠡᠳ᠂ ᠴᠢᠳᠠᠮᠵᠢ ᠲᠡᠭᠦᠯᠳᠡᠷ᠂ ᠰᠢᠨᠵᠢᠯᠡᠬᠦ ᠤᠬᠠᠭᠠᠨᠴᠢ ᠵᠢᠷᠤᠮᠵᠢᠯ ᠲᠠᠢ᠂ ᠠᠵᠢᠯᠯᠠᠭᠠᠨ ᠥᠨᠳᠥᠷ ᠪᠦᠲᠦᠮᠵᠢᠲᠡᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠲᠠᠰᠤᠷᠠᠯᠳᠠ ᠦᠭᠡᠢ ᠪᠦᠷᠢᠨᠰᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠨᠠᠮ ᠤᠨ ᠦᠵᠡᠯ ᠰᠠᠨᠠᠭᠠᠨ ᠤ ᠪᠠᠶᠢᠭᠤᠯᠤᠯᠲᠠ ᠶᠢ ᠴᠢᠩᠭᠠᠳᠬᠠᠵᠤ᠂ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠨᠢᠭᠡᠳᠦᠭᠡᠷ ᠵᠥᠪᠯᠡᠬᠦ ᠰᠡᠳᠦᠪ ᠤᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠤᠨᠤᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢ ᠰᠠᠶᠢᠲᠤᠷ ᠥᠷᠨᠢᠭᠦᠯᠵᠦ᠂ ᠰᠢᠰᠲ᠋ᠧᠮ ᠤᠨ ᠴᠢᠨᠠᠷᠲᠠᠢ ᠬᠥᠮᠦᠵᠢᠯ ᠪᠣᠯᠪᠠᠰᠤᠷᠠᠯ ᠢ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ ᠴᠣᠭᠴᠠᠯᠠᠬᠤ ᠶᠢ ᠴᠥᠬᠦᠷᠡᠰᠢ ᠦᠭᠡᠢ ᠪᠠᠷᠢᠮᠲᠠᠯᠠᠬᠤ ᠬᠡᠷᠡᠭᠲᠡᠢ᠃ ᠤᠮᠠᠷᠠᠲᠤ ᠬᠢᠯᠢ ᠶᠢᠨ ᠰᠣᠶᠣᠯ ᠤᠨ ᠦᠴᠦᠸᠠᠨ ᠤ ᠨᠡᠷᠡᠲᠦ ᠲᠡᠮᠳᠡᠭ ᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠮᠠᠷᠠᠲᠤ ᠬᠢᠯᠢ ᠶᠢᠨ ᠣᠨᠴᠠᠯᠢᠭ ᠲᠠᠢ ᠨᠢᠭᠡ ᠪᠦᠯᠦᠭ ᠰᠣᠶᠣᠯ ᠵᠢᠭᠤᠯᠴᠢᠯᠠᠯ ᠤᠨ ᠲᠥᠷᠥᠯ ᠵᠦᠢᠯ᠂ ᠤᠳᠬ᠎ᠠ ᠤᠷᠠᠯᠢᠭ ᠤᠨ ᠪᠦᠲᠦᠭᠡᠯ ᠢ ᠭᠠᠷᠭᠠᠵᠤ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠰᠣᠶᠣᠯ ᠤᠨ ᠮᠡᠳᠡᠷᠡᠮᠵᠢ᠂ ᠦᠵᠡᠯ ᠰᠠᠨᠠᠭᠠᠨ ᠤ ᠮᠡᠳᠡᠷᠡᠮᠵᠢ᠂ ᠬᠠᠶᠢᠷ᠎ᠠ ᠰᠡᠳᠬᠢᠯᠭᠡ ᠶᠢᠨ ᠮᠡᠳᠡᠷᠡᠮᠵᠢ ᠶᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠪᠠᠲᠤ ᠴᠢᠩᠭ᠎ᠠ ᠪᠠᠬᠢᠯᠡᠯᠲᠡ ᠶᠢᠨ ︽ᠵᠢᠱᠢᠶᠡᠴᠢ︾ ᠶᠢᠨ ᠨᠠᠮ ᠤᠨ ᠡᠭᠦᠷ ᠢ ᠡᠭᠦᠳᠦᠨ ᠪᠠᠶᠢᠭᠤᠯᠬᠤ ᠠᠵᠢᠯ ᠢ ᠰᠠᠶᠢᠲᠤᠷ ᠥᠷᠨᠢᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠺᠠᠳ᠋ᠷ ᠤᠨ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠵᠦ ᠰᠠᠶᠢᠲᠤᠷ ᠬᠡᠷᠡᠭᠯᠡᠬᠦ ᠶᠢ ᠴᠢᠬᠤᠯᠠᠴᠢᠯᠠᠵᠤ᠂ ᠪᠠᠴᠢᠮ ᠬᠦᠴᠢᠷ ᠠᠶᠤᠯᠲᠠᠢ ᠬᠦᠨᠳᠦ ᠠᠵᠢᠯ ᠤᠨ ᠳᠤᠮᠳᠠ ᠺᠠᠳ᠋ᠷ ᠢ ᠳᠠᠪᠲᠠᠨ ᠪᠣᠯᠪᠠᠰᠤᠷᠠᠭᠤᠯᠵᠤ᠂ ᠺᠠᠳ᠋ᠷᠴᠤᠳ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠳᠠᠪᠤᠷᠢ᠂ ᠤᠯᠠᠨ ᠲᠦᠮᠡᠨ ᠳᠤ ᠦᠢᠯᠡᠴᠢᠯᠡᠬᠦ ᠴᠢᠳᠠᠪᠤᠷᠢ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠴᠢᠳᠠᠪᠤᠷᠢ ᠶᠢ ᠦᠨᠡᠨ ᠬᠦ ᠴᠢᠩᠭᠠᠳᠬᠠᠵᠤ᠂ ︽ᠠᠵᠢᠯ ᠬᠢᠬᠦ ᠶᠢ ᠪᠤᠳᠤᠬᠤ᠂ ᠠᠵᠢᠯ ᠬᠢᠵᠦ ᠴᠢᠳᠠᠬᠤ᠂ ᠵᠣᠷᠢᠭᠲᠠᠢ ᠪᠠᠷ ᠠᠵᠢᠯ ᠬᠢᠬᠦ᠂ ᠠᠵᠢᠯ ᠶᠠᠪᠤᠳᠠᠯ ᠢ ᠪᠦᠲᠦᠭᠡᠬᠦ︾ ᠺᠠᠳ᠋ᠷ ᠤᠨ ᠡᠩᠨᠡᠭᠡ ᠶᠢ ᠪᠠᠶᠢᠭᠤᠯᠬᠤ ᠬᠡᠷᠡᠭᠲᠡᠢ᠃ ᠪᠣᠳᠠᠲᠠᠢ ᠠᠵᠢᠯᠯᠠᠬᠤ ᠶᠢ ᠴᠢᠬᠤᠯᠠᠴᠢᠯᠠᠵᠤ ᠪᠣᠳᠠᠲᠤ ᠠᠮᠵᠢᠯᠲᠠ ᠪᠦᠲᠦᠮᠵᠢ ᠶᠢ ᠴᠢᠬᠤᠯᠠᠴᠢᠯᠠᠬᠤ ᠢᠯᠡ ᠲᠣᠳᠣ ᠬᠥᠮᠥᠨ ᠬᠡᠷᠡᠭᠯᠡᠬᠦ ᠤᠳᠤᠷᠢᠳᠤᠮᠵᠢ ᠶᠢ ᠪᠤᠢ ᠪᠣᠯᠭᠠᠵᠤ᠂ ᠺᠠᠳ᠋ᠷ ᠢ ᠬᠢᠨᠠᠨ ᠰᠢᠯᠭᠠᠵᠤ ᠦᠨᠡᠯᠡᠬᠦ ᠰᠢᠰᠲ᠋ᠧᠮ ᠢ ᠲᠡᠭᠦᠯᠳᠡᠷᠵᠢᠭᠦᠯᠵᠦ᠂ ᠪᠣᠳᠠᠲᠠᠢ ᠠᠵᠢᠯᠯᠠᠬᠤ ᠪᠠᠷ ᠪᠠᠭᠠᠲᠤᠷᠴᠤᠳ ᠢ ᠦᠨᠡᠯᠡᠬᠦ᠂ ᠪᠣᠳᠠᠲᠤ ᠠᠮᠵᠢᠯᠲᠠ ᠪᠠᠷ ᠺᠠᠳ᠋ᠷ ᠢ ᠬᠡᠷᠡᠭᠯᠡᠬᠦ ᠶᠢ ᠪᠠᠷᠢᠮᠲᠠᠯᠠᠵᠤ᠂ ᠺᠠᠳ᠋ᠷ ᠤᠨ ᠳᠠᠪᠰᠢᠵᠤ ᠪᠠᠭᠤᠵᠤ ᠳᠡᠶᠢᠯᠬᠦ᠂ ᠣᠷᠣᠵᠤ ᠪᠣᠯᠬᠤ ᠮᠥᠷᠲᠡᠭᠡᠨ ᠭᠠᠷᠴᠤ ᠪᠣᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠨᠠᠮ ᠤᠨ ᠰᠠᠬᠢᠯᠭ᠎ᠠ ᠪᠠᠲᠤ ᠪᠠ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠶᠢ ᠭᠦᠨᠵᠡᠭᠡᠢ ᠠᠬᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠥᠷᠨᠢᠭᠦᠯᠵᠦ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠭᠤᠷᠪᠠᠨ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠥᠷᠨᠢᠭᠦᠯᠵᠦ᠂ ᠳᠡᠷᠭᠡᠳᠡᠬᠢ ᠬᠥᠮᠥᠨ ᠪᠠ ᠳᠡᠷᠭᠡᠳᠡᠬᠢ ᠶᠠᠪᠤᠳᠠᠯ ᠢᠶᠠᠨ ᠢᠯᠡᠭᠦᠬᠡᠨ ᠬᠡᠷᠡᠭᠯᠡᠵᠦ ᠰᠡᠷᠡᠮᠵᠢᠯᠡᠭᠦᠯᠬᠦ ᠬᠥᠮᠦᠵᠢᠯ ᠢ ᠥᠷᠨᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠨ ᠪᠢᠰᠢᠷᠡᠨ ᠵᠢᠷᠦᠬᠡᠰᠢᠶᠡᠬᠦ ᠶᠢ ᠮᠡᠳᠡᠬᠦ᠂ ᠰᠡᠷᠡᠮᠵᠢᠯᠡᠨ ᠡᠮᠢᠶᠡᠬᠦ᠂ ᠬᠤᠷᠢᠭ᠎ᠠ ᠱᠤᠭᠤᠮ ᠢ ᠰᠠᠬᠢᠬᠤ ᠶᠢ ᠳᠠᠶᠢᠴᠢᠯᠠᠵᠤ᠂ ᠠᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ︵ᠰᠣᠷᠪᠤᠯᠵᠢᠯᠠᠬᠴᠢ ᠮᠠ ᠾᠦᠢ ᠮᠢᠨ᠂ ᠶᠠᠩ ᠵᠢᠶ᠋ᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号