ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠪᠠ  ᠶᠠᠩ ᠰᠢᠩ ᠱᠧᠩ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2024/7/26
     7 ᠰᠠᠷ᠎ᠠ ᠶᠢᠨ 23 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠠᠩ ᠰᠢᠩ ᠱᠧᠩ ᠦᠴᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 139 ᠳ᠋ᠦ᠋ᠭᠡᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠴᠢᠬᠤᠯᠠ ᠵᠣᠬᠢᠶᠠᠯ ︽ᠡᠷᠬᠡᠪᠰᠢ ᠪᠡᠶ᠎ᠡ ᠪᠠᠨ ᠢᠲᠡᠭᠡᠯ ᠲᠠᠢ ᠪᠡᠶ᠎ᠡ ᠪᠠᠨ ᠳᠠᠭᠠᠭᠠᠬᠤ ᠶᠢ ᠪᠠᠷᠢᠮᠲᠠᠯᠠᠬᠤ ᠬᠡᠷᠡᠭᠲᠡᠢ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠣᠶᠢᠷ᠎ᠠ ᠶᠢᠨ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠰᠢᠶᠠᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠨᠠᠶᠢᠳᠠᠪᠤᠷᠢᠵᠢᠭᠤᠯᠬᠤ ᠶᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ᠂ ᠰᠠᠶᠢᠲᠤᠷ ᠤᠬᠠᠭᠤᠯᠵᠤ᠂ ᠰᠠᠶᠢᠲᠤᠷ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠬᠤ ᠬᠡᠷᠡᠭᠲᠡᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠨᠠᠷᠢᠨ ᠨᠢᠮᠪᠠᠢ ᠬᠡᠷᠡᠭᠵᠢᠭᠦᠯᠦᠨ᠂ ᠦᠳᠲᠡᠷ ᠲᠦᠷᠭᠡᠨ ᠬᠥᠳᠡᠯᠦᠯᠴᠡᠵᠦ᠂ ᠪᠥᠬᠦ ᠰᠢᠶᠠᠨ ᠳᠤ ᠪᠥᠬᠦᠳᠡ ᠬᠤᠷᠠᠯ ᠤᠨ ᠵᠣᠷᠢᠭ ᠰᠠᠨᠠᠭ᠎ᠠ ᠢᠯᠠᠩᠭᠤᠶ᠎ᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ ᠥᠷᠨᠢᠯᠲᠡ ᠶᠢ ᠭᠠᠷᠭᠠᠬᠤ ᠬᠡᠷᠡᠭᠲᠡᠢ᠃ ᠤᠬᠠᠭᠤᠯᠤᠨ ᠲᠠᠶᠢᠯᠪᠤᠷᠢᠯᠠᠬᠤ ᠶᠢ ᠥᠷᠭᠡᠨ ᠢᠶᠠᠷ ᠥᠷᠨᠢᠭᠦᠯᠵᠦ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠣᠳᠣᠷᠬᠠᠢ ᠶᠠᠷᠢᠵᠤ ᠨᠡᠪᠲᠡᠷᠡᠲᠡᠯ᠎ᠡ ᠶᠠᠷᠢᠵᠤ᠂ ᠪᠥᠬᠦ ᠲᠠᠯ᠎ᠠ ᠪᠠᠷ ᠬᠠᠮᠤᠷᠬᠤ᠂ ᠬᠥᠮᠥᠨ ᠪᠦᠬᠦᠨ ᠳᠤ ᠮᠡᠳᠡᠭᠦᠯᠬᠦ᠂ ᠬᠥᠮᠥᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠭᠠᠳᠠᠭᠠᠳᠤ ᠨᠡᠭᠡᠭᠡᠯᠲᠡ᠂ ᠠᠶᠤᠯᠭᠦᠢ ᠦᠢᠯᠡᠳᠪᠦᠷᠢᠯᠡᠯ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠡᠷᠭᠡ ᠠᠵᠢᠯ ᠲᠠᠢ ᠤᠶᠠᠯᠳᠤᠭᠤᠯᠵᠤ᠂ ᠪᠣᠳᠠᠲᠠᠢ ᠳᠤ ᠨᠠᠶᠢᠳᠠᠪᠤᠷᠢᠵᠢᠭᠤᠯᠬᠤ ᠲᠠᠯ᠎ᠠ ᠪᠠᠷ ᠪᠣᠳᠠᠲᠤ ᠦᠷ᠎ᠡ ᠪᠦᠲᠦᠮᠵᠢ ᠭᠠᠷᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠰᠠᠨᠠᠭᠠᠰᠢᠷᠠᠬᠤ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠤᠢ ᠪᠣᠯᠭᠠᠵᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠴᠠᠭ ᠠᠭᠤᠷ ᠤᠨ ᠬᠤᠪᠢᠷᠠᠯᠲᠠ ᠶᠢ ᠨᠢᠭᠲᠠ ᠠᠩᠬᠠᠷᠴᠤ᠂ ᠨᠠᠷᠢᠯᠢᠭ ᠣᠨᠣᠴᠠᠲᠠᠢ ᠪᠠᠷ ᠬᠢᠨᠠᠨ ᠬᠡᠮᠵᠢᠬᠦ ᠪᠠ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠪᠠᠨ ᠴᠢᠩᠭᠠᠳᠬᠠᠵᠤ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ ᠰᠣᠷᠢᠯᠲᠠ ᠪᠠ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠨᠠᠷᠢᠨ ᠨᠢᠮᠪᠠᠢ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ᠂ ᠣᠶᠢᠷ᠎ᠠ ᠶᠢᠨ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠦᠴᠦᠸᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠢᠮᠠᠭᠲᠠ ᠲᠡᠷᠢᠭᠦᠨ ᠳᠤ ᠲᠠᠯᠪᠢᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠣᠯᠣᠨ ᠴᠢᠩᠭ᠎ᠠ ᠬᠦᠴᠦᠲᠡᠢ ᠠᠷᠭ᠎ᠠ ᠬᠡᠮᠵᠢᠶ᠎ᠡ ᠪᠠᠷ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠡᠭᠦᠯᠳᠡᠷᠵᠢᠭᠦᠯᠵᠦ᠂ ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠲᠥᠪᠯᠡᠷᠡᠯ ᠤᠨ ᠴᠢᠨᠠᠷᠲᠠᠢ ᠰᠠᠬᠢᠯᠭ᠎ᠠ ᠪᠠᠲᠤ ᠶᠢᠨ ᠬᠥᠮᠦᠵᠢᠯ ᠢ ᠰᠠᠶᠢᠲᠤᠷ ᠵᠣᠬᠢᠶᠠᠨ ᠪᠠᠶᠢᠭᠤᠯᠤᠨ ᠥᠷᠨᠢᠭᠦᠯᠵᠦ᠂ ︽ᠭᠤᠷᠪᠠ ᠶᠢ ᠢᠯᠭᠠᠬᠤ︾ ᠶᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠵᠤ᠂ ᠢᠯᠵᠠᠷᠠᠯ ᠢ ᠡᠰᠡᠷᠭᠦᠴᠡᠬᠦ ᠰᠦᠷ ᠬᠦᠴᠦᠲᠦ ᠪᠠᠶᠢᠳᠠᠯ ᠢ ᠴᠢᠩᠭᠠᠳᠬᠠᠵᠤ᠂ ᠤᠯᠠᠨ ᠲᠦᠮᠡᠨ ᠤ ᠳᠡᠷᠭᠡᠳᠡᠬᠢ ᠢᠯᠵᠠᠷᠠᠯ ᠤᠨ ᠠᠰᠠᠭᠤᠳᠠᠯ ᠢ ᠡᠷᠡᠰ ᠵᠠᠯᠬᠠᠭᠠᠨ ᠰᠢᠳᠭᠡᠵᠦ᠂ ᠢᠳᠡᠪᠬᠢᠲᠡᠢ ᠪᠠᠷ ᠡᠷᠡᠭᠦᠯ ᠴᠢᠭᠢᠷᠠᠭ᠂ ᠠᠵᠢᠯ ᠬᠢᠵᠦ ᠦᠢᠯᠡᠰ ᠪᠣᠰᠬᠠᠬᠤ ᠤᠯᠤᠰ ᠲᠦᠷᠦ ᠶᠢᠨ ᠠᠮᠢ ᠠᠬᠤᠢ ᠪᠣᠯᠣᠨ ᠰᠠᠶᠢᠨ ᠰᠠᠶᠢᠬᠠᠨ ᠣᠷᠴᠢᠨ ᠲᠣᠭᠤᠷᠢᠨ ᠢ ᠦᠨᠡᠨ ᠬᠦ ᠪᠤᠢ ᠪᠣᠯᠭᠠᠬᠤ ᠬᠡᠷᠡᠭᠲᠡᠢ᠃ ᠺᠠᠳ᠋ᠷ ᠢ ᠬᠢᠨᠠᠨ ᠰᠢᠯᠭᠠᠬᠤ ᠡᠷᠴᠢᠮ ᠢᠶᠠᠨ ᠴᠢᠩᠭᠠᠷᠠᠭᠤᠯᠵᠤ᠂ ᠰᠢᠯᠭᠠᠬᠤ ᠪᠠ ᠬᠡᠷᠡᠭᠯᠡᠬᠦ ᠶᠢ ᠤᠶᠠᠯᠳᠤᠭᠤᠯᠬᠤ᠂ ᠰᠢᠯᠭᠠᠯᠲᠠ ᠪᠠᠷ ᠠᠵᠢᠯᠯᠠᠬᠤ ᠶᠢ ᠠᠬᠢᠭᠤᠯᠬᠤ ᠶᠢ ᠪᠡᠶᠡᠯᠡᠭᠦᠯᠵᠦ᠂ ᠪᠣᠳᠠᠲᠠᠢ ᠠᠵᠢᠯᠯᠠᠬᠤ ᠶᠢ ᠴᠢᠬᠤᠯᠠᠴᠢᠯᠠᠵᠤ ᠪᠣᠳᠠᠲᠠᠢ ᠠᠮᠵᠢᠯᠲᠠ ᠪᠦᠲᠦᠮᠵᠢ ᠶᠢ ᠴᠢᠬᠤᠯᠠᠴᠢᠯᠠᠬᠤ ᠢᠯᠡ ᠲᠣᠳᠣ ᠬᠥᠮᠥᠨ ᠬᠡᠷᠡᠭᠯᠡᠬᠦ ᠤᠳᠤᠷᠢᠳᠤᠮᠵᠢ ᠶᠢ ᠪᠤᠢ ᠪᠣᠯᠭᠠᠵᠤ᠂ ᠪᠣᠳᠠᠲᠠᠢ ᠠᠵᠢᠯᠯᠠᠬᠤ ᠪᠠᠷ ᠪᠠᠭᠠᠲᠤᠷᠴᠤᠳ ᠢ ᠦᠨᠡᠯᠡᠬᠦ᠂ ᠪᠣᠳᠠᠲᠤ ᠠᠮᠵᠢᠯᠲᠠ ᠪᠠᠷ ᠺᠠᠳ᠋ᠷ ᠢ ᠬᠡᠷᠡᠭᠯᠡᠬᠦ ᠶᠢ ᠪᠠᠷᠢᠮᠲᠠᠯᠠᠵᠤ᠂ ᠺᠠᠳ᠋ᠷ ᠤᠨ ᠳᠠᠪᠰᠢᠵᠤ ᠪᠠᠭᠤᠵᠤ ᠪᠦᠷ ᠪᠣᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢᠶᠠᠷ ᠲᠤᠯᠭᠠᠭᠤᠷᠢᠯᠠᠯ ᠪᠣᠯᠭᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠭᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠪᠠᠷ ᠵᠣᠭᠰᠣᠴᠠ ᠪᠣᠯᠭᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ᠂ ᠪᠦᠬᠦᠨ ᠢ ᠬᠠᠮᠤᠷᠤᠨ ᠠᠳᠬᠤᠬᠤ ᠠᠵᠢᠯ ᠤᠨ ᠪᠠᠶᠢᠷᠢᠰᠢᠯ ᠢ ᠪᠠᠶᠢᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠦᠷ᠎ᠡ ᠪᠦᠲᠦᠮᠵᠢ ᠶᠢ ᠮᠥᠷᠳᠡᠨ ᠠᠰᠠᠭᠤᠬᠤ ᠶᠢ ᠴᠢᠩᠭᠠᠳᠬᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠴᠢᠨᠠᠷ ᠰᠠᠶᠢᠲᠠᠢ ᠥᠨᠳᠥᠷ ᠪᠦᠲᠦᠮᠵᠢᠲᠡᠢ᠂ ᠦᠨᠡᠨᠴᠢ ᠢᠲᠡᠭᠡᠮᠵᠢᠲᠡᠢ᠂ ᠠᠷᠠᠳ ᠲᠤ ᠠᠰᠢᠭ ᠬᠦᠷᠲᠡᠭᠡᠬᠦ ᠨᠡᠶᠢᠭᠡᠮ ᠤᠨ ᠣᠷᠴᠢᠨ ᠲᠣᠭᠤᠷᠢᠨ ᠢ ᠢᠳᠡᠪᠬᠢᠲᠡᠢ ᠪᠤᠢ ᠪᠣᠯᠭᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠲᠡᠭᠦᠰ ᠠᠮᠵᠢᠯᠲᠠ ᠲᠠᠢ ᠰᠠᠶᠢᠲᠤᠷ ᠨᠠᠶᠢᠳᠠᠪᠤᠷᠢᠵᠢᠭᠤᠯᠵᠤ᠂ ᠰᠠᠶᠢᠲᠤᠷ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃  ︵ᠰᠣᠷᠪᠤᠯᠵᠢᠯᠠᠬᠴᠢ ᠮᠠ ᠾᠦᠢ ᠮᠢᠨ᠂ ᠶᠠᠩ ᠵᠢᠶ᠋ᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号