ᠦᠴᠦᠸᠠᠨ ᠰᠢᠶᠠᠨ ᠤ ᠭᠤᠣᠯ ᠤᠳᠤᠷᠢᠳᠤᠯᠭ᠎ᠠ ᠪᠦᠯᠬᠦᠮ ᠳᠠᠭᠠᠭᠤᠯᠤᠨ ᠪᠡᠭᠡᠵᠢᠩ ᠳᠤ ᠬᠦᠷᠴᠦ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ ᠴᠢᠨᠠᠷ ᠰᠠᠶᠢᠲᠠᠢ ᠰᠤᠷᠭᠠᠨ ᠬᠥᠮᠦᠵᠢᠯ ᠢ ᠬᠠᠮᠲᠤ ᠪᠠᠷ ᠪᠠᠶᠢᠭᠤᠯᠬᠤ ᠠᠵᠢᠯ ᠤᠨ ᠲᠤᠬᠠᠢ ᠵᠥᠪᠳᠡᠯᠴᠡᠨ ᠶᠠᠷᠢᠯᠴᠠᠪᠠ
ᠨᠡᠶᠢᠲᠡᠯᠡᠭᠰᠡᠨ ᠴᠠᠭ᠄
2024/7/29
     7 ᠰᠠᠷ᠎ᠠ ᠶᠢᠨ 25 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠪᠦᠯᠬᠦᠮ ᠳᠠᠭᠠᠭᠤᠯᠤᠨ ᠪᠡᠭᠡᠵᠢᠩ ᠳᠤ ᠬᠦᠷᠴᠦ᠂ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠴᠢᠨᠠᠷ ᠰᠠᠶᠢᠲᠠᠢ ᠰᠤᠷᠭᠠᠨ ᠬᠥᠮᠦᠵᠢᠯ ᠢ ᠬᠠᠮᠲᠤ ᠪᠠᠷ ᠪᠠᠶᠢᠭᠤᠯᠬᠤ ᠠᠵᠢᠯ ᠤᠨ ᠲᠤᠬᠠᠢ ᠵᠥᠪᠳᠡᠯᠴᠡᠨ ᠶᠠᠷᠢᠯᠴᠠᠪᠠ᠃ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ ᠰᠤᠷᠭᠠᠭᠤᠯᠢ ᠶᠢᠨ ᠵᠠᠬᠢᠷᠤᠯ᠂ ᠦᠴᠦᠸᠠᠨ ᠰᠢᠶᠠᠨ ᠤ ᠵᠢᠶᠠᠨ ᠬᠤᠸᠠ ︵ᠪᠡᠭᠡᠵᠢᠩ︶ ᠰᠤᠷᠭᠠᠨ ᠬᠥᠮᠦᠵᠢᠯ ᠤᠨ ᠪᠦᠯᠦᠭᠯᠡᠯ ᠤᠨ ᠶᠡᠷᠦᠩᠬᠡᠢ ᠰᠤᠷᠭᠠᠭᠤᠯᠢ ᠶᠢᠨ ᠳᠠᠷᠤᠭ᠎ᠠ ᠴᠢᠦᠢ ᠵᠢᠶᠠᠨ ᠬᠤᠸᠠ᠂ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ ᠰᠤᠷᠭᠠᠭᠤᠯᠢ ᠶᠢᠨ ᠳᠡᠳ᠋ ᠵᠠᠬᠢᠷᠤᠯ ᠵᠠᠩ ᠶᠤᠸᠠᠨ ᠶᠠᠷᠢᠯᠴᠠᠬᠤ ᠬᠤᠷᠠᠯ ᠳᠤ ᠣᠷᠣᠯᠴᠠᠪᠠ᠃      ᠬᠤᠶᠠᠷ ᠲᠠᠯ᠎ᠠ ᠶᠢᠨ ᠦᠵᠡᠬᠦ ᠪᠠᠷ᠂ ᠬᠠᠮᠲᠤᠷᠠᠨ ᠰᠤᠷᠭᠠᠭᠤᠯᠢ ᠡᠷᠭᠢᠯᠡᠬᠦ ᠣᠶᠢᠷ᠎ᠠ ᠶᠢᠨ ᠨᠢᠭᠡ ᠵᠢᠯ ᠤᠨ ᠲᠤᠷᠰᠢ᠂ ᠦᠴᠦᠸᠠᠨ ᠰᠢᠶᠠᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠬᠥᠭᠵᠢᠯᠲᠡ ᠶᠢᠨ ᠴᠢᠭᠯᠡᠯ ᠢᠶᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠰᠤᠷᠭᠠᠭᠤᠯᠢ ᠡᠷᠭᠢᠯᠡᠬᠦ ᠦᠶᠯᠡ ᠠᠵᠢᠯᠯᠠᠭ᠎ᠠ ᠪᠠᠨ ᠵᠢᠷᠤᠮᠵᠢᠭᠤᠯᠤᠨ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠪᠦᠯᠦᠭᠯᠡᠯ ᠤᠨ ᠬᠢᠨ ᠪᠡᠭᠡᠵᠢᠩ ᠤᠨ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠳᠠᠪᠠᠭᠤᠯᠢᠭ ᠢᠶᠠᠨ ᠪᠠᠳᠠᠷᠠᠭᠤᠯᠤᠨ᠂ ᠣᠯᠠᠨ ᠶᠠᠩᠵᠤ ᠶᠢᠨ ᠬᠡᠯᠪᠡᠷᠢ ᠶᠢᠨ ᠵᠢᠭᠠᠨ ᠰᠤᠷᠭᠠᠯᠲᠠ ᠶᠢᠨ ᠰᠤᠳᠤᠯᠭᠠᠨ ᠤ ᠠᠵᠢᠯᠯᠠᠭ᠎ᠠ ᠶᠢ ᠥᠷᠨᠢᠭᠦᠯᠵᠦ᠂ ᠲᠣᠰ ᠭᠠᠵᠠᠷ ᠣᠷᠣᠨ ᠤ ᠪᠠᠭᠰᠢ ᠶᠢᠨ ᠵᠢᠭᠠᠨ ᠰᠤᠷᠭᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠰᠤᠷᠤᠭᠴᠢᠳ ᠤᠨ ᠰᠤᠷᠤᠯᠴᠠᠬᠤ ᠬᠥᠭᠵᠢᠯᠲᠡ ᠶᠢᠨ ᠣᠷᠣᠨ ᠵᠠᠢ ᠶᠢ ᠥᠷᠭᠡᠳᠬᠡᠵᠦ᠂ 2024 ᠣᠨ ᠤ ᠦᠴᠦᠸᠠᠨ ᠰᠢᠶᠠᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ᠂ ᠳᠤᠮᠳᠠᠳᠤ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠢᠷᠢ ᠪᠦᠲᠦᠮᠵᠢ ᠴᠥᠮ ᠢᠯᠡᠳᠲᠡ ᠳᠡᠭᠡᠭᠰᠢᠯᠡᠵᠦ᠂ ᠨᠡᠶᠢᠭᠡᠮ ᠤᠨ ᠬᠠᠨᠤᠮᠵᠢ ᠶᠢᠨ ᠬᠡᠮᠵᠢᠶ᠎ᠡ ᠢᠯᠡᠳᠲᠡ ᠳᠡᠭᠡᠭᠰᠢᠯᠡᠵᠦ᠂ ᠴᠢᠨᠠᠷ ᠰᠠᠶᠢᠲᠠᠢ ᠰᠤᠷᠭᠠᠨ ᠬᠥᠮᠦᠵᠢᠯ ᠢ ᠬᠠᠮᠲᠤ ᠪᠠᠷ ᠪᠠᠶᠢᠭᠤᠯᠤᠭᠰᠠᠨ ᠦᠷ᠎ᠡ ᠪᠦᠲᠦᠮᠵᠢ ᠠᠯᠬᠤᠮ ᠠᠯᠬᠤᠮ ᠢᠶᠠᠷ ᠢᠯᠡᠷᠡᠪᠡ᠃      ᠬᠤᠶᠠᠷ ᠲᠠᠯ᠎ᠠ ᠪᠠᠷ ᠢᠶᠠᠨ ᠵᠥᠪᠯᠡᠨ ᠲᠣᠭᠲᠠᠭᠰᠠᠨ ᠨᠢ᠂ ᠰᠤᠷᠭᠠᠨ ᠬᠥᠮᠦᠵᠢᠯ ᠢ ᠤᠷᠢᠳ ᠢᠶᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠡᠷᠡᠰ ᠭᠤᠶᠢᠪᠢᠰᠢ ᠦᠭᠡᠢ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ ᠠᠵᠢᠯ ᠢ ᠳᠡᠮᠵᠢᠬᠦ ᠪᠡᠯᠡ ᠣᠷᠣᠭᠤᠯᠤᠯᠲᠠ ᠶᠢᠨ ᠡᠷᠴᠢᠮ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠬᠠᠮᠲᠤᠷᠠᠨ ᠰᠤᠷᠭᠠᠭᠤᠯᠢ ᠡᠷᠬᠢᠯᠡᠬᠦ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ ᠨᠠᠷᠢᠯᠢᠭᠵᠢᠭᠤᠯᠤᠨ᠎ᠠ᠃ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ ᠰᠤᠷᠭᠠᠭᠤᠯᠢ ᠨᠠᠩ ᠣᠯᠠᠨ ᠪᠡᠭᠡᠵᠢᠩ ᠤᠨ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠲᠥᠪᠯᠡᠷᠡᠭᠦᠯᠵᠦ᠂ ᠰᠤᠷᠭᠠᠭᠤᠯᠢ ᠶᠢ ᠵᠢᠷᠤᠮᠵᠢᠭᠤᠯᠤᠨ ᠬᠥᠭᠵᠢᠭᠦᠯᠬᠦ᠂ ᠵᠢᠭᠠᠨ ᠰᠤᠷᠭᠠᠯᠲᠠ ᠵᠢᠭᠠᠨ ᠰᠤᠳᠤᠯᠬᠤ ᠬᠢᠷᠢ ᠲᠦᠪᠰᠢᠨ ᠢ ᠳᠡᠭᠡᠭᠰᠢᠯᠡᠭᠦᠯᠬᠦ᠂ ᠲᠣᠰ ᠭᠠᠵᠠᠷ ᠣᠷᠣᠨ ᠤ ᠰᠤᠷᠭᠠᠭᠤᠯᠢ ᠶᠢᠨ ᠵᠠᠬᠢᠷᠤᠯ ᠪᠠᠭᠰᠢ ᠶᠢᠨ ᠪᠣᠯᠪᠠᠰᠤᠷᠠᠭᠤᠯᠤᠯ᠂ ᠪᠡᠭᠡᠵᠢᠩ ᠤᠨ ᠲᠤᠷᠰᠢᠯᠲᠠ ᠶᠢᠨ ᠠᠩᠭᠢ ᠶᠢᠨ ᠣᠷᠣᠶᠢᠯᠠᠭᠰᠠᠨ ᠴᠢᠳᠠᠪᠤᠷᠢᠲᠠᠨ ᠢ ᠬᠥᠮᠥᠵᠢᠭᠦᠯᠬᠦ᠂ ᠰᠤᠷᠤᠭᠴᠢᠳ ᠤᠨ ᠶᠡᠷᠦᠩᠬᠡᠶᠢᠯᠡᠭᠰᠡᠨ ᠬᠡᠪ ᠪᠣᠯᠪᠠᠰᠤᠷᠠᠯ ᠤᠨ ᠬᠥᠭᠵᠢᠯᠲᠡ ᠵᠡᠷᠭᠡ ᠲᠠᠯ᠎ᠠ ᠪᠠᠷ ᠪᠥᠬᠦ ᠲᠠᠯ᠎ᠠ ᠶᠢᠨ ᠳᠡᠮᠵᠢᠯᠭᠡ ᠦᠵᠡᠭᠦᠯᠵᠦ᠂ ᠦᠷᠭᠦᠯᠵᠢᠯᠡᠨ ᠬᠠᠮᠲᠤᠷᠠᠯᠴᠠᠵᠤ ᠬᠠᠮᠲᠤ ᠪᠠᠷ ᠪᠠᠶᠢᠭᠤᠯᠬᠤ ᠪᠠᠷ ᠳᠠᠮᠵᠢᠭᠤᠯᠤᠨ᠂ ᠠᠷᠠᠳ ᠣᠯᠠᠨ ᠤ ᠭᠡᠷ ᠤᠨ ᠡᠭᠦᠳᠡᠨ ᠳᠠᠬᠢ ᠰᠢᠯᠢᠳᠡᠭ ᠰᠤᠷᠭᠠᠭᠤᠯᠢ ᠶᠢ ᠴᠢᠷᠮᠠᠶᠢᠨ ᠰᠠᠶᠢᠲᠤᠷ ᠡᠷᠭᠢᠯᠡᠵᠦ᠂ ᠦᠴᠦᠸᠠᠨ ᠰᠢᠶᠠᠨ ᠤ ᠰᠤᠷᠭᠠᠨ ᠬᠥᠮᠦᠵᠢᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠬᠠᠷᠠᠯᠲᠠ ᠳᠠᠰᠢ ᠲᠣᠭᠲᠠᠭᠤᠨ ᠢᠶᠠᠷ ᠤᠷᠤᠭᠰᠢᠯᠠᠬᠤ ᠶᠢ ᠲᠠᠰᠤᠷᠠᠯᠲᠠ ᠦᠭᠡᠢ ᠲᠦᠯᠬᠢᠨ ᠠᠬᠢᠭᠤᠯᠤᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号