ᠤᠴᠤᠸᠠᠨ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠣᠪᠴᠢᠶ᠎ᠠ ᠵᠢᠩᠬᠢᠨᠢ ᠪᠠᠷ ᠫᠠᠶᠢᠰᠠ ᠡᠯᠭᠦᠪᠡ
ᠨᠡᠶᠢᠲᠡᠯᠡᠭᠰᠡᠨ ᠴᠠᠭ᠄
2024/7/3
     ᠤᠯᠤᠰ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ 6 ᠰᠠᠷ᠎ᠠ ᠶᠢᠨ 29 ᠤ ᠡᠳᠦᠷ ᠤᠨ ᠦᠳᠡ ᠶᠢᠨ ᠡᠮᠦᠨᠡᠬᠢ 10 ᠴᠠᠭ ᠲᠤ᠂ ᠬᠥᠬᠡᠬᠤᠲᠠ ᠶᠢᠨ ᠦᠴᠦᠸᠠᠨ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠬᠥᠬᠡᠬᠤᠲᠠ ᠶᠢᠨ ᠦᠴᠦᠸᠠᠨ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠣᠪᠴᠢᠶ᠎ᠠ ᠶᠢᠨ ᠫᠠᠶᠢᠰᠠ ᠶᠢ ᠨᠡᠮᠡᠵᠦ ᠡᠯᠭᠦᠪᠡ᠃ ᠬᠥᠬᠡᠬᠤᠲᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠶᠢᠨ ᠳᠡᠳ᠋ ᠳᠠᠷᠤᠭ᠎ᠠ ᠯᠢ ᠽᠢ ᠽᠦᠸᠧ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠶᠠᠩ ᠶᠦᠩ ᠭᠠᠩ ᠶᠣᠰᠣᠯᠠᠯ ᠳᠤ ᠣᠷᠣᠯᠴᠠᠭᠰᠠᠨ ᠪᠥᠭᠡᠳ ᠫᠠᠶᠢᠰᠠ ᠰᠡᠬᠦᠪᠡ᠃ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ᠂ ᠣᠷᠣᠨ ᠲᠤᠭ᠎ᠠ ᠶᠢᠨ ᠵᠥᠪᠯᠡᠯ ᠤᠨ ᠠᠯᠪᠠᠨ ᠭᠡᠷ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠡᠷᠭᠡ ᠬᠠᠮᠢᠶ᠎ᠠ ᠪᠦᠬᠦᠢ ᠬᠠᠷᠢᠭᠤᠴᠠᠯᠭᠠᠲᠠᠨ᠂ ᠪᠦᠬᠦ ᠰᠢᠶᠠᠨ ᠤ ᠭᠠᠯ ᠤᠨᠲᠠᠷᠠᠭᠠᠬᠤ ᠵᠢᠯᠣᠭᠤᠳᠤᠭᠴᠢ ᠪᠠᠶᠢᠯᠳᠤᠭᠴᠢᠳ ᠤᠨ ᠲᠥᠯᠥᠭᠡᠯᠡᠭᠴᠢ ᠶᠣᠰᠣᠯᠠᠯ ᠳᠤ ᠣᠷᠣᠯᠴᠠᠪᠠ᠃      ᠤᠯᠤᠰ ᠤᠨ ᠶᠡᠷᠦᠩᠬᠡᠶᠢᠯᠡᠭᠰᠡᠨ ᠴᠢᠨᠠᠷᠲᠠᠢ ᠭᠠᠯ ᠤᠨᠲᠠᠷᠠᠭᠠᠬᠤ ᠠᠪᠤᠷᠠᠨ ᠲᠤᠰᠠᠯᠠᠬᠤ ᠡᠩᠨᠡᠭᠡ ᠪᠣᠯ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠭᠤᠣᠯ ᠬᠦᠴᠦᠨ ᠴᠡᠷᠢᠭ ᠪᠠ ᠤᠯᠤᠰ ᠤᠨ ᠠᠩᠭᠢ ᠪᠠᠶᠢᠵᠤ᠂ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠡᠯ᠎ᠡ ᠲᠥᠷᠥᠯ ᠤᠨ ᠭᠠᠢ ᠭᠠᠮᠰᠢᠭ ᠤᠨ ᠠᠳᠡᠯ ᠢ ᠠᠷᠭᠠᠴᠠᠨ ᠰᠢᠢᠳᠪᠦᠷᠢᠯᠡᠬᠦ ᠴᠢᠬᠤᠯᠠ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠳᠠᠭ᠃      ᠫᠠᠶᠢᠰᠠ ᠡᠯᠭᠦᠭᠰᠡᠨ ᠤ ᠳᠠᠷᠠᠭ᠎ᠠ᠂ ᠦᠴᠦᠸᠠᠨ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠡᠩᠨᠡᠭᠡ ᠬᠠᠷᠢᠶ᠎ᠠ ᠭᠠᠵᠠᠷ ᠤᠨ ᠢᠶᠠᠨ ᠭᠠᠯ ᠤᠨᠲᠠᠷᠠᠭᠠᠬᠤ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠨᠠᠩ ᠰᠠᠶᠢᠲᠤᠷ ᠭᠦᠢᠴᠡᠳᠬᠡᠵᠦ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠲᠤᠰᠢᠶᠠᠯᠲᠤ ᠭᠠᠯ ᠤᠨᠲᠠᠷᠠᠭᠠᠬᠤ ᠡᠩᠨᠡᠭᠡ ᠶᠢ ᠵᠢᠷᠤᠮᠵᠢᠭᠤᠯᠤᠨ ᠬᠠᠮᠢᠶᠠᠷᠴᠤ᠂ ᠭᠠᠯ ᠤᠨᠲᠠᠷᠠᠭᠠᠬᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠬᠢᠷᠢ ᠲᠦᠪᠰᠢᠨ ᠪᠠ ᠶᠡᠷᠦᠩᠬᠡᠶᠢᠯᠡᠭᠰᠡᠨ ᠠᠪᠤᠷᠠᠨ ᠲᠤᠰᠠᠯᠠᠬᠤ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠥᠨᠳᠥᠷ ᠬᠢᠷᠢ ᠲᠦᠪᠰᠢᠨ ᠪᠦᠬᠦᠢ ᠭᠠᠯ ᠤᠨᠲᠠᠷᠠᠭᠠᠬᠤ ᠠᠮᠤᠷ ᠲᠦᠪᠰᠢᠨ ᠤ ᠦᠢᠯᠡᠴᠢᠯᠡᠭᠡ ᠪᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠪᠣᠯᠣᠨ᠎ᠠ᠃      ᠦᠴᠦᠸᠠᠨ ᠰᠢᠶᠠᠨ ᠤ ᠭᠠᠯ ᠤᠨᠲᠠᠷᠠᠭᠠᠬᠤ ᠵᠢᠯᠣᠭᠤᠳᠤᠭᠴᠢ ᠪᠠᠶᠢᠯᠳᠤᠭᠴᠢᠳ ᠫᠠᠶᠢᠰᠠ ᠡᠯᠭᠦᠬᠦ ᠪᠠᠷ ᠰᠢᠨ᠎ᠡ ᠭᠠᠷᠤᠭ᠎ᠠ ᠪᠣᠯᠭᠠᠵᠤ᠂ ᠬᠥᠬᠡᠬᠤᠲᠠ ᠶᠢᠨ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠨᠡᠩ ᠰᠠᠶᠢᠲᠤᠷ ᠠᠭᠤᠰᠤᠯᠴᠠᠵᠤ᠂ ᠥᠭᠡᠷᠡᠴᠢᠯᠡᠯᠲᠡ ᠬᠥᠭᠵᠢᠯᠲᠡ ᠶᠢᠨ ᠬᠦᠨᠳᠦ ᠡᠭᠦᠷᠭᠡ ᠶᠢ ᠨᠡᠩ ᠰᠠᠶᠢᠲᠤᠷ ᠡᠭᠦᠷᠭᠡᠯᠡᠵᠦ᠂ ︽ᠨᠢᠭᠡ ᠭᠠᠵᠠᠷ ᠤᠨ ᠬᠥᠭᠵᠢᠯᠲᠡ ᠶᠢ ᠠᠬᠢᠭᠤᠯᠵᠤ᠂ ᠨᠢᠭᠡ ᠭᠠᠵᠠᠷ ᠤᠨ ᠠᠮᠤᠷ ᠲᠦᠪᠰᠢᠨ ᠢ ᠪᠠᠲᠤᠯᠠᠬᠤ︾ ᠤᠯᠤᠰ ᠲᠦᠷᠦ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠠᠷᠠᠳ ᠤᠨ ᠠᠮᠤᠷ ᠲᠦᠪᠰᠢᠨ ᠢ ᠪᠠᠲᠤᠯᠠᠬᠤ᠂ ᠠᠷᠠᠳ ᠲᠦᠮᠡᠨ ᠳᠤ ᠪᠤᠶᠠᠨ ᠦᠢᠯᠡᠳᠬᠦ ᠪᠣᠳᠠᠲᠤ ᠠᠵᠢᠯᠯᠠᠭ᠎ᠠ ᠪᠠᠷ ᠢᠶᠠᠨ ᠡᠩᠨᠡᠭᠡᠨ ᠤ ᠰᠢᠨ᠎ᠡ ᠳᠦᠷᠰᠦ ᠪᠠᠶᠢᠳᠠᠯ᠂ ᠰᠢᠨ᠎ᠡ ᠡᠭᠦᠷᠭᠡᠯᠡᠯ᠂ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠦᠨ᠎ᠡ᠃  ︵ᠰᠤᠷᠪᠤᠯᠵᠢᠯᠠᠭᠴᠢ᠄ ᠯᠢᠦ ᠪᠠᠢ ᠢᠦᠢ  ᠵᠠᠩ ᠵᠠᠨ ᠹᠧᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号