ᠪᠦᠭᠦ ᠣᠷᠣᠨ ᠤ 1.29 ᠲᠦᠮᠡᠨ ᠠᠬᠠᠮᠠᠳ ᠨᠠᠮ ᠤᠨ ᠭᠡᠰᠢᠭᠦᠨ ︽ᠨᠠᠮ ᠤᠨ ᠭᠡᠰᠢᠭᠦᠨ ᠪᠣᠯᠤᠭᠰᠠᠨ ᠢᠷᠠᠭᠤ ᠠᠯᠳᠠᠷᠲᠤ 50 ᠵᠢᠯ︾ ᠤᠨ ᠳᠤᠷᠠᠰᠬᠠᠯ ᠤᠨ ᠲᠡᠮᠳᠡᠭ ᠭᠦᠷᠳᠡᠯ᠎ᠠ
ᠨᠡᠶᠢᠲᠡᠯᠡᠭᠰᠡᠨ ᠴᠠᠭ᠄
2024/7/3
     ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠤᠢ ᠶᠢᠨ ᠲᠠᠰᠢᠷᠠᠮ ᠢᠶᠠᠷ᠂ ᠪᠦᠭᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠬᠤᠷᠠᠯ ᠬᠢᠬᠦ᠂ ᠶᠣᠰᠣᠯᠠᠯ ᠶᠠᠪᠤᠭᠳᠠᠭᠤᠯᠬᠤ᠂ ᠭᠡᠷ ᠲᠤᠨᠢ ᠬᠦᠷᠴᠦ ᠰᠤᠷᠪᠤᠯᠵᠢᠯᠠᠬᠤ ᠵᠡᠷᠭᠡ ᠤᠯᠠᠨ ᠵᠦᠢᠯ ᠤᠨ ᠭᠡᠯᠪᠡᠷᠢ ᠪᠠᠷ ᠨᠠᠮ ᠳᠤ ᠡᠯᠰᠡᠭᠳᠡᠭᠡᠳ 50 ᠵᠢᠯ ᠪᠣᠯᠵᠤ᠂ ᠢᠮᠠᠭᠲᠠ ᠢᠯᠡᠷᠡᠯ ᠰᠠᠶᠢᠲᠠᠢ 1.29 ᠲᠦᠮᠡᠨ ᠠᠬᠠᠮᠠᠳ ᠨᠠᠮ ᠤᠨ ᠭᠡᠰᠢᠭᠦᠨ ᠳᠤ ︽ᠨᠠᠮ ᠤᠨ ᠭᠡᠰᠢᠭᠦᠨ ᠪᠣᠯᠤᠭᠰᠠᠨ ᠢᠷᠠᠭᠤ ᠠᠯᠳᠠᠷᠲᠤ 50 ᠵᠢᠯ︾ ᠤᠨ ᠳᠤᠷᠠᠰᠬᠠᠯ ᠤᠨ ᠲᠡᠮᠳᠡᠭ ᠣᠯᠭᠤᠪᠠ᠃      ᠳᠤᠷᠠᠰᠬᠠᠯ ᠤᠨ ᠲᠡᠮᠳᠡᠭ ᠭᠥᠷᠳᠡᠭᠰᠡᠨ ᠠᠬᠠᠮᠠᠳ ᠨᠠᠮ ᠤᠨ ᠭᠡᠰᠢᠭᠦᠳ᠂ ︽ᠨᠠᠮ ᠤᠨ ᠭᠡᠰᠢᠭᠦᠨ ᠪᠣᠯᠤᠭᠰᠠᠨ ᠢᠷᠠᠭᠤ ᠠᠯᠳᠠᠷᠲᠤ 50 ᠵᠢᠯ︾ ᠤᠨ ᠳᠤᠷᠠᠰᠬᠠᠯ ᠤᠨ ᠲᠡᠮᠳᠡᠭ ᠨᠢ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠠᠬᠠᠮᠠᠳ ᠨᠠᠮ ᠤᠨ ᠭᠡᠰᠢᠭᠦᠨ ᠳᠤ ᠥᠭᠭᠦᠭᠰᠡᠨ ᠬᠠᠶᠢᠷ᠎ᠠ ᠬᠠᠯᠠᠮᠵᠢ ᠶᠢ ᠳᠠᠮᠵᠢᠭᠤᠯᠵᠠᠢ᠂ ᠪᠢᠳᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠷᠭᠦᠯᠵᠢᠯᠡᠨ ᠰᠤᠷᠤᠯᠴᠠᠵᠤ᠂ ᠬᠦᠰᠡᠯ ᠨᠠᠶᠢᠳᠠᠯᠭ᠎ᠠ ᠶᠢ ᠢᠮᠠᠭᠲᠠ ᠪᠠᠲᠤ ᠴᠡᠭᠡᠵᠢᠯᠡᠵᠦ᠂ ᠨᠠᠮ ᠳᠤ ᠣᠷᠣᠬᠤ ᠲᠠᠩᠭᠠᠷᠢᠭ ᠢᠶᠠᠨ ᠦᠯᠦ ᠮᠠᠷᠲᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠡᠷᠡᠰ ᠭᠤᠶᠢᠪᠢᠰᠢ ᠦᠭᠡᠢ ᠪᠠᠷ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠳᠤᠯᠤᠭᠠᠨ ᠲᠠᠯ᠎ᠠ ᠪᠠᠷ ᠵᠢᠱᠢᠶᠡᠴᠢ ᠪᠤᠯᠬᠤ︾ ᠶᠢ ᠦᠢᠯᠡᠳᠦᠯᠭᠡᠵᠢᠭᠦᠯᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠠᠬᠢᠴᠠ ᠳᠤᠮᠳᠠ ᠦᠷᠭᠦᠯᠵᠢᠯᠡᠨ ᠭᠡᠷᠡᠯ ᠭᠢᠯᠪᠠᠭ᠎ᠠ ᠨᠡᠮᠡᠷᠢᠯᠡᠨ᠎ᠡ ᠭᠡᠵᠦ ᠢᠯᠡᠳᠬᠡᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号