ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠠᠴᠠ | ᠲᠦᠷᠦᠭᠦᠬᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠠᠯᠳᠠᠯᠲᠠ ᠶᠢᠨ ᠳᠠᠭᠠᠳᠬᠠᠯ ᠤᠨ | ᠬᠡᠷᠡᠭᠵᠢᠭᠦᠯᠬᠦ ᠠᠷᠭ᠎ᠠ︾ ᠶᠢ ᠬᠢᠨᠠᠨ ᠵᠥᠪᠯᠡᠵᠦ ᠪᠠᠲᠤᠯᠠᠪᠠ᠃ ᠳᠤᠰ ︽ᠬᠡᠷᠡᠭᠵᠢᠭᠦᠯᠬᠦ ᠠᠷᠭ᠎ᠠ︾ ᠶᠢ 2024 ᠣᠨ ᠤ | 8 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠬᠦ ᠪᠣᠯᠣᠨ᠎ᠠ᠃ | ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ | ᠠᠯᠳᠠᠯᠲᠠ ᠶᠢᠨ ᠳᠠᠭᠠᠳᠬᠠᠯ ᠤᠨ ᠬᠡᠷᠡᠭᠵᠢᠭᠦᠯᠬᠦ ᠠᠷᠭ᠎ᠠ︾ ᠨᠡᠶᠢᠲᠡ 13 ᠵᠦᠢᠯ ᠪᠠᠶᠢᠵᠤ᠂ ᠭᠤᠣᠯᠳᠠᠭᠤ ᠭᠤᠷᠪᠠᠨ | ᠲᠠᠯ᠎ᠠ ᠶᠢᠨ ᠬᠤᠪᠢᠷᠠᠯᠲᠠ ᠲᠠᠢ᠃ ᠨᠢᠭᠡ ᠳᠤ ᠠᠵᠢᠯ ᠠᠯᠳᠠᠯᠲᠠ ᠶᠢᠨ ᠳᠠᠭᠠᠳᠬᠠᠯ ᠳᠤ ᠣᠷᠤᠯᠴᠠᠬᠤ ᠬᠡᠪᠴᠢᠶ᠎ᠡ ᠶᠢ | ᠥᠷᠭᠡᠳᠬᠡᠨ᠎ᠡ᠃ ᠬᠤᠲᠠ ᠪᠠᠯᠭᠠᠰᠤᠨ ᠤ ᠠᠵᠤ ᠠᠬᠤᠶᠢᠯᠠᠯ ᠢ ᠠᠵᠤ ᠠᠬᠤᠶᠢᠯᠠᠯ ᠪᠣᠯᠭᠠᠨ ᠥᠷᠭᠡᠳᠬᠡᠵᠦ᠂ ᠬᠠᠤᠯᠢ | ᠶᠣᠰᠣᠭᠠᠷ ᠳᠠᠩᠰᠠᠯᠠᠭᠤᠯᠬᠤ ᠶᠢ ᠭᠦᠢᠴᠡᠳᠬᠡᠭᠰᠡᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠢᠴᠢ ᠠᠵᠢᠯᠲᠠᠨ | ᠠᠵᠢᠯᠴᠢᠨ᠂ ᠬᠥᠯᠥᠰᠦᠨ ᠠᠵᠢᠯᠴᠢᠨ ᠲᠠᠢ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠵᠢᠴᠢ ᠬᠥᠯᠥᠰᠦᠨ | ᠠᠵᠢᠯᠴᠢᠨ ᠢ ᠪᠦᠭᠦᠨ ᠢ ᠳᠠᠭᠠᠳᠬᠠᠯ ᠳᠤ ᠣᠷᠤᠯᠴᠠᠬᠤ ᠬᠡᠪᠴᠢᠶᠡᠨ ᠳᠤ ᠣᠷᠣᠭᠤᠯᠤᠨ᠎ᠠ᠃ ᠬᠤᠶᠠᠷ ᠲᠤ ᠠᠵᠢᠯ | ᠠᠯᠳᠠᠯᠲᠠ ᠶᠢᠨ ᠳᠠᠭᠠᠳᠬᠠᠯ ᠤᠨ ᠮᠥᠩᠭᠦ ᠶᠢᠨ ᠪᠠᠷᠢᠮᠵᠢᠶ᠎ᠠ ᠶᠢ ᠳᠡᠭᠡᠭᠰᠢᠯᠡᠭᠦᠯᠤᠨ᠎ᠠ᠃ ᠤᠯᠤᠰ ᠤᠨ ᠲᠣᠭᠲᠠᠭᠠᠭᠰᠠᠨ | ᠬᠡᠪᠴᠢᠶᠡᠨ ᠳᠣᠲᠣᠷ᠎ᠠ᠂ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠠᠵᠢᠯ | ᠠᠯᠳᠠᠯᠲᠠ ᠶᠢᠨ ᠳᠠᠭᠠᠳᠬᠠᠯ ᠤᠨ ᠮᠥᠩᠭᠦ ᠶᠢᠨ ᠪᠠᠷᠢᠮᠵᠢᠶ᠎ᠠ ᠶᠢ 5% ᠪᠠᠷ ᠳᠡᠭᠡᠭᠰᠢᠯᠡᠭᠦᠯᠭᠦ ᠶᠢᠨ ᠬᠠᠮᠲᠤ᠂ ᠨᠠᠰᠤ | ᠠᠬᠢᠭᠰᠠᠨ ᠠᠵᠢᠯ ᠠᠯᠳᠠᠭᠰᠠᠳ ᠪᠣᠯᠣᠨ ᠡᠷ᠎ᠡ ᠡᠮ᠎ᠡ ᠬᠤᠶᠠᠷ ᠲᠠᠯ᠎ᠠ ᠪᠠᠷ ᠢᠶᠠᠨ ᠵᠡᠷᠭᠡ ᠪᠠᠷ ᠠᠵᠢᠯ ᠠᠯᠳᠠᠭᠰᠠᠳ ᠤᠨ | ᠣᠨᠴᠠᠭᠠᠢ ᠬᠦᠴᠢᠷᠳᠡᠯ ᠢ ᠪᠣᠳᠣᠯᠬᠢᠯᠠᠭᠠᠳ᠂ ᠳᠡᠭᠡᠷ᠎ᠡ ᠳᠤᠷᠠᠳᠤᠭᠰᠠᠨ ᠰᠠᠭᠤᠷᠢᠨ ᠳᠡᠭᠡᠷ᠎ᠡ ᠪᠠᠰᠠ 3% ᠪᠠᠷ | ᠨᠡᠮᠡᠭᠳᠡᠭᠦᠯᠦᠨ᠎ᠡ᠃ ᠭᠤᠷᠪᠠ ᠳᠤ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ ᠶᠢ | ᠴᠢᠩᠭᠠᠳᠬᠠᠨ᠎ᠠ᠃ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠯᠭ᠎ᠠ ᠶᠢᠨ ᠲᠥᠷᠥᠯ ᠵᠦᠢᠯ ᠢ | ᠵᠢᠷᠤᠮᠵᠢᠭᠤᠯᠵᠤ᠂ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠳᠤ ᠥᠪᠡᠷᠲᠡᠭᠡᠨ ᠵᠠᠰᠠᠬᠤ ᠣᠷᠣᠨ ᠤ | ᠲᠠᠰ ᠤᠨ ᠨᠢᠭᠡᠳᠦᠯᠲᠡᠢ ᠲᠥᠯᠥᠪᠯᠡᠨ ᠬᠡᠷᠡᠭᠵᠢᠭᠦᠯᠬᠦ ᠶᠢ ᠲᠣᠳᠣᠷᠬᠠᠶᠢᠯᠠᠵᠤ᠂ ᠠᠵᠢᠯ ᠠᠯᠳᠠᠯᠲᠠ ᠶᠢᠨ ᠳᠠᠭᠠᠳᠬᠠᠯ ᠤᠨ | ᠮᠥᠩᠭᠦ ᠠᠪᠴᠤ ᠪᠠᠶᠢᠭ᠎ᠠ ᠬᠥᠮᠥᠰ ᠤᠨ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ | ︵ᠦᠷᠡᠵᠢᠯ ᠤᠨ ᠳᠠᠭᠠᠳᠬᠠᠯ ᠪᠠᠭᠲᠠᠨ᠎ᠠ︶ ᠤᠨ ᠵᠠᠷᠤᠳᠠᠯ ᠢ ᠣᠷᠣᠯᠠᠨ ᠲᠤᠰᠢᠶᠠᠬᠤ ᠶᠢᠨ ᠲᠥᠯᠥᠭᠡ᠂ ᠬᠤᠪᠢ ᠬᠥᠮᠥᠨ | ᠦᠨᠳᠦᠰᠦᠨ ᠡᠮ ᠡᠮᠨᠡᠯᠭᠡ ᠶᠢᠨ ᠳᠠᠭᠠᠳᠬᠠᠯ ︵ᠦᠷᠡᠵᠢᠯ ᠤᠨ ᠳᠠᠭᠠᠳᠬᠠᠯ ᠪᠠᠭᠲᠠᠨ᠎ᠠ︶ ᠤᠨ ᠵᠠᠷᠤᠳᠠᠯ ᠢ ᠲᠤᠰᠢᠶᠠᠬᠤ | ᠦᠭᠡᠢ ᠭᠡᠵᠦ ᠲᠣᠳᠣᠷᠬᠠᠶᠢᠯᠠᠪᠠ᠃ | | |