ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 18 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/4
     7 ᠰᠠᠷ᠎ᠠ ᠶᠢᠨ 3 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 18 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠰᠢᠨ᠎ᠡ ᠴᠠᠭ ᠦᠶ᠎ᠡ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠰᠠᠶᠢᠲᠤᠷ ᠬᠢᠬᠦ ᠲᠤᠬᠠᠢ ᠬᠡᠷᠡᠭᠵᠢᠭᠦᠯᠬᠦ ᠰᠠᠨᠠᠯ︾᠂ ︽ᠬᠥᠬᠡᠬᠤᠲᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠮᠡᠳᠡᠭᠡ ᠵᠠᠩᠭᠢ ᠶᠢ ᠬᠢᠨᠠᠨ ᠬᠠᠷᠭᠤᠭᠤᠯᠵᠤ ᠨᠡᠶᠢᠲᠡᠯᠡᠬᠦ ᠠᠷᠪᠠᠨ ᠵᠦᠢᠯ ᠤᠨ ᠠᠷᠭ᠎ᠠ ᠬᠡᠮᠵᠢᠶ᠎ᠡ︾ ᠶᠢ ᠤᠯᠠᠮᠵᠢᠯᠠᠨ ᠰᠤᠷᠤᠯᠴᠠᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠡᠯ᠎ᠡ ᠲᠥᠷᠥᠯ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠰᠤᠳᠤᠯᠵᠤ᠂ ᠮᠠᠨ ᠤ ᠰᠢᠶᠠᠨ ᠤ ᠣᠶᠢᠷ᠎ᠠ ᠶᠢᠨ ᠬᠤᠭᠤᠴᠠᠭᠠᠨ ᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠱᠠᠭᠠᠷᠳᠠᠭᠰᠠᠨ ᠨᠢ᠂ ᠪᠥᠬᠦ ᠰᠢᠶᠠᠨ ᠤ ᠡᠯ᠎ᠡ ᠰᠠᠯᠠᠭ᠎ᠠ ᠮᠥᠴᠢᠷ ᠤᠳ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠵᠠᠷᠴᠢᠮ᠂ ᠬᠦᠷᠢᠶ᠎ᠡ ᠬᠡᠪᠴᠢᠶ᠎ᠡ᠂ ᠠᠭᠤᠯᠭ᠎ᠠ ᠵᠡᠷᠭᠡ ᠲᠠᠯ᠎ᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠨ᠂ ᠦᠨᠡᠨᠴᠢ ᠢᠲᠡᠭᠡᠮᠵᠢᠲᠡᠢ ᠵᠠᠰᠠᠭ ᠤᠨ ᠣᠷᠳᠣᠨ ᠤ ᠪᠠᠶᠢᠭᠤᠯᠤᠯᠲᠠ᠂ ︽ᠭᠤᠷᠪᠠᠨ ᠶᠠᠪᠤᠳᠠᠯ ᠢ ᠢᠯᠡ ᠪᠣᠯᠭᠠᠬᠤ︾ ᠵᠡᠷᠭᠡ ᠭᠤᠣᠯᠳᠠᠯᠭ᠎ᠠ ᠲᠠᠢ ᠬᠦᠷᠢᠶᠡᠨ ᠤ ᠠᠵᠢᠯ ᠤᠨ ᠠᠭᠤᠯᠭ᠎ᠠ ᠶᠢᠨ ᠲᠣᠭᠤᠷᠢᠨ ᠳᠤ᠂ ᠬᠢᠨᠠᠨ ᠬᠠᠷᠭᠤᠭᠤᠯᠵᠤ ᠪᠣᠭᠤᠮᠲᠠ ᠰᠠᠬᠢᠬᠤ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠡᠷᠴᠢᠮ ᠢᠶᠠᠨ ᠴᠢᠩᠭᠠᠷᠠᠭᠤᠯᠤᠨ᠂ ᠵᠠᠰᠠᠭ ᠤᠨ ᠶᠠᠪᠤᠳᠠᠯ ᠢ ᠢᠯᠡ ᠪᠣᠯᠭᠠᠬᠤ ᠳᠦᠷᠢᠮ ᠢ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠣᠯᠣᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠠᠭᠤᠷᠬᠠᠢ ᠶᠢ ᠰᠡᠷᠭᠦᠭᠡᠬᠦ᠂ ᠬᠤᠳᠠ ᠬᠥᠳᠡᠭᠡ ᠶᠢᠨ ᠬᠤᠭ ᠨᠣᠪᠰᠢ ᠶᠢ ᠰᠢᠢᠳᠪᠦᠷᠢᠯᠡᠬᠦ᠂ ᠬᠠᠶᠠᠭᠳᠠᠮᠠᠯ ᠬᠠᠭᠤᠴᠢᠨ ᠰᠦᠯᠢᠶᠥᠦ ᠪᠦᠷᠬᠦᠪᠴᠢ ᠶᠢ ᠬᠤᠷᠢᠶᠠᠨ ᠠᠪᠬᠤ᠂ ᠤᠰᠤᠨ ᠤ ᠡᠬᠢ ᠪᠠᠶᠠᠯᠢᠭ ᠢ ᠬᠠᠮᠠᠭᠠᠯᠠᠬᠤ ᠵᠡᠷᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠦᠴᠦᠸᠠᠨ ᠰᠢᠶᠠᠨ ᠤ ᠠᠮᠢ ᠠᠬᠤᠢ ᠪᠣᠯᠣᠨ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠬᠡᠷᠡᠭᠲᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃  ︵ᠰᠤᠷᠪᠤᠯᠵᠢᠯᠠᠭᠴᠢ᠄ ᠯᠢᠦᠢ ᠫᠢᠩ ᠫᠢᠩ  ᠵᠠᠩ ᠵᠠᠨ ᠹᠧᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号