ᠦᠴᠦᠸᠠᠨ ᠰᠢᠶᠠᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/4
      ᠮᠠᠨ ᠤ ᠰᠢᠶᠠᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠭᠦᠨᠵᠡᠭᠡᠢ ᠥᠷᠨᠢᠬᠦ ᠶᠢ ᠠᠬᠢᠭᠤᠯᠵᠤ᠂ ︽ᠬᠤᠶᠠᠷ ᠰᠢᠨ᠎ᠡ︾ ᠶᠢᠨ ᠵᠣᠬᠢᠶᠠᠨ ᠪᠠᠶᠢᠭᠤᠯᠤᠯᠲᠠ ᠶᠢᠨ ᠠᠵᠢᠯ ᠢ ᠪᠦᠬᠦᠨ ᠢ ᠬᠠᠮᠤᠷᠬᠤ ᠶᠢ ᠨᠠᠶᠢᠳᠠᠪᠤᠷᠢᠵᠢᠭᠤᠯᠵᠤ᠂ ᠰᠢᠨ᠎ᠡ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠰᠢᠨ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠢᠨ᠎ᠡ ᠠᠵᠢᠯ ᠣᠯᠭᠤᠯᠲᠠ ᠶᠢᠨ ᠬᠠᠮᠲᠤᠯᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠲᠦᠷᠦᠯ ᠲᠡᠮᠳᠡᠭ ᠢ ᠡᠭᠦᠳᠴᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠬᠥᠲᠥᠯᠥᠨ ᠳᠠᠭᠠᠭᠤᠯᠬᠤ ᠪᠠ ᠤᠯᠤᠰ ᠲᠦᠷᠦ ᠶᠢᠨ ᠭᠤᠣᠯᠯᠠᠭᠴᠢ ᠦᠢᠯᠡᠳᠦᠯ ᠢ ᠳᠡᠭᠡᠭᠰᠢᠯᠡᠭᠦᠯᠬᠦ ᠶᠢᠨ ᠲᠥᠯᠥᠭᠡ᠂ 7 ᠰᠠᠷ᠎ᠠ ᠶᠢᠨ 2 ᠤᠨ ᠡᠳᠦᠷ᠂ ᠦᠴᠦᠸᠠᠨ ᠰᠢᠶᠠᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠪᠠ᠃      ᠬᠤᠷᠠᠯ ᠤᠨ ᠬᠤᠭᠤᠴᠠᠭᠠᠨ ᠳᠤ᠂ ᠶᠡᠷᠦᠩᠬᠡᠢ ᠱᠦᠵᠢ ᠰᠢ ᠶᠢᠨ ᠫᠢᠩ ᠤᠨ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠲᠤᠬᠠᠢ ᠬᠤᠯᠪᠣᠭᠳᠠᠯ ᠪᠦᠬᠦᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠰᠬᠠᠢ ᠰᠡᠳᠦᠪ ᠢᠶᠠᠷ ᠰᠤᠷᠤᠯᠴᠠᠪᠠ᠃ ︽ᠦᠴᠦᠸᠠᠨ ᠰᠢᠶᠠᠨ ᠤ ᠨᠠᠮ ᠤᠨ ᠬᠤᠷᠢᠶ᠎ᠠ ᠶᠢᠨ ︿ᠬᠤᠶᠠᠷ ᠰᠢᠨ᠎ᠡ﹀ ᠠᠵᠢᠯ ᠤᠨ ᠬᠤᠷᠢᠶ᠎ᠠ ᠶᠢᠨ 2024 ᠣᠨ ᠤ ᠠᠵᠢᠯ ᠤᠨ ᠭᠤᠣᠯᠳᠠᠯᠭ᠎ᠠ︾ ᠳᠤ ᠲᠠᠶᠢᠯᠤᠮᠵᠢ ᠬᠢᠵᠦ᠂ ︽ᠰᠢᠨ᠎ᠡ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠰᠢᠨ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠣᠯᠣᠨ ᠰᠢᠨ᠎ᠡ ᠠᠵᠢᠯ ᠣᠯᠭᠤᠯᠲᠠ ᠶᠢᠨ ᠬᠠᠮᠲᠤᠯᠢᠭ ᠤᠨ ᠨᠠᠮ ᠤᠨ ᠵᠣᠬᠢᠶᠠᠨ ᠪᠠᠶᠢᠭᠤᠯᠤᠯᠲᠠ ᠳᠤ ᠨᠠᠮ ᠤᠨ ᠪᠠᠶᠢᠭᠤᠯᠤᠯᠲᠠ ᠶᠢᠨ ᠲᠦᠷᠦᠯ ᠲᠡᠮᠳᠡᠭ ᠢ ᠡᠭᠦᠳᠦᠨ ᠪᠠᠶᠢᠭᠤᠯᠬᠤ ᠶᠠᠰᠤ ᠴᠢᠨᠠᠷ ᠢ ᠳᠡᠭᠡᠭᠰᠢᠯᠡᠭᠦᠯᠬᠦ ᠠᠵᠢᠯ ᠢ ᠥᠷᠨᠢᠭᠦᠯᠬᠦ ᠲᠤᠬᠠᠢ ᠵᠢᠯᠤᠭᠤᠳᠬᠤ ᠰᠠᠨᠠᠯ︾ ᠢ ᠤᠯᠠᠮᠵᠢᠯᠠᠵᠤ᠂ ︽ᠦᠴᠦᠸᠠᠨ ᠰᠢᠶᠠᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠣᠯᠣᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ︿ᠬᠤᠶᠠᠷ ᠢ ᠪᠦᠷᠬᠦᠭᠦᠯᠬᠦ﹀ ᠪᠣᠭᠤᠮᠲᠠ ᠰᠢᠪᠲᠤᠯᠬᠤ ᠠᠵᠢᠯᠯᠠᠭ᠎ᠠ ᠶᠢ ᠭᠦᠨᠵᠡᠭᠡᠢ ᠠᠬᠢᠭᠤᠯᠬᠤ ᠠᠵᠢᠯ ᠤᠨ ᠲᠥᠰᠥᠯ︾ ᠢ ᠰᠤᠷᠤᠯᠴᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶ᠎ᠠ᠂ ᠬᠤᠶᠠᠷ ᠰᠢᠨ᠎ᠡ ᠠᠵᠢᠯ ᠤᠨ ᠬᠤᠷᠢᠶ᠎ᠠ ᠶᠢᠨ ᠪᠦᠷᠢᠯᠳᠦᠭᠦᠨ ᠨᠢᠭᠡᠴᠢ ᠪᠣᠯᠣᠨ ᠠᠵᠢᠯ ᠲᠦᠷᠦᠯ ᠤᠨ ᠨᠠᠮ ᠤᠨ ᠡᠭᠦᠷ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠰᠢᠶᠠᠨ ᠤ ᠨᠠᠮ ᠤᠨ ᠬᠤᠷᠢᠶ᠎ᠠ ᠶᠢᠨ ︽ᠬᠤᠶᠠᠷ ᠰᠢᠨ᠎ᠡ︾ ᠠᠵᠢᠯ ᠤᠨ ᠬᠤᠷᠢᠶ᠎ᠠ ᠶᠢᠨ 2024 ᠣᠨ ᠤ ᠠᠵᠢᠯ ᠤᠨ ᠭᠤᠣᠯᠳᠠᠯᠭ᠎ᠠ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠣᠯᠣᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ︽ᠬᠤᠶᠠᠷ ᠢ ᠪᠦᠷᠬᠦᠭᠦᠯᠬᠦ︾ ᠪᠣᠭᠤᠮᠲᠠ ᠰᠢᠪᠲᠤᠯᠬᠤ ᠠᠵᠢᠯᠯᠠᠭ᠎ᠠ ᠶᠢᠨ ᠠᠵᠢᠯ᠂ ᠰᠢᠨ᠎ᠡ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠰᠢᠨ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠣᠯᠣᠨ ᠰᠢᠨ᠎ᠡ ᠠᠵᠢᠯ ᠣᠯᠭᠤᠯᠲᠠ ᠶᠢᠨ ᠬᠠᠮᠲᠤᠯᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠲᠦᠷᠦᠯ ᠲᠡᠮᠳᠡᠭ ᠢ ᠡᠭᠦᠳᠦᠨ ᠪᠠᠶᠢᠭᠤᠯᠬᠤ ᠶᠠᠰᠤ ᠴᠢᠨᠠᠷ ᠢ ᠳᠡᠭᠡᠭᠰᠢᠯᠡᠭᠦᠯᠬᠦ ᠠᠵᠢᠯ ᠢ ᠡᠯ᠎ᠡ ᠬᠤᠯᠪᠣᠭᠳᠠᠯ ᠪᠦᠬᠦᠢ ᠨᠢᠭᠡᠴᠢ ᠶᠢᠨ ᠲᠤᠬᠠᠶᠢᠯᠠᠭᠰᠠᠨ ᠠᠵᠢᠯ ᠲᠠᠢ ᠵᠡᠷᠭᠡᠪᠡᠷ ᠲᠣᠬᠢᠷᠠᠭᠤᠯᠤᠨ ᠵᠡᠷᠭᠡᠪᠡᠷ ᠪᠠᠶᠢᠷᠢᠯᠠᠭᠤᠯᠬᠤ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠪᠠᠨ ᠨᠠᠷᠢᠯᠢᠭᠵᠢᠭᠤᠯᠵᠤ᠂ ᠠᠵᠢᠯ ᠢᠶᠠᠨ ᠦᠨᠡᠨ ᠬᠦ ᠨᠠᠷᠢᠯᠢᠭᠵᠢᠭᠤᠯᠤᠨ ᠬᠡᠮᠵᠢᠶᠡᠵᠢᠭᠦᠯᠵᠦ᠂ ᠬᠠᠷᠢᠶ᠎ᠠ ᠭᠠᠵᠠᠷ ᠤᠨ ᠨᠠᠮ ᠤᠨ ᠬᠤᠷᠢᠶ᠎ᠠ ᠪᠣᠯᠣᠨ ᠠᠵᠢᠯ ᠲᠥᠷᠥᠯ ᠤᠨ ᠨᠠᠮ ᠤᠨ ᠡᠭᠦᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠢᠯ ᠲᠥᠷᠥᠯ ᠤᠨ ᠨᠠᠮ ᠤᠨ ᠪᠠᠶᠢᠭᠤᠯᠤᠯᠲᠠ ᠶᠢᠨ ᠵᠢᠭᠠᠨ ᠵᠢᠯᠣᠭᠤᠳᠤᠭᠴᠢ ᠪᠣᠯᠣᠨ ᠬᠠᠷᠢᠶ᠎ᠠ ᠭᠠᠵᠠᠷ ᠤᠨ ᠨᠠᠮ ᠤᠨ ᠪᠠᠶᠢᠭᠤᠯᠤᠯᠲᠠ ᠶᠢᠨ ᠵᠢᠭᠠᠨ ᠵᠢᠯᠣᠭᠤᠳᠤᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠣᠯᠣᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ ᠳᠠᠭᠠᠭᠤᠯᠬᠤ ᠬᠡᠷᠡᠭᠲᠡᠢ᠃ ᠴᠠᠭ ᠬᠤᠭᠤᠴᠠᠭ᠎ᠠ᠂ ᠡᠭᠦᠷᠭᠡ ᠶᠢᠨ ᠱᠠᠭᠠᠷᠳᠠᠯᠭ᠎ᠠ ᠶᠣᠰᠣᠭᠠᠷ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠵᠦ᠂ ᠰᠢᠶᠠᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠶᠠᠮᠤᠨ ᠲᠠᠢ ᠲᠦᠷᠭᠡᠨ ᠪᠥᠭᠡᠳ ᠥᠨᠳᠥᠷ ᠪᠦᠲᠦᠮᠵᠢᠲᠡᠢ ᠵᠣᠬᠢᠴᠠᠭᠤᠯᠤᠨ ᠨᠡᠪᠲᠡᠷᠡᠯᠴᠡᠬᠦ ᠲᠣᠭᠲᠠᠴᠠ ᠶᠢ ᠪᠦᠷᠢᠯᠳᠦᠭᠦᠯᠵᠦ᠂ ᠬᠤᠯᠢᠮᠠᠭ ᠥᠮᠴᠢᠯᠡᠯ ᠤᠨ ᠪᠤᠰᠤ ᠠᠵᠤ ᠠᠬᠤᠶᠢᠯᠠᠯ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠪᠣᠯᠣᠨ ᠰᠢᠨ᠎ᠡ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠰᠢᠨ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠢᠨ᠎ᠡ ᠠᠵᠢᠯ ᠣᠯᠭᠤᠯᠲᠠ ᠶᠢᠨ ᠬᠠᠮᠲᠤᠯᠢᠭ ᠤᠨ ︽ᠬᠤᠶᠠᠷ ᠠᠵᠤ ᠠᠬᠤᠶᠢᠯᠠᠯ ᠭᠤᠷᠪᠠᠨ ᠰᠢᠨ᠎ᠡ︾ ᠶᠢᠨ ᠡᠯ᠎ᠡ ᠵᠦᠢᠯ ᠤᠨ ᠠᠵᠢᠯ ᠢ ᠭᠦᠢᠴᠡᠳ ᠰᠠᠶᠢᠲᠤᠷ ᠬᠢᠵᠦ᠂ ︽ᠵᠢᠷᠭᠤᠭᠠᠨ ᠰᠢᠨ᠎ᠡ ᠦᠴᠦᠸᠠᠨ︾ ᠤ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠬᠦ ᠳᠤ ᠪᠠᠲᠤᠯᠠᠭ᠎ᠠ ᠪᠠ ᠳᠡᠮᠵᠢᠯᠭᠡ ᠬᠠᠩᠭᠠᠬᠤ ᠬᠡᠷᠡᠭᠲᠡᠢ᠃      ᠰᠢᠶᠠᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠤᠨ ᠪᠦᠬᠦ ᠺᠠᠳ᠋ᠷ᠂ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠣᠯᠣᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ᠂ ᠬᠤᠶᠠᠷ ᠰᠢᠨ᠎ᠡ ᠠᠵᠢᠯ ᠤᠨ ᠬᠤᠷᠢᠶᠠᠨ ᠤ ᠪᠦᠷᠢᠯᠳᠦᠭᠦᠨ᠂ ᠠᠵᠢᠯ ᠲᠦᠷᠦᠯ ᠤᠨ ᠨᠠᠮ ᠤᠨ ᠡᠭᠦᠷ ᠤᠨ ᠱᠦᠵᠢ ᠵᠢᠴᠢ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠪᠣᠯᠣᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠢᠷᠡᠯᠲᠡ᠄ ᠦᠴᠦᠸᠠᠨ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号