ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠮᠠᠨ ᠤ ᠣᠷᠣᠨ ᠰᠢᠨ᠎ᠡ ᠪᠠᠷ ᠵᠠᠰᠠᠪᠤᠷᠢ ᠣᠷᠣᠭᠤᠯᠤᠭᠰᠠᠨ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠠᠯᠳᠠᠯᠲᠠ ᠶᠢᠨ ᠳᠠᠭᠠᠳᠬᠠᠯ ᠤᠨ ᠬᠡᠷᠡᠭᠵᠢᠭᠦᠯᠬᠦ | ᠠᠷᠭ᠎ᠠ︾ ᠶᠢ 2024 ᠣᠨ ᠤ 8 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠬᠦ ᠪᠠᠷ ᠪᠣᠯᠪᠠ᠃ | ᠣᠶᠢᠯᠠᠭᠠᠭᠰᠠᠨ ᠢᠶᠠᠷ᠂ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠵᠢᠯ ᠠᠯᠳᠠᠯᠲᠠ ᠶᠢᠨ ᠳᠠᠭᠠᠳᠬᠠᠯ ᠤᠨ ᠬᠡᠷᠡᠭᠵᠢᠭᠦᠯᠬᠦ ᠠᠷᠭ᠎ᠠ︾ ᠨᠢ ᠨᠡᠶᠢᠲᠡ 13 ᠵᠤᠷᠪᠤᠰ | ᠲᠠᠢ ᠪᠠᠶᠢᠵᠤ᠂ ᠭᠤᠣᠯᠳᠠᠭᠤ ᠭᠤᠷᠪᠠᠨ ᠲᠠᠯ᠎ᠠ ᠶᠢᠨ ᠬᠤᠪᠢᠷᠠᠯᠲᠠ ᠲᠠᠢ᠃ | ᠨᠢᠭᠡ ᠳᠤ ᠠᠵᠢᠯ ᠠᠯᠳᠠᠯᠲᠠ ᠶᠢᠨ ᠳᠠᠭᠠᠳᠬᠠᠯ ᠳᠤ ᠣᠷᠤᠯᠴᠠᠬᠤ ᠬᠡᠪᠴᠢᠶ᠎ᠡ ᠶᠢ ᠥᠷᠭᠡᠳᠬᠡᠵᠡᠢ᠃ ᠬᠤᠲᠠ | ᠪᠠᠯᠭᠠᠰᠤᠨ ᠤ ᠠᠵᠤ ᠠᠬᠤᠶᠢᠯᠠᠯ ᠢ ᠠᠵᠤ ᠠᠬᠤᠶᠢᠯᠠᠯ ᠪᠣᠯᠭᠠᠨ ᠥᠷᠭᠡᠳᠬᠡᠵᠦ᠂ ᠬᠠᠤᠯᠢ ᠶᠣᠰᠣᠭᠠᠷ | ᠳᠠᠩᠰᠠᠯᠠᠭᠤᠯᠬᠤ ᠶᠢ ᠭᠦᠢᠴᠡᠳᠬᠡᠭᠰᠡᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠢᠴᠢ ᠠᠵᠢᠯᠲᠠᠨ ᠠᠵᠢᠯᠴᠢᠨ᠂ | ᠬᠥᠯᠥᠰᠦᠨ ᠠᠵᠢᠯᠴᠢᠨ ᠲᠠᠢ ᠬᠤᠪᠢ ᠶᠢᠨ ᠠᠵᠤ ᠦᠢᠯᠡᠳᠪᠦᠷᠢ ᠬᠤᠳᠠᠯᠳᠤᠭ᠎ᠠ ᠶᠢᠨ ᠡᠷᠦᠭᠡ ᠵᠢᠴᠢ ᠬᠥᠯᠥᠰᠦᠨ | ᠠᠵᠢᠯᠴᠢᠨ ᠢ ᠪᠦᠭᠦᠨ ᠢ ᠳᠠᠭᠠᠳᠬᠠᠯ ᠳᠤ ᠣᠷᠤᠯᠴᠠᠬᠤ ᠬᠡᠪᠴᠢᠶᠡᠨ ᠳᠤ ᠣᠷᠣᠭᠤᠯᠪᠠ᠃ | ᠬᠤᠶᠠᠷ ᠲᠤ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦᠨ ᠤ ᠪᠠᠷᠢᠮᠵᠢᠶ᠎ᠠ ᠶᠢ ᠳᠡᠭᠡᠭᠰᠢᠯᠡᠭᠦᠯᠵᠡᠢ᠃ | ᠤᠯᠤᠰ ᠤᠨ ᠲᠣᠭᠲᠠᠭᠠᠭᠰᠠᠨ ᠬᠡᠪᠴᠢᠶᠡᠨ ᠳᠣᠲᠣᠷ᠎ᠠ᠂ ᠮᠠᠨ ᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ | ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦᠨ ᠤ ᠪᠠᠷᠢᠮᠵᠢᠶ᠎ᠠ ᠶᠢ 5% ᠪᠠᠷ ᠳᠡᠭᠡᠭᠰᠢᠯᠡᠭᠦᠯᠭᠦ ᠶᠢᠨ ᠬᠠᠮᠲᠤ | ᠨᠠᠰᠤ ᠠᠬᠢᠭᠰᠠᠨ ᠠᠵᠢᠯ ᠠᠯᠳᠠᠭᠰᠠᠳ ᠪᠣᠯᠣᠨ ᠡᠷ᠎ᠡ ᠡᠮ᠎ᠡ ᠬᠤᠶᠠᠭᠤᠯᠠ ᠪᠠᠨ ᠵᠡᠷᠭᠡᠪᠡᠷ ᠠᠵᠢᠯ ᠠᠯᠳᠠᠭᠰᠠᠨ ᠵᠡᠷᠭᠡ | ᠣᠨᠴᠠᠭᠠᠢ ᠬᠦᠴᠢᠷᠳᠡᠯ ᠢ ᠪᠣᠳᠣᠯᠬᠢᠯᠠᠵᠤ ᠳᠡᠭᠡᠷ᠎ᠡ ᠳᠤᠷᠠᠳᠤᠭᠰᠠᠨ ᠰᠠᠭᠤᠷᠢᠨ ᠳᠡᠭᠡᠷ᠎ᠡ ᠪᠠᠰᠠ 3% ᠪᠠᠷ | ᠨᠡᠮᠡᠭᠳᠡᠭᠦᠯᠪᠡ᠃ | ᠭᠤᠷᠪᠠ ᠳᠤ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦᠨ ᠤ ᠬᠠᠮᠢᠶᠠᠷᠤᠯᠲᠠ ᠶᠢ | ᠴᠢᠩᠭᠠᠳᠬᠠᠵᠠᠢ᠃ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦᠨ ᠤ ᠵᠠᠷᠤᠯᠭ᠎ᠠ ᠶᠢᠨ ᠲᠥᠷᠥᠯ ᠵᠦᠢᠯ ᠢ | ᠵᠢᠷᠤᠮᠵᠢᠭᠤᠯᠵᠤ᠂ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦᠨ ᠳᠤ ᠥᠪᠡᠷᠲᠡᠭᠡᠨ ᠵᠠᠰᠠᠬᠤ ᠣᠷᠣᠨ | ᠠᠴᠠ ᠨᠢᠭᠡᠳᠦᠯᠲᠡᠢ ᠲᠥᠯᠥᠪᠵᠢᠭᠦᠯᠬᠦ ᠶᠢ ᠲᠣᠳᠣᠷᠬᠠᠶᠢᠯᠠᠵᠤ᠂ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ | ᠠᠪᠴᠤ ᠪᠠᠶᠢᠭ᠎ᠠ ᠬᠥᠮᠥᠰ ᠤᠨ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ | (ᠦᠷᠡᠵᠢᠯ ᠤᠨ ᠳᠠᠭᠠᠳᠬᠠᠯ ᠪᠠᠭᠲᠠᠨ᠎ᠠ) ᠤᠨ ᠵᠠᠷᠤᠳᠠᠯ ᠢ ᠣᠷᠣᠯᠠᠨ ᠲᠤᠰᠢᠶᠠᠬᠤ ᠶᠢᠨ ᠲᠥᠯᠥᠭᠡ ᠬᠤᠪᠢ ᠬᠥᠮᠥᠨ | ᠦᠨᠳᠦᠰᠦᠨ ᠡᠮ ᠡᠮᠨᠡᠯᠭᠡ ᠶᠢᠨ ᠳᠠᠭᠠᠳᠬᠠᠯ (ᠦᠷᠡᠵᠢᠯ ᠤᠨ ᠳᠠᠭᠠᠳᠬᠠᠯ ᠪᠠᠭᠲᠠᠨ᠎ᠠ) ᠤᠨ ᠵᠠᠷᠤᠳᠠᠯ ᠢ ᠲᠤᠰᠢᠶᠠᠬᠤ | ᠦᠭᠡᠢ ᠭᠡᠵᠦ ᠲᠣᠳᠣᠷᠬᠠᠶᠢᠯᠠᠭᠰᠠᠨ ᠪᠠᠶᠢᠨ᠎ᠠ᠃ | | | |