ᠬᠠᠤᠯᠢ ᠶᠢ ᠴᠡᠷᠢᠭ ᠤᠨ ᠬᠤᠸᠠᠷᠠᠨ ᠳᠤ ᠬᠦᠷᠭᠡᠵᠦ᠂  ᠬᠠᠤᠯᠢᠵᠢᠯ ᠤᠨ ᠠᠭᠤᠷ ᠠᠮᠢᠰᠬᠤᠯ ᠢ ᠬᠠᠮᠲᠤ ᠪᠠᠷ ᠪᠤᠢ ᠪᠣᠯᠭᠠᠶ᠎ᠠ
ᠨᠡᠶᠢᠲᠡᠯᠡᠭᠰᠡᠨ ᠴᠠᠭ᠄
2024/7/5
     ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠠᠶᠢᠨ ᠳᠤᠷ᠎ᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠬᠤ ᠶᠢᠨ ᠲᠥᠯᠥᠭᠡ᠂ 7 ᠰᠠᠷ᠎ᠠ ᠶᠢᠨ 4 ᠤ ᠡᠳᠦᠷ᠂ ᠦᠴᠦᠸᠠᠨ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠦᠴᠦᠸᠠᠨ ᠰᠢᠶᠠᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠲᠠᠢ ᠬᠠᠮᠲᠤᠷᠠᠨ ᠦᠴᠦᠸᠠᠨ ᠰᠢᠶᠠᠨ ᠤ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ ᠳᠤ ᠣᠷᠣᠵᠤ᠂ ︽ᠬᠠᠤᠯᠢ ᠶᠢ ᠴᠡᠷᠢᠭ ᠤᠨ ᠬᠤᠸᠠᠷᠠᠨ ᠳᠤ ᠬᠦᠷᠭᠡᠵᠦ ᠬᠠᠤᠯᠢᠵᠢᠯ ᠤᠨ ᠠᠭᠤᠷ ᠠᠮᠢᠰᠬᠤᠯ ᠢ ᠬᠠᠮᠲᠤ ᠪᠠᠷ ᠪᠣᠢ ᠪᠣᠯᠭᠠᠬᠤ︾ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠶᠢᠨ ᠳᠤᠮᠳᠠ᠂ ᠦᠴᠦᠸᠠᠨ ᠰᠢᠶᠠᠨ ᠤ ᠬᠠᠤᠯᠢ ᠴᠠᠭᠠᠵᠠ ᠶᠢᠨ ᠲᠣᠪᠴᠢᠶᠠᠨ ᠤ ᠬᠠᠤᠯᠢᠴᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢ︾ ︽ᠴᠡᠷᠢᠭ ᠬᠥᠮᠥᠨ ᠴᠡᠷᠢᠭ ᠤᠨ ᠭᠡᠷ ᠪᠦᠯᠢ ᠶᠢᠨ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠬᠡᠷᠡᠭᠵᠢᠭᠦᠯᠬᠦ ᠠᠷᠭ᠎ᠠ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠢ ᠪᠠᠲᠤᠯᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠡᠷᠢᠭ ᠤᠨ ᠬᠥᠮᠥᠨ ᠤ ᠪᠠᠶᠢᠷᠢ ᠰᠠᠭᠤᠷᠢ ᠪᠠ ᠡᠷᠬᠡ ᠠᠰᠢᠭ ᠢ ᠪᠠᠲᠤᠯᠠᠬᠤ ᠬᠠᠤᠯᠢ︾ ᠵᠢᠴᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠤᠨ ᠬᠠᠮᠢᠶ᠎ᠠ ᠪᠦᠬᠦᠢ ᠠᠭᠤᠯᠭ᠎ᠠ ᠶᠢᠨ ᠲᠤᠬᠠᠢ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠤᠮᠵᠢ ᠬᠢᠭᠰᠡᠨ ᠪᠥᠭᠡᠳ ᠣᠯᠠᠨ ᠤ ᠨᠡᠶᠢᠳᠡᠮ ᠠᠩᠬᠠᠷᠴᠤ ᠪᠠᠶᠢᠭ᠎ᠠ ᠤᠷᠤᠭ ᠤᠨ ᠬᠠᠮᠠᠭᠠᠯᠠᠯᠲᠠ᠂ ᠴᠡᠷᠢᠭ ᠤᠨ ᠬᠥᠮᠥᠨ ᠤ ᠡᠷᠬᠡ ᠠᠰᠢᠭ ᠢ ᠬᠠᠮᠠᠭᠠᠯᠠᠬᠤ᠂ ᠨᠠᠶᠢᠳᠠᠬᠤ᠂ ᠵᠠᠯᠭᠠᠮᠵᠢᠯᠠᠬᠤ ᠵᠢᠴᠢ ᠬᠡᠯᠡᠯᠴᠡᠭᠡᠷ ᠤᠨ ᠲᠥᠷᠥᠯ ᠤᠨ ᠠᠯᠪᠠᠨ ᠭᠡᠷᠡᠴᠢᠯᠡᠭᠡ ᠵᠡᠷᠭᠡ ᠬᠠᠯᠠᠭᠤᠨ ᠴᠡᠭ ᠤᠨ ᠠᠰᠠᠭᠤᠳᠠᠯ ᠤᠨ ᠲᠣᠭᠤᠷᠢᠨ ᠳᠤ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠨᠢᠭᠡ ᠤᠳᠠᠭᠠᠨ ᠤ ᠭᠤᠶᠢᠳᠠ ᠰᠠᠶᠢᠬᠠᠨ ᠲᠤᠰᠬᠠᠢ ᠰᠡᠳᠦᠪᠲᠦ ᠬᠠᠤᠯᠢ ᠴᠠᠭᠠᠵᠠ ᠶᠢᠨ ᠲᠠᠶᠢᠯᠤᠮᠵᠢ ᠬᠢᠬᠦ ᠶᠢᠨ ᠬᠠᠮᠲᠤ ᠳᠠᠷᠤᠭ᠎ᠠ ᠪᠠᠶᠢᠯᠳᠤᠭᠴᠢᠳ ᠤᠨ ᠠᠩᠬᠠᠷᠴᠤ ᠪᠠᠶᠢᠭ᠎ᠠ ︽ᠴᠡᠷᠢᠭ ᠠᠴᠠ ᠬᠠᠯᠠᠭᠳᠠᠭᠰᠠᠳ ᠢ ᠲᠥᠪᠬᠢᠨᠡᠭᠦᠯᠬᠦ︾᠂ ᠬᠠᠷᠠᠭᠠᠯᠵᠠᠯ ᠠᠰᠠᠷᠠᠮᠵᠢ ᠵᠡᠷᠭᠡ ᠲᠠᠯ᠎ᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠨᠠᠷᠢᠨ ᠲᠣᠳᠣᠷᠬᠠᠢ ᠬᠠᠷᠢᠭᠤᠯᠲᠠ ᠥᠭᠪᠡ᠃      ᠲᠣᠰ ᠤᠳᠠᠭᠠᠨ ᠤ ᠠᠵᠢᠯᠯᠠᠭ᠎ᠠ ᠨᠢ ᠣᠯᠠᠨ ᠳᠤ ᠮᠠᠰᠢ ᠶᠡᠭᠡ ᠠᠰᠢᠭ ᠬᠦᠷᠲᠡᠭᠡᠪᠡ᠂ ᠲᠠᠷᠠᠭᠠᠴᠢ ᠶᠢᠨ ᠠᠯᠬᠤᠮ ᠳᠤ᠂ ᠦᠴᠦᠸᠠᠨ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠴᠡᠷᠢᠭ ᠤᠨ ᠬᠤᠸᠠᠷᠠᠨ ᠯᠤᠭ᠎ᠠ ᠶᠢᠨ ᠪᠠᠶᠢᠩᠭᠤᠵᠢᠭᠰᠠᠨ ᠰᠣᠯᠢᠯᠴᠠᠭ᠎ᠠ ᠬᠠᠮᠵᠢᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠡᠯ᠎ᠡ ᠰᠠᠯᠠᠭ᠎ᠠ ᠮᠥᠴᠢᠷ ᠲᠠᠢ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠠᠷᠭ᠎ᠠ ᠬᠡᠯᠪᠡᠷᠢ ᠶᠢᠨ ᠲᠠᠯ᠎ᠠ ᠪᠠᠷ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠠᠶᠢᠨ ᠳᠤᠷ᠎ᠠ ᠶᠢᠨ ᠠᠵᠢᠯ ᠢ ᠴᠢᠩᠭᠠᠳᠬᠠᠵᠤ᠂ ᠴᠡᠷᠢᠭ ᠤᠨ ᠬᠥᠮᠥᠨ ᠤ ᠪᠦᠯᠬᠦᠮ ᠢ ᠬᠠᠯᠠᠮᠵᠢᠯᠠᠨ ᠬᠠᠶᠢᠷᠠᠯᠠᠬᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠰᠠᠶᠢᠨ ᠰᠠᠶᠢᠬᠠᠨ ᠬᠠᠤᠯᠢᠵᠢᠯ ᠤᠨ ᠠᠭᠤᠷ ᠠᠮᠢᠰᠬᠤᠯ ᠢ ᠪᠣᠶ ᠪᠣᠯᠭᠠᠨ᠎ᠠ᠃  ︵ᠰᠣᠷᠪᠤᠯᠵᠢᠯᠠᠬᠴᠢ ᠯᠢᠦᠢ ᠫᠢᠩ ᠫᠢᠩ  ᠵᠠᠩ ᠵᠠᠨ ᠹᠧᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号