ᠦᠴᠦᠸᠠᠨ ᠰᠢᠶᠠᠨ ᠤ ᠴᠠᠭ ᠠᠭᠤᠷ ᠤᠨ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠬᠦ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/5
     ᠵᠤᠨ ᠣᠷᠣᠭᠰᠠᠨ ᠠᠴᠠ ᠨᠠᠰᠢ᠂ ᠠᠭᠤᠷ ᠠᠮᠢᠰᠬᠤᠯ ᠪᠤᠳᠤᠯᠢᠶᠠᠨᠲᠠᠢ ᠬᠤᠪᠢᠷᠠᠯᠲᠠ ᠶᠡᠬᠡᠲᠡᠢ᠂ ᠭᠠᠩ ᠬᠠᠭᠰᠠᠷᠠᠭᠠᠨ ᠪᠣᠯᠣᠨ ᠰᠢᠷᠦᠭᠦᠨ ᠪᠣᠷᠣᠭᠠᠨ ᠵᠡᠷᠭᠡᠪᠡᠷ ᠣᠷᠣᠰᠢᠵᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠡᠭᠦᠷᠭᠡ ᠬᠠᠲᠠᠭᠤ ᠪᠡᠷᠬᠡ ᠨᠠᠷᠢᠨ ᠪᠤᠳᠤᠯᠢᠶᠠᠨᠲᠠᠢ ᠪᠠᠶᠢᠵᠤ᠂ ᠪᠦᠬᠦ ᠰᠢᠶᠠᠨ ᠤ ᠦᠶᠡᠷ ᠢ ᠰᠡᠷᠭᠡᠶᠢᠯᠡᠬᠦ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠶᠢᠨ ᠲᠥᠯᠥᠭᠡ᠂ 7 ᠰᠠᠷ᠎ᠠ ᠶᠢᠨ 3 ᠤ ᠡᠳᠦᠷ᠂ ᠦᠴᠦᠸᠠᠨ ᠰᠢᠶᠠᠨ ᠤ ᠴᠠᠭ ᠠᠭᠤᠷ ᠤᠨ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠬᠦ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ᠂ ᠰᠢᠶᠠᠩ᠂ ᠲᠣᠰᠬᠤᠨ ᠲᠠᠪᠤᠨ ᠱᠠᠲᠤ ᠵᠢᠴᠢ ᠪᠠᠴᠢᠮ ᠪᠠᠶᠢᠳᠠᠯ ᠢ ᠠᠷᠭᠠᠴᠠᠭᠠᠬᠤ᠂ ᠴᠠᠭ ᠠᠭᠤᠷ᠂ ᠤᠰᠤᠨ ᠤ ᠶᠠᠪᠤᠳᠠᠯ ᠭᠤᠷᠪᠠᠨ ᠰᠠᠯᠠᠭ᠎ᠠ ᠮᠥᠴᠢᠷ ᠬᠤᠯᠪᠤᠭᠠᠯᠠᠨ ᠬᠥᠳᠡᠯᠦᠯᠴᠡᠵᠦ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠲᠤᠰᠬᠠᠢ ᠮᠡᠷᠭᠡᠵᠢᠯ ᠤᠨ ᠮᠡᠳᠡᠯᠭᠡ ᠶᠢᠨ ᠪᠣᠯᠪᠠᠰᠤᠷᠠᠯ ᠬᠢᠵᠣ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠤᠨ ᠲᠤᠷᠰᠢᠯᠭ᠎ᠠ ᠪᠠᠨ ᠰᠣᠯᠢᠯᠴᠠᠪᠠ᠃     ᠬᠤᠷᠠᠯ ᠠᠴᠠ ᠮᠠᠨ ᠤ ᠰᠢᠶᠠᠨ ᠤ ᠣᠳᠣᠬᠠᠨ ᠤ ᠴᠠᠭ ᠠᠭᠤᠷ ᠤᠨ ᠪᠠᠶᠢᠳᠠᠯ ᠵᠢᠴᠢ ᠦᠶᠡᠷ ᠢ ᠰᠡᠷᠭᠡᠶᠢᠯᠡᠬᠦ ᠬᠠᠨᠳᠤᠰᠢ ᠶᠢ ᠮᠡᠳᠡᠭᠳᠡᠭᠰᠡᠨ ᠪᠥᠭᠡᠳ ᠡᠨᠡ ᠵᠢᠯ ᠤᠨ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠨᠢᠭᠡ ᠳᠤ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠴᠢᠩᠭ᠎ᠠ ᠠᠳᠬᠤᠵᠤ᠂ ᠨᠠᠮ ᠵᠠᠰᠠᠭ ᠤᠨ ᠭᠤᠣᠯ ᠤᠳᠤᠷᠢᠳᠤᠯᠭ᠎ᠠ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠣᠯᠣᠨ ᠪᠠᠭ ᠤᠨ ᠪᠦᠷᠢᠯᠳᠦᠭᠦᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠤᠳᠤᠷᠢᠳᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ᠃ ᠬᠤᠶᠠᠷ ᠲᠤ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠢᠯᠤᠭᠤᠳᠬᠤ ᠭᠠᠵᠠᠷ ᠤᠨ ᠠᠯᠪᠠᠨ ᠭᠡᠷ ᠨᠢ ᠡᠯ᠎ᠡ ᠰᠠᠯᠠᠭ᠎ᠠ ᠮᠥᠴᠢᠷ ᠤᠨ ᠣᠯᠠᠨ ᠤ ᠤᠬᠠᠭᠠᠨ ᠬᠠᠮᠲᠤ ᠶᠢᠨ ᠰᠡᠷᠭᠡᠶᠢᠯᠡᠯᠲᠡ ᠶᠢᠨ ᠦᠢᠯᠡᠳᠦᠯ ᠢ ᠪᠠᠳᠠᠷᠠᠭᠤᠯᠵᠤ᠂ ᠮᠡᠳᠡᠭᠡ ᠵᠠᠩᠭᠢ ᠶᠢ ᠡᠮᠬᠢᠯᠡᠨ ᠨᠡᠶᠢᠯᠡᠭᠦᠯᠵᠦ ᠰᠢᠢᠳᠪᠦᠷᠢᠯᠡᠬᠦ ᠪᠠ ᠵᠠᠳᠠᠯᠤᠨ ᠰᠤᠳᠤᠯᠵᠤ ᠮᠠᠭᠠᠳᠯᠠᠬᠤ ᠶᠢ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠲᠥᠰᠥᠭᠡᠯᠡᠬᠦ ᠬᠡᠷᠡᠭᠲᠡᠢ᠃ ᠡᠭᠦᠨ ᠤ ᠬᠠᠮᠲᠤ᠂ ᠣᠬᠤᠷ ᠮᠡᠳᠡᠭᠡ᠂ ᠸᠢᠴᠠᠲ ᠵᠡᠷᠭᠡ ᠠᠷᠭ᠎ᠠ ᠮᠠᠶ᠋ᠢᠭ ᠢ ᠭᠦᠢᠴᠡᠳ ᠠᠰᠢᠭᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠬᠦᠷᠭᠡᠨ ᠥᠭᠴᠦ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠲᠡᠷᠡ ᠳᠠᠷᠤᠢ ᠳᠤᠨᠢ ᠬᠥᠮᠥᠨ ᠳᠤ ᠳᠠᠮᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠭᠤᠷᠪᠠ ᠳᠤ ᠦᠶᠡᠷ ᠤᠰᠤᠳᠤᠯ ᠤᠨ ᠭᠠᠮᠰᠢᠭ ᠢ ᠰᠡᠷᠭᠡᠶᠢᠯᠡᠬᠦ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠭᠤᠣᠯ ᠮᠥᠷᠡᠨ ᠢ ᠲᠣᠭᠤᠷᠢᠨ ᠴᠠᠭᠳᠠᠬᠤ᠂ ᠠᠭᠤᠯᠠ ᠶᠢ ᠲᠣᠭᠤᠷᠢᠨ ᠪᠠᠶᠢᠴᠠᠭᠠᠬᠤ᠂ ᠬᠥᠮᠥᠷᠭᠡ ᠶᠢ ᠲᠣᠭᠤᠷᠢᠨ ᠪᠠᠶᠢᠴᠠᠭᠠᠬᠤ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠬᠦ ᠬᠡᠷᠡᠭᠲᠡᠢ᠃ ᠠᠭᠤᠯᠠᠨ ᠦᠶᠡᠷ ᠤᠨ ᠭᠠᠮᠰᠢᠭ ᠠᠮᠠᠷᠬᠠᠨ ᠡᠭᠦᠰᠬᠦ ᠴᠡᠭ᠂ ᠵᠢᠭᠤᠯᠴᠢᠯᠠᠯ ᠤᠨ ᠦᠵᠡᠮᠵᠢ ᠶᠢᠨ ᠣᠷᠣᠨ ᠵᠡᠷᠭᠡ ᠠᠶᠤᠯ ᠲᠦᠭᠰᠢᠭᠦᠷᠢ ᠶᠡᠬᠡᠲᠡᠢ ᠣᠷᠣᠨ ᠪᠦᠰᠡ ᠪᠠᠷ ᠭᠤᠣᠯᠳᠠᠯᠭ᠎ᠠ ᠪᠣᠯᠭᠠᠵᠤ᠂ ᠭᠤᠣᠯ ᠤᠨ ᠬᠠᠰᠢᠯᠭ᠎ᠠ ᠶᠢ ᠲᠣᠭᠤᠷᠢᠨ ᠪᠠᠶᠢᠴᠠᠭᠠᠵᠤ ᠵᠠᠪᠳᠤᠨ ᠬᠠᠮᠠᠭᠠᠯᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠦᠶᠡᠷ ᠤᠨ ᠵᠠᠮ ᠤᠨ ᠰᠠᠭᠠᠳ ᠢ ᠠᠷᠢᠯᠭᠠᠵᠤ᠂ ᠤᠰᠤᠨ ᠴᠥᠭᠦᠷᠥᠮ ᠤᠨ ᠦᠶᠡᠷ ᠤᠨ ᠬᠢᠵᠠᠭᠠᠷ ᠤᠰᠤᠨ ᠲᠦᠪᠰᠢᠨ ᠠᠴᠠ ᠬᠡᠲᠦᠷᠡᠭᠦᠯᠦᠨ ᠠᠵᠢᠯᠯᠠᠬᠤ ᠠᠴᠠ ᠵᠠᠶᠢᠯᠠᠰᠬᠢᠬᠦ ᠶᠢᠨ ᠬᠠᠮᠲᠤ ᠲᠤᠰᠬᠠᠢ ᠬᠥᠮᠥᠨ ᠢᠶᠠᠷ ᠠᠩᠬᠠᠷᠤᠭᠤᠯᠤᠨ ᠰᠡᠷᠭᠡᠶᠢᠯᠡᠵᠦ᠂ ᠪᠦᠬᠦᠯᠢ ᠡᠳᠦᠷ ᠢᠶᠠᠷ ᠲᠠᠰᠤᠷᠠᠯᠳᠠ ᠦᠭᠡᠢ ᠲᠣᠭᠤᠷᠢᠨ ᠪᠠᠶᠢᠴᠠᠭᠠᠵᠤ ᠬᠢᠨᠠᠨ ᠡᠵᠡᠮᠳᠡᠵᠦ᠂ ᠭᠤᠣᠯᠳᠠᠯᠭ᠎ᠠ ᠲᠠᠢ ᠭᠤᠣᠯ ᠤᠨ ᠬᠡᠰᠡᠭ᠂ ᠭᠤᠤ ᠵᠠᠮ ᠦᠶᠡᠷ ᠤᠨ ᠵᠠᠮ ᠤᠨ ᠰᠠᠭᠠᠳ ᠦᠭᠡᠢ ᠨᠡᠪᠲᠡᠷᠡᠬᠦ ᠶᠢ ᠦᠨᠡᠨᠬᠦ ᠪᠠᠲᠤᠯᠠᠬᠤ ᠬᠡᠷᠡᠭᠲᠡᠢ᠃ ︵ᠰᠤᠷᠪᠤᠯᠵᠢᠯᠠᠭᠴᠢ᠄ ᠯᠢᠦ ᠪᠠᠢ ᠢᠦᠢ  ᠶᠠᠩ ᠵᠢᠶᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号