ᠶᠠᠩ ᠰᠢᠩ ᠱᠧᠩ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ ︽ᠲᠠᠪᠤᠨ ᠶᠡᠭᠡ ᠡᠭᠦᠷᠭᠡ︾ ᠶᠢᠨ ᠠᠵᠢᠯ ᠢ ᠲᠣᠬᠢᠷᠠᠭᠤᠯᠤᠨ ᠠᠬᠢᠭᠤᠯᠪᠠ
ᠨᠡᠶᠢᠲᠡᠯᠡᠭᠰᠡᠨ ᠴᠠᠭ᠄
2024/7/8
     7 ᠰᠠᠷ᠎ᠠ ᠶᠢᠨ 5 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠠᠩ ᠰᠢᠩ ᠱᠧᠩ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ ︽ᠲᠠᠪᠤᠨ ᠶᠡᠭᠡ ᠡᠭᠦᠷᠭᠡ︾ ᠶᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠤᠭᠰᠠᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠢ ᠰᠠᠶᠢᠲᠤᠷ ᠬᠢᠬᠦ ᠲᠤᠬᠠᠢ ᠱᠠᠭᠠᠷᠳᠠᠯᠭ᠎ᠠ ᠳᠤᠷᠠᠳᠪᠠ᠃      ᠬᠤᠷᠠᠯ ᠠᠴᠠ᠂ ︽ᠲᠠᠪᠤᠨ ᠶᠡᠭᠡ ᠡᠭᠦᠷᠭᠡ︾ ᠪᠣᠯ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠤᠨ ᠬᠥᠭᠵᠢᠯᠲᠡ ᠶᠢᠨ ᠪᠦᠬᠦ ᠲᠠᠯ᠎ᠠ ᠠᠴᠠ ᠡᠭᠦᠰᠦᠨ ᠥᠪᠥᠷ ᠮᠣᠩᠭᠤᠯ ᠳᠤ ᠣᠯᠭᠤᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠬᠤᠲᠠ ᠶᠢᠨ ᠨᠠᠮ ᠤᠨ ᠬᠤᠷᠢᠶ᠎ᠠ ᠢᠮᠠᠭᠲᠠ ︽ᠲᠠᠪᠤᠨ ᠶᠡᠭᠡ ᠡᠭᠦᠷᠭᠡ︾ ᠶᠢ ᠨᠠᠷᠢᠨ ᠨᠢᠮᠪᠠᠢ ᠴᠢᠬᠤᠯᠠᠴᠢᠯᠠᠨ ᠪᠠᠶᠢᠷᠢᠯᠠᠭᠤᠯᠳᠠᠭ᠃ ︽ᠲᠠᠪᠤᠨ ᠶᠡᠭᠡ ᠡᠭᠦᠷᠭᠡ︾ ᠶᠢ ᠭᠦᠨᠵᠡᠭᠡᠢ ᠠᠬᠢᠭᠤᠯᠵᠤ ᠪᠣᠳᠠᠲᠠᠶᠢᠵᠢᠭᠤᠯᠬᠤ ᠪᠣᠯ ᠪᠦᠬᠦ ᠰᠢᠶᠠᠨ ᠤ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠤᠨ ᠡᠷᠬᠡᠪᠰᠢ ᠡᠷᠡᠰ ᠰᠠᠶᠢᠲᠤᠷ ᠪᠡᠶᠡᠯᠡᠭᠦᠯᠬᠦ ᠤᠯᠤᠰ ᠲᠦᠷᠦ ᠶᠢᠨ ᠡᠭᠦᠷᠭᠡ ᠮᠥᠨ᠃ ᠪᠦᠬᠦ ᠰᠢᠶᠠᠨ ᠢᠶᠠᠷ ᠢᠶᠠᠨ ︽ᠲᠠᠪᠤᠨ ᠶᠡᠭᠡ ᠡᠭᠦᠷᠭᠡ︾ ᠶᠢ ᠰᠠᠶᠢᠲᠤᠷ ᠨᠠᠶᠢᠳᠠᠪᠤᠷᠢᠵᠢᠭᠤᠯᠬᠤ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠤᠯᠤᠰ ᠲᠦᠷᠦ ᠶᠢᠨ ᠲᠠᠯ᠎ᠠ ᠠᠴᠠ ᠦᠵᠡᠵᠦ᠂ ᠤᠯᠤᠰ ᠲᠦᠷᠦ ᠶᠢᠨ ᠲᠠᠯ᠎ᠠ ᠠᠴᠠ ᠰᠢᠢᠳᠪᠦᠷᠢᠯᠡᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠳᠠ ᠶᠢᠨ ᠨᠠᠮ ᠤᠨ ᠬᠤᠷᠢᠶᠠᠨ ᠤ ᠱᠠᠭᠠᠷᠳᠠᠯᠭ᠎ᠠ ᠳᠡᠭᠡᠷ᠎ᠡ ᠦᠨᠡᠨᠬᠦ ᠨᠢᠭᠡᠳᠬᠡᠵᠦ᠂ ᠨᠡᠩ ᠶᠡᠭᠡ ᠵᠢᠳᠬᠦᠯ ᠴᠢᠷᠮᠠᠶᠢᠯᠭ᠎ᠠ ᠭᠠᠷᠭᠠᠵᠤ᠂ ᠠᠮᠵᠢᠯᠲᠠ ᠪᠠᠨ ᠰᠢᠨᠡᠳᠬᠡᠵᠦ ᠶᠡᠭᠡ ᠲᠠᠯ᠎ᠠ ᠶᠢᠨ ᠤᠬᠠᠮᠰᠠᠷ ᠢ ᠢᠯᠡᠷᠡᠭᠦᠯᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠡᠯ᠎ᠡ ᠵᠦᠢᠯ ᠤᠨ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠲᠡᠭᠦᠯᠳᠡᠷᠵᠢᠭᠦᠯᠵᠦ᠂ ᠬᠥᠭᠵᠢᠯᠲᠡ ᠶᠢᠨ ᠰᠡᠳᠬᠢᠴᠡ ᠪᠠᠨ ᠲᠣᠳᠣᠷᠬᠠᠶᠢᠯᠠᠵᠤ᠂ ᠬᠠᠷᠠᠯᠲᠠ ᠡᠭᠦᠷᠭᠡ ᠪᠠᠨ ᠲᠣᠳᠣᠷᠬᠠᠶᠢᠯᠠᠵᠤ᠂ ᠡᠭᠦᠷᠭᠡ ᠶᠢᠨ ᠨᠠᠷᠢᠨ ᠳᠠᠩᠰᠠ ᠶᠢ ᠪᠠᠶᠢᠭᠤᠯᠬᠤ ᠬᠡᠷᠡᠭᠲᠡᠢ᠃ ᠲᠦᠷᠦᠭᠦᠯᠡᠨ ᠬᠢᠬᠦ ᠰᠢᠶᠠᠨ ᠤ ᠤᠳᠤᠷᠢᠳᠤᠯᠭ᠎ᠠ ᠬᠠᠷᠢᠭᠤᠴᠠᠯᠭ᠎ᠠ ᠡᠭᠦᠷᠭᠡᠯᠡᠵᠦ᠂ ᠲᠠᠩᠰᠠ ᠮᠡᠳᠡᠭᠦᠯᠵᠦ ᠲᠠᠩᠰᠠ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ᠰᠢᠷᠭᠠᠭᠤ ᠲᠣᠬᠢᠷᠠᠭᠤᠯᠤᠨ᠂ ᠠᠯᠬᠤᠮ ᠳᠠᠷᠠᠭ᠎ᠠ ᠲᠠᠢ ᠪᠠᠷ ᠠᠬᠢᠭᠤᠯᠵᠤ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠨᠠᠷᠢᠨ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ ᠲᠠᠢ ᠴᠢᠩᠭ᠎ᠠ ᠬᠠᠷᠭᠤᠭᠤᠯᠵᠤ᠂ ᠠᠵᠢᠯ ᠤᠨ ᠭᠤᠣᠯᠳᠠᠯᠭ᠎ᠠ ᠶᠢ ᠴᠢᠩᠭ᠎ᠠ ᠠᠩᠬᠠᠷᠴᠤ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢᠨ ᠲᠠᠯ᠎ᠠ ᠪᠠᠷ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠵᠤ᠂ ᠰᠡᠷᠭᠡᠶᠢᠯᠡᠬᠦ ᠪᠠᠷ ᠭᠤᠣᠯ ᠪᠣᠯᠭᠠᠬᠤ᠂ ᠡᠬᠢ ᠡᠭᠦᠰᠦᠯ ᠠᠴᠠ ᠨᠢ ᠵᠠᠰᠠᠬᠤ ᠶᠢ ᠪᠠᠷᠢᠮᠲᠠᠯᠠᠵᠤ᠂ ᠠᠮᠤᠷ ᠲᠦᠪᠰᠢᠨ ᠤ ᠬᠡᠮ ᠰᠣᠭᠤᠭ ᠢ ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠬᠡᠷᠡᠭᠲᠡᠢ᠃ ᠣᠳᠣᠬᠢ ᠱᠠᠲᠤ ᠦᠶ᠎ᠡ ᠪᠣᠯ ᠶᠠᠭ ᠦᠶᠡᠷ ᠤᠨ ᠬᠤᠭᠤᠴᠠᠭ᠎ᠠ ᠪᠣᠯᠣᠨ᠎ᠠ᠂ ᠦᠶᠡᠷ ᠢ ᠰᠡᠷᠭᠡᠶᠢᠯᠡᠬᠦ ᠠᠵᠢᠯ ᠢ ᠰᠠᠶᠢᠲᠤᠷ ᠠᠳᠬᠤᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠᠨ ᠴᠢᠩᠭᠠᠳᠬᠠᠵᠤ᠂ ᠴᠠᠭ ᠠᠭᠤᠷ ᠤᠨ ᠬᠤᠪᠢᠷᠠᠯᠲᠠ ᠪᠣᠯᠣᠨ ᠬᠥᠭᠵᠢᠯᠲᠡ ᠶᠢᠨ ᠬᠠᠨᠳᠤᠰᠢ ᠶᠢ ᠨᠢᠭᠲᠠ ᠠᠩᠬᠠᠷᠴᠤ᠂ ᠴᠠᠭ ᠠᠭᠤᠷ ᠤᠨ ᠰᠠᠯᠠᠭ᠎ᠠ ᠮᠥᠴᠢᠷ ᠤᠳ ᠲᠤᠶᠢᠯ ᠤᠨ ᠦᠵᠦᠭᠦᠷᠴᠢ ᠴᠢᠨᠠᠷᠲᠠᠢ᠂ ᠲᠣᠭᠲᠠᠪᠤᠷᠢ ᠦᠭᠡᠢ ᠴᠢᠨᠠᠷᠲᠠᠢ ᠴᠠᠭ ᠠᠭᠤᠷ ᠤᠨ ᠬᠤᠪᠢᠷᠠᠯᠲᠠ ᠶᠢ ᠤᠷᠢᠳᠴᠢᠯᠠᠨ ᠮᠡᠳᠡᠭᠡᠯᠡᠬᠦ ᠠᠵᠢᠯ ᠢ ᠰᠠᠶᠢᠲᠤᠷ ᠬᠢᠵᠦ᠂ ᠡᠷᠲᠡ ᠬᠢᠨᠠᠨ ᠬᠡᠮᠵᠢᠵᠦ᠂ ᠡᠷᠲᠡ ᠢᠯᠡᠷᠡᠭᠦᠯᠵᠦ᠂ ᠡᠷᠲᠡ ᠰᠡᠷᠡᠮᠵᠢᠯᠡᠭᠦᠯᠵᠦ᠂ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠲᠠᠯ᠎ᠠ ᠪᠠᠷ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠣᠨ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠤᠢ ᠰᠢᠭᠤᠢ ᠡᠪᠡᠰᠦ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ᠂ ᠲᠠᠷᠢᠶᠠᠯᠠᠩ ᠤᠨ ᠤᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ᠂ ᠡᠨᠧᠷᠭᠢ ᠠᠷᠪᠢᠯᠠᠵᠤ ᠤᠰᠤ ᠠᠷᠪᠢᠯᠠᠬᠤ ᠵᠡᠷᠭᠡ ᠡᠯ᠎ᠡ ᠵᠦᠢᠯ ᠤᠨ ᠠᠵᠢᠯ ᠢ ᠡᠮᠬᠢ ᠵᠢᠷᠤᠮ ᠲᠠᠢ ᠠᠬᠢᠭᠤᠯᠵᠤ᠂ ᠪᠦᠬᠦ ᠰᠢᠶᠠᠨ ᠤ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠤᠯᠠᠮ ᠴᠢᠨᠠᠭᠰᠢᠳᠠ ᠪᠠᠬᠢᠵᠢᠭᠦᠯᠬᠦ ᠬᠡᠷᠡᠭᠲᠡᠢ᠃ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠮᠠᠨ ᠤ ᠰᠢᠶᠠᠨ ᠤ ᠳᠠᠪᠠᠭᠤᠯᠢᠭ ᠡᠬᠢ ᠪᠠᠶᠠᠯᠢᠭ ᠤᠨ ᠬᠦᠴᠦᠯᠡᠬᠦ ᠴᠡᠭ ᠢ ᠣᠨᠣᠪᠴᠢᠲᠠᠶ ᠣᠯᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠰᠢᠨ᠎ᠡ ᠡᠨᠧᠷᠭᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠡᠷᠴᠢᠮ ᠢᠶᠠᠨ ᠴᠢᠩᠭᠠᠷᠠᠭᠤᠯᠤᠨ᠂ ᠡᠬᠢ ᠪᠠᠶᠠᠯᠢᠭ ᠤᠨ ᠳᠠᠪᠠᠭᠤᠯᠢᠭ ᠢᠶᠠᠨ ᠠᠯᠢ ᠲᠦᠷᠭᠡᠨ ᠢᠶᠠᠷ ᠠᠵᠤ ᠠᠬᠤᠢ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠬᠡᠷᠡᠭᠲᠡᠢ᠃ ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠶᠢᠨ ᠲᠠᠯ᠎ᠠ ᠪᠠᠷ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠰᠤᠷᠭᠠᠨ ᠬᠥᠮᠦᠵᠢᠯ᠂ ᠡᠯᠧᠺᠲᠷᠣᠨ ᠬᠤᠳᠠᠯᠳᠤᠭ᠎ᠠ᠂ ᠰᠣᠶᠣᠯ ᠵᠢᠭᠤᠯᠴᠢᠯᠠᠯ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠵᠡᠷᠭᠡ ᠬᠦᠷᠢᠶᠡᠨ ᠳᠠᠬᠢ ᠭᠠᠳᠠᠭᠠᠳᠤ ᠬᠠᠮᠲᠤᠷᠠᠯᠴᠠᠭ᠎ᠠ ᠰᠣᠯᠢᠯᠴᠠᠭ᠎ᠠ ᠶᠢ ᠭᠦᠨᠵᠡᠭᠡᠶᠢᠷᠡᠭᠦᠯᠵᠦ᠂ ᠭᠠᠳᠠᠭᠠᠳᠤ ᠬᠠᠮᠲᠤᠷᠠᠯᠴᠠᠭ᠎ᠠ ᠶᠢᠨ ᠥᠷᠭᠡᠴᠡ ᠪᠠ ᠭᠦᠨᠴᠡ ᠶᠢ ᠲᠠᠰᠤᠷᠠᠯᠲᠠ ᠦᠭᠡᠢ ᠥᠷᠭᠡᠳᠬᠡᠬᠦ ᠬᠡᠷᠡᠭᠲᠡᠢ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ︽ᠬᠤᠶᠠᠷ ᠪᠤᠭᠤᠳᠠᠢ ᠨᠢᠭᠡ ᠲᠥᠮᠥᠰᠥ︾᠂ ᠬᠢᠲᠠᠳ ᠡᠮ ᠤᠨ ᠮᠠᠲ᠋ᠧᠷᠢᠶᠠᠯ᠂ ᠢᠳᠡᠰᠢᠨ ᠬᠤᠨᠢ ᠵᠡᠷᠭᠡ ᠳᠠᠪᠠᠭᠤᠯᠢᠭ ᠣᠨᠴᠠᠯᠢᠭᠲᠤ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠲᠣᠭᠤᠷᠢᠨ ᠳᠤ᠂ ᠨᠡᠮᠡᠯᠲᠡ ᠥᠷᠲᠡᠭ ᠢ ᠳᠡᠭᠡᠭᠰᠢᠯᠡᠭᠦᠯᠦᠨ᠂ ︽ᠵᠠᠬ᠎ᠠ ᠳᠡᠯᠭᠡᠭᠦᠷ ᠢᠶᠠᠷ ᠲᠣᠯᠣᠭᠠᠶᠢᠯᠠᠭᠤᠯᠬᠤ᠂ ᠲᠠᠭᠠᠭᠤᠯᠤᠭᠴᠢ ᠰᠠᠭᠤᠷᠢᠨ ᠭᠠᠵᠠᠷ ᠢ ᠳᠠᠶᠢᠴᠢᠯᠠᠬᠤ᠂ ᠰᠠᠭᠤᠷᠢᠨ ᠭᠠᠵᠠᠷ ᠢ ᠲᠠᠷᠢᠶᠠᠴᠢᠳ ᠲᠠᠢ ᠬᠤᠯᠪᠣᠬᠤ︾ ᠦᠢᠯᠡᠳᠪᠦᠷᠢᠯᠡᠯ ᠡᠵᠡᠩᠨᠡᠯᠲᠡ ᠶᠢᠨ ᠪᠠᠶᠢᠷᠢᠰᠢᠯ ᠢ ᠠᠯᠬᠤᠮ ᠠᠯᠬᠤᠮ ᠢᠶᠠᠷ ᠪᠣᠶ ᠪᠣᠯᠭᠠᠵᠤ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠳᠠᠶᠢᠴᠢᠯᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ᠃ ᠬᠢᠨᠠᠨ ᠰᠢᠯᠭᠠᠵᠤ ᠬᠢᠨᠠᠨ ᠵᠢᠯᠤᠭᠤᠳᠬᠤ ᠪᠠᠨ ᠴᠢᠩᠭᠠᠳᠬᠠᠵᠤ᠂ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠳᠡᠭᠡᠳᠦ ᠱᠠᠲᠤᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠲᠠᠢ ᠬᠠᠷᠭᠤᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ᠂ ᠲᠣᠭᠲᠠᠮᠠᠯ ᠬᠤᠭᠤᠴᠠᠭ᠎ᠠ ᠲᠠᠢ ᠪᠠᠷ ᠰᠢᠮᠳᠠᠭᠤᠯᠤᠨ ᠪᠠᠶᠢᠴᠠᠭᠠᠵᠤ᠂ ︽ᠲᠠᠪᠤᠨ ᠶᠡᠭᠡ ᠡᠭᠦᠷᠭᠡ︾ ᠶᠢ ᠴᠢᠨᠠᠷ ᠰᠠᠶᠢᠲᠠᠢ ᠥᠨᠳᠥᠷ ᠪᠦᠲᠦᠮᠵᠢᠲᠡᠶ ᠪᠠᠷ ᠪᠡᠶᠡᠯᠡᠭᠦᠯᠬᠦ ᠶᠢ ᠦᠨᠡᠨᠬᠦ ᠪᠠᠲᠤᠯᠠᠵᠤ᠂ ᠰᠢᠶᠠᠨ ᠤ ᠬᠡᠪᠴᠢᠶᠡᠨ ᠤ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ︵ᠰᠣᠷᠪᠤᠯᠵᠢᠯᠠᠬᠴᠢ ᠮᠠ ᠾᠦᠢ ᠮᠢᠨ᠂ ᠶᠠᠩ ᠵᠢᠶ᠋ᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号