ᠮᠠᠨ ᠤ ᠣᠷᠣᠨ 15.66 ᠳ᠋ᠦᠩᠰᠢᠭᠤᠷ ᠲᠥᠭᠦᠷᠢᠭ ᠪᠠᠭᠤᠯᠭᠠᠵᠤ ᠰᠢᠨ᠎ᠡ ᠭᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢᠨ ᠴᠢᠳᠠᠪᠤᠷᠢ ᠶᠢ ᠲᠡᠭᠡᠭᠰᠢᠯᠡᠭᠦᠯᠵᠤ ᠪᠤᠢ
ᠨᠡᠶᠢᠲᠡᠯᠡᠭᠰᠡᠨ ᠴᠠᠭ᠄
2024/7/8
     ᠰᠢᠨ᠎ᠡ ᠭᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢ ᠪᠤᠵᠠᠭᠠᠶᠢᠷᠠᠭᠤᠯᠬᠤ ᠡᠷᠴᠢᠮ ᠢ ᠴᠢᠩᠭᠠᠷᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠡᠨᠡ ᠵᠢᠯ  ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ  ᠰᠢᠨ᠎ᠡ ᠭᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢᠨ ᠴᠢᠳᠠᠪᠤᠷᠢ ᠶᠢ ᠳᠡᠭᠡᠭᠰᠢᠯᠡᠭᠦᠯᠭᠦ ᠪᠡᠯᠡ ᠮᠥᠩᠭᠦ ᠶᠢ 15.66 ᠳ᠋ᠦᠩᠰᠢᠭᠤᠷ ᠲᠥᠭᠦᠷᠢᠭ ᠪᠠᠭᠤᠯᠭᠠᠵᠤ᠂ ᠰᠢᠨ᠎ᠡ ᠭᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢ ᠪᠣᠶᠢᠵᠢᠭᠤᠯᠬᠤ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡ᠂ ᠥᠨᠳᠥᠷ ᠬᠡᠪ ᠪᠣᠯᠪᠠᠰᠤᠷᠠᠯ ᠲᠠᠢ ᠲᠠᠷᠢᠶᠠᠴᠢᠨ ᠢ ᠬᠥᠮᠥᠵᠢᠭᠦᠯᠬᠦ ᠪᠠ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠰᠢᠰᠲ᠋ᠧᠮ ᠤᠨ ᠥᠭᠡᠷᠡᠴᠢᠯᠡᠯᠲᠡ ᠪᠠ ᠪᠦᠲᠦᠭᠡᠨ ᠪᠠᠶᠢᠭᠤᠯᠤᠯᠲᠠ ᠵᠡᠷᠭᠡ ᠶᠢ ᠲᠡᠮᠵᠢᠵᠤ ᠪᠤᠢ᠃      ᠡᠨᠡ ᠵᠢᠯ ᠮᠠᠨ ᠤ ᠣᠷᠣᠨ  ᠪᠡᠯᠡ ᠮᠥᠩᠭᠦ ᠪᠠᠷ ᠥᠪᠡᠷᠲᠡᠭᠡᠨ ᠵᠠᠰᠠᠬᠤ ᠣᠷᠣᠨ ᠤ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰᠵᠢᠭᠰᠡᠨ ᠳᠠᠭᠠᠭᠤᠯᠤᠭᠴᠢ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠳᠡᠮᠵᠢᠵᠦ᠂ ᠲᠤᠰ ᠭᠠᠵᠠᠷ ᠣᠷᠣᠨ ᠤ ᠳᠠᠭᠠᠭᠤᠯᠤᠭᠴᠢ ᠠᠵᠤ ᠠᠬᠤᠶᠢᠯᠠᠯ ᠤᠨ ᠳᠠᠭᠢᠨ ᠵᠣᠬᠢᠶᠠᠨ ᠪᠠᠶᠢᠭᠤᠯᠬᠤ᠂ ᠫᠠᠶᠢᠰᠠ ᠡᠯᠭᠦᠨ ᠵᠠᠬ᠎ᠠ ᠳᠡᠯᠭᠡᠭᠦᠷ ᠲᠤ ᠭᠠᠷᠬᠤ᠂ ᠤᠯᠤᠰ ᠤᠨ ᠲᠠᠰ ᠤᠨ ᠭᠤᠣᠯᠳᠠᠯᠭ᠎ᠠ ᠲᠠᠢ ᠳᠠᠭᠠᠭᠤᠯᠤᠭᠴᠢ ᠠᠵᠤ ᠠᠬᠤᠶᠢᠯᠠᠯ ᠢᠶᠠᠷ ᠮᠡᠳᠡᠭᠦᠯᠬᠦ ᠶᠢ ᠵᠣᠷᠢᠭᠵᠢᠭᠤᠯᠵᠤ ᠪᠤᠢ᠃ ᠮᠥᠨ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠬᠤᠷᠰᠢᠶ᠎ᠠ ᠪᠠᠶᠢᠭᠤᠯᠬᠤ ᠶᠢ ᠵᠣᠷᠢᠭᠵᠢᠭᠤᠯᠵᠤ᠂ 1000 ᠣᠷᠴᠢᠮ ᠰᠢᠨ᠎ᠡ ᠭᠡᠯᠪᠡᠷᠢ ᠶᠢᠨ ᠮᠠᠯ ᠠᠵᠤ ᠠᠬᠤᠢ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢᠨ ᠬᠠᠪᠰᠤᠷᠤᠨ ᠵᠢᠯᠣᠭᠤᠳᠤᠭᠴᠢ ᠶᠢ ᠰᠣᠩᠭᠤᠨ ᠤᠷᠢᠵᠤ᠂ ︽ᠮᠢᠩᠭᠠᠨ ᠬᠥᠮᠥᠨ ᠲᠦᠮᠡᠨ ᠬᠤᠷᠰᠢᠶ᠎ᠠ ᠶᠢ ᠳᠠᠶᠢᠴᠢᠯᠠᠬᠤ︾ ᠠᠵᠢᠯᠯᠠᠭ᠎ᠠ ᠥᠷᠨᠢᠭᠦᠯᠬᠦ ᠶᠢ ᠲᠡᠮᠵᠢᠵᠤ ᠪᠠᠶᠢᠨ᠎ᠠ᠃ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠪᠯᠡᠷᠡᠨ ᠵᠠᠯᠭᠠᠯᠳᠤᠭᠰᠠᠨ ᠵᠢᠱᠢᠶ᠎ᠡ ᠦᠵᠡᠭᠦᠯᠭᠦ ᠠᠵᠢᠯ ᠢ ᠥᠷᠨᠢᠭᠦᠯᠵᠦ᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠮᠠᠯ ᠠᠵᠤ ᠠᠬᠤᠢ ᠲᠠᠷᠢᠶᠠᠯᠠᠩ ᠳᠤ ᠦᠢᠯᠡᠴᠢᠯᠡᠬᠦ ᠲᠥᠪ ᠪᠠᠶᠢᠭᠤᠯᠬᠤ ᠶᠢ ᠳᠡᠮᠵᠢᠵᠤ ᠪᠤᠢ᠃ ᠣᠷᠳᠣᠰ ᠬᠤᠲᠠ᠂ ᠪᠠᠶᠠᠨᠨᠠᠭᠤᠷ ᠬᠤᠲᠠ᠂ ᠬᠢᠩᠭᠠᠨ ᠠᠶᠢᠮᠠᠭ᠂ ᠦᠬᠠᠢ ᠬᠤᠲᠠ ᠵᠢᠴᠢ ᠦᠬᠡᠷ ᠬᠤᠨᠢ ᠲᠡᠵᠢᠭᠡᠨ ᠦᠷᠡᠵᠢᠭᠦᠯᠬᠦ 22 ᠲᠣᠮᠣ ᠰᠢᠶᠠᠨ ᠳᠤ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠳᠡᠯᠭᠡᠷᠡᠭᠦᠯᠬᠦ ᠶᠢ ᠠᠬᠢᠭᠤᠯᠵᠤ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号