7 ᠰᠠᠷ᠎ᠠ ᠶᠢᠨ 4 ᠤ ᠡᠳᠦᠷ᠂ ᠳᠤᠮᠳᠠᠳᠤ ᠤᠯᠤᠰ ᠤᠨ ᠳ᠋ᠦᠩ ᠹᠠᠩ ᠴᠠᠭᠢᠯᠭᠠᠠ ᠤ ᠪᠦᠯᠦᠭᠯᠡᠯ ᠬᠢᠵᠠᠭᠠᠷᠲᠤ | ᠺᠤᠮᠫᠠᠨᠢ ᠶᠢᠨ ᠪᠡᠶ᠎ᠡ ᠪᠠᠨ ᠳᠠᠭᠠᠭᠠᠵᠤ ᠰᠤᠳᠤᠯᠤᠨ ᠦᠢᠯᠡᠳᠦᠭᠰᠡᠨ 15 ᠮᠧᠭ᠎ᠠ ᠸᠠᠲ ᠤᠨ ᠬᠦᠨᠳᠦ ᠭᠡᠯᠪᠡᠷᠢ ᠶᠢᠨ | ᠰᠢᠲᠠᠮᠠᠬᠠᠢ ᠬᠡᠢ ᠶᠢᠨ ᠬᠥᠳᠡᠯᠭᠡᠭᠦᠷ ᠮᠠᠰᠢᠨ ︵ᠣᠷᠣᠯᠠᠬᠤ ᠳ᠋ᠤᠭᠠᠷ ᠨᠢ G15) ᠢ ᠰᠧᠴᠤᠸᠠᠨ ᠤ ᠳ᠋ᠸᠶᠠᠩ ᠳᠤ | ᠦᠢᠯᠡᠳᠪᠦᠷᠢᠯᠡᠵᠦ ᠭᠠᠷᠭᠠᠪᠠ᠃ ᠡᠨᠡ ᠪᠣᠯ ᠮᠠᠨ ᠤ ᠤᠯᠤᠰ ᠤᠨ ᠲᠣᠨᠣᠭᠯᠠᠯ ᠦᠢᠯᠡᠳᠬᠦ ᠦᠢᠯᠡᠰ ᠤᠨ 50 ᠮᠧᠭ᠎ᠠ | ᠸᠠᠲ ᠬᠦᠨᠳᠦ ᠭᠡᠯᠪᠡᠷᠢ ᠶᠢᠨ ᠰᠢᠲᠠᠮᠠᠬᠠᠢ ᠬᠡᠢ ᠶᠢᠨ ᠬᠥᠳᠡᠯᠭᠡᠭᠦᠷ ᠮᠠᠰᠢᠨ ︵ᠣᠷᠣᠯᠠᠬᠤ ᠳ᠋ᠤᠭᠠᠷ ᠨᠢ G50︶ ᠢ | ᠤᠯᠤᠰ ᠲᠠᠭᠠᠨ ᠦᠢᠯᠡᠳᠪᠦᠷᠢᠯᠡᠬᠦ ᠶᠢ ᠪᠡᠶᠡᠯᠡᠭᠦᠯᠦᠭᠰᠡᠨ ᠤ ᠳᠠᠷᠠᠭᠠᠬᠢ ᠪᠠᠰᠠ ᠨᠢᠭᠡᠨ ᠴᠢᠬᠤᠯᠠ ᠠᠬᠢᠯᠲᠠ ᠪᠣᠯᠣᠨ᠎ᠠ᠃ | ᠳ᠋ᠦᠩ ᠹᠠᠩ ᠴᠠᠭᠢᠯᠭᠠᠠ ᠤ ᠪᠦᠯᠦᠭᠯᠡᠯ ᠤᠨ ᠲᠠᠨᠢᠯᠴᠠᠭᠤᠯᠤᠭᠰᠠᠨ ᠢᠶᠠᠷ᠂ G15 ᠶᠢᠨ ᠮᠠᠰᠢᠨ | ᠴᠣᠭᠴᠠᠯᠠᠪᠤᠷᠢ ᠶᠢᠨ ᠴᠢᠳᠠᠮᠵᠢ ᠨᠢ 16.5 ᠮᠧᠭ᠎ᠠ ᠸᠠᠲ᠂ ᠢᠯᠴᠢ ᠶᠢᠨ ᠠᠰᠢᠭᠯᠠᠮᠵᠢ ᠨᠢ 35% ᠪᠠᠶᠢᠵᠤ᠂ ᠨᠢᠭᠡ | ᠴᠠᠭ ᠤᠨ ᠬᠠᠮᠲᠤᠷᠠᠭᠰᠠᠨ ᠡᠷᠭᠢᠯᠲᠡ ᠶᠢᠨ ᠴᠠᠭᠢᠯᠭᠠᠨ ᠭᠠᠷᠭᠠᠬᠤ ᠬᠡᠮᠵᠢᠶ᠎ᠡ ᠨᠢ 2.2 ᠲᠦᠮᠡᠨ ᠺᠢᠯᠣᠸᠠᠲ ᠴᠠᠭ ᠢ | ᠳᠠᠪᠠᠵᠤ᠂ 2500 ᠭᠡᠷ ᠪᠦᠯᠢ ᠶᠢᠨ 1 ᠡᠳᠦᠷ ᠤᠨ ᠴᠠᠭᠢᠯᠭᠠᠨ ᠬᠡᠷᠡᠭᠯᠡᠬᠦ ᠬᠡᠷᠡᠭᠴᠡᠭᠡ ᠶᠢ ᠬᠠᠩᠭᠠᠵᠤ ᠲᠠᠶᠢᠯᠤᠨ᠎ᠠ᠃ | ᠠᠳᠠᠯᠢ ᠴᠢᠳᠠᠮᠵᠢ ᠲᠠᠢ ᠢᠯᠴᠢ ᠶᠢᠨ ᠬᠦᠴᠦᠨ ᠤ ᠴᠠᠭᠢᠯᠭᠠᠨ ᠭᠠᠷᠭᠠᠬᠤ ᠮᠠᠰᠢᠨ ᠴᠣᠭᠴᠠᠯᠠᠪᠤᠷᠢ ᠲᠠᠢ ᠬᠠᠷᠢᠴᠠᠭᠤᠯᠪᠠᠯ᠂ | ᠨᠢᠭᠡ ᠵᠢᠯ ᠳᠤ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ ᠶᠢ 15 ᠲᠦᠮᠡᠨ ᠲᠣᠨ ᠪᠠᠭᠠᠰᠬᠠᠵᠤ ᠪᠣᠯᠣᠨ᠎ᠠ᠃ | G15 ᠪᠣᠯ ᠳ᠋ᠦᠩ ᠹᠠᠩ ᠴᠠᠭᠢᠯᠭᠠᠨ ᠤ ᠪᠦᠯᠦᠭᠯᠡᠯ ᠤᠨ G50 ᠠᠮᠵᠢᠯᠲᠠ ᠣᠯᠣᠭᠰᠠᠨ ᠤ ᠳᠠᠷᠠᠭᠠᠬᠢ | ᠪᠠᠰᠠ ᠨᠢᠭᠡᠨ ᠰᠢᠪᠲᠤᠯᠤᠯᠲᠠ ᠪᠣᠯᠣᠨ᠎ᠠ᠂ ᠲᠣᠰ ᠮᠠᠰᠢᠨ ᠴᠣᠭᠴᠠᠯᠠᠪᠤᠷᠢ ᠨᠢ 2 ᠲᠦᠮᠡ ᠭᠠᠷᠤᠢ ᠰᠡᠯᠪᠢᠭ ᠲᠣᠨᠤᠭ | ᠲᠠᠢ ᠪᠠᠶᠢᠵᠤ᠂ ᠡᠵᠡᠯᠡᠬᠦᠨ ᠨᠢ ᠪᠠᠭ᠎ᠠ ᠪᠠᠶᠢᠵᠤ᠂ ᠢᠯᠴᠢ ᠴᠠᠭᠢᠯᠭᠠᠨ ᠬᠤᠯᠪᠤᠭᠠᠯᠠᠨ ᠦᠢᠯᠡᠳᠪᠦᠷᠢᠯᠡᠬᠦ᠂ ᠲᠠᠷᠬᠠᠮᠠᠯ | ᠮᠠᠶ᠋ᠢᠭ ᠤᠨ ᠡᠨᠧᠷᠭᠢ᠂ ᠲᠡᠯᠡᠶ ᠳᠡᠭᠡᠷᠡᠬᠢ ᠲᠠᠪᠴᠠᠩ ᠢᠶᠠᠷ ᠴᠠᠭᠢᠯᠭᠠᠨ ᠭᠠᠷᠭᠠᠬᠤ ᠳᠤ ᠬᠡᠷᠡᠭᠯᠡᠵᠦ ᠪᠤᠯᠬᠤ ᠪᠠᠷ ᠪᠠᠷᠠᠬᠤ | ᠦᠭᠡᠢ᠂ ᠪᠠᠰᠠ ᠭᠡᠷᠡᠯᠴᠢ ᠴᠡᠨᠡᠭ᠂ ᠡᠨᠧᠷᠭᠢ ᠨᠥᠭᠡᠴᠡᠯᠡᠬᠦ ᠵᠡᠷᠭᠡ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ | ᠮᠡᠷᠭᠡᠵᠢᠯ ᠯᠦᠭᠡ ᠬᠤᠯᠪᠣᠯᠳᠤᠵᠤ᠂ ᠡᠯ᠎ᠡ ᠵᠦᠢᠯ ᠤᠨ ᠵᠢᠵᠢᠭ ᠭᠡᠯᠪᠡᠷᠢ ᠶᠢᠨ ᠦᠵᠡᠭᠳᠡᠯ ᠪᠠᠶᠢᠳᠠᠯ ᠢ ᠪᠠᠶᠢᠭᠤᠯᠬᠤ | ︽ᠡᠨᠧᠷᠭᠢ ᠲᠣᠣᠷ ᠳᠠᠭᠠᠭᠠᠴᠠ ᠨᠥᠭᠡᠴᠡ︾ ᠶᠢᠨ ᠶᠡᠷᠦᠩᠬᠡᠶᠢᠯᠡᠭᠰᠡᠨ ᠡᠨᠧᠷᠭᠢ ᠶᠢᠨ ᠬᠡᠷᠡᠭᠯᠡᠯᠲᠡ ᠳᠤ ᠬᠡᠷᠡᠭᠯᠡᠵᠦ | ᠪᠣᠯᠣᠨ᠎ᠠ᠃ | ᠬᠤᠷᠠᠮᠠᠯ ᠤᠨ ᠨᠠᠷᠢᠯᠢᠭ ᠤᠨ ᠬᠡᠮᠵᠢᠶ᠎ᠡ ᠶᠢ ᠳᠡᠭᠡᠭᠰᠢᠯᠡᠭᠦᠯᠭᠦ ᠶᠢᠨ ᠲᠥᠯᠥᠭᠡ᠂ ᠳ᠋ᠦᠩ ᠹᠠᠩ ᠴᠠᠭᠢᠯᠭᠠᠨ ᠤ | ᠪᠦᠯᠦᠭᠯᠡᠯ 5G᠂ ᠵᠣᠬᠢᠶᠠᠮᠠᠯ ᠣᠶᠤᠨ ᠴᠢᠳᠠᠪᠤᠷᠢ᠂ ᠠᠵᠤ ᠦᠢᠯᠡᠳᠪᠦᠷᠢ ᠶᠢᠨ ᠲᠣᠮᠣ ᠳ᠋ᠠᠶᠢᠲ᠋ᠠ᠂ ᠨᠠᠷᠢᠯᠢᠭ ᠴᠢᠳᠬᠤᠨ | ᠦᠢᠯᠡᠳᠬᠦ᠂ ᠭᠡᠲᠦ ᠲᠠᠭᠤᠨ ᠬᠤᠷᠳᠤᠴᠠᠲᠤ ᠳᠥᠯᠥ ᠰᠦᠷᠴᠢᠨ ᠰᠢᠷᠳᠡᠭᠦ᠂ 3D ᠳᠠᠷᠤᠮᠠᠯᠯᠠᠬᠤ᠂ ᠠᠵᠤ | ᠦᠢᠯᠡᠳᠪᠦᠷᠢ ᠶᠢᠨ ᠮᠠᠰᠢᠨ ᠬᠥᠮᠥᠨ ᠵᠡᠷᠭᠡ ᠶᠢ ᠭᠦᠨᠵᠡᠭᠡᠢ ᠠᠭᠤᠰᠤᠯᠴᠠᠭᠤᠯᠵᠤ᠂ 9 ᠰᠢᠲᠠᠭᠠᠯᠭ᠎ᠠ ᠶᠢᠨ ᠮᠠᠰᠢᠨ ᠤ | ᠣᠶᠤᠨᠴᠢ ᠦᠢᠯᠡᠳᠬᠦ ᠦᠢᠯᠡᠳᠪᠦᠷᠢᠯᠡᠯ ᠤᠨ ᠱᠤᠭᠤᠮ ᠢ ᠪᠠᠶᠢᠭᠤᠯᠤᠨ ᠪᠦᠲᠦᠭᠡᠵᠦ᠂ ᠰᠠᠷᠬᠢᠷᠠᠭᠤᠯ ᠢ ᠨᠠᠷᠢᠯᠢᠭ | ᠴᠢᠳᠬᠤᠨ ᠦᠢᠯᠡᠳᠬᠦ ᠬᠢᠷᠢ ᠲᠡᠩᠴᠡᠭᠰᠡᠨ ᠨᠣᠷᠮ᠎ᠠ ᠶᠢ 80% ᠠᠴᠠ ᠳᠠᠪᠠᠭᠤᠯᠵᠤ᠂ ᠡᠷᠭᠢᠭᠦᠯᠦᠭᠴᠢ ᠶᠢ ᠳᠠᠪᠬᠤᠷᠯᠠᠨ | ᠤᠭᠰᠠᠷᠠᠬᠤ ᠨᠢᠭᠡ ᠤᠳᠠᠭ᠎ᠠ ᠶᠢᠨ ᠬᠢᠷᠢ ᠲᠡᠩᠴᠡᠭᠰᠡᠨ ᠨᠣᠷᠮ᠎ᠠ ᠶᠢ 100% ᠠᠴᠠ ᠳᠠᠪᠠᠭᠤᠯᠵᠤ᠂ ᠶᠡᠷᠦᠩᠬᠡᠢ | ᠤᠭᠰᠠᠷᠠᠬᠤ ᠦᠶᠡᠯᠡᠯ ᠤᠨ ᠬᠤᠭᠤᠴᠠᠭ᠎ᠠ ᠶᠢ 50% ᠪᠠᠷ ᠪᠣᠭᠤᠨᠢᠰᠬᠠᠵᠤ᠂ ᠰᠢᠲᠠᠭᠠᠯᠭ᠎ᠠ ᠶᠢᠨ ᠮᠠᠰᠢᠨ ᠤ | ᠦᠢᠯᠡᠳᠪᠦᠷᠢᠯᠡᠬᠦ ᠴᠢᠳᠠᠪᠤᠷᠢ ᠶᠢ 400% ᠪᠠᠷ ᠳᠡᠭᠡᠭᠰᠢᠯᠡᠭᠦᠯᠪᠡ᠃ | ᠣᠳᠣᠬᠠᠨ ᠳᠤ᠂ ᠮᠠᠨ ᠤ ᠤᠯᠤᠰ ᠰᠢᠲᠠᠮᠠᠬᠠᠢ ᠬᠡᠢ ᠶᠢᠨ ᠬᠥᠳᠡᠯᠭᠡᠭᠦᠷ ᠮᠠᠰᠢᠨ ᠢ ᠵᠢᠷᠤᠵᠤ ᠲᠥᠯᠥᠪᠯᠡᠬᠦ᠂ | ᠦᠢᠯᠡᠳᠬᠦ ᠲᠠᠯ᠎ᠠ ᠪᠠᠷ ᠨᠢᠭᠡᠨᠲᠡ ᠨᠡᠯᠢᠶᠡᠳ ᠪᠦᠷᠢᠨ ᠪᠦᠲᠦᠨ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠵᠦ᠂ | ᠢᠷᠡᠭᠡᠳᠦᠢ ᠳᠤ 80 ᠮᠧᠭ᠎ᠠ ᠸᠠᠲ ᠬᠦᠨᠳᠦ ᠭᠡᠯᠪᠡᠷᠢ ᠶᠢᠨ ᠰᠢᠲᠠᠮᠠᠬᠠᠢ ᠬᠡᠢ ᠶᠢᠨ ᠬᠥᠳᠡᠯᠭᠡᠭᠦᠷ ᠮᠠᠰᠢᠨ᠂ | ᠤᠰᠤᠲᠥ᠋ᠷᠥᠭᠴᠢ ᠬᠤᠯᠢᠭᠰᠠᠨ ᠰᠢᠲᠠᠮᠠᠬᠠᠢ ᠬᠡᠢ ᠶᠢᠨ ᠬᠥᠳᠡᠯᠭᠡᠭᠦᠷ ᠮᠠᠰᠢᠨ᠂ ᠴᠡᠪᠡᠷ ᠤᠰᠤᠲᠥ᠋ᠷᠥᠭᠴᠢᠲᠤ ᠰᠢᠲᠠᠮᠠᠬᠠᠢ | ᠬᠡᠢ ᠶᠢᠨ ᠬᠥᠳᠡᠯᠭᠡᠭᠦᠷ ᠮᠠᠰᠢᠨ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠬᠦ ᠪᠣᠯᠣᠨ᠎ᠠ᠃ | | | |