ᠵᠡᠭᠦᠨ ᠬᠤᠶᠢᠲᠤ ᠶᠢᠨ ᠭᠤᠷᠪᠠᠨ ᠮᠤᠵᠢ ᠨᠢᠭᠡ ᠣᠷᠣᠨ ᠠᠩᠬ᠎ᠠ ᠤᠳᠠᠭ᠎ᠠ ᠬᠠᠮᠵᠢᠯᠴᠠᠨ ᠬᠠᠤᠯᠢ ᠲᠣᠭᠲᠠᠭᠠᠵᠤ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠠᠤᠯᠢᠵᠢᠯ ᠤᠨ ᠪᠠᠲᠤᠯᠠᠭ᠎ᠠ ᠬᠠᠩᠭᠠᠪᠠ
ᠨᠡᠶᠢᠲᠡᠯᠡᠭᠰᠡᠨ ᠴᠠᠭ᠄
2024/7/8
     7 ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠳᠤᠭᠠᠷ ᠬᠤᠷᠠᠯ ᠠᠴᠠ ᠪᠠᠲᠤᠯᠠᠭᠰᠠᠨ ︽ᠵᠡᠭᠦᠨ ᠬᠤᠶᠢᠲᠤ ᠶᠢᠨ ᠭᠤᠷᠪᠠᠨ ᠮᠤᠵᠢ ᠨᠢᠭᠡ ᠣᠷᠣᠨ ᠤ ᠵᠢᠭᠤᠯᠴᠢᠯᠠᠯ ᠤᠨ ᠦᠢᠯᠡᠰ ᠤᠨ ᠬᠠᠮᠵᠢᠯᠴᠠᠨ ᠬᠥᠭᠵᠢᠬᠦ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠣᠭᠲᠠᠭᠠᠯ︾ ᠢ ᠵᠢᠩᠬᠢᠨᠢ ᠪᠠᠷ ᠬᠡᠷᠡᠭᠵᠢᠭᠦᠯᠵᠦ᠂ ᠵᠡᠭᠦᠨ ᠬᠤᠶᠢᠲᠤ ᠶᠢᠨ ᠭᠤᠷᠪᠠᠨ ᠮᠤᠵᠢ ᠨᠢᠭᠡ ᠣᠷᠣᠨ ᠤ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠠᠤᠯᠢᠵᠢᠯ ᠤᠨ ᠪᠠᠲᠤᠯᠠᠭ᠎ᠠ ᠬᠠᠩᠭᠠᠪᠠ᠃      ᠵᠡᠭᠦᠨ ᠬᠤᠶᠢᠲᠤ ᠶᠢᠨ ᠭᠤᠷᠪᠠᠨ ᠮᠤᠵᠢ ᠨᠢᠭᠡ ᠣᠷᠣᠨ ᠤ ᠪᠠᠶᠢᠭᠠᠯᠢ ᠶᠢᠨ ᠦᠵᠡᠮᠵᠢ ᠭᠤᠶᠢᠳᠠ ᠰᠠᠶᠢᠬᠠᠨ᠂ ᠣᠶ ᠰᠢᠭᠤᠢ᠂ ᠠᠭᠤᠯᠠ ᠤᠰᠤ᠂ ᠨᠤᠭᠤ ᠭᠠᠵᠠᠷ᠂ ᠨᠤᠲᠤᠭ ᠪᠡᠯᠴᠢᠭᠡᠷ᠂ ᠡᠯᠡᠰᠦ ᠮᠠᠩᠬ᠎ᠠ᠂ ᠨᠠᠭᠤᠷ ᠴᠥᠭᠦᠷᠥᠮ ᠵᠡᠷᠭᠡ ᠪᠠᠶᠢᠭᠠᠯᠢ ᠶᠢᠨ ᠵᠢᠭᠤᠯᠴᠢᠯᠠᠯ ᠤᠨ ᠡᠬᠢ ᠪᠠᠶᠠᠯᠢᠭ ᠡᠯᠪᠡᠭ ᠲᠡᠯᠪᠡᠭ; ᠲᠡᠷᠡᠴᠢᠯᠡᠨ ᠦᠨᠳᠦᠰᠦᠲᠡᠨ ᠤ ᠵᠠᠩ ᠠᠷᠠᠨᠰᠢᠨ᠂ ᠨᠤᠲᠤᠭ ᠤᠰᠤᠨ ᠤ ᠬᠡᠪ ᠨᠠᠮᠪᠠ᠂ ᠭᠠᠳᠠᠭᠠᠳᠤ ᠨᠡᠭᠡᠭᠡᠯᠲᠡ ᠶᠢᠨ ᠳᠦᠷᠢ ᠲᠥᠷᠬᠦ᠂ ᠡᠰᠡᠨᠢᠯ ᠬᠥᠭᠵᠢᠯ ᠤᠨ ᠴᠤᠭ ᠵᠢᠪᠬᠤᠭ᠎ᠠ ᠵᠡᠷᠭᠡ ᠰᠣᠶᠣᠯ ᠢᠷᠭᠡᠨᠰᠢᠯ ᠤᠨ ᠵᠢᠭᠤᠯᠴᠢᠯᠠᠯ ᠤᠨ ᠡᠬᠢ ᠪᠠᠶᠠᠯᠢᠭ ᠤᠨ ᠣᠨᠴᠠᠯᠢᠭ ᠴᠸ ᠢᠯᠡ ᠲᠣᠳᠣᠬᠠᠨ᠃ ᠣᠶᠢᠷ᠎ᠠ ᠶᠢᠨ ᠵᠢᠯ ᠳᠤ᠂ ᠡᠨᠡ ᠬᠦ ᠣᠷᠣᠨ ᠪᠦᠰᠡ ᠶᠢᠨ ᠵᠢᠭᠤᠯᠴᠢᠯᠠᠯ ᠤᠨ ᠦᠢᠯᠡᠰ ᠦᠳᠲᠡᠷ ᠲᠦᠷᠭᠡᠨ ᠬᠥᠭᠵᠢᠵᠦ᠂ ᠮᠥᠰᠥ ᠴᠠᠰᠤᠨ ᠤ ᠵᠢᠭᠤᠯᠴᠢᠯᠠᠯ᠂ ᠵᠤᠰᠠᠯᠠᠩ ᠤᠨ ᠵᠢᠭᠤᠯᠴᠢᠯᠠᠯ᠂ ᠬᠢᠯᠢ ᠶᠢᠨ ᠵᠢᠭᠤᠯᠴᠢᠯᠠᠯ᠂ ᠥᠪᠡᠰᠦᠪᠡᠨ ᠲᠡᠷᠭᠡ ᠵᠢᠯᠤᠭᠤᠳᠴᠤ ᠵᠢᠭᠤᠯᠴᠢᠯᠠᠬᠤ ᠵᠡᠷᠭᠡ ᠵᠢᠭᠤᠯᠴᠢᠯᠠᠯ ᠤᠨ ᠨᠠᠷᠠᠲᠤ ᠲᠡᠮᠳᠡᠭᠲᠦ ᠬᠥᠮᠥᠰ ᠲᠤ ᠤᠯᠠᠮ ᠠᠴᠠ ᠤᠯᠠᠮ ᠮᠡᠳᠡᠷᠡᠭᠳᠡᠵᠦ᠂ ᠮᠠᠨ ᠤ ᠤᠯᠤᠰ ᠤᠨ ᠴᠢᠬᠤᠯᠠ ᠣᠨᠴᠠᠯᠢᠭᠲᠤ ᠵᠢᠭᠤᠯᠴᠢᠯᠠᠯ ᠤᠨ ᠬᠠᠷᠠᠯᠲᠠᠲᠤ ᠭᠠᠵᠠᠷ ᠪᠣᠯᠤᠭᠰᠠᠨ ᠪᠠᠶᠢᠨ᠎ᠠ᠃      ᠵᠢᠭᠤᠯᠴᠢᠯᠠᠯ ᠤᠨ ᠦᠢᠯᠡᠰ ᠢ ᠬᠥᠭᠵᠢᠭᠦᠯᠬᠦ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠬᠦᠴᠦᠯᠡᠬᠦ ᠴᠡᠭ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠵᠢᠭᠤᠯᠴᠢᠯᠠᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠮᠠᠨ ᠤ ᠤᠯᠤᠰ ᠤᠨ ᠵᠢᠭᠤᠯᠴᠢᠯᠠᠯ ᠤᠨ ᠬᠥᠭᠵᠢᠯᠲᠡ ᠶᠢ ᠬᠥᠲᠥᠯᠥᠨ ᠳᠠᠭᠠᠭᠤᠯᠵᠤ ᠲᠦᠷᠭᠡᠨ ᠤ ᠵᠠᠮ ᠳᠤ ᠣᠷᠣᠭᠤᠯᠪᠠ᠃ 2023 ᠣᠨ ᠤ 10 ᠰᠠᠷ᠎ᠠ ᠳᠤ᠂ ᠵᠡᠭᠦᠨ ᠬᠤᠶᠢᠲᠤ ᠶᠢᠨ ᠭᠤᠷᠪᠠᠨ ᠮᠤᠵᠢ ᠨᠢᠭᠡ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠵᠢᠯ ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠬᠠᠮᠵᠢᠯᠴᠠᠨ ᠬᠠᠤᠯᠢ ᠲᠣᠭᠲᠠᠭᠠᠬᠤ ᠠᠵᠢᠯ ᠤᠨ ᠪᠦᠳᠦᠭᠦᠪᠴᠢ ᠬᠡᠯᠡᠯᠴᠡᠭᠡᠷ ᠲᠤ ᠬᠠᠮᠲᠤ ᠪᠠᠷ ᠭᠠᠷ ᠤᠨ ᠥᠰᠥᠭ ᠵᠢᠷᠤᠵᠤ᠂ ᠭᠢᠷᠢᠨ ᠮᠤᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠦᠷᠦᠭᠦᠯᠡᠨ᠂ ᠯᠢᠶᠣᠤᠨᠢᠩ ᠮᠤᠵᠢ᠂ ᠬᠠᠷᠠᠮᠥ᠋ᠷᠡᠨ ᠮᠤᠵᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠠᠢ ᠬᠠᠮᠲᠤᠷᠠᠨ 2024 ᠣᠨ ᠤ 5 ᠰᠠᠷ᠎ᠠ ᠳᠤ ᠣᠷᠣᠨ ᠪᠦᠰᠡ ᠶᠢᠨ ᠵᠢᠭᠤᠯᠴᠢᠯᠠᠯ ᠤᠨ ᠦᠢᠯᠡᠰ ᠢ ᠬᠠᠮᠵᠢᠯᠴᠠᠨ ᠬᠥᠭᠵᠢᠬᠦ ᠶᠢ ᠠᠬᠢᠭᠤᠯᠬᠤ ᠲᠣᠭᠲᠠᠭᠠᠯ ᠢ ᠵᠡᠷᠭᠡ ᠪᠠᠷ ᠨᠡᠶᠢᠲᠡᠯᠡᠪᠡ᠃      ︽ᠵᠡᠭᠦᠨ ᠬᠤᠶᠢᠲᠤ ᠶᠢᠨ ᠭᠤᠷᠪᠠᠨ ᠮᠤᠵᠢ ᠨᠢᠭᠡ ᠣᠷᠣᠨ ᠤ ᠵᠢᠭᠤᠯᠴᠢᠯᠠᠯ ᠤᠨ ᠦᠢᠯᠡᠰ ᠤᠨ ᠬᠠᠮᠵᠢᠯᠴᠠᠨ ᠬᠥᠭᠵᠢᠬᠦ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠣᠭᠲᠠᠭᠠᠯ︾ ᠨᠢ ᠨᠡᠶᠢᠲᠡ 16 ᠵᠦᠢᠯ ᠢᠶᠠᠷ ᠪᠦᠷᠢᠯᠳᠦᠵᠦ᠂ ᠭᠤᠣᠯᠳᠠᠭᠤ ᠳᠣᠣᠷᠠᠬᠢ ᠬᠡᠳᠦᠨ ᠲᠠᠯ᠎ᠠ ᠶᠢᠨ ᠠᠭᠤᠯᠭ᠎ᠠ ᠶᠢ ᠪᠠᠭᠲᠠᠭᠠᠪᠠ᠃      - ᠬᠠᠮᠵᠢᠯᠴᠠᠨ ᠬᠥᠭᠵᠢᠬᠦ ᠶᠢᠨ ᠵᠢᠯᠤᠭᠤᠳᠬᠤ ᠦᠵᠡᠯ ᠰᠠᠨᠠᠭ᠎ᠠ ᠪᠠ ᠬᠠᠷᠠᠯᠲᠠ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠢᠶᠠᠨ ᠭᠤᠣᠯ ᠰᠢᠵᠢᠮ ᠪᠤᠯᠭᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠭᠦ ᠲᠠᠯ᠎ᠠ ᠪᠠᠷ ᠲᠤᠭᠤᠰᠢᠯᠠᠭᠤᠯᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾ ︽ᠮᠥᠩᠭᠦᠨ ᠴᠠᠭᠠᠨ ᠳᠡᠯᠡᠬᠡᠢ ᠪᠣᠯ ᠠᠯᠳᠠ ᠮᠥᠩᠭᠦᠨ ᠠᠭᠤᠯᠠ ᠮᠥᠨ︾ ᠭᠡᠳᠡᠭ ᠢ ᠦᠨᠡᠨᠴᠢ ᠪᠠᠷ ᠦᠢᠯᠡᠳᠦᠯᠭᠡᠵᠢᠭᠦᠯᠦᠨ᠎ᠡ᠃ ᠤᠯᠤᠰ ᠤᠨ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ︾ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ︽ᠵᠡᠭᠦᠨ ᠬᠤᠶᠢᠲᠤ ᠣᠷᠣᠨ ᠤ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ︾ ᠶᠢ ᠲᠦᠷᠭᠡᠳᠬᠡᠨ ᠬᠡᠷᠡᠭᠵᠢᠭᠦᠯᠵᠦ᠂ ᠵᠡᠭᠦᠨ ᠬᠤᠶᠢᠲᠤ ᠣᠷᠣᠨ ᠤ ᠳᠡᠯᠡᠬᠡᠢ ᠶᠢᠨ ᠲᠠᠰ ᠤᠨ ᠮᠥᠰᠥ ᠴᠠᠰᠤᠨ ᠤ ᠵᠢᠭᠤᠯᠴᠢᠯᠠᠯ ᠤᠨ ᠠᠮᠠᠷᠠᠯᠲᠠ ᠶᠢᠨ ᠭᠠᠵᠠᠷ᠂ ᠪᠦᠭᠦ ᠤᠯᠤᠰ ᠤᠨ ᠪᠣᠬᠢᠷᠳᠤᠯ ᠦᠭᠡᠢ ᠵᠢᠭᠤᠯᠴᠢᠯᠠᠯ ᠤᠨ ᠬᠥᠭᠵᠢᠯᠲᠡ ᠶᠢᠨ ᠬᠥᠲᠥᠯᠥᠨ ᠳᠠᠭᠠᠭᠤᠯᠬᠤ ᠭᠠᠵᠠᠷ᠂ ᠬᠢᠯᠢ ᠶᠢᠨ ᠵᠢᠭᠤᠯᠴᠢᠯᠠᠯ ᠤᠨ ᠥᠭᠡᠷᠡᠴᠢᠯᠡᠯᠲᠡ ᠶᠢᠨ ᠰᠢᠨ᠎ᠡ ᠶᠢ ᠡᠭᠦᠳᠬᠦ ᠥᠯᠢᠭᠡᠷ ᠳᠠᠭᠤᠷᠢᠶᠠᠯ ᠭᠠᠵᠠᠷ ᠪᠠ ᠣᠷᠣᠨ ᠪᠦᠰᠡ ᠠᠯᠤᠰᠯᠠᠭᠰᠠᠨ ᠵᠢᠭᠤᠯᠴᠢᠯᠠᠯ ᠢ ᠨᠢᠭᠡ ᠴᠣᠭᠴᠠᠵᠢᠭᠤᠯᠤᠨ ᠬᠥᠭᠵᠢᠭᠦᠯᠬᠦ ᠦᠢᠯᠡᠳᠦᠯᠭᠡ ᠶᠢᠨ ᠭᠠᠵᠠᠷ ᠪᠣᠯᠭᠠᠨ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃      - ᠵᠢᠭᠤᠯᠴᠢᠯᠠᠯ ᠤᠨ ᠦᠢᠯᠡᠰ ᠤᠨ ᠬᠠᠮᠵᠢᠯᠴᠠᠨ ᠬᠥᠭᠵᠢᠬᠦ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠮᠤᠵᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠭᠤᠷᠣᠨᠳᠣᠭᠢ ᠵᠣᠬᠢᠴᠠᠭᠤᠯᠤᠨ ᠠᠬᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠮᠤᠵᠢ᠂ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠭᠤᠯᠴᠢᠯᠠᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠠᠶᠢᠩᠭᠤ ᠬᠠᠷᠢᠯᠴᠠᠬᠤ ᠪᠠ ᠲᠣᠭᠲᠠᠮᠠᠯ ᠬᠤᠭᠤᠴᠠᠭ᠎ᠠ ᠲᠠᠢ ᠵᠥᠪᠳᠡᠯᠴᠡᠬᠦ ᠲᠣᠭᠲᠠᠴᠠ ᠶᠢ ᠪᠠᠶᠢᠭᠤᠯᠬᠤ ᠵᠢᠴᠢ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠬᠤᠭᠤᠷᠣᠨᠳᠤ ᠪᠠᠨ ᠣᠷᠣᠨ ᠪᠦᠰᠡ ᠠᠯᠤᠰᠯᠠᠭᠰᠠᠨ ᠵᠢᠭᠤᠯᠴᠢᠯᠠᠯ ᠤᠨ ᠬᠥᠭᠵᠢᠯᠲᠡ ᠶᠢᠨ ᠬᠠᠮᠲᠤᠷᠠᠯᠴᠠᠭᠠᠨ ᠤ ᠲᠣᠭᠲᠠᠴᠠ ᠪᠠᠶᠢᠭᠤᠯᠬᠤ ᠶᠢ ᠵᠣᠷᠢᠭᠵᠢᠭᠤᠯᠵᠤ᠂ ᠣᠷᠣᠨ ᠪᠦᠰᠡ ᠶᠢᠨ ᠵᠢᠭᠤᠯᠴᠢᠯᠠᠯ ᠤᠨ ᠬᠥᠭᠵᠢᠯᠲᠡ ᠶᠢᠨ ᠲᠣᠭᠲᠠᠭᠤᠨ ᠡᠮᠬᠢ ᠵᠢᠷᠤᠮ ᠲᠠᠢ ᠣᠷᠴᠢᠨ ᠲᠣᠭᠤᠷᠢᠨ ᠢ ᠬᠠᠮᠲᠤ ᠪᠠᠷ ᠪᠠᠶᠢᠭᠤᠯᠤᠨ᠎ᠠ᠃      - ᠵᠡᠭᠦᠨ ᠬᠤᠶᠢᠲᠤ ᠣᠷᠣᠨ ᠪᠣᠯᠣᠨ ᠥᠪᠥᠷ ᠮᠣᠩᠭᠤᠯ ᠤᠨ ᠣᠨᠴᠠᠯᠢᠭ ᠲᠠᠢ ᠵᠢᠭᠤᠯᠴᠢᠯᠠᠯ ᠤᠨ ᠦᠢᠯᠡᠳᠬᠦᠨ ᠢ ᠬᠤᠷᠰᠢᠨ ᠨᠡᠭᠡᠭᠡᠨ ᠬᠥᠭᠵᠢᠭᠦᠯᠦᠨ᠎ᠡ᠃ ᠵᠡᠭᠦᠨ ᠬᠤᠶᠢᠲᠤ ᠶᠢᠨ ᠭᠤᠷᠪᠠᠨ ᠮᠤᠵᠢ ᠨᠢᠭᠡ ᠣᠷᠣᠨ ᠤ ᠳᠠᠪᠠᠭᠤᠯᠢᠭ ᠵᠢᠭᠤᠯᠴᠢᠯᠠᠯ ᠤᠨ ᠡᠬᠢ ᠪᠠᠶᠠᠯᠢᠭ ᠢ ᠳᠣᠪᠤᠶᠢᠯᠭᠠᠬᠤ ᠶᠢᠨ ᠬᠠᠮᠲᠤ ᠣᠳᠣᠬᠠᠨ ᠤ ᠪᠠ ᠢᠷᠡᠭᠡᠳᠦᠢ ᠶᠢᠨ ᠵᠢᠭᠤᠯᠴᠢᠯᠠᠯ ᠬᠢᠭᠡᠳ ᠪᠤᠰᠤᠳ ᠡᠵᠡᠩᠨᠡᠯᠲᠡ ᠶᠢᠨ ᠪᠠᠶᠢᠳᠠᠯ ᠤᠨ ᠠᠭᠤᠰᠤᠯᠴᠠᠨ ᠬᠥᠭᠵᠢᠬᠦ ᠬᠠᠨᠳᠤᠰᠢ ᠲᠠᠢ ᠤᠶᠠᠯᠳᠤᠭᠤᠯᠤᠨ᠂ ᠵᠢᠭᠤᠯᠴᠢᠯᠠᠯ ᠤᠨ ᠰᠢᠨ᠎ᠡ ᠵᠠᠭᠪᠤᠷ᠂ ᠰᠢᠨ᠎ᠡ ᠡᠵᠡᠩᠨᠡᠯᠲᠡ ᠶᠢᠨ ᠪᠠᠶᠢᠳᠠᠯ᠂ ᠰᠢᠨ᠎ᠡ ᠣᠶᠢᠯᠠᠭᠠᠯᠲᠠ ᠶᠢ ᠬᠠᠮᠵᠢᠯᠴᠠᠨ ᠲᠦᠷᠭᠡᠳᠬᠡᠨ ᠬᠥᠭᠵᠢᠭᠦᠯᠬᠦ ᠲᠤᠬᠠᠢ ᠱᠠᠭᠠᠷᠳᠠᠯᠭ᠎ᠠ ᠳᠤᠷᠠᠳᠪᠠ᠃      - ᠬᠠᠮᠵᠢᠯᠴᠠᠨ ᠬᠥᠭᠵᠢᠬᠦ ᠪᠣᠳᠠᠲᠠᠢ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠤᠨ᠎ᠠ᠃ ᠶᠡᠷᠦᠩᠬᠡᠢ ᠵᠢᠷᠤᠭ ᠲᠥᠯᠥᠪᠯᠡᠭᠡ ᠶᠢ ᠰᠠᠶᠢᠲᠤᠷ ᠬᠢᠬᠦ ᠶᠢᠨ ᠬᠠᠮᠲᠤ᠂ ᠵᠢᠭᠤᠯᠴᠢᠯᠠᠯ ᠤᠨ ᠤᠬᠠᠭᠤᠯᠭ᠎ᠠ ᠳᠡᠯᠭᠡᠷᠡᠭᠦᠯᠦᠯᠲᠡ ᠶᠢ ᠨᠢᠭᠡ ᠴᠣᠭᠴᠠᠵᠢᠭᠤᠯᠬᠤ᠂ ᠵᠢᠭᠤᠯᠴᠢᠯᠠᠯ ᠤᠨ ᠵᠠᠮ ᠬᠠᠷᠢᠯᠴᠠᠭ᠎ᠠ ᠶᠢ ᠨᠢᠭᠡ ᠴᠣᠭᠴᠠᠵᠢᠭᠤᠯᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠨᠢᠭᠡ ᠴᠣᠭᠴᠠᠵᠢᠭᠤᠯᠬᠤ ᠪᠠ ᠵᠢᠭᠤᠯᠴᠢᠯᠠᠯ ᠤᠨ ᠪᠠᠷᠢᠮᠵᠢᠶ᠎ᠠ ᠶᠢ ᠨᠢᠭᠡ ᠴᠣᠭᠴᠠᠵᠢᠭᠤᠯᠬᠤ ᠶᠢ ᠠᠬᠢᠭᠤᠯᠵᠤ᠂ ᠵᠢᠭᠤᠯᠴᠢᠯᠠᠯ ᠤᠨ ᠢᠲᠡᠭᠡᠮᠵᠢ ᠶᠢᠨ ᠰᠢᠰᠲ᠋ᠧᠮ᠂ ᠣᠶᠤᠨᠴᠢ ᠵᠢᠭᠤᠯᠴᠢᠯᠠᠯ ᠤᠨ ᠰᠢᠰᠲ᠋ᠧᠮ ᠪᠠ ᠠᠮᠤᠷ ᠲᠦᠪᠰᠢᠨ ᠤ ᠪᠠᠲᠤᠯᠠᠭ᠎ᠠ ᠶᠢᠨ ᠰᠢᠰᠲ᠋ᠧᠮ ᠵᠡᠷᠭᠡ ᠪᠠᠶᠢᠭᠤᠯᠤᠯᠲᠠ ᠶᠢ ᠬᠠᠮᠲᠤ  ᠪᠠᠷ ᠪᠠᠶᠢᠭᠤᠯᠵᠤ᠂ ᠬᠠᠮᠵᠢᠯᠴᠠᠨ ᠬᠥᠭᠵᠢᠬᠦ ᠰᠠᠭᠤᠷᠢ ᠶᠢ ᠪᠠᠬᠢᠵᠢᠭᠦᠯᠦᠨ᠎ᠡ᠃      -  ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠮᠵᠢᠯᠴᠠᠭ᠎ᠠ ᠶᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠴᠢᠩᠭᠠᠳᠬᠠᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠲᠤᠬᠠᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠯᠢᠶᠣᠤᠨᠢᠩ ᠮᠤᠵᠢ᠂ ᠭᠢᠷᠢᠨ ᠮᠤᠵᠢ᠂ ᠬᠠᠷᠠᠮᠥ᠋ᠷᠡᠨ ᠮᠤᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠯᠤᠭ᠎ᠠ ᠠᠵᠢᠯ ᠤᠨ ᠬᠤᠯᠪᠤᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠪᠠᠶᠢᠳᠠᠯ ᠵᠢᠴᠢ ᠬᠠᠮᠢᠶ᠎ᠠ ᠪᠦᠬᠦᠢ ᠬᠠᠤᠯᠢ ᠴᠠᠭᠠᠵᠠ ᠳᠦᠷᠢᠮ ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ᠂ ᠵᠡᠭᠦᠨ ᠬᠤᠶᠢᠲᠤ ᠶᠢᠨ ᠭᠤᠷᠪᠠᠨ ᠮᠤᠵᠢ ᠨᠢᠭᠡ ᠣᠷᠣᠨ ᠤ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠠᠮᠵᠢᠯᠴᠠᠨ ᠬᠥᠭᠵᠢᠬᠦ ᠶᠢ ᠵᠢᠷᠤᠮᠵᠢᠭᠤᠯᠤᠨ ᠠᠬᠢᠭᠤᠯᠤᠨ᠎ᠠ᠃      ᠲᠣᠰ ︽ᠲᠣᠭᠲᠠᠭᠠᠯ︾ ᠪᠣᠯ ᠵᠡᠭᠦᠨ ᠬᠤᠶᠢᠲᠤ ᠶᠢᠨ ᠭᠤᠷᠪᠠᠨ ᠮᠤᠵᠢ ᠨᠢᠭᠡ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠩᠬᠠᠳᠠᠭᠴᠢ ᠬᠠᠮᠵᠢᠯᠴᠠᠨ ᠬᠠᠤᠯᠢ ᠲᠣᠭᠲᠠᠭᠠᠭᠰᠠᠨ ᠵᠦᠢᠯᠡᠰ ᠪᠣᠯᠣᠨ᠎ᠠ᠃ ︽ᠲᠣᠭᠲᠠᠭᠠᠯ︾ ᠢ ᠨᠡᠶᠢᠲᠡᠯᠡᠭᠰᠡᠨ ᠨᠢ ᠣᠷᠣᠨ ᠪᠦᠰᠡ ᠶᠢᠨ ᠵᠢᠭᠤᠯᠴᠢᠯᠠᠯ ᠤᠨ ᠡᠬᠢ ᠪᠠᠶᠠᠯᠢᠭ ᠤᠨ ᠵᠣᠬᠢᠴᠠᠯᠳᠤᠨ ᠬᠠᠷᠢᠯᠴᠠᠨ ᠨᠥᠬᠦᠪᠦᠷᠢᠯᠡᠬᠦ ᠶᠢ ᠠᠬᠢᠭᠤᠯᠵᠤ᠂ ᠪᠦᠬᠦᠯᠢ ᠴᠣᠭᠴᠠ ᠶᠢᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠂ ᠵᠡᠭᠦᠨ ᠬᠤᠶᠢᠲᠤ ᠶᠢᠨ ᠭᠤᠷᠪᠠᠨ ᠮᠤᠵᠢ ᠨᠢᠭᠡ ᠣᠷᠣᠨ ᠤ ᠵᠢᠭᠤᠯᠴᠢᠯᠠᠯ ᠤᠨ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠳᠤ ᠨᠥᠯᠥᠭᠡᠯᠡᠬᠦ ᠬᠦᠴᠦᠨ ᠲᠠᠢ ᠵᠡᠭᠦᠨ ᠬᠤᠶᠢᠲᠤ ᠶᠢᠨ ᠭᠤᠷᠪᠠᠨ ᠮᠤᠵᠢ ᠨᠢᠭᠡ ᠣᠷᠣᠨ ᠤ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢ ᠱᠤᠭᠤᠬᠤ ᠳᠤ ᠢᠳᠡᠪᠬᠢᠲᠡᠢ ᠦᠢᠯᠡᠳᠦᠯ ᠦᠵᠡᠭᠦᠯᠭᠦ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号