ᠰᠢ ᠶᠢᠨ ᠫᠢᠩ ᠲᠠᠵᠢᠺᠰᠲ᠋ᠠᠨ ᠤ ᠶᠡᠷᠦᠩᠬᠡᠶᠢᠯᠡᠭᠴᠢ ᠯᠠᡁᠧᠮᠧᠩ ᠲᠠᠢ ᠬᠡᠯᠡᠯᠴᠡᠭᠡ ᠬᠢᠪᠡ
ᠨᠡᠶᠢᠲᠡᠯᠡᠭᠰᠡᠨ ᠴᠠᠭ᠄
2024/7/8
     ᠰᠢᠨᠬᠤᠸᠠ ᠬᠤᠷᠢᠶ᠎ᠠ ᠶᠢᠨ ᠳ᠋ᠦᠱᠠᠨᠪᠧ ᠶᠢᠨ 7 ᠰᠠᠷ᠎ᠠ ᠶᠢᠨ 5᠎ ᠤ ᠴᠠᠭᠢᠯᠭᠠᠨ ᠮᠡᠳᠡᠭᠡ   ᠲᠤᠬᠠᠢ ᠶᠢᠨ ᠭᠠᠵᠠᠷ ᠤᠨ ᠴᠠᠭ ᠢᠶᠠᠷ 7 ᠰᠠᠷ᠎ᠠ ᠶᠢᠨ 5᠎ ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠠᠵᠢᠺᠰᠲ᠋ᠠᠨ ᠤ ᠶᠡᠷᠦᠩᠬᠡᠶᠢᠯᠡᠭᠴᠢ ᠯᠠᠾᠧᠮᠧᠩ ᠲᠠᠢ ᠳ᠋ᠦᠱᠠᠨᠪᠧ ᠶᠢᠨ ᠶᠡᠷᠦᠩᠬᠡᠶᠢᠯᠡᠭᠴᠢ ᠶᠢᠨ ᠣᠷᠳᠣᠨ ᠳᠤ ᠬᠡᠯᠡᠯᠴᠡᠭᠡ ᠬᠢᠪᠡ᠃ ᠬᠤᠶᠠᠷ ᠤᠯᠤᠰ ᠤᠨ ᠲᠡᠷᠢᠭᠦᠨ ᠰᠢᠨ᠎ᠡ ᠴᠠᠭ ᠦᠶ᠎ᠡ ᠶᠢᠨ ᠳᠤᠮᠳᠠᠳᠤ ᠲᠠᠵᠢᠺᠰᠲ᠋ᠠᠨ ᠤ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠬᠥᠭᠵᠢᠭᠦᠯᠦᠨ᠎ᠡ ᠭᠡᠵᠦ ᠨᠡᠶᠢᠲᠡᠯᠡᠪᠡ᠃
ᠲᠤᠬᠠᠢ ᠶᠢᠨ ᠭᠠᠵᠠᠷ ᠤᠨ ᠴᠠᠭ ᠢᠶᠠᠷ 7 ᠰᠠᠷ᠎ᠠ ᠶᠢᠨ 5᠎ ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠠᠵᠢᠺᠰᠲ᠋ᠠᠨ ᠤ ᠶᠡᠷᠦᠩᠬᠡᠶᠢᠯᠡᠭᠴᠢ ᠯᠠᠾᠧᠮᠧᠩ ᠲᠠᠢ ᠳ᠋ᠦᠱᠠᠨᠪᠧ ᠶᠢᠨ ᠶᠡᠷᠦᠩᠬᠡᠶᠢᠯᠡᠭᠴᠢ ᠶᠢᠨ ᠣᠷᠳᠣᠨ ᠳᠤ ᠬᠡᠯᠡᠯᠴᠡᠭᠡ ᠬᠢᠪᠡ᠃      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ    ᠶᠠᠨ ᠶᠠᠨ  ᠰᠡᠭᠦᠳᠡᠷᠯᠡᠪᠡ            ᠰᠢ ᠶᠢᠨ ᠫᠢᠩ ᠲᠡᠷᠭᠡᠨ ᠳᠤ ᠰᠠᠭᠤᠵᠤ ᠶᠡᠷᠦᠩᠬᠡᠶᠢᠯᠡᠭᠴᠢ ᠶᠢᠨ ᠣᠷᠳᠣᠨ ᠤ ᠡᠮᠦᠨᠡᠬᠢ ᠠᠭᠤᠳᠠᠮ ᠲᠠᠯᠠᠪᠠᠢ ᠳᠤ ᠬᠦᠷᠬᠦ ᠳᠤ᠂ ᠯᠠᠾᠧᠮᠧᠩ ᠲᠡᠷᠭᠡᠨ ᠠᠴᠠ ᠪᠠᠭᠤᠬᠤ ᠭᠠᠵᠠᠷ ᠲᠤ ᠬᠠᠯᠠᠭᠤᠨ ᠢᠶᠠᠷ ᠤᠭᠲᠤᠪᠠ᠃      ᠯᠠᡁᠧᠮᠧᠩ ᠰᠢ ᠶᠢᠨ ᠫᠢᠩ ᠢ ᠤᠭᠲᠤᠬᠤ ᠦᠪᠡᠳᠡᠭᠰᠢ ᠶᠣᠰᠣᠯᠠᠯ ᠶᠠᠪᠤᠭᠤᠯᠪᠠ᠃      ᠬᠤᠶᠠᠷ ᠤᠯᠤᠰ ᠤᠨ ᠲᠡᠷᠢᠭᠦᠨ ᠬᠠᠮᠲᠤ ᠪᠠᠷ ᠰᠢᠯᠭᠠᠨ ᠦᠵᠡᠬᠦ ᠲᠠᠶᠢᠰᠠᠨ ᠳᠤ ᠭᠠᠷᠪᠠ᠃ ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠲᠠᠵᠢᠺᠰᠲ᠋ᠠᠨ ᠬᠤᠶᠠᠷ ᠤᠯᠤᠰ ᠤᠨ ᠤᠯᠤᠰ ᠤᠨ ᠰᠦᠯᠳᠡ ᠳᠠᠭᠤᠤ ᠶᠢ ᠬᠥᠭᠵᠢᠮᠳᠡᠵᠦ᠂ ᠶᠣᠰᠣᠯᠠᠯ ᠤᠨ ᠫᠤᠤ ᠶᠢ 21 ᠳᠤᠤᠭᠠᠷᠭᠠᠪᠠ᠃ ᠰᠢ ᠶᠢᠨ ᠫᠢᠩ ᠯᠠᡁᠧᠮᠧᠩ ᠤᠨ ᠪᠡᠷ᠎ᠠ ᠪᠤᠯᠤᠯᠭ᠎ᠠ ᠲᠠᠢ ᠪᠠᠷ ᠶᠣᠰᠣᠯᠠᠯ ᠤᠨ ᠠᠩᠭᠢ ᠶᠢ ᠰᠢᠯᠭᠠᠨ ᠦᠵᠡᠵᠦ᠂ ︽ᠳᠠᠶᠠᠭᠠᠷ ᠢᠶᠠᠨ ᠰᠠᠶᠢᠨ ᠪᠠᠶᠢᠨ᠎ᠠ ᠦᠦ︕︾ ᠭᠡᠵᠦ ᠲᠠᠵᠢᠺ ᠭᠡᠯᠡ ᠪᠠᠷ ᠮᠡᠨᠳᠦᠴᠢᠯᠡᠬᠦ ᠳᠤ ᠶᠣᠰᠣᠯᠠᠯ ᠤᠨ ᠠᠩᠭᠢ ᠶᠢᠨ ᠭᠡᠰᠢᠭᠦᠳ ︽ᠰᠠᠶᠢᠨ ᠦᠦ᠂ ᠲᠡᠷᠢᠭᠦᠯᠡᠭᠴᠢ ᠨᠣᠶᠠᠨᠲᠠᠨ ᠠ᠋︕︾ ᠭᠡᠵᠦ ᠲᠠᠵᠢᠺ ᠭᠡᠯᠡ ᠪᠠᠷ ᠲᠠᠭᠤᠨ ᠨᠢᠭᠡᠲᠡᠢ ᠬᠠᠷᠢᠭᠤᠯᠪᠠ᠃ ᠬᠤᠶᠠᠷ ᠤᠯᠤᠰ ᠤᠨ ᠲᠡᠷᠢᠭᠦᠨ ᠲᠤᠰ ᠲᠤᠰ ᠤᠨ ᠪᠡᠷ᠎ᠠ ᠪᠣᠯᠣᠭᠰᠠᠳ ᠲᠠᠢ ᠨᠢᠭᠡᠳ ᠨᠢᠭᠡ ᠪᠠᠷ ᠭᠠᠷ ᠠᠳᠬᠤᠨ ᠮᠡᠨᠳᠦᠴᠢᠯᠡᠵᠦ᠂ ᠲᠠᠷᠠᠭ᠎ᠠ ᠨᠢ ᠬᠠᠮᠲᠤ ᠪᠠᠷ ᠵᠢᠭᠰᠠᠭᠠᠯ ᠢ ᠦᠵᠡᠪᠡ᠃      ᠤᠭᠲᠤᠬᠤ ᠶᠣᠰᠣᠯᠠᠯ ᠤᠨ ᠳᠠᠷᠠᠭ᠎ᠠ᠂ ᠬᠤᠶᠠᠷ ᠤᠯᠤᠰ ᠤᠨ ᠲᠡᠷᠢᠭᠦᠨ ᠤᠷᠢᠳ ᠬᠤᠵᠢᠳ ᠪᠠᠭ᠎ᠠ ᠬᠡᠪᠴᠢᠶᠡᠨ ᠤ ᠬᠡᠯᠡᠯᠴᠡᠭᠡ ᠪᠣᠯᠣᠨ ᠶᠡᠭᠡ ᠬᠡᠪᠴᠢᠶᠡᠨ ᠤ ᠬᠡᠯᠡᠯᠴᠡᠭᠡ ᠬᠢᠪᠡ᠃      ᠰᠢ ᠶᠢᠨ ᠫᠢᠩ᠂ ᠳᠤᠮᠳᠠᠳᠤ ᠤᠯᠤᠰ ᠪᠣᠯᠣᠨ ᠲᠠᠵᠢᠺᠰᠲ᠋ᠠᠨ ᠠᠭᠤᠯᠠ ᠤᠰᠤ ᠪᠠᠷ ᠢᠶᠠᠨ ᠵᠠᠯᠭᠠᠯᠳᠤᠵᠤ᠂ ᠤᠷᠤᠭᠤᠯ ᠰᠢᠳᠤᠨ ᠤ ᠨᠢᠭᠲᠠ ᠬᠤᠯᠪᠤᠭ᠎ᠠ ᠲᠠᠢ᠂ ᠬᠤᠪᠢ ᠵᠠᠶᠠᠭ᠎ᠠ ᠪᠠᠨ ᠬᠠᠮᠲᠤᠳᠬᠠᠭᠰᠠᠨ ᠶᠤᠮ᠃ ᠬᠤᠶᠠᠷ ᠤᠯᠤᠰ ᠤᠨ ᠬᠠᠷᠢᠯᠴᠠᠭ᠎ᠠ ᠭᠦᠨ ᠵᠤᠵᠠᠭᠠᠨ ᠲᠡᠦᠬᠡ ᠶᠢᠨ ᠡᠬᠢ ᠰᠤᠷᠪᠤᠯᠵᠢ᠂ ᠪᠠᠲᠤ ᠪᠠᠬᠢ ᠤᠯᠤᠰ ᠲᠦᠷᠦ ᠶᠢᠨ ᠰᠠᠭᠤᠷᠢ᠂ ᠡᠯᠪᠡᠭ ᠪᠠᠶᠠᠯᠢᠭ ᠬᠠᠮᠲᠤᠷᠠᠯᠴᠠᠭᠠᠨ ᠤ ᠠᠭᠤᠯᠤᠭᠳᠠᠬᠤᠨ᠂ ᠥᠷᠭᠡᠨ ᠳᠡᠯᠭᠡᠷ ᠠᠷᠠᠳ ᠤᠨ ᠰᠠᠨᠠᠭᠠᠨ ᠤ ᠳᠡᠮᠵᠢᠯᠭᠡ ᠲᠠᠢ ᠶᠤᠮ᠃ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠬᠤᠶᠠᠷ ᠤᠯᠤᠰ ᠤᠨ ᠤᠯᠤᠰ ᠲᠥᠷᠥ ᠶᠢᠨ ᠢᠲᠡᠭᠡᠯᠴᠡᠭᠡ ᠦᠷᠭᠦᠯᠵᠢᠯᠡᠨ ᠭᠦᠨᠵᠡᠭᠡᠶᠢᠷᠡᠵᠦ᠂ ︽ᠨᠢᠭᠡ ᠪᠦᠰᠡ ᠨᠢᠭᠡ ᠵᠠᠮ︾᠎ ᠢ ᠬᠠᠮᠲᠤ ᠪᠠᠷ ᠪᠦᠲᠦᠭᠡᠨ ᠪᠠᠶᠢᠭᠤᠯᠬᠤ ᠬᠠᠮᠲᠤᠷᠠᠯᠴᠠᠭ᠎ᠠ ᠡᠯᠪᠡᠭ ᠦᠷ᠎ᠡ ᠪᠦᠲᠦᠭᠡᠯ ᠣᠯᠵᠤ᠂ ᠠᠯᠢ ᠣᠯᠠᠨ ᠴᠢᠬᠤᠯᠠ ᠶᠡᠭᠡ ᠲᠥᠷᠥᠯ ᠵᠦᠢᠯ ᠤᠨ ᠠᠬᠢᠴᠠ ᠤᠷᠤᠭᠰᠢᠲᠠᠢ ᠶᠠᠪᠤᠭᠳᠠᠵᠤ᠂ ᠬᠤᠶᠠᠷ ᠤᠯᠤᠰ ᠤᠨ ᠬᠠᠮᠲᠤ ᠶᠢᠨ ᠬᠥᠭᠵᠢᠯᠲᠡ ᠶᠢ ᠬᠦᠴᠦᠲᠡᠢ ᠠᠬᠢᠭᠤᠯᠪᠠ᠃ ᠨᠢᠳᠤᠨᠤᠨ ᠲᠠ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠦ᠂ ᠪᠢᠳᠡ ᠦᠶ᠎ᠡ ᠶᠢᠨ ᠦᠶ᠎ᠡ ᠳᠡᠭᠡᠨ ᠨᠥᠭᠦᠷᠰᠡᠭ᠂ ᠵᠢᠷᠭᠠᠯ ᠵᠣᠪᠠᠯᠠᠩ ᠢᠶᠠᠨ ᠬᠠᠮᠲᠤᠳᠬᠠᠭᠰᠠᠨ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠳᠤᠮᠳᠠᠳᠤ ᠲᠠᠵᠢᠺᠰᠲ᠋ᠠᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠪᠠᠷ ᠴᠢᠷᠮᠠᠶᠢᠶ᠎ᠠ ᠭᠡᠵᠦ ᠲᠣᠭᠲᠠᠭᠰᠠᠨ ᠪᠢᠯᠡ᠃ ᠰᠢᠨ᠎ᠡ ᠪᠠᠶᠢᠳᠠᠯ ᠳᠣᠣᠷ᠎ᠠ᠂ ᠳᠤᠮᠳᠠᠳᠤ ᠤᠯᠤᠰ ᠳᠤᠷᠠᠲᠠᠶ᠎ᠠ ᠲᠠᠵᠢᠺᠰᠲ᠋ᠠᠨ ᠤ ᠬᠢᠨ ᠲᠠᠢ ᠰᠢᠨ᠎ᠡ ᠴᠠᠭ ᠦᠶ᠎ᠡ ᠶᠢᠨ ᠳᠤᠮᠳᠠᠳᠤ ᠲᠠᠵᠢᠺᠰᠲ᠋ᠠᠨ ᠤ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠬᠥᠭᠵᠢᠭᠦᠯᠵᠦ᠂ ᠨᠡᠩ ᠥᠨᠳᠥᠷ ᠭᠠᠷᠤᠭ᠎ᠠ ᠠᠴᠠ ᠳᠤᠮᠳᠠᠳᠤ ᠲᠠᠵᠢᠺᠰᠲ᠋ᠠᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠬᠤᠶᠠᠷ ᠤᠯᠤᠰ ᠤᠨ ᠬᠥᠭᠵᠢᠯ ᠮᠠᠨᠳᠤᠯ ᠳᠤ ᠬᠦᠴᠦᠨ ᠨᠡᠮᠡᠷᠢᠯᠡᠨ᠎ᠡ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠥᠴᠥᠭᠡᠳᠦᠷ ᠣᠷᠣᠢ ᠶᠡᠷᠦᠩᠬᠡᠶᠢᠯᠡᠭᠴᠢ ᠠᠪᠤᠭᠠᠢ ᠨᠢᠰᠬᠡᠯ ᠤᠨ ᠪᠠᠭᠤᠳᠠᠯ ᠳᠤ ᠬᠠᠮᠤᠭ ᠤᠨ ᠳᠡᠭᠡᠳᠦ ᠶᠣᠰᠣᠯᠠᠯ ᠪᠦᠬᠦᠢ ᠦᠪᠡᠳᠡᠭᠰᠢ ᠶᠡᠭᠡ ᠤᠭᠲᠤᠬᠤ ᠶᠣᠰᠣᠯᠠᠯ ᠶᠠᠪᠤᠭᠤᠯᠵᠤ ᠨᠠᠮ᠎ᠠ ᠶᠢ ᠤᠭᠲᠤᠭᠰᠠᠨ ᠨᠢ ᠲᠠᠵᠢᠺᠰᠲ᠋ᠠᠨ ᠤ ᠵᠠᠰᠠᠭ ᠤᠨ ᠣᠷᠳᠣᠨ ᠪᠣᠯᠣᠨ ᠠᠷᠠᠳ ᠲᠦᠮᠡᠨ ᠤ ᠳᠤᠮᠳᠠᠳᠤ ᠤᠯᠤᠰ ᠲᠤ ᠬᠠᠯᠠᠭᠤᠮᠰᠤᠭ ᠨᠥᠭᠦᠷᠰᠡᠭ ᠪᠠᠶᠢᠬᠤ ᠶᠢ ᠭᠦᠢᠴᠡᠳ ᠢᠯᠡᠷᠡᠭᠦᠯᠵᠦ᠂ ᠨᠠᠮ᠎ᠠ ᠶᠢ ᠶᠡᠬᠡᠳᠡ ᠳᠣᠭᠳᠣᠯᠤᠭᠤᠯᠪᠠ᠃ ᠳᠤᠮᠳᠠᠳᠤ ᠤᠯᠤᠰ ᠲᠠᠵᠢᠺᠰᠲ᠋ᠠᠨ ᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠣᠯᠣᠭᠰᠠᠨ ᠠᠮᠵᠢᠯᠲᠠ ᠳᠤ ᠪᠠᠶᠠᠷᠯᠠᠵᠤ ᠪᠠᠶᠢᠨ᠎ᠠ᠂ ᠳᠤᠮᠳᠠᠳᠤ ᠲᠠᠵᠢᠺᠰᠲ᠋ᠠᠨ ᠤ ᠨᠥᠭᠦᠷᠰᠡᠭ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠦᠷᠭᠦᠯᠵᠢᠯᠡᠨ ᠡᠷᠡᠰ ᠠᠬᠢᠭᠤᠯᠵᠤ᠂ ᠲᠠᠵᠢᠺᠰᠲ᠋ᠠᠨ ᠤ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠲᠡᠮᠵᠢᠵᠤ᠂ ᠲᠠᠵᠢᠺᠰᠲ᠋ᠠᠨ ᠤ ᠤᠯᠤᠰ ᠤᠨ ᠲᠤᠰᠠᠭᠠᠷ ᠲᠣᠭᠲᠠᠨᠢᠯ᠂ ᠡᠷᠬᠡ ᠮᠡᠳᠡᠯ ᠪᠣᠯᠣᠨ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠬᠠᠮᠠᠭᠠᠯᠠᠬᠤ ᠳᠤ ᠭᠠᠷᠭᠠᠭᠰᠠᠨ ᠴᠢᠷᠮᠠᠶᠢᠯᠭ᠎ᠠ ᠶᠢ ᠲᠡᠮᠵᠢᠵᠤ᠂ ᠶᠠᠮᠠᠷᠪᠠ ᠭᠠᠳᠠᠭᠠᠳᠤ ᠬᠦᠴᠦᠨ ᠤ ᠶᠠᠮᠠᠷᠪᠠ ᠰᠢᠯᠲᠠᠭ ᠢᠶᠠᠷ ᠲᠠᠵᠢᠺᠰᠲ᠋ᠠᠨ ᠤ ᠳᠣᠲᠣᠭᠠᠳᠤ ᠶᠠᠪᠤᠳᠠᠯ ᠳᠤ ᠭᠠᠷ ᠲᠦᠷᠦᠭᠦ ᠶᠢ ᠡᠷᠡᠰ ᠡᠰᠡᠷᠭᠦᠴᠡᠨ᠎ᠡ᠃ ᠳᠤᠮᠳᠠᠳᠤ ᠤᠯᠤᠰ ᠥᠨᠢ ᠡᠭᠦᠷᠢᠳᠡ ᠳᠠᠵᠢᠺᠰᠲ᠋ᠠᠨ ᠤ ᠢᠲᠡᠭᠡᠭᠦᠰᠢᠲᠡᠢ ᠨᠠᠶᠢᠵᠠ᠂ ᠬᠦᠨᠳᠦᠳᠬᠡᠭᠦᠰᠢᠲᠡᠢ ᠬᠠᠨᠢᠲᠠᠨ᠂ ᠳᠣᠲᠣᠨᠣ ᠠᠬ᠎ᠠ ᠳᠡᠭᠦᠦ ᠪᠣᠯᠣᠨ᠎ᠠ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ ᠲᠡᠭᠷᠢ ᠭᠠᠵᠠᠷ ᠢ ᠳᠣᠩᠰᠣᠯᠭᠠᠮ᠎ᠠ ᠬᠤᠪᠢᠷᠠᠯᠲᠠ ᠭᠠᠷᠴᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠲᠡᠶᠢᠰᠢ ᠤᠷᠤᠭᠰᠢᠯᠠᠵᠤ ᠪᠠᠶᠢᠨ᠎ᠠ᠃ ᠳᠤᠮᠳᠠᠳᠤ ᠤᠯᠤᠰ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠶᠡᠭᠡ ᠪᠠᠷ ᠬᠥᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠪᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠵᠤ ᠪᠠᠶᠢᠨ᠎ᠠ᠃ ᠳᠤᠮᠳᠠᠳᠤ ᠤᠯᠤᠰ ᠳᠤᠷᠠᠲᠠᠶ᠎ᠠ ᠲᠠᠵᠢᠺᠰᠲ᠋ᠠᠨ ᠤ ᠬᠢᠨ ᠲᠠᠢ ᠬᠥᠭᠵᠢᠯᠲᠡ ᠶᠢᠨ ᠲᠤᠷᠰᠢᠯᠭ᠎ᠠ ᠪᠣᠯᠣᠨ ᠠᠵᠠ ᠲᠣᠭᠢᠶᠠᠯ ᠢᠶᠠᠨ ᠰᠣᠯᠢᠯᠴᠠᠨ ᠬᠤᠪᠢᠶᠠᠯᠴᠠᠵᠤ᠂ ᠬᠤᠶᠠᠷ ᠤᠯᠤᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠶᠢ ᠠᠬᠢᠭᠤᠯᠵᠤ᠂ ︽ᠨᠢᠭᠡ ᠪᠦᠰᠡ ᠨᠢᠭᠡ ᠵᠠᠮ︾᠎ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠵᠤ᠂ ᠠᠵᠤ ᠠᠬᠤᠢ ᠠᠷᠠᠯᠵᠢᠶᠠᠨ ᠤ ᠬᠠᠮᠲᠤᠷᠠᠯᠴᠠᠭᠠᠨ ᠤ ᠶᠠᠰᠤ ᠴᠢᠨᠠᠷ ᠪᠣᠯᠣᠨ ᠬᠡᠪᠴᠢᠶ᠎ᠡ ᠪᠠᠨ ᠳᠡᠭᠡᠭᠰᠢᠯᠡᠭᠦᠯᠵᠦ᠂ ᠬᠤᠯᠪᠣᠯᠳᠤᠨ ᠨᠡᠪᠲᠡᠷᠡᠯᠴᠡᠬᠦ ᠬᠠᠮᠲᠤᠷᠠᠯᠴᠠᠭ᠎ᠠ ᠪᠠᠨ ᠰᠢᠯᠢᠳᠡᠭᠵᠢᠭᠦᠯᠵᠦ᠂ ᠬᠥᠳᠡᠭᠡ ᠠᠵᠤ ᠠᠬᠤᠢ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠵᠠᠩᠭᠢᠯᠠᠭ᠎ᠠ ᠶᠢᠨ ᠠᠭᠤᠷᠬᠠᠢ ᠶᠢᠨ ᠡᠬᠢ ᠪᠠᠶᠠᠯᠢᠭ ᠤᠨ ᠬᠠᠮᠲᠤᠷᠠᠯᠴᠠᠭ᠎ᠠ ᠪᠠᠨ ᠥᠷᠭᠡᠳᠬᠡᠵᠦ᠂ ᠰᠢᠨ᠎ᠡ ᠡᠨᠧᠷᠭᠢ᠂ ᠲᠣᠭᠠᠴᠢᠯᠠᠭᠰᠠᠨ ᠠᠵᠤ ᠠᠬᠤᠢ᠂ ᠵᠣᠬᠢᠶᠠᠮᠠᠯ ᠤᠶᠤᠨ ᠴᠢᠳᠠᠪᠤᠷᠢ᠂ ᠡᠯᠧᠺᠲᠷᠣᠨ ᠬᠤᠳᠠᠯᠳᠤᠭ᠎ᠠ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠥᠷᠭᠡᠳᠬᠡᠵᠦ᠂ ᠲᠠᠵᠢᠺᠰᠲ᠋ᠠᠨ ᠤ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠬᠥᠭᠵᠢᠭᠦᠯᠬᠦ ᠳᠤ ᠬᠦᠴᠦᠨ ᠨᠡᠮᠡᠷᠢᠯᠡᠨ᠎ᠡ᠃ ᠬᠤᠶᠠᠷ ᠲᠠᠯ᠎ᠠ ᠪᠠᠷ ᠢᠶᠠᠨ ᠬᠠᠤᠯᠢ ᠬᠡᠷᠡᠭᠵᠢᠭᠦᠯᠬᠦ ᠠᠮᠤᠷ ᠲᠦᠪᠰᠢᠨ ᠤ ᠰᠠᠯᠠᠭ᠎ᠠ ᠮᠥᠴᠢᠷ ᠤᠨ ᠬᠠᠮᠲᠤᠷᠠᠯᠴᠠᠭ᠎ᠠ ᠪᠠᠨ ᠴᠢᠩᠭᠠᠳᠬᠠᠵᠤ᠂ ︽ᠭᠤᠷᠪᠠᠨ ᠵᠦᠢᠯ ᠤᠨ ᠬᠦᠴᠦᠨ︾᠎ ᠳᠤ ᠬᠦᠴᠦᠲᠡᠢ ᠴᠣᠬᠢᠯᠲᠠ ᠥᠭᠴᠦ᠂ ᠬᠤᠶᠠᠷ ᠤᠯᠤᠰ ᠤᠨ ᠬᠥᠭᠵᠢᠯᠲᠡ ᠶᠢᠨ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠶ᠎ᠠ᠃ ᠬᠤᠶᠠᠷ ᠲᠠᠯ᠎ᠠ ᠪᠠᠷ ᠢᠶᠠᠨ ᠪᠠᠰᠠ ᠵᠠᠯᠠᠭᠤᠴᠤᠳ᠂ ᠵᠠᠭᠤᠴᠢᠯᠠᠭᠤᠷ᠂ ᠤᠶᠤᠨ ᠤ ᠬᠥᠮᠥᠷᠭᠡ᠂ ᠡᠮᠡᠭᠲᠡᠶᠢᠴᠦᠳ᠂ ᠵᠢᠭᠤᠯᠴᠢᠯᠠᠯ ᠵᠡᠷᠭᠡ ᠰᠣᠶᠣᠯ ᠢᠷᠭᠡᠨᠰᠢᠯ ᠤᠨ ᠬᠠᠮᠲᠤᠷᠠᠯᠴᠠᠭ᠎ᠠ ᠪᠠᠨ ᠥᠷᠭᠡᠳᠬᠡᠶ᠎ᠡ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠳᠤᠮᠳᠠᠳᠤ ᠤᠯᠤᠰ - ᠳᠤᠮᠳᠠᠳᠤ ᠠᠽᠢᠶ᠎ᠠ ᠶᠢᠨ ᠲᠣᠭᠲᠠᠴᠠ ᠪᠣᠯ ᠵᠢᠷᠭᠤᠭᠠᠨ ᠤᠯᠤᠰ ᠤᠨ ᠬᠠᠮᠲᠤ ᠶᠢᠨ ᠡᠭᠦᠳᠦᠯᠲᠡ ᠮᠥᠨ᠃ ᠳᠤᠮᠳᠠᠳᠤ ᠤᠯᠤᠰ ᠳᠤᠷᠠᠲᠠᠶ᠎ᠠ ᠲᠠᠵᠢᠺᠰᠲ᠋ᠠᠨ ᠪᠣᠯᠣᠨ ᠬᠤᠯᠪᠣᠭᠳᠠᠯ ᠪᠦᠬᠦᠢ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ᠂ ᠳᠤᠮᠳᠠᠳᠤ ᠤᠯᠤᠰ - ᠳᠤᠮᠳᠠᠳᠤ ᠠᠽᠢᠶ᠎ᠠ ᠶᠢᠨ ᠲᠣᠭᠲᠠᠴᠠ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠳᠤᠮᠳᠠᠳᠤ ᠤᠯᠤᠰ ᠤᠨ ᠳᠤᠮᠳᠠᠳᠤ ᠠᠽᠢᠶ᠎ᠠ ᠶᠢᠨ ᠬᠠᠮᠲᠤᠷᠠᠯᠴᠠᠭ᠎ᠠ ᠶᠢᠨ ᠨᠡᠩ ᠤᠯᠠᠨ ᠪᠣᠳᠠᠲᠠᠢ ᠦᠷ᠎ᠡ ᠪᠦᠲᠦᠭᠡᠯ ᠣᠯᠬᠤ ᠶᠢ ᠠᠬᠢᠭᠤᠯᠤᠨ᠎ᠠ᠃ ᠳᠤᠮᠳᠠᠳᠤ ᠲᠠᠵᠢᠺᠰᠲ᠋ᠠᠨ ᠴᠥᠮ ᠬᠥᠭᠵᠢᠵᠦ ᠪᠠᠶᠢᠭ᠎ᠠ ᠤᠯᠤᠰ ᠮᠥᠨ᠂ ︽ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ︾᠎ ᠤᠨ ᠥᠷᠭᠡᠨ ᠤᠯᠠᠨ ᠤᠯᠤᠰ ᠲᠠᠢ ᠬᠠᠮᠲᠤ ᠪᠠᠷ ᠪᠦᠯᠬᠦᠮᠳᠡᠯ ᠬᠠᠮᠵᠢᠯᠴᠠᠭ᠎ᠠ ᠪᠠᠨ ᠴᠢᠩᠭᠠᠳᠬᠠᠵᠤ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ ᠲᠦᠢᠯᠵᠢᠯᠳᠠ ᠪᠠ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠰᠠᠨᠠᠭᠠᠴᠢᠯᠠᠵᠤ᠂ ᠭᠠᠷ ᠬᠤᠯᠪᠣᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠶ᠎ᠠ ᠭᠡᠵᠦ ᠴᠢᠬᠤᠯᠠᠴᠢᠯᠠᠪᠠ᠃      ᠯᠠᡁᠧᠮᠧᠩ᠂ ᠲᠡᠷᠢᠭᠦᠯᠡᠭᠴᠢ ᠰᠢ ᠶᠢᠨ ᠫᠢᠩ ᠲᠠᠵᠢᠺᠰᠲ᠋ᠠᠨ ᠳᠤ ᠠᠩᠬ᠎ᠠ ᠤᠳᠠᠭ᠎ᠠ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠭᠰᠡᠨ ᠠᠷᠪᠠᠨ ᠵᠢᠯ ᠤᠨ ᠤᠢ ᠶᠢᠨ ᠲᠠᠰᠢᠷᠠᠮ ᠢᠶᠠᠷ ᠳᠠᠬᠢᠨᠲᠠ ᠠᠶᠢᠯᠴᠢᠯᠠᠬᠰᠠᠨ ᠨᠢ ᠴᠢᠬᠤᠯᠠ ᠪᠡᠯᠭᠡ ᠲᠡᠮᠳᠡᠭ ᠤᠨ ᠠᠴᠢ ᠬᠤᠯᠪᠣᠭᠳᠠᠯ ᠲᠠᠢ ᠶᠤᠮ᠃ ᠳᠤᠮᠳᠠᠳᠤ ᠤᠯᠤᠰ ᠪᠣᠯᠣᠨ ᠳᠠᠵᠢᠺᠰᠲ᠋ᠠᠨ ᠪᠣᠯ ᠨᠥᠭᠦᠷᠰᠡᠭ ᠬᠥᠷᠰᠢ ᠪᠠ ᠦᠨᠡᠨᠴᠢ ᠨᠠᠶᠢᠵᠠ ᠮᠥᠨ᠃ ᠪᠢ ᠪᠣᠯᠣᠨ ᠲᠡᠷᠢᠭᠦᠯᠡᠭᠴᠢ ᠰᠢ ᠶᠢᠨ ᠫᠢᠩ ᠤᠨ ᠪᠠᠶᠢᠯᠳᠤᠬᠤ ᠪᠣᠳᠣᠯᠭ᠎ᠠ ᠶᠢᠨ ᠳᠠᠭᠠᠭᠤᠯᠤᠯ ᠳᠣᠣᠷ᠎ᠠ᠂ ᠣᠶᠢᠷ᠎ᠠ ᠶᠢᠨ ᠵᠢᠯ ᠠᠴᠠ ᠲᠠᠵᠢᠺᠰᠲ᠋ᠠᠨ ᠳᠤᠮᠳᠠᠳᠤ ᠬᠤᠶᠠᠷ ᠤᠯᠤᠰ ᠤᠨ ᠬᠠᠷᠢᠯᠴᠠᠭ᠎ᠠ ᠰᠠᠶᠢᠨ ᠰᠠᠶᠢᠬᠠᠨ ᠬᠥᠭᠵᠢᠯᠲᠡ ᠪᠠᠨ ᠪᠠᠲᠤᠯᠠᠵᠤ᠂ ᠡᠯ᠎ᠡ ᠬᠦᠷᠢᠶᠡᠨ ᠤ ᠬᠠᠮᠲᠤᠷᠠᠯᠴᠠᠭ᠎ᠠ ᠢᠳᠡᠪᠬᠢᠲᠡᠢ ᠦᠷ᠎ᠡ ᠪᠦᠲᠦᠭᠡᠯ ᠣᠯᠵᠤ᠂ ᠤᠯᠠᠨ ᠲᠠᠯᠠᠲᠤ ᠪᠠᠶᠢᠭᠤᠯᠤᠮᠵᠢ ᠳᠤᠮᠳᠠ ᠥᠨᠳᠥᠷ ᠲᠦᠪᠰᠢᠨ ᠪᠦᠬᠦᠢ ᠣᠯᠣᠯᠴᠠᠭ᠎ᠠ ᠬᠠᠮᠵᠢᠯᠴᠠᠭ᠎ᠠ ᠪᠠᠨ ᠪᠠᠲᠤᠯᠠᠪᠠ᠃ ᠲᠠᠵᠢᠺᠰᠲ᠋ᠠᠨ ᠳᠤᠮᠳᠠᠳᠤ ᠶᠢᠨ ᠬᠠᠷᠢᠯᠴᠠᠭ᠎ᠠ ᠶᠢ ᠤᠯᠤᠰ ᠬᠢᠭᠡᠳ ᠤᠯᠤᠰ ᠤᠨ ᠬᠠᠷᠢᠯᠴᠠᠭᠠᠨ ᠤ ᠨᠡᠶᠢᠲᠡᠯᠢᠭ ᠵᠢᠱᠢᠶ᠎ᠡ ᠭᠡᠵᠦ ᠬᠡᠯᠡᠵᠦ ᠪᠣᠯᠣᠨ᠎ᠠ᠃ ᠲᠡᠷᠢᠭᠦᠯᠡᠭᠴᠢ ᠰᠢ ᠶᠢᠨ ᠫᠢᠩ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠬᠠᠶᠢᠷ᠎ᠠ ᠬᠦᠨᠳᠦᠳᠬᠡᠯ ᠪᠠ ᠳᠡᠯᠡᠬᠡᠢ ᠶᠢᠨ ᠠᠷᠠᠳ ᠲᠦᠮᠡᠨ ᠤ ᠪᠢᠰᠢᠷᠡᠯ ᠬᠦᠨᠳᠦᠳᠬᠡᠯ ᠢ ᠣᠯᠣᠭᠰᠠᠨ ᠳᠡᠯᠡᠬᠡᠢ ᠶᠢᠨ ᠲᠡᠰ ᠤᠨ ᠤᠳᠤᠷᠢᠳᠬᠤ ᠬᠥᠮᠥᠨ ᠮᠥᠨ᠃ ᠰᠢᠨ᠎ᠡ ᠴᠠᠭ ᠦᠶ᠎ᠡ ᠳᠤ ᠣᠷᠣᠭᠰᠠᠨ ᠠᠴᠠ ᠨᠠᠭᠠᠰᠢ᠂ ᠲᠡᠷᠢᠭᠦᠯᠡᠭᠴᠢ ᠰᠢ ᠶᠢᠨ ᠫᠢᠩ ᠤᠨ ᠥᠨᠳᠥᠷ ᠲᠤ ᠵᠣᠭᠰᠣᠨ ᠠᠯᠤᠰ ᠢ ᠪᠠᠷᠠᠯᠠᠭᠰᠠᠨ ᠰᠣᠳᠣ ᠮᠡᠷᠭᠡᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠠᠭᠤᠤ ᠶᠡᠭᠡ ᠬᠥᠭᠵᠢᠯᠲᠡ ᠶᠢᠨ ᠠᠮᠵᠢᠯᠲᠠ ᠪᠦᠲᠦᠮᠵᠢ ᠣᠯᠵᠤ᠂ ᠳᠤᠮᠳᠠᠳᠤ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠦᠭᠰᠡᠨ ᠢᠶᠠᠷ ᠪᠠᠷᠠᠬᠤ ᠦᠭᠡᠢ᠂ ᠪᠠᠰᠠ ᠭᠠᠵᠠᠷ ᠣᠷᠣᠨ ᠪᠣᠯᠣᠨ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠳᠤᠮᠳᠠᠳᠤ ᠤᠯᠤᠰ ᠯᠤᠭ᠎ᠠ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠴᠢᠩᠭᠠᠳᠬᠠᠬᠤ ᠪᠣᠯ ᠲᠠᠵᠢᠺᠰᠲ᠋ᠠᠨ ᠤ ᠬᠢᠨ ᠤ ᠡᠩ ᠲᠡᠷᠢᠭᠦᠨ ᠳᠤ ᠪᠣᠳᠣᠯᠬᠢᠯᠠᠬᠤ ᠲᠦᠷᠦ ᠶᠢᠨ ᠪᠣᠳᠣᠯᠭ᠎ᠠ ᠶᠢᠨ ᠴᠢᠭᠯᠡᠯ ᠮᠥᠨ᠃ ᠲᠠᠵᠢᠺᠰᠲ᠋ᠠᠨ ᠤ ᠬᠢᠨ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠭᠤᠶᠢᠪᠢᠰᠢ ᠦᠭᠡᠢ ᠪᠠᠷᠢᠮᠲᠠᠯᠠᠵᠤ᠂ ᠶᠠᠮᠠᠷᠪᠠ ᠭᠡᠯᠪᠡᠷᠢ ᠶᠢᠨ ︽ᠲᠠᠶᠢᠸᠠᠨ ᠢ ᠲᠤᠰᠠᠭᠠᠷ ᠲᠣᠭᠲᠠᠨᠢᠭᠤᠯᠬᠤ︾᠎ ᠶᠢ ᠡᠰᠡᠷᠭᠦᠴᠡᠵᠦ᠂ ᠳᠤᠮᠳᠠᠳᠤ ᠤᠯᠤᠰ ᠤᠨ ᠡᠷᠬᠡ ᠮᠡᠳᠡᠯ ᠪᠣᠯᠣᠨ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠬᠠᠮᠠᠭᠠᠯᠠᠬᠤ᠂ ᠤᠯᠤᠰ ᠤᠨ ᠨᠢᠭᠡᠳᠦᠯ ᠢ ᠪᠡᠶᠡᠯᠡᠭᠦᠯᠬᠦ ᠶᠢᠨ ᠲᠥᠯᠥᠭᠡ ᠭᠠᠷᠭᠠᠭᠰᠠᠨ ᠠᠯᠢᠪᠠ ᠴᠢᠷᠮᠠᠶᠢᠯᠭ᠎ᠠ ᠶᠢ ᠡᠷᠡᠰ ᠳᠡᠮᠵᠢᠨ᠎ᠠ᠃ ᠲᠠᠵᠢᠺᠰᠲ᠋ᠠᠨ ᠤ ᠬᠢᠨ ᠳᠤᠷᠠᠲᠠᠶ᠎ᠠ ᠲᠡᠷᠢᠭᠦᠯᠡᠭᠴᠢ ᠰᠢ ᠶᠢᠨ ᠫᠢᠩ ᠤᠨ ᠠᠶᠢᠯᠴᠢᠯᠠᠯᠲᠠ ᠶᠢᠨ ᠦᠷ᠎ᠡ ᠪᠦᠲᠦᠭᠡᠯ ᠢ ᠨᠠᠶᠢᠳᠠᠪᠤᠷᠢᠵᠢᠭᠤᠯᠬᠤ ᠪᠠᠷ ᠴᠢᠬᠤᠯᠠ ᠠᠵᠠ ᠲᠣᠭᠢᠶᠠᠯ ᠪᠤᠯᠭᠠᠵᠤ᠂ ︽ᠨᠢᠭᠡ ᠪᠦᠰᠡ ᠨᠢᠭᠡ ᠵᠠᠮ︾᠎ ᠢ ᠬᠠᠮᠲᠤ ᠪᠠᠷ ᠪᠦᠲᠦᠭᠡᠨ ᠪᠠᠶᠢᠭᠤᠯᠬᠤ ᠬᠠᠮᠲᠤᠷᠠᠯᠴᠠᠭ᠎ᠠ ᠶᠢ ᠴᠢᠨᠠᠭᠰᠢᠳᠠ ᠠᠬᠢᠭᠤᠯᠵᠤ᠂ ᠬᠤᠯᠪᠣᠯᠳᠤᠨ ᠨᠡᠪᠲᠡᠷᠡᠯᠴᠡᠬᠦ᠂ ᠬᠥᠳᠡᠭᠡ ᠠᠵᠤ ᠠᠬᠤᠢ᠂ ᠵᠠᠩᠭᠢᠯᠠᠭ᠎ᠠ ᠶᠢᠨ ᠠᠭᠤᠷᠬᠠᠢ ᠶᠢᠨ ᠭᠠᠷᠤᠯᠲᠠ᠂ ᠰᠢᠨ᠎ᠡ ᠡᠨᠧᠷᠭᠢ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠲᠠᠵᠢᠺᠰᠲ᠋ᠠᠨ ᠤ ᠬᠢᠨ ᠤ ᠠᠵᠤ ᠦᠢᠯᠡᠳᠪᠦᠷᠢᠵᠢᠯᠲᠡ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠲᠠᠵᠢᠺᠰᠲ᠋ᠠᠨ ᠳᠤᠷᠠᠲᠠᠶ᠎ᠠ ᠳᠤᠮᠳᠠᠳᠤ ᠤᠯᠤᠰ ᠯᠤᠭ᠎ᠠ ᠬᠠᠤᠯᠢ ᠬᠡᠷᠡᠭᠵᠢᠭᠦᠯᠬᠦ ᠠᠮᠤᠷ ᠲᠦᠪᠰᠢᠨ ᠤ ᠬᠠᠮᠲᠤᠷᠠᠯᠴᠠᠭ᠎ᠠ ᠪᠠᠨ ᠴᠢᠩᠭᠠᠳᠬᠠᠵᠤ᠂ ︽ᠭᠤᠷᠪᠠᠨ ᠵᠦᠢᠯ ᠤᠨ ᠬᠦᠴᠦᠨ︾᠎ ᠳᠤ ᠡᠷᠡᠰ ᠴᠣᠬᠢᠯᠲᠠ ᠥᠭᠴᠦ᠂ ᠬᠤᠶᠠᠷ ᠤᠯᠤᠰ ᠤᠨ ᠬᠠᠮᠲᠤ ᠶᠢᠨ ᠠᠮᠤᠷ ᠲᠦᠪᠰᠢᠨ ᠢ ᠬᠠᠮᠠᠭᠠᠯᠠᠨ᠎ᠠ᠃ ᠦᠢᠮᠡᠭᠡᠨ ᠳᠡᠪᠵᠢᠶᠡᠨ ᠲᠠᠢ ᠳᠡᠯᠡᠬᠡᠢ ᠶᠢᠨ ᠪᠠ ᠭᠠᠵᠠᠷ ᠣᠷᠣᠨ ᠤ ᠪᠠᠶᠢᠳᠠᠯ ᠤᠨ ᠡᠮᠦᠨ᠎ᠡ᠂ ᠲᠠᠵᠢᠺᠰᠲ᠋ᠠᠨ ᠤ ᠬᠢᠨ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠪᠦᠭᠦ ᠪᠥᠮᠪᠥᠷᠴᠡᠭ ᠤᠨ ᠰᠢᠷᠢᠰ ᠰᠠᠨᠠᠭᠠᠴᠢᠯᠠᠭ᠎ᠠ ᠶᠢ ᠡᠷᠡᠰ ᠳᠡᠮᠵᠢᠬᠦ ᠶᠢᠨ ᠬᠠᠮᠲᠤ ᠢᠳᠡᠪᠬᠢᠲᠡᠢ ᠨᠠᠶᠢᠳᠠᠪᠤᠷᠢᠵᠢᠭᠤᠯᠵᠤ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ᠂ ᠳᠤᠮᠳᠠᠳᠤ ᠤᠯᠤᠰ - ᠳᠤᠮᠳᠠᠳᠤ ᠠᠽᠢᠶ᠎ᠠ ᠶᠢᠨ ᠲᠣᠭᠲᠠᠴᠠ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠵᠡᠷᠭᠡ ᠤᠯᠠᠨ ᠲᠠᠯ᠎ᠠ ᠶᠢᠨ ᠪᠣᠷᠣ ᠲᠥᠯᠥᠪ ᠤᠨ ᠳᠣᠲᠣᠷᠠᠬᠢ ᠵᠣᠬᠢᠴᠠᠭᠤᠯᠭ᠎ᠠ ᠬᠠᠮᠵᠢᠯᠴᠠᠭ᠎ᠠ ᠪᠠᠨ ᠨᠢᠭᠲᠠᠷᠠᠭᠤᠯᠵᠤ᠂ ᠬᠠᠷᠢᠯᠴᠠᠨ ᠡᠷᠡᠰ ᠲᠡᠮᠵᠢᠵᠤ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠪᠣᠯᠣᠨ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠲᠤ ᠪᠠᠷ ᠬᠠᠮᠠᠭᠠᠯᠠᠨ᠎ᠠ᠃ ᠲᠡᠷᠢᠭᠦᠯᠡᠭᠴᠢ ᠰᠢ ᠶᠢᠨ ᠫᠢᠩ ᠤᠨ ᠡᠨᠡ ᠤᠳᠠᠭ᠎ᠠ ᠶᠢᠨ ᠠᠶᠢᠯᠴᠢᠯᠠᠯᠲᠠ ᠯᠠᠪᠲᠠᠢ ᠲᠠᠵᠢᠺᠰᠲ᠋ᠠᠨ ᠳᠤᠮᠳᠠᠳᠤ ᠶᠢᠨ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠨᠡᠩ ᠥᠨᠳᠥᠷ ᠲᠦᠪᠰᠢᠨ ᠲᠡᠶᠢᠰᠢ ᠬᠥᠭᠵᠢᠬᠦ ᠶᠢ ᠬᠦᠴᠦᠲᠡᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠤᠯᠠᠨ ᠪᠤᠶᠠᠨ ᠦᠢᠯᠡᠳᠦᠨ᠎ᠡ ᠭᠡᠳᠡᠭ ᠢ ᠲᠠᠵᠢᠺᠰᠲ᠋ᠠᠨ ᠤ ᠬᠢᠨ ᠪᠠᠲᠤ ᠢᠲᠡᠭᠡᠵᠦ ᠪᠠᠶᠢᠨ᠎ᠠ ᠭᠡᠵᠦ ᠢᠯᠡᠳᠬᠡᠪᠡ᠃      ᠬᠡᠯᠡᠯᠴᠡᠭᠡ ᠲᠡᠭᠦᠰᠦᠭᠰᠡᠨ ᠤ ᠳᠠᠷᠠᠭ᠎ᠠ᠂ ᠬᠤᠶᠠᠷ ᠤᠯᠤᠰ ᠤᠨ ᠲᠡᠷᠢᠭᠦᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠡ ᠨᠠᠶᠢᠷᠠᠮᠳᠠᠬᠤ ᠲᠠᠵᠢᠺᠰᠲ᠋ᠠᠨ ᠤᠯᠤᠰ ᠤᠨ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠬᠥᠭᠵᠢᠭᠦᠯᠬᠦ ᠲᠤᠬᠠᠢ ᠬᠠᠮᠲᠤᠷᠠᠭᠰᠠᠨ ᠢᠯᠡᠷᠬᠡᠶᠢᠯᠡᠯᠲᠡ︾᠎ ᠳᠤ ᠭᠠᠷ ᠤᠨ ᠦᠰᠦᠭ ᠵᠢᠷᠤᠭᠰᠠᠨ ᠪᠥᠭᠡᠳ ᠠᠵᠤ ᠠᠬᠤᠢ ᠠᠷᠠᠯᠵᠢᠶ᠎ᠠ᠂ ᠪᠡᠯᠡ ᠣᠷᠣᠭᠤᠯᠤᠯᠲᠠ᠂ ᠬᠤᠯᠪᠣᠯᠳᠤᠨ ᠨᠡᠪᠲᠡᠷᠡᠯᠴᠡᠬᠦ᠂ ᠵᠠᠩᠭᠢᠯᠠᠭ᠎ᠠ ᠶᠢᠨ ᠠᠭᠤᠷᠬᠠᠢ ᠶᠢᠨ ᠭᠠᠷᠤᠯᠲᠠ᠂ ᠠᠮᠤᠷ ᠲᠦᠪᠰᠢᠨ᠂ ᠰᠣᠶᠣᠯ ᠢᠷᠭᠡᠨᠰᠢᠯ ᠵᠡᠷᠭᠡ ᠬᠦᠷᠢᠶᠡᠨ ᠤ ᠬᠡᠳᠦᠨ ᠠᠷᠪᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠰᠣᠯᠢᠯᠴᠠᠬᠤ ᠶᠢ ᠬᠠᠮᠲᠤ ᠪᠠᠷ ᠭᠡᠷᠡᠴᠢᠯᠡᠪᠡ᠃      ᠲᠤᠰ ᠣᠷᠣᠢ ᠰᠢ ᠶᠢᠨ ᠫᠢᠩ ᠯᠠᠾᠧᠮᠧᠩ ᠤᠨ ᠦᠪᠡᠳᠡᠭᠰᠢ ᠶᠡᠭᠡ ᠤᠭᠲᠤᠬᠤ ᠳᠠᠶᠢᠯᠠᠯᠭ᠎ᠠ ᠳᠤ ᠣᠷᠣᠯᠴᠠᠪᠠ᠃      ᠼᠠᠢ ᠴᠢ᠂ ᠸᠠᠩ ᠢ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠪᠠ᠃  
 
ᠢᠷᠡᠯᠲᠡ᠄ ᠥᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号