ᠰᠢ ᠶᠢᠨ ᠫᠢᠩ ᠬᠤᠨᠠᠨ ᠤ ᠶᠤᠸᠠᠢ ᠶᠠᠩ ᠬᠤᠲᠠ ᠶᠢᠨ ᠬᠤᠸᠠ ᠷᠦᠩ ᠰᠢᠶᠠᠨ ᠤ ᠲᠤᠸᠠᠨ ᠵᠧᠦ ᠳᠠᠯᠠᠩ ᠤᠨ ᠳ᠋ᠦᠩ ᠲᠢᠩ ᠬᠤ᠋ ᠨᠠᠭᠤᠷ ᠤᠨ ᠡᠮᠦᠨ᠎ᠡ ᠹᠷᠣᠨᠲ ᠤᠨ ᠬᠠᠰᠢᠯᠭ᠎ᠠ ᠰᠡᠲᠡᠷᠡᠭᠰᠡᠨ ᠳᠤ ᠴᠢᠬᠤᠯᠠ ᠵᠢᠭᠠᠪᠤᠷᠢ ᠥᠭᠴᠦ ᠠᠶᠤᠯ ᠠᠴᠠ ᠠᠪᠤᠷᠠᠨ ᠲᠤᠰᠠᠯᠠᠬᠤ ᠠᠵᠢᠯ ᠢ ᠪᠦᠭᠦ ᠬᠦᠴᠦᠨ ᠢᠶᠠᠷ ᠢᠶᠠᠨ ᠥᠷᠨᠢᠭᠦᠯᠵᠦ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠪᠠ ᠯᠢ ᠴᠢᠶᠠᠩ ᠴᠣᠬᠤᠯᠠᠪᠤᠷᠢ ᠥᠭᠪᠡ
ᠨᠡᠶᠢᠲᠡᠯᠡᠭᠰᠡᠨ ᠴᠠᠭ᠄
2024/7/8
     ᠰᠢᠨᠬᠤᠸᠠ ᠬᠤᠷᠢᠶ᠎ᠠ ᠶᠢᠨ ᠪᠡᠭᠡᠵᠢᠩ ᠤᠨ 7 ᠰᠠᠷ᠎ᠠ ᠶᠢᠨ 5 ᠤ ᠴᠠᠭᠢᠯᠭᠠᠨ ᠮᠡᠳᠡᠭᠡ   7 ᠰᠠᠷ᠎ᠠ ᠶᠢᠨ 5 ᠤ ᠦᠳᠡ ᠶᠢᠨ ᠬᠤᠶᠢᠨ᠎ᠠ᠂ ᠬᠤᠨᠠᠨ ᠤ ᠶᠤᠸᠠᠢ ᠶᠠᠩ ᠬᠤᠲᠠ ᠶᠢᠨ ᠬᠤᠸᠠ ᠷᠦᠩ ᠰᠢᠶᠠᠨ ᠤ ᠲᠤᠸᠠᠨ ᠵᠧᠦ ᠰᠢᠶᠠᠩ ᠤᠨ ᠲᠤᠸᠠᠨ ᠪᠧᠢ ᠲᠣᠰᠬᠤᠨ ᠤ ᠲᠤᠸᠠᠨ ᠵᠧᠦ ᠳᠠᠯᠠᠩ ᠤᠨ ᠳ᠋ᠦᠩ ᠲᠢᠩ ᠬᠤ᠋ ᠨᠠᠭᠤᠷ ᠤᠨ ᠡᠮᠦᠨ᠎ᠡ ᠹᠷᠣᠨᠲ ᠤᠨ ᠬᠠᠰᠢᠯᠭ᠎ᠠ ᠰᠡᠲᠡᠷᠡᠵᠦ᠂ ᠬᠤᠲᠣᠭᠤᠷ ᠭᠠᠵᠠᠷ ᠤᠰᠤᠨ ᠳᠤ ᠠᠪᠲᠠᠭᠳᠠᠪᠠ᠂ ᠲᠤᠬᠠᠢ ᠶᠢᠨ ᠭᠠᠵᠠᠷ ᠤᠨ ᠭᠠᠮᠰᠢᠭᠳᠠᠭᠰᠠᠨ ᠣᠯᠠᠨ ᠲᠦᠮᠡᠨ ᠪᠦᠭᠦᠨ ᠢᠶᠠᠷ ᠢᠶᠠᠨ ᠠᠮᠤᠷ ᠲᠦᠪᠰᠢᠨ ᠢᠶᠠᠷ ᠰᠢᠯᠵᠢᠵᠡᠢ᠃      ᠲᠦᠭᠰᠢᠭᠦᠷᠢ ᠲᠠᠢ ᠪᠠᠶᠢᠳᠠᠯ ᠭᠠᠷᠤᠭᠰᠠᠨ ᠤ ᠳᠠᠷᠠᠭ᠎ᠠ᠂ ᠭᠠᠳᠠᠭᠠᠳᠤ ᠳᠤ ᠠᠶᠢᠯᠴᠢᠯᠠᠵᠤ ᠪᠠᠶᠢᠭ᠎ᠠ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠶᠢᠨ ᠬᠠᠮᠲᠤ ᠴᠢᠬᠤᠯᠠ ᠵᠢᠭᠠᠪᠤᠷᠢ ᠥᠭᠴᠦ᠂ ᠬᠤᠨᠠᠨ ᠤ ᠶᠤᠸᠠᠢ ᠶᠠᠩ ᠬᠤᠳᠠ ᠶᠢᠨ ᠬᠤᠸᠠ ᠷᠦᠩ ᠰᠢᠶᠠᠨ ᠤ ᠲᠤᠸᠠᠨ ᠵᠧᠦ ᠳᠠᠯᠠᠩ ᠤᠨ ᠳ᠋ᠦᠩ ᠲᠢᠩ ᠬᠤ᠋ ᠨᠠᠭᠤᠷ ᠤᠨ ᠡᠮᠦᠨ᠎ᠡ ᠹᠷᠣᠨᠲ ᠤᠨ ᠬᠠᠰᠢᠯᠭ᠎ᠠ ᠰᠡᠲᠡᠷᠡᠭᠰᠡᠨ ᠳᠤ᠂ ᠲᠦᠭᠰᠢᠭᠦᠷᠢ ᠳᠤ ᠤᠴᠠᠷᠠᠭᠰᠠᠨ ᠭᠠᠵᠠᠷ ᠣᠷᠣᠨ ᠤ ᠤᠯᠠᠨ ᠲᠦᠮᠡᠨ ᠢ ᠴᠠᠭ ᠲᠤᠬᠠᠢ ᠳᠤᠨᠢ ᠰᠢᠯᠵᠢᠭᠦᠯᠬᠦ ᠶᠢᠨ ᠬᠠᠮᠲᠤ ᠲᠣᠬᠢᠲᠠᠢ ᠲᠥᠪᠬᠢᠨᠡᠭᠦᠯᠵᠦ᠂ ᠠᠶᠤᠯ ᠠᠴᠠ ᠠᠪᠤᠷᠠᠨ ᠲᠤᠰᠠᠯᠠᠬᠤ ᠠᠵᠢᠯ ᠢ ᠪᠦᠭᠦ ᠬᠦᠴᠦ ᠪᠠᠷ ᠢᠶᠠᠨ ᠥᠷᠨᠢᠭᠦᠯᠵᠦ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠰᠠᠶᠢᠲᠤᠷ ᠬᠠᠮᠠᠭᠠᠯᠠᠵᠤ᠂ ᠤᠯᠤᠰ ᠤᠨ ᠦᠶᠡᠷ ᠢ ᠰᠡᠷᠭᠡᠶᠢᠯᠡᠬᠦ ᠶᠡᠷᠦᠩᠬᠡᠢ ᠵᠢᠯᠤᠭᠤᠳᠬᠤ ᠭᠠᠵᠠᠷ ᠤᠨ ᠬᠢᠨ ᠠᠵᠢᠯᠯᠠᠬᠤ ᠳᠤᠭᠤᠶᠢᠯᠠᠩ ᠲᠣᠮᠢᠯᠠᠨ ᠵᠢᠯᠣᠭᠤᠳᠤᠯᠭ᠎ᠠ ᠪᠠᠨ ᠴᠢᠩᠭᠠᠳᠬᠠᠬᠤ ᠬᠡᠷᠡᠭᠲᠡᠢ ᠭᠡᠪᠡ᠃ ᠰᠢ ᠶᠢᠨ ᠫᠢᠩ᠂ ᠮᠠᠨ ᠤ ᠤᠯᠤᠰ ᠪᠦᠭᠦ ᠲᠠᠯ᠎ᠠ ᠪᠠᠷ ᠦᠶᠡᠷ ᠤᠨ ᠭᠤᠣᠯ ᠬᠤᠭᠤᠴᠠᠭᠠᠨ ᠳᠤ ᠣᠷᠣᠭᠰᠠᠨ ᠠᠴᠠ ᠨᠠᠭᠠᠰᠢ᠂ ᠵᠠᠷᠢᠮ ᠭᠠᠵᠠᠷ ᠲᠤ ᠬᠤᠷ᠎ᠠ ᠲᠤᠨᠳᠠᠰᠤ ᠶᠢᠨ ᠬᠡᠮᠵᠢᠶ᠎ᠡ ᠶᠡᠬᠡᠳᠡᠵᠦ᠂ ᠦᠷᠭᠦᠯᠵᠢᠯᠡᠭᠰᠡᠨ ᠴᠠᠭ ᠨᠢ ᠣᠷᠳᠣ᠂ ᠦᠶᠡᠷ ᠢ ᠰᠡᠷᠭᠡᠶᠢᠯᠡᠬᠦ ᠪᠠᠶᠢᠳᠠᠯ ᠬᠦᠨᠳᠦ ᠨᠣᠴᠢᠲᠠᠢ ᠪᠠᠶᠢᠵᠤ᠂ ᠢᠯᠠᠩᠭᠤᠶ᠎ᠠ ᠬᠠᠰᠢᠯᠭ᠎ᠠ ᠳᠠᠯᠠᠩ ᠤᠨ ᠤᠰᠤᠨ ᠳᠤ ᠢᠳᠡᠭᠳᠡᠭᠰᠡᠨ ᠴᠠᠭ ᠨᠢ ᠭᠡᠲᠦ ᠣᠷᠳᠣ ᠪᠣᠯᠪᠠᠯ ᠴᠤᠷᠭᠢᠯᠠᠬᠤ ᠵᠡᠷᠭᠡ ᠠᠶᠤᠯ ᠲᠦᠭᠰᠢᠭᠦᠷᠢ ᠠᠮᠠᠷᠬᠠᠨ ᠡᠭᠦᠰᠳᠡᠭ ᠪᠠᠶᠢᠵᠤ᠂ ᠨᠡᠯᠢᠶᠡᠳ ᠶᠡᠭᠡ ᠠᠶᠤᠯ ᠲᠦᠭᠰᠢᠭᠦᠷᠢ ᠭᠡᠮ ᠰᠣᠭᠤᠭ ᠣᠷᠣᠰᠢᠵᠤ ᠪᠠᠶᠢᠨ᠎ᠠ᠃ ᠬᠠᠮᠢᠶ᠎ᠠ ᠪᠦᠬᠦᠢ ᠣᠷᠣᠨ ᠨᠤᠲᠤᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠠᠷᠤᠢ ᠲᠦᠷᠭᠡᠨ ᠬᠥᠳᠡᠯᠦᠯᠴᠡᠵᠦ᠂ ᠬᠦᠴᠦᠨ ᠢᠶᠠᠨ ᠵᠣᠬᠢᠶᠠᠨ ᠪᠠᠶᠢᠭᠤᠯᠤᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠢ ᠥᠷᠨᠢᠭᠦᠯᠵᠦ᠂ ᠬᠠᠰᠢᠯᠭ᠎ᠠ ᠳᠠᠯᠠᠩ ᠢ ᠴᠠᠭᠳᠠᠨ ᠪᠠᠶᠢᠴᠠᠭᠠᠬᠤ ᠠᠵᠢᠯ ᠢᠶᠠᠨ ᠴᠢᠩᠭᠠᠳᠬᠠᠵᠤ᠂ ᠠᠶᠤᠯ ᠲᠦᠭᠰᠢᠭᠦᠷᠢ ᠶᠢ ᠴᠠᠭ ᠲᠤᠬᠠᠢ ᠳᠤᠨᠢ ᠢᠯᠡᠷᠡᠭᠦᠯᠬᠦ ᠶᠢᠨ ᠬᠠᠮᠲᠤ ᠲᠡᠷᠡ ᠳᠠᠷᠤᠢ ᠳᠤᠨᠢ ᠰᠢᠢᠳᠪᠦᠷᠢᠯᠡᠵᠦ᠂ ᠦᠶᠡᠷ ᠢ ᠰᠡᠷᠭᠡᠶᠢᠯᠡᠬᠦ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠴᠣᠬᠤᠯᠠᠪᠤᠷᠢ ᠥᠭᠴᠦ᠂ ᠠᠶᠤᠯ ᠠᠴᠠ ᠠᠪᠤᠷᠠᠵᠤ ᠰᠢᠢᠳᠪᠦᠷᠢᠯᠡᠬᠦ ᠠᠵᠢᠯ ᠢ ᠪᠦᠭᠦ ᠬᠦᠴᠦ ᠪᠠᠷ ᠢᠶᠠᠨ ᠰᠠᠶᠢᠲᠤᠷ ᠬᠢᠵᠦ᠂ ᠠᠶᠤᠯ ᠲᠦᠭᠰᠢᠭᠦᠷᠢ ᠶᠢᠨ ᠪᠠᠶᠢᠳᠠᠯ ᠢ ᠡᠵᠡᠮᠳᠡᠵᠦ᠂ ᠭᠠᠮᠰᠢᠭᠳᠠᠭᠰᠠᠨ ᠤᠯᠠᠨ ᠲᠦᠮᠡᠨ ᠢ ᠲᠣᠬᠢᠲᠠᠢ ᠲᠥᠪᠬᠢᠨᠡᠭᠦᠯᠬᠦ ᠶᠢᠨ ᠬᠠᠮᠲᠤ ᠴᠦᠭᠦᠷᠦᠮ ᠤᠨ ᠬᠠᠰᠢᠯᠭ᠎ᠠ ᠶᠢ ᠴᠠᠭᠳᠠᠨ ᠪᠠᠶᠢᠴᠠᠭᠠᠵᠤ ᠰᠡᠷᠭᠡᠶᠢᠯᠡᠨ ᠬᠠᠮᠠᠭᠠᠯᠠᠬᠤ ᠶᠢ ᠴᠢᠩᠭᠠᠳᠬᠠᠵᠤ᠂ ᠡᠯ᠎ᠡ ᠵᠦᠢᠯ ᠤᠨ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃ ᠤᠯᠤᠰ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠶᠡᠷᠦᠩᠬᠡᠢ ᠵᠢᠯᠤᠭᠤᠳᠬᠤ ᠭᠠᠵᠠᠷ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠭᠦ ᠪᠠ ᠵᠥᠪᠳᠡᠯᠴᠡᠨ ᠰᠤᠳᠤᠯᠤᠨ ᠮᠠᠭᠠᠳᠯᠠᠬᠤ ᠪᠠᠨ ᠴᠢᠩᠭᠠᠳᠬᠠᠵᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠵᠤ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠵᠢᠯ ᠢ ᠥᠴᠥᠬᠡᠨ ᠴᠦ ᠰᠤᠯᠠᠷᠠᠭᠤᠯᠤᠯ ᠦᠭᠡᠢ ᠪᠠᠷ ᠰᠠᠶᠢᠲᠤᠷ ᠬᠢᠵᠦ᠂ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠥᠩᠭᠡᠷᠡᠭᠦᠯᠬᠦ ᠶᠢ ᠪᠦᠭᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠪᠡ᠃      ᠰᠢ ᠶᠢᠨ ᠫᠢᠩ ᠤᠨ ᠵᠢᠭᠠᠪᠤᠷᠢ ᠪᠣᠯᠣᠨ ᠯᠢ ᠴᠢᠶᠠᠩ ᠤᠨ ᠱᠠᠭᠠᠷᠳᠠᠯᠭ᠎ᠠ ᠶᠢ ᠦᠨᠳᠦᠰᠦᠯᠡᠨ᠂ ᠤᠯᠤᠰ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠶᠡᠷᠦᠩᠬᠡᠢ ᠵᠢᠯᠤᠭᠤᠳᠬᠤ ᠭᠠᠵᠠᠷ᠂ ᠤᠰᠤᠨ ᠠᠰᠢᠭᠯᠠᠯᠲᠠ ᠶᠢᠨ ᠶᠠᠮᠤᠨ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠨᠢᠭᠡᠨᠲᠡ ᠠᠵᠢᠯᠯᠠᠬᠤ ᠳᠤᠭᠤᠶᠢᠯᠠᠩ ᠲᠣᠮᠢᠯᠠᠨ ᠲᠤᠬᠠᠢ ᠶᠢᠨ ᠲᠠᠯᠠᠪᠠᠢ ᠳᠤ ᠣᠴᠢᠭᠤᠯᠵᠤ ᠵᠢᠭᠠᠨ ᠵᠢᠯᠣᠭᠤᠳᠴᠠᠢ᠃ ᠬᠤᠨᠠᠨ ᠮᠤᠵᠢ᠂ ᠶᠤᠸᠠᠢ ᠶᠠᠩ ᠬᠤᠲᠠ ᠶᠢᠨ ᠨᠠᠮ ᠵᠠᠰᠠᠭ ᠤᠨ ᠬᠠᠷᠢᠭᠤᠴᠠᠯᠭᠠᠲᠠᠳ ᠲᠤᠬᠠᠢ ᠶᠢᠨ ᠲᠠᠯᠠᠪᠠᠶ ᠳᠤ ᠠᠶᠤᠯ ᠠᠴᠠ ᠠᠪᠤᠷᠠᠵᠤ ᠠᠪᠤᠷᠠᠨ ᠲᠤᠰᠠᠯᠠᠬᠤ ᠶᠢ ᠵᠢᠯᠤᠭᠤᠳᠴᠤ ᠪᠠᠶᠢᠨ᠎ᠠ᠃ ᠣᠳᠣᠬᠠᠨ ᠳᠤ ᠬᠤᠯᠪᠣᠭᠳᠠᠯ ᠪᠦᠬᠦᠢ ᠠᠵᠢᠯ ᠶᠠᠭ ᠶᠠᠪᠤᠭᠳᠠᠵᠤ ᠪᠠᠶᠢᠨ᠎ᠠ᠃
 
ᠢᠷᠡᠯᠲᠡ᠄ ᠥᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号