ᠵᠠᠰᠠᠭ ᠤᠨ ᠶᠠᠪᠤᠳᠠᠯ ᠤᠨ ᠬᠠᠯᠠᠭᠤᠨ ᠤᠲᠠᠰᠤ ᠪᠠᠷ ᠬᠠᠷᠢᠭᠤ ᠰᠤᠷᠪᠤᠯᠵᠢᠯᠠᠵᠤ ᠠᠷᠠᠳ ᠤᠨ ᠰᠠᠨᠠᠯ ᠢ ᠰᠣᠨᠣᠰᠴᠤ ᠰᠠᠶᠢᠵᠢᠷᠠᠯᠲᠠ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/7/9
     ᠣᠶᠢᠷ᠎ᠠ ᠳᠤ᠂ ᠦᠴᠦᠸᠠᠨ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠠᠴᠠ ᠰᠢᠨ᠎ᠡ ᠪᠠᠷ ᠪᠠᠶᠢᠭᠤᠯᠤᠭᠰᠠᠨ ᠠᠵᠤ ᠠᠬᠤᠶᠢᠯᠠᠯ ᠳᠤ ᠤᠲᠠᠰᠤ ᠪᠠᠷ ᠬᠠᠷᠢᠭᠤ ᠰᠤᠷᠪᠤᠯᠵᠢᠯᠠᠵᠤ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠯᠤᠭ᠎ᠠ ᠨᠡᠪᠲᠡᠷᠡᠯᠴᠡᠵᠦ᠂ ᠠᠵᠤ ᠠᠬᠤᠶᠢᠯᠠᠯ ᠤᠨ ᠭᠦᠢᠴᠡᠳᠬᠡᠬᠦ ᠶᠠᠪᠤᠴᠠ ᠳᠤ ᠲᠤᠯᠭᠠᠷᠠᠭᠰᠠᠨ ᠠᠰᠠᠭᠤᠳᠠᠯ ᠵᠢᠴᠢ ᠠᠵᠢᠯ ᠶᠠᠪᠤᠳᠠᠯ ᠭᠦᠢᠴᠡᠳᠬᠡᠬᠦ ᠠᠵᠤ ᠠᠬᠤᠶᠢᠯᠠᠯ ᠤᠨ ᠳᠤᠷᠠᠳᠤᠭᠰᠠᠨ ᠰᠠᠨᠠᠯ ᠪᠠ ᠰᠠᠨᠠᠭᠤᠯᠭ᠎ᠠ ᠶᠢ ᠴᠠᠭ ᠲᠤᠬᠠᠢ ᠳᠤᠨᠢ ᠣᠶᠢᠯᠠᠭᠠᠨ ᠰᠢᠢᠳᠪᠦᠷᠢᠯᠡᠵᠦ᠂ ᠡᠭᠦᠨ ᠤ ᠤᠯᠠᠮ ᠠᠴᠠ ᠠᠵᠤ ᠠᠬᠤᠶᠢᠯᠠᠯ ᠤᠨ ᠬᠠᠨᠤᠮᠵᠢ ᠶᠢᠨ ᠬᠡᠮᠵᠢᠶ᠎ᠡ ᠪᠠ ᠬᠦᠷᠲᠡᠮᠵᠢ ᠶᠢᠨ ᠲᠥᠷᠥᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃      ᠤᠲᠠᠰᠤ ᠪᠠᠷ ᠬᠠᠷᠢᠭᠤ ᠰᠤᠷᠪᠤᠯᠵᠢᠯᠠᠬᠤ ᠨᠢ ᠠᠵᠤ ᠠᠬᠤᠶᠢᠯᠠᠯ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠲᠠᠬᠢ ᠦᠨᠡᠯᠡᠯᠲᠡ ᠪᠠ ᠬᠠᠷᠢᠭᠤ ᠲᠤᠰᠬᠠᠯ ᠢ ᠴᠠᠭ ᠲᠤᠬᠠᠢ ᠳᠤᠨᠢ ᠴᠤᠭᠯᠠᠭᠤᠯᠵᠤ ᠴᠢᠳᠠᠨ᠎ᠠ᠃ ᠠᠵᠤ ᠠᠬᠤᠶᠢᠯᠠᠯ ᠣᠯᠠᠨ ᠲᠦᠮᠡᠨ ᠤ ᠲᠤᠰᠬᠠᠭᠰᠠᠨ ᠤᠴᠢᠷ ᠶᠠᠪᠤᠳᠠᠯ ᠰᠢᠢᠳᠪᠦᠷᠢᠯᠡᠬᠦ ᠳᠤ ᠬᠦᠴᠢᠷ᠂ ᠲᠦᠭᠵᠢᠷᠡᠯ᠂ ᠡᠪᠡᠷᠰᠢᠶᠡᠯ ᠢ ᠤᠲᠠᠰᠤ ᠪᠠᠷ ᠬᠠᠷᠢᠭᠤ ᠰᠤᠷᠪᠤᠯᠵᠢᠯᠠᠬᠤ ᠪᠠᠷ ᠳᠠᠮᠵᠢᠭᠤᠯᠤᠨ᠂ ᠠᠵᠢᠯ ᠤᠨ ᠡᠬᠡ ᠲᠠᠩᠰᠠ ᠪᠠᠶᠢᠭᠤᠯᠵᠤ᠂ ᠡᠯ᠎ᠡ ᠲᠤᠰᠬᠠᠢ ᠲᠣᠭᠤᠷᠢᠭ ᠪᠠ ᠴᠣᠩᠬᠤᠪᠴᠢ ᠶᠢᠨ ᠠᠵᠢᠯᠲᠠᠨ ᠳᠤ ᠴᠠᠭ ᠲᠤᠬᠠᠢ ᠳᠤᠨᠢ ᠬᠠᠷᠢᠭᠤ ᠲᠤᠰᠬᠠᠨ᠎ᠠ᠃ ᠡᠭᠦᠨ ᠤ ᠬᠠᠮᠲᠤ᠂ ᠠᠵᠤ ᠠᠬᠤᠶᠢᠯᠠᠯ ᠤᠨ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠶᠠᠪᠤᠴᠠ ᠳᠠᠬᠢ ᠦᠨᠡᠨ ᠪᠣᠳᠠᠲᠠᠢ ᠲᠥᠷᠥᠭᠳᠡᠯ ᠢ ᠨᠢ ᠣᠶᠢᠯᠠᠭᠠᠵᠤ᠂ ᠦᠢᠯᠡᠴᠢᠯᠡᠭᠡᠨ ᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠶᠢ ᠣᠯᠵᠤ ᠮᠡᠳᠡᠪᠡᠯ ᠡᠭᠦᠨ ᠤ ᠤᠯᠠᠮ ᠢᠶᠠᠷ ᠵᠣᠬᠢᠴᠠᠩᠭᠤᠢ ᠠᠷᠭ᠎ᠠ ᠬᠡᠮᠵᠢᠶ᠎ᠡ ᠠᠪᠴᠤ ᠪᠠᠶᠢᠭᠠᠳ ᠬᠠᠯᠠᠨ ᠰᠠᠶᠢᠵᠢᠷᠠᠭᠤᠯᠵᠤ ᠪᠣᠯᠣᠨ᠎ᠠ᠃ ᠡᠨᠡ ᠨᠢ ᠪᠠᠰᠠ ᠠᠵᠢᠯᠲᠠᠳ ᠤᠨ ᠬᠠᠷᠢᠭᠤᠴᠠᠯᠭᠠᠲᠤ ᠤᠬᠠᠮᠰᠠᠷ ᠪᠠ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠡᠩ ᠥᠨᠳᠥᠷ ᠲᠦᠪᠰᠢᠨ ᠲᠡᠰᠢ ᠤᠷᠤᠭᠰᠢᠯᠠᠬᠤ ᠶᠢ ᠠᠬᠢᠭᠤᠯᠬᠤ ᠳᠤ ᠠᠰᠢᠭᠲᠠᠢ ᠶᠤᠮ᠃      ᠤᠲᠠᠰᠤ ᠪᠠᠷ ᠬᠠᠷᠢᠭᠤ ᠰᠤᠷᠪᠤᠯᠵᠢᠯᠠᠬᠤ ᠪᠣᠯ ᠨᠢᠭᠡ ᠵᠦᠢᠯ ᠤᠨ ᠪᠦᠲᠦᠮᠵᠢᠲᠡᠢ ᠬᠢᠨᠠᠯᠲᠠ ᠲᠠᠯᠪᠢᠬᠤ ᠠᠷᠭ᠎ᠠ ᠮᠥᠨ᠃ ᠤᠲᠠᠰᠤ ᠪᠠᠷ ᠬᠠᠷᠢᠭᠤ ᠰᠤᠷᠪᠤᠯᠵᠢᠯᠠᠬᠤ ᠨᠢ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ ᠦᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠲᠥᠪ ᠭᠤᠤᠯᠴᠢ᠂ ᠢᠯᠡ ᠲᠣᠳᠣ ᠪᠠ ᠥᠨᠳᠥᠷ ᠪᠦᠲᠦᠮᠵᠢᠲᠡᠶ ᠪᠠᠶᠢᠬᠤ ᠶᠢ ᠦᠨᠡᠨ ᠬᠦ ᠪᠠᠲᠤᠯᠠᠨ᠎ᠠ᠃ ᠨᠢᠭᠡ ᠳ᠋ᠢᠶᠠᠩᠬᠤᠸᠠ ᠪᠠᠷ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠬᠢᠭᠡᠳ ᠣᠯᠠᠨ ᠲᠦᠮᠡᠨ᠂ ᠠᠵᠤ ᠠᠬᠤᠶᠢᠯᠠᠯ ᠤᠨ ᠰᠣᠯᠢᠯᠴᠠᠨ ᠨᠡᠪᠲᠡᠷᠡᠯᠴᠡᠬᠦ ᠬᠥᠭᠦᠷᠭᠡ ᠶᠢ ᠪᠣᠰᠬᠠᠵᠤ᠂ ᠤᠯᠠᠨ ᠲᠦᠮᠡᠨ ᠤ ᠬᠢᠨᠠᠯᠲᠠ ᠲᠠᠯᠪᠢᠬᠤ ᠦᠢᠯᠡᠳᠦᠯ ᠢ ᠦᠨᠡᠨ ᠬᠦ ᠪᠠᠳᠠᠷᠠᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠬᠡᠮᠵᠢᠬᠦ ᠦᠭᠡ ᠬᠡᠯᠡᠬᠦ ᠡᠷᠬᠡ ᠶᠢ ᠤᠯᠠᠨ ᠲᠦᠮᠡᠨ ᠳᠤ ᠲᠤᠰᠢᠶᠠᠪᠠ᠃      ᠤᠲᠠᠰᠤ ᠪᠠᠷ ᠬᠠᠷᠢᠭᠤ ᠰᠤᠷᠪᠤᠯᠵᠢᠯᠠᠬᠤ ᠨᠢ ᠬᠤᠳᠠᠯᠳᠤᠭ᠎ᠠ ᠡᠷᠬᠢᠯᠡᠬᠦ ᠣᠷᠴᠢᠨ ᠨᠥᠭᠦᠴᠡᠯ ᠢ ᠳᠠᠬᠢᠨᠲᠠ ᠰᠢᠯᠢᠳᠡᠭᠵᠢᠭᠦᠯᠪᠡ᠃ ᠤᠲᠠᠰᠤ ᠪᠠᠷ ᠬᠠᠷᠢᠭᠤ ᠰᠤᠷᠪᠤᠯᠵᠢᠯᠠᠬᠤ ᠪᠠᠷ ᠳᠡᠮᠵᠢᠨ᠂ ᠠᠵᠤ ᠠᠬᠤᠶᠢᠯᠠᠯ ᠤᠨ ᠪᠤᠬᠢᠨᠢᠳᠤᠯ ᠲᠠᠢ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ ᠮᠥᠴᠢᠷ ᠤᠳ ᠠᠵᠤ ᠠᠬᠤᠶᠢᠯᠠᠯ ᠤᠨ ᠬᠡᠷᠡᠭᠴᠡᠭᠡ ᠪᠠ ᠡᠪᠡᠷᠰᠢᠶᠡᠯ ᠢ ᠨᠠᠩ ᠣᠨᠣᠪᠴᠢᠲᠠᠶ᠂ ᠥᠨᠳᠥᠷ ᠪᠦᠲᠦᠮᠵᠢᠲᠡᠶ ᠪᠠᠷ ᠡᠵᠡᠮᠳᠡᠵᠦ᠂ ᠨᠠᠩ ᠳᠣᠲᠣᠨᠣ ᠦᠢᠯᠡᠴᠢᠯᠡᠭᠡ ᠬᠠᠩᠭᠠᠨ᠎ᠠ᠃ ᠬᠠᠷᠢᠭᠤ ᠰᠤᠷᠪᠤᠯᠵᠢᠯᠠᠬᠤ ᠪᠠᠷ ᠬᠠᠨᠤᠮᠵᠢ ᠶᠢ ᠠᠬᠢᠭᠤᠯᠵᠤ᠂ ᠬᠠᠷᠢᠭᠤ ᠰᠤᠷᠪᠤᠯᠵᠢᠯᠠᠬᠤ ᠪᠠᠷ ᠥᠭᠡᠷᠡᠴᠢᠯᠡᠯᠲᠡ ᠶᠢ ᠠᠬᠢᠭᠤᠯᠵᠤ᠂ ᠬᠠᠷᠢᠭᠤ ᠰᠤᠷᠪᠤᠯᠵᠢᠯᠠᠬᠤ ᠪᠠᠷ ᠰᠢᠯᠢᠳᠡᠭᠵᠢᠭᠦᠯᠬᠦ ᠶᠢ ᠠᠬᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠨᠡᠩ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠨ᠎ᠡ᠃      ᠣᠲᠣ ᠪᠣᠯᠲᠠᠯ᠎ᠠ᠂ ᠦᠴᠦᠸᠠᠨ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠨᠡᠶᠢᠲᠡ 139 ᠤᠳᠠᠭ᠎ᠠ ᠤᠲᠠᠰᠤ ᠪᠠᠷ ᠬᠠᠷᠢᠭᠤ ᠰᠤᠷᠪᠤᠯᠵᠢᠯᠠᠬᠤ ᠠᠵᠢᠯᠯᠠᠭ᠎ᠠ ᠥᠷᠨᠢᠭᠦᠯᠵᠦ᠂ ᠣᠯᠠᠨ ᠲᠦᠮᠡᠨ ᠤ ᠬᠠᠨᠤᠮᠵᠢ ᠶᠢᠨ ᠨᠣᠷᠮ᠎ᠠ 100% ᠳᠤ ᠬᠥᠷᠪᠡ᠃ ᠤᠲᠠᠰᠤ ᠪᠠᠷ ᠬᠠᠷᠢᠭᠤ ᠰᠤᠷᠪᠤᠯᠵᠢᠯᠠᠬᠤ ᠪᠣᠯ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠂ ᠡᠨᠡ ᠬᠦ ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠢ ᠠᠬᠢᠭᠤᠯᠬᠤ ᠪᠠᠷ ᠳᠠᠮᠵᠢᠭᠤᠯᠤᠨ᠂ ᠠᠷᠠᠳ ᠤᠨ ᠰᠠᠨᠠᠭ᠎ᠠ ᠶᠢ ᠣᠶᠢᠯᠭᠠᠵᠤ᠂ ᠲᠤᠭ᠎ᠠ ᠪᠠᠷᠢᠮᠲᠠ ᠶᠢᠨ ᠭᠡᠷᠡᠴᠢᠯᠡᠯ ᠬᠢᠵᠦ᠂ ᠶᠠᠪᠤᠳᠠᠯ ᠪᠣᠯᠭᠠᠨ ᠳᠤ ᠬᠠᠷᠢᠭᠤᠯᠲᠠ ᠥᠭᠴᠦ᠂ ᠶᠠᠪᠤᠳᠠᠯ ᠪᠦᠬᠦᠨ ᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠳᠤ ᠨᠠᠩ ᠴᠢᠨᠠᠷ ᠰᠠᠶᠢᠲᠠᠢ᠂ ᠥᠨᠳᠥᠷ ᠪᠦᠲᠦᠮᠵᠢᠲᠡᠶ᠂ ᠳᠥᠭᠦᠮ ᠳᠥᠲᠡ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号