ᠨᠠᠮ ᠤᠨ ᠲᠥᠪ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ︽ᠦᠶᠡᠷ ᠢ ᠰᠡᠷᠭᠡᠶᠢᠯᠡᠵᠦ ᠭᠠᠮᠰᠢᠭ ᠲᠠᠢ ᠲᠡᠮᠡᠴᠡᠵᠦ ᠠᠶᠤᠯ ᠠᠴᠠ ᠠᠪᠤᠷᠠᠬᠤ ᠳᠤᠮᠳᠠ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠪᠣᠯᠣᠨ ᠥᠷᠭᠡᠨ ᠤᠯᠠᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠲᠤᠬᠠᠢ ᠮᠡᠳᠡᠭᠳᠡᠯ︾ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2024/7/9
     ᠨᠠᠮ ᠤᠨ ᠲᠥᠪ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ︽ᠦᠶᠡᠷ ᠢ ᠰᠡᠷᠭᠡᠶᠢᠯᠡᠵᠦ ᠭᠠᠮᠰᠢᠭ ᠲᠠᠢ ᠲᠡᠮᠡᠴᠡᠵᠦ ᠠᠶᠤᠯ ᠠᠴᠠ ᠠᠪᠤᠷᠠᠬᠤ ᠳᠤᠮᠳᠠ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠪᠣᠯᠣᠨ ᠥᠷᠭᠡᠨ ᠣᠯᠠᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠲᠤᠬᠠᠢ ᠮᠡᠳᠡᠭᠳᠡᠯ︾ ᠣᠶᠢᠷ᠎ᠠ ᠳᠤ ᠳᠠᠷᠤᠮᠠᠯᠯᠠᠨ ᠲᠠᠷᠬᠠᠭᠠᠪᠠ᠃ ᠪᠦᠭᠦ ᠠᠭᠤᠯᠭ᠎ᠠ ᠨᠢ ᠳᠣᠣᠷᠠᠬᠢ ᠮᠡᠲᠦ᠄      ᠮᠠᠨ ᠤ ᠤᠯᠤᠰ ᠪᠦᠭᠦ ᠲᠠᠯ᠎ᠠ ᠪᠠᠷ ᠦᠶᠡᠷ ᠤᠨ ᠤᠷᠭᠢᠯ ᠤᠨ ᠬᠤᠭᠤᠴᠠᠭᠠᠨ ᠳᠤ ᠣᠷᠣᠭᠰᠠᠨ ᠠᠴᠠ ᠨᠠᠭᠠᠰᠢ᠂ ᠵᠠᠷᠢᠮ ᠭᠠᠵᠠᠷ ᠣᠷᠣᠨ ᠤ ᠬᠤᠷ᠎ᠠ ᠲᠤᠨᠳᠠᠰᠤ ᠶᠢᠨ ᠬᠡᠮᠵᠢᠶ᠎ᠡ ᠶᠡᠭᠡ᠂ ᠦᠷᠭᠦᠯᠵᠢᠯᠡᠭᠰᠡᠨ ᠴᠠᠭ ᠨᠢ ᠣᠷᠳᠣ ᠪᠠᠶᠢᠵᠤ᠂ ᠬᠡᠰᠡᠭ ᠭᠠᠵᠠᠷ ᠣᠷᠣᠨ ᠳᠤ ᠦᠶᠡᠷ ᠤᠰᠤᠲᠤᠯ ᠪᠠ ᠭᠠᠵᠠᠷ ᠤᠨ ᠭᠠᠮᠰᠢᠭ ᠭᠠᠷᠴᠤ᠂ ᠢᠯᠠᠩᠭᠤᠶ᠎ᠠ ᠬᠤᠨᠠᠨ ᠤ ᠶᠤᠸᠠᠢ ᠶᠠᠩ ᠬᠤᠲᠠ ᠶᠢᠨ ᠬᠤᠸᠠ ᠷᠦᠩ ᠰᠢᠶᠠᠨ ᠤ ᠲᠤᠸᠠᠨ ᠵᠧᠦ ᠰᠢᠶᠠᠩ ᠤᠨ ᠲᠤᠸᠠᠨ ᠪᠧᠢ ᠲᠣᠰᠬᠤᠨ ᠤ ᠲᠤᠸᠠᠨ ᠵᠧᠦ ᠶᠢᠨ ᠤᠨᠠᠭᠤᠯᠢ ᠳᠠᠯᠠᠩ ᠤᠨ ᠳ᠋ᠦᠩ ᠲᠢᠩ ᠬᠤ᠋ ᠨᠠᠭᠤᠷ ᠤᠨ ᠨᠢᠭᠡᠳᠦᠭᠡᠷ ᠱᠤᠭᠤᠮ ᠤᠨ ᠬᠠᠰᠢᠯᠭ᠎ᠠ ᠰᠡᠲᠡᠷᠡᠵᠤ᠂ ᠦᠶᠡᠷ ᠢ ᠰᠡᠷᠭᠡᠶᠢᠯᠡᠬᠦ ᠪᠠᠶᠢᠳᠠᠯ ᠬᠦᠨᠳᠦ ᠬᠡᠴᠡᠭᠦᠦ ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠮᠰᠢᠭ ᠲᠠᠢ ᠲᠡᠮᠡᠴᠡᠵᠦ ᠠᠶᠤᠯ ᠠᠴᠠ ᠠᠪᠤᠷᠠᠬᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠨᠠᠮ ᠤᠨ ᠲᠥᠪ ᠬᠤᠷᠢᠶ᠎ᠠ ᠶᠢᠨ ᠬᠤᠯᠪᠣᠭᠳᠠᠯ ᠪᠦᠬᠦᠢ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠣᠲᠣ ᠦᠶᠡᠷ ᠢ ᠰᠡᠷᠭᠡᠶᠢᠯᠡᠵᠦ ᠭᠠᠮᠰᠢᠭ ᠲᠠᠢ ᠲᠡᠮᠡᠴᠡᠵᠦ ᠠᠶᠤᠯ ᠠᠴᠠ ᠠᠪᠤᠷᠠᠬᠤ ᠳᠤᠮᠳᠠ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠪᠣᠯᠣᠨ ᠥᠷᠭᠡᠨ ᠣᠯᠠᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠃      ᠨᠢᠭᠡ᠂ ᠡᠯ᠎ᠡ ᠱᠠᠲᠤᠨ ᠤ ᠤᠳᠤᠷᠢᠳᠬᠤ ᠺᠠᠳ᠋ᠷ ᠵᠢᠵᠢᠭᠦᠷᠯᠡᠨ ᠰᠠᠬᠢᠬᠤ ᠪᠠ ᠡᠮᠦᠨ᠎ᠡ ᠨᠢ ᠣᠷᠣᠵᠤ ᠵᠢᠯᠤᠭᠤᠳᠴᠤ᠂ ᠦᠶᠡᠷ ᠢ ᠰᠡᠷᠭᠡᠶᠢᠯᠡᠵᠦ ᠭᠠᠮᠰᠢᠭ ᠲᠠᠢ ᠲᠡᠮᠡᠴᠡᠵᠦ ᠠᠶᠤᠯ ᠠᠴᠠ ᠠᠪᠤᠷᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠬᠦ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠣᠳᠣᠬᠠᠨ ᠤ ᠦᠶᠡᠷ ᠢ ᠰᠡᠷᠭᠡᠶᠢᠯᠡᠬᠦ ᠪᠠᠶᠢᠳᠠᠯ ᠤᠨ ᠬᠦᠨᠳᠦ ᠬᠡᠴᠡᠭᠦᠦ ᠴᠢᠨᠠᠷ ᠢ ᠰᠡᠷᠭᠡᠭ ᠢᠶᠠᠷ ᠲᠠᠨᠢᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠨ᠂ ᠠᠶᠤᠯ ᠲᠦᠭᠰᠢᠭᠦᠷᠢ ᠶᠢᠨ ᠤᠬᠠᠮᠰᠠᠷ᠂ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠨᠠᠭᠰᠢᠳᠠ ᠴᠢᠩᠭᠠᠳᠬᠠᠵᠤ᠂ ︽ᠴᠠᠭ ᠢᠮᠠᠭᠲᠠ ᠰᠡᠳᠬᠢᠯ ᠲᠠᠯᠪᠢᠬᠤ︾ ᠬᠠᠷᠢᠭᠤᠴᠠᠯᠭᠠᠲᠤ ᠰᠡᠳᠬᠢᠯᠭᠡ ᠪᠣᠯᠣᠨ ᠲᠤᠶᠢᠯ ᠤᠨ ᠨᠠᠷᠢᠨ ᠬᠢᠨᠠᠮᠠᠭᠠᠢ ᠬᠠᠷᠢᠭᠤᠴᠠᠬᠤ ᠡᠭᠦᠷᠭᠡᠯᠡᠯ ᠤᠨ ᠵᠣᠷᠢᠭ ᠰᠠᠨᠠᠭ᠎ᠠ ᠪᠠᠷ ᠦᠶᠡᠷ ᠢ ᠰᠡᠷᠭᠡᠶᠢᠯᠡᠵᠦ ᠭᠠᠮᠰᠢᠭ ᠲᠠᠢ ᠲᠡᠮᠡᠴᠡᠵᠦ ᠠᠶᠤᠯ ᠠᠴᠠ ᠠᠪᠤᠷᠠᠬᠤ ᠡᠯ᠎ᠡ ᠵᠦᠢᠯ ᠤᠨ ᠠᠵᠢᠯ ᠢ ᠥᠴᠥᠬᠡᠨ ᠴᠦ ᠰᠤᠯᠠᠷᠠᠭᠤᠯᠤᠯ ᠦᠭᠡᠢ ᠪᠠᠷ ᠰᠠᠶᠢᠲᠤᠷ ᠬᠢᠵᠦ᠂ ᠠᠷᠠᠳ ᠤᠯᠠᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠪᠣᠯᠣᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠦᠭᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠵᠢᠵᠢᠭᠦᠷᠯᠡᠨ ᠰᠠᠬᠢᠬᠤ ᠶᠢ ᠴᠢᠩᠳᠠᠯᠠᠵᠤ᠂ ᠲᠣᠰ ᠭᠠᠵᠠᠷ ᠣᠷᠣᠨ ᠤ ᠦᠶᠡᠷ ᠤᠨ ᠪᠠᠶᠢᠳᠠᠯ ᠤᠨ ᠬᠥᠭᠵᠢᠯᠲᠡ ᠬᠤᠪᠢᠷᠠᠯᠲᠠ ᠶᠢ ᠨᠢᠭᠲᠠ ᠠᠩᠬᠠᠷᠴᠤ᠂ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠭᠤᠣᠯᠳᠠᠯᠭ᠎ᠠ ᠲᠠᠢ ᠣᠷᠣᠨ ᠪᠦᠰᠡ ᠪᠣᠯᠣᠨ ᠪᠠᠭᠤᠷᠠᠢ ᠭᠤᠭᠴᠤᠭ᠎ᠠ ᠶᠢ ᠴᠢᠩᠭ᠎ᠠ ᠠᠩᠬᠠᠷᠴᠤ᠂ ᠪᠦᠭᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠪᠡᠯᠡᠳᠬᠡᠯ ᠲᠥᠰᠥᠯ ᠢ ᠪᠦᠷᠢᠨᠰᠢᠭᠦᠯᠦᠨ᠂ ᠤᠷᠢᠳᠴᠢᠯᠠᠨ ᠰᠡᠷᠡᠮᠵᠢᠯᠡᠭᠦᠯᠭᠦ ᠶᠢ ᠴᠢᠩᠭᠠᠳᠬᠠᠵᠤ᠂ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠢ ᠤᠷᠢᠳᠴᠢᠯᠠᠨ ᠰᠠᠶᠢᠲᠤᠷ ᠬᠢᠬᠦ ᠬᠡᠷᠡᠭᠲᠡᠢ᠃ ᠪᠡᠶ᠎ᠡ ᠪᠠᠷ ᠢᠶᠠᠨ ᠬᠡᠪ ᠳᠦᠷᠢᠮ ᠪᠣᠯᠵᠤ᠂ ᠡᠮᠦᠨ᠎ᠡ ᠹᠷᠣᠨᠲ ᠲᠤ ᠭᠦᠨᠵᠡᠭᠡᠶᠢᠷᠡᠨ᠂ ᠭᠠᠮᠰᠢᠭ ᠤᠨ ᠪᠠᠶᠢᠳᠠᠯ ᠬᠠᠮᠤᠭ ᠤᠨ ᠬᠦᠨᠳᠦ ᠨᠣᠴᠢᠲᠠᠢ᠂ ᠠᠶᠤᠯ ᠠᠴᠠ ᠠᠪᠤᠷᠠᠬᠤ ᠳᠤ ᠬᠠᠮᠤᠭ ᠤᠨ ᠬᠦᠴᠢᠷᠲᠡᠢ᠂ ᠣᠯᠠᠨ ᠲᠦᠮᠡᠨ ᠳᠤ ᠬᠠᠮᠤᠭ ᠤᠨ ᠬᠡᠷᠡᠭᠴᠡᠭᠡ ᠲᠠᠢ ᠭᠠᠵᠠᠷ ᠲᠤ ᠬᠦᠷᠴᠦ᠂ ᠲᠤᠬᠠᠢ ᠶᠢᠨ ᠲᠠᠯᠠᠪᠠᠶ ᠶᠢᠨ ᠲᠣᠬᠢᠷᠠᠭᠤᠯᠤᠯᠲᠠ ᠵᠢᠯᠣᠭᠤᠳᠤᠯᠭ᠎ᠠ ᠪᠠᠨ ᠴᠢᠩᠭᠠᠳᠬᠠᠵᠤ᠂ ᠦᠶᠡᠷ ᠢ ᠰᠡᠷᠭᠡᠶᠢᠯᠡᠵᠦ ᠭᠠᠮᠰᠢᠭ ᠲᠠᠢ ᠲᠡᠮᠡᠴᠡᠵᠦ ᠠᠶᠤᠯ ᠠᠴᠠ ᠠᠪᠤᠷᠠᠬᠤ ᠠᠵᠢᠯ ᠤᠨ ᠬᠦᠴᠦᠲᠡᠢ ᠪᠥᠭᠡᠳ ᠡᠮᠬᠢ ᠵᠢᠷᠤᠮ ᠲᠠᠢ ᠥᠷᠨᠢᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠬᠤᠨᠠᠨ ᠵᠡᠷᠭᠡ ᠭᠠᠮᠰᠢᠭᠳᠠᠭᠰᠠᠨ ᠣᠷᠣᠨ ᠤ ᠤᠳᠤᠷᠢᠳᠬᠤ ᠺᠠᠳ᠋ᠷᠴᠤᠳ ᠬᠦᠴᠦᠨ ᠢᠶᠠᠨ ᠦᠳᠲᠡᠷ ᠲᠦᠷᠭᠡᠨ ᠵᠣᠬᠢᠶᠠᠨ ᠪᠠᠶᠢᠭᠤᠯᠵᠤ ᠠᠶᠤᠯ ᠠᠴᠠ ᠠᠪᠤᠷᠠᠨ ᠲᠤᠰᠠᠯᠠᠬᠤ ᠠᠵᠢᠯ ᠢ ᠥᠷᠨᠢᠭᠦᠯᠵᠦ᠂ ᠬᠠᠰᠢᠯᠭ᠎ᠠ ᠳᠠᠯᠠᠩ ᠢ ᠴᠠᠭᠳᠠᠨ ᠪᠠᠶᠢᠴᠠᠭᠠᠬᠤ ᠠᠵᠢᠯ ᠢᠶᠠᠨ ᠴᠢᠩᠭᠠᠳᠬᠠᠵᠤ᠂ ᠲᠦᠭᠰᠢᠭᠦᠷᠢᠲᠦ ᠪᠠᠶᠢᠳᠠᠯ ᠢ ᠴᠠᠭ ᠲᠤᠬᠠᠢ ᠳᠤᠨᠢ ᠢᠯᠡᠷᠡᠭᠦᠯᠬᠦ ᠶᠢᠨ ᠬᠠᠮᠲᠤ ᠲᠡᠷᠡ ᠳᠠᠷᠤᠢ ᠳᠤᠨᠢ ᠰᠢᠢᠳᠪᠦᠷᠢᠯᠡᠵᠦ᠂ ᠭᠠᠮᠰᠢᠭᠳᠠᠭᠰᠠᠨ ᠤᠯᠠᠨ ᠲᠦᠮᠡᠨ ᠢ ᠴᠠᠭ ᠲᠤᠬᠠᠢ ᠳᠤᠨᠢ ᠰᠢᠯᠵᠢᠭᠦᠯᠦᠨ ᠲᠣᠬᠢᠲᠠᠢ ᠲᠥᠪᠬᠢᠨᠡᠭᠦᠯᠵᠦ᠂ ᠭᠠᠮᠰᠢᠭ ᠤᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠳᠠᠭᠠᠯᠳᠤᠵᠤ ᠡᠭᠦᠰᠬᠦ ᠭᠠᠮᠰᠢᠭ ᠢ ᠰᠡᠷᠭᠡᠶᠢᠯᠡᠬᠦ ᠬᠡᠷᠡᠭᠲᠡᠢ᠃ ᠡᠭᠦᠨ ᠤ ᠬᠠᠮᠲᠤ᠂ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠭᠠᠩ ᠬᠠᠭᠰᠠᠷᠠᠭᠠᠨ ᠤᠰᠤᠲᠤᠯ ᠲᠦᠷᠭᠡᠨ ᠰᠢᠯᠵᠢᠨ ᠬᠤᠪᠢᠷᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃      ᠬᠤᠶᠠᠷ᠂ ᠭᠠᠮᠰᠢᠭᠳᠠᠭᠰᠠᠨ ᠭᠠᠵᠠᠷ ᠣᠷᠣᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠨᠠᠮ ᠤᠨ ᠭᠡᠰᠢᠭᠦᠨ ᠺᠠᠳ᠋ᠷ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠡᠮᠦᠨ᠎ᠡ ᠨᠢ ᠭᠠᠪᠰᠢᠭᠠᠶᠢᠯᠠᠵᠤ᠂ ᠦᠶᠡᠷ ᠢ ᠰᠡᠷᠭᠡᠶᠢᠯᠡᠵᠦ ᠭᠠᠮᠰᠢᠭ ᠲᠠᠢ ᠲᠡᠮᠡᠴᠡᠵᠦ ᠠᠶᠤᠯ ᠠᠴᠠ ᠠᠪᠤᠷᠠᠬᠤ ᠠᠵᠢᠯ ᠳᠤ ᠢᠳᠡᠪᠬᠢᠲᠡᠢ ᠣᠷᠤᠯᠴᠠᠬᠤ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠦᠢᠯᠡᠳᠦᠯ ᠴᠢᠳᠠᠪᠤᠷᠢ ᠪᠣᠯᠣᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠡᠯ᠎ᠡ ᠲᠠᠯ᠎ᠠ ᠶᠢᠨ ᠡᠬᠢ ᠪᠠᠶᠠᠯᠢᠭ ᠤᠨ ᠬᠦᠴᠦᠨ ᠢ ᠨᠢᠭᠡᠳᠦᠯᠲᠡᠢ ᠲᠥᠯᠥᠪᠵᠢᠭᠦᠯᠵᠦ᠂ ᠨᠠᠮ ᠤᠨ ᠭᠡᠰᠢᠭᠦᠨ ᠣᠯᠠᠨ ᠲᠦᠮᠡᠨ ᠢ ᠳᠠᠶᠢᠴᠢᠯᠠᠵᠤ᠂ ᠦᠶᠡᠷ ᠢ ᠰᠡᠷᠭᠡᠶᠢᠯᠡᠵᠦ ᠭᠠᠮᠰᠢᠭ ᠲᠠᠢ ᠲᠡᠮᠡᠴᠡᠵᠦ ᠠᠶᠤᠯ ᠠᠴᠠ ᠠᠪᠤᠷᠠᠬᠤ ᠪᠠᠲᠤ ᠴᠢᠩᠭ᠎ᠠ ᠳᠠᠶᠢᠴᠢᠨ ᠪᠠᠬᠢᠯᠡᠯᠲᠡ ᠶᠢ ᠴᠣᠭᠴᠠᠯᠠᠬᠤ ᠬᠡᠷᠡᠭᠲᠡᠢ᠃ ᠤᠬᠠᠭᠤᠯᠤᠨ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠢᠨᠲ᠋ᠧᠷ ᠰᠦᠯᠵᠢᠶ᠎ᠡ᠂ ᠭᠠᠷ ᠤᠲᠠᠰᠤ᠂ ᠬᠥᠳᠡᠭᠡ ᠲᠣᠰᠬᠤᠨ ᠤ ᠷᠠᠳᠢᠣ᠋ ᠨᠡᠪᠲᠡᠷᠡᠭᠦᠯᠭᠡ᠂ ᠤᠬᠠᠭᠤᠯᠭ᠎ᠠ ᠶᠢᠨ ᠰᠠᠮᠪᠠᠷ᠎ᠠ ᠵᠡᠷᠭᠡ ᠵᠠᠭᠤᠴᠢᠯᠠᠭᠤᠷ ᠢ ᠭᠦᠢᠴᠡᠳ ᠠᠰᠢᠭᠯᠠᠵᠤ᠂ ᠡᠩ ᠲᠡᠷᠢᠭᠦᠨ ᠳᠤ ᠭᠠᠮᠰᠢᠭ ᠢ ᠤᠷᠢᠳᠴᠢᠯᠠᠨ ᠰᠡᠷᠡᠮᠵᠢᠯᠡᠭᠦᠯᠭᠦ᠂ ᠰᠡᠷᠭᠡᠶᠢᠯᠡᠬᠦ ᠠᠷᠭ᠎ᠠ ᠬᠡᠮᠵᠢᠶ᠎ᠡ᠂ ᠠᠷᠭᠠᠴᠠᠭᠠᠬᠤ ᠪᠠᠶᠢᠳᠠᠯ ᠵᠡᠷᠭᠡ ᠮᠡᠳᠡᠭᠡ ᠵᠠᠩᠭᠢ ᠶᠢ ᠡᠷᠦᠭᠡ ᠪᠦᠷᠢ ᠳᠤ ᠪᠦᠷᠢᠨ ᠪᠦᠲᠦᠨ ᠵᠥᠪ ᠣᠨᠣᠪᠴᠢᠲᠠᠢ ᠤᠬᠠᠭᠤᠯᠵᠤ᠂ ᠬᠥᠮᠥᠨ ᠪᠦᠷᠢ ᠳᠤ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠭᠠᠮᠰᠢᠭ ᠢ ᠰᠡᠷᠭᠡᠶᠢᠯᠡᠵᠦ ᠠᠶᠤᠯ ᠠᠴᠠ ᠵᠠᠶᠢᠯᠠᠬᠤ ᠤᠬᠠᠮᠰᠠᠷ ᠪᠣᠯᠣᠨ ᠥᠪᠡᠷ ᠢ ᠪᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠤᠷᠢᠳᠴᠢᠯᠠᠨ ᠰᠡᠷᠡᠮᠵᠢᠯᠡᠭᠦᠯᠵᠦ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠨᠠᠮ ᠤᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠵᠠᠰᠠᠯᠲᠠ ᠶᠢᠨ ᠪᠠᠶᠢᠭᠤᠯᠤᠮᠵᠢ ᠲᠣᠭᠲᠠᠴᠠ ᠶᠢᠨ ᠳᠠᠪᠠᠭᠤᠯᠢᠭ ᠪᠣᠯᠣᠨ ᠲᠣᠣᠷᠵᠢᠭᠤᠯᠤᠬᠰᠠᠨ ᠵᠠᠰᠠᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠭᠡᠰᠢᠭᠦᠨ ᠤᠯᠠᠨ ᠲᠦᠮᠡᠨ ᠢ ᠵᠣᠬᠢᠶᠠᠨ ᠪᠠᠶᠢᠭᠤᠯᠵᠤ ᠲᠣᠭᠤᠷᠢᠨ ᠪᠠᠶᠢᠴᠠᠭᠠᠵᠤ ᠵᠢᠭᠰᠠᠭᠠᠨ ᠪᠠᠶᠢᠴᠠᠭᠠᠵᠤ᠂ ᠠᠶᠤᠯ ᠭᠡᠮ ᠲᠠᠢ ᠤᠰᠤᠨ ᠴᠥᠭᠦᠷᠥᠮ᠂ ᠥᠨᠳᠥᠷ ᠪᠠᠶᠢᠷᠢᠨ ᠳᠠᠬᠢ ᠴᠥᠭᠦᠷᠥᠮ᠂ ᠠᠭᠤᠯᠠᠨ ᠦᠶᠡᠷ ᠤᠨ ᠭᠠᠮᠰᠢᠭ ᠤᠨ ᠠᠶᠤᠯ ᠲᠦᠭᠰᠢᠭᠦᠷᠢ ᠲᠠᠢ ᠣᠷᠣᠨ᠂ ᠭᠠᠵᠠᠷ ᠤᠨ ᠭᠠᠮᠰᠢᠭ ᠤᠨ ᠭᠡᠮ ᠰᠣᠭᠤᠭ ᠤᠨ ᠴᠡᠭ᠂ ᠬᠤᠳᠠ ᠶᠢᠨ ᠠᠮᠠᠷᠬᠠᠨ ᠤᠰᠤᠲᠤᠬᠤ ᠴᠡᠭ᠂ ᠬᠤᠳᠠ ᠬᠥᠳᠡᠭᠡ ᠶᠢᠨ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠵᠡᠷᠭᠡ ᠭᠤᠣᠯᠳᠠᠯᠭ᠎ᠠ ᠲᠠᠢ ᠬᠡᠰᠡᠭ ᠤᠨ ᠬᠢᠨᠠᠨ ᠬᠡᠮᠵᠢᠵᠦ ᠴᠠᠭᠳᠠᠨ ᠪᠠᠶᠢᠴᠠᠭᠠᠬᠤ ᠠᠵᠢᠯ ᠢ ᠭᠤᠣᠯᠳᠠᠯᠭ᠎ᠠ ᠲᠠᠢ ᠴᠢᠩᠭᠠᠳᠬᠠᠵᠤ᠂ ᠬᠠᠮᠤᠭ ᠤᠨ ᠲᠡᠷᠢᠭᠦᠨ ᠳᠤ ᠠᠶᠤᠯ ᠲᠦᠭᠰᠢᠭᠦᠷᠢ ᠶᠢᠨ ᠪᠠᠶᠢᠳᠠᠯ ᠭᠠᠮᠰᠢᠭ ᠤᠨ ᠪᠠᠶᠢᠳᠠᠯ ᠵᠡᠷᠭᠡ ᠮᠡᠳᠡᠭᠡ ᠵᠠᠩᠭᠢ ᠶᠢ ᠦᠨᠡᠨ ᠮᠥᠨ ᠢᠶᠠᠷ ᠨᠢ ᠮᠡᠳᠡᠭᠦᠯᠦᠨ ᠬᠦᠷᠭᠡᠵᠦ᠂ ᠰᠦᠷᠳᠡᠭᠦᠯᠦᠯ ᠳᠤ ᠤᠴᠠᠷᠠᠭᠰᠠᠨ ᠣᠷᠣᠨ ᠪᠦᠰᠡ ᠶᠢᠨ ᠤᠯᠠᠨ ᠲᠦᠮᠡᠨ ᠢ ᠴᠠᠭ ᠲᠤᠬᠠᠢ ᠳᠤᠨᠢ ᠵᠣᠬᠢᠶᠠᠨ ᠪᠠᠶᠢᠭᠤᠯᠵᠤ ᠰᠢᠯᠵᠢᠭᠦᠯᠦᠨ ᠠᠶᠤᠯ ᠠᠴᠠ ᠵᠠᠶᠢᠯᠠᠭᠤᠯᠬᠤ ᠬᠡᠷᠡᠭᠲᠡᠢ᠃ ᠭᠠᠮᠰᠢᠭᠳᠠᠭᠰᠠᠨ ᠤᠯᠠᠨ ᠲᠦᠮᠡᠨ ᠢ ᠲᠥᠪᠬᠢᠨᠡᠭᠦᠯᠵᠦ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠵᠦ᠂ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ  ︵ᠨᠡᠶᠢᠭᠡᠮ ᠲᠣᠭᠤᠷᠢᠭ︶ ᠤ ᠺᠠᠳ᠋ᠷ ᠢ ᠵᠣᠬᠢᠶᠠᠨ ᠪᠠᠶᠢᠭᠤᠯᠵᠤ ᠲᠣᠣᠷᠵᠢᠭᠤᠯᠤᠯᠲᠠ ᠶᠢᠨ ᠠᠵᠢᠯᠲᠠᠨ ᠳᠤ ᠲᠦᠰᠢᠭᠯᠡᠵᠦ᠂ ᠡᠷᠦᠭᠡ ᠳᠠᠷᠠᠭᠠᠯᠠᠨ ᠭᠠᠮᠰᠢᠭᠳᠠᠭᠰᠠᠨ ᠪᠠᠶᠢᠳᠠᠯ ᠢ ᠵᠢᠭᠰᠠᠭᠠᠨ ᠪᠠᠶᠢᠴᠠᠭᠠᠵᠤ᠂ ᠭᠠᠮᠰᠢᠭᠳᠠᠭᠰᠠᠨ ᠤᠯᠠᠨ ᠲᠦᠮᠡᠨ ᠢ ᠠᠪᠤᠷᠠᠵᠤ᠂ ᠦᠢᠯᠡᠳᠪᠦᠷᠢᠯᠡᠯ ᠠᠮᠢᠳᠤᠷᠠᠯ ᠢ  ᠨᠢ ᠰᠡᠷᠭᠦᠭᠡᠵᠦ᠂ ᠭᠠᠮᠰᠢᠭᠳᠠᠭᠰᠠᠨ ᠤᠯᠠᠨ ᠲᠦᠮᠡᠨ ᠤ ᠢᠳᠡᠬᠦ ᠬᠤᠭᠤᠯᠠ ᠲᠠᠢ᠂ ᠡᠮᠦᠰᠬᠦ ᠬᠤᠪᠴᠠᠰᠤ ᠲᠠᠢ᠂ ᠰᠠᠭᠤᠬᠤ ᠣᠷᠣᠨ ᠰᠠᠭᠤᠴᠠ ᠲᠠᠢ᠂ ᠴᠡᠪᠡᠷ ᠤᠤᠭᠤᠬᠤ ᠤᠰᠤ ᠲᠠᠢ᠂ ᠡᠪᠡᠳᠴᠢᠨ ᠲᠠᠢ ᠪᠣᠯ ᠴᠠᠭ ᠲᠤᠬᠠᠢ ᠳᠤᠨᠢ ᠡᠮᠨᠡᠭᠦᠯᠵᠦ ᠳᠡᠶᠢᠯᠭᠦ ᠶᠢ ᠦᠨᠡᠨ ᠬᠦ ᠪᠠᠲᠤᠯᠠᠬᠤ ᠬᠡᠷᠡᠭᠲᠡᠢ᠃ ᠨᠠᠮ ᠤᠨ ᠭᠡᠰᠢᠭᠦᠨ ᠤ ᠪᠠᠴᠢᠮ ᠪᠠᠶᠢᠳᠠᠯ ᠢ ᠠᠷᠭᠠᠴᠠᠭᠠᠬᠤ ᠳᠠᠶᠢᠴᠢᠯᠠᠯᠲᠠ ᠶᠢᠨ ᠦᠢᠯᠡᠳᠦᠯ ᠢᠶᠠᠨ ᠪᠠᠳᠠᠷᠠᠭᠤᠯᠬᠤ ᠲᠣᠭᠲᠠᠴᠠ ᠶᠢ ᠪᠦᠷᠢᠨᠰᠢᠭᠦᠯᠦᠨ ᠨᠠᠶᠢᠳᠠᠪᠤᠷᠢᠵᠢᠭᠤᠯᠵᠤ᠂ ᠨᠠᠮ ᠤᠨ ᠭᠡᠰᠢᠭᠦᠨ ᠤ ᠭᠠᠪᠰᠢᠭᠠᠢ ᠠᠩᠭᠢ ᠪᠣᠯᠣᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠬᠤ᠂ ᠨᠠᠮ ᠤᠨ ᠭᠡᠰᠢᠭᠦᠨ ᠤ ᠬᠤᠰᠢᠭᠤᠴᠢ ᠠᠵᠢᠯ ᠤᠨ ᠪᠠᠶᠢᠷᠢ ᠪᠣᠯᠣᠨ ᠬᠠᠷᠢᠭᠤᠴᠠᠯᠭ᠎ᠠ ᠶᠢᠨ ᠣᠷᠣᠨ ᠢ ᠲᠣᠬᠢᠷᠠᠭᠤᠯᠬᠤ ᠵᠡᠷᠭᠡ ᠠᠷᠭ᠎ᠠ ᠭᠡᠯᠪᠡᠷᠢ ᠪᠠᠷ ᠳᠠᠮᠵᠢᠭᠤᠯᠵᠤ᠂ ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠤ ᠤᠯᠠᠨ ᠲᠦᠮᠡᠨ ᠢ ᠳᠠᠭᠠᠭᠤᠯᠤᠨ ᠭᠠᠮᠰᠢᠭ ᠠᠴᠠ ᠠᠪᠤᠷᠠᠵᠤ ᠠᠶᠤᠯ ᠠᠴᠠ ᠠᠪᠤᠷᠠᠬᠤ ᠬᠠᠮᠲᠤᠷᠠᠯ ᠬᠦᠴᠦᠨ ᠢ ᠲᠠᠶᠢᠴᠢᠯᠠᠵᠤ᠂ ᠰᠦᠯᠵᠢᠶ᠎ᠡ ᠪᠠᠷ ᠪᠣᠯᠵᠣᠬᠤ ᠲᠡᠷᠭᠡᠨ ᠤ ᠵᠢᠯᠣᠭᠤᠴᠢ᠂ ᠠᠴᠢᠶᠠᠨ ᠤ ᠮᠠᠰᠢᠨ ᠤ ᠵᠢᠯᠣᠭᠤᠴᠢ᠂ ᠰᠦᠯᠵᠢᠶ᠎ᠡ ᠪᠠᠷ ᠪᠣᠯᠵᠣᠬᠤ ᠲᠣᠬᠢᠷᠠᠭᠤᠯᠤᠨ ᠬᠦᠷᠭᠡᠭᠴᠢ᠂ ᠲᠦᠷᠭᠡᠨ ᠬᠦᠷᠭᠡᠭᠴᠢ ᠵᠡᠷᠭᠡ ᠰᠢᠨ᠎ᠡ ᠪᠠᠷ ᠠᠵᠢᠯ ᠣᠯᠣᠭᠰᠠᠨ ᠬᠥᠮᠥᠰ ᠤᠨ ᠳᠣᠲᠣᠷᠠᠬᠢ ᠨᠠᠮ ᠤᠨ ᠭᠡᠰᠢᠭᠦᠨ ᠤ ᠲᠤᠰ ᠪᠡᠶ᠎ᠡ ᠶᠢᠨ ᠠᠮᠤᠷ ᠲᠦᠪᠰᠢᠨ ᠢ ᠰᠠᠶᠢᠲᠤᠷ ᠬᠠᠮᠠᠭᠠᠯᠠᠭᠰᠠᠨ ᠤᠷᠢᠲᠠᠯ ᠳᠣᠣᠷ᠎ᠠ᠂ ᠣᠶᠢᠷ᠎ᠠ ᠬᠠᠪᠢ ᠳᠠᠭᠠᠨ ᠦᠶᠡᠷ ᠢ ᠰᠡᠷᠭᠡᠶᠢᠯᠡᠵᠦ ᠭᠠᠮᠰᠢᠭ ᠲᠠᠢ ᠲᠡᠮᠡᠴᠡᠵᠦ ᠠᠶᠤᠯ ᠠᠴᠠ ᠠᠪᠤᠷᠠᠬᠤ ᠠᠵᠢᠯ ᠳᠤ  ᠣᠷᠤᠯᠴᠠᠬᠤ ᠶᠢ ᠢᠳᠡᠪᠬᠢᠲᠡᠢ ᠳᠠᠶᠢᠴᠢᠯᠠᠬᠤ  ᠬᠡᠷᠡᠭᠲᠡᠢ᠃ ᠭᠠᠮᠰᠢᠭ ᠤᠨ ᠪᠠᠶᠢᠳᠠᠯ ᠣᠨᠴᠠᠭᠠᠢ ᠬᠦᠨᠳᠦ ᠨᠣᠴᠢᠲᠠᠢ ᠭᠠᠵᠠᠷ ᠣᠷᠣᠨ ᠳᠤ᠂ ᠪᠠᠶᠢᠭᠤᠯᠭ᠎ᠠ ᠶᠢᠨ ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠵᠤ ᠲᠣᠰᠬᠤᠨ ︵ᠨᠡᠶᠢᠭᠡᠮ ᠲᠣᠭᠤᠷᠢᠭ︶ ᠳᠤ ᠨᠡᠷ᠎ᠡ ᠮᠡᠳᠡᠭᠦᠯᠵᠦ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠣᠯᠣᠨ ᠠᠵᠢᠯᠯᠠᠬᠤ ᠠᠩᠭᠢ ᠶᠢᠨ ᠲᠤᠬᠠᠢ ᠶᠢᠨ ᠭᠠᠵᠠᠷ ᠲᠠᠭᠠᠨ ᠦᠶᠡᠷ ᠢ ᠰᠡᠷᠭᠡᠶᠢᠯᠡᠵᠦ ᠭᠠᠮᠰᠢᠭ ᠲᠠᠢ ᠲᠡᠮᠡᠴᠡᠵᠦ ᠠᠶᠤᠯ ᠠᠴᠠ ᠠᠪᠤᠷᠠᠬᠤ ᠠᠩᠭᠢ ᠪᠣᠯᠭᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠶᠠᠭ ᠥᠷᠨᠢᠭᠦᠯᠵᠦ ᠪᠠᠶᠢᠭ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠤᠨ᠂ ᠰᠠᠬᠢᠯᠭ᠎ᠠ ᠪᠠᠲᠤ ᠶᠢᠨ ︽ᠡᠷᠴᠢᠯᠡᠭᠦᠷ︾ ᠢ ᠴᠢᠨᠠᠭᠰᠢᠳᠠ ᠴᠢᠩᠭᠠᠯᠠᠵᠤ᠂ ᠲᠡᠮᠦᠷ ᠮᠡᠲᠦ ᠬᠠᠲᠠᠭᠤ ᠰᠠᠬᠢᠯᠭ᠎ᠠ ᠪᠠᠲᠤ ᠴᠢᠩᠭ᠎ᠠ ᠰᠤᠷᠲᠠᠯ ᠢᠶᠠᠷ ᠦᠶᠡᠷ ᠢ ᠰᠡᠷᠭᠡᠶᠢᠯᠡᠵᠦ ᠭᠠᠮᠰᠢᠭ ᠲᠠᠢ ᠲᠡᠮᠡᠴᠡᠵᠦ ᠠᠶᠤᠯ ᠠᠴᠠ ᠠᠪᠤᠷᠠᠬᠤ ᠠᠵᠢᠯ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃      ᠭᠤᠷᠪᠠ᠂ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠨ ᠬᠢᠨ ᠳᠠᠷᠤᠶᠢᠬᠠᠨ ᠬᠥᠳᠡᠯᠦᠯᠴᠡᠵᠦ᠂ ᠡᠭᠦᠷᠭᠡ ᠲᠤᠰᠢᠶᠠᠯ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠤᠨ ᠦᠶᠡᠷ ᠢ ᠰᠡᠷᠭᠡᠶᠢᠯᠡᠵᠦ ᠭᠠᠮᠰᠢᠭ ᠲᠠᠢ ᠲᠡᠮᠡᠴᠡᠵᠦ ᠳᠤᠮᠳᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠬᠡᠷᠡᠭᠲᠡᠢ᠃ ᠦᠶᠡᠷ ᠢ ᠰᠡᠷᠭᠡᠶᠢᠯᠡᠵᠦ ᠭᠠᠮᠰᠢᠭ ᠲᠠᠢ ᠲᠡᠮᠡᠴᠡᠵᠦ  ᠠᠶᠤᠯ ᠠᠴᠠ ᠠᠪᠤᠷᠠᠬᠤ ᠶᠢ ᠰᠢᠯᠭᠠᠭᠤᠷ ᠴᠢᠯᠠᠭᠤ᠂ ᠪᠢᠯᠡᠭᠦᠦ ᠪᠤᠯᠭᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠬᠤ ᠶᠢ ᠠᠬᠢᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠤᠨ ᠲᠠᠶᠢᠴᠢᠯᠠᠵᠥ ᠦᠶᠡᠷ ᠢ ᠰᠡᠷᠭᠡᠶᠢᠯᠡᠵᠦ ᠭᠠᠮᠰᠢᠭ ᠲᠠᠢ ᠲᠡᠮᠡᠴᠡᠵᠦ ᠠᠶᠤᠯ ᠠᠴᠠ ᠠᠪᠤᠷᠠᠬᠤ ᠡᠮᠦᠨ᠎ᠡ ᠹᠷᠣᠨᠲ ᠲᠤ ᠡᠷᠡᠯᠬᠡᠭᠯᠡᠨ ᠲᠡᠮᠡᠴᠡᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ ᠦᠶᠡᠷ ᠢ ᠰᠡᠷᠭᠡᠶᠢᠯᠡᠵᠦ ᠭᠠᠮᠰᠢᠭ ᠲᠠᠢ ᠲᠡᠮᠡᠴᠡᠵᠦ ᠡᠮᠦᠨ᠎ᠡ ᠹᠷᠣᠨᠲ ᠲᠤ ᠺᠠᠳ᠋ᠷ ᠢ ᠰᠢᠨᠵᠢᠯᠡᠨ ᠪᠠᠶᠢᠴᠠᠭᠠᠵᠤ ᠢᠯᠭᠠᠨ ᠲᠠᠨᠢᠵᠤ᠂ ᠦᠶᠡᠷ ᠢ ᠰᠡᠷᠭᠡᠶᠢᠯᠡᠵᠦ ᠭᠠᠮᠰᠢᠭ ᠲᠠᠢ ᠲᠡᠮᠡᠴᠡᠵᠦ ᠠᠶᠤᠯ ᠠᠴᠠ ᠠᠪᠤᠷᠠᠬᠤ ᠳᠤᠮᠳᠠᠬᠢ ᠢᠯᠡᠷᠡᠯ ᠢᠶᠠᠷ ᠺᠠᠳ᠋ᠷ ᠢ ᠦᠨᠡᠯᠡᠬᠦ ᠴᠢᠬᠤᠯᠠ ᠦᠨᠳᠦᠰᠦᠯᠡᠯ ᠪᠤᠯᠭᠠᠬᠤ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠵᠢᠯᠣᠭᠤᠳᠤᠨ ᠨᠠᠮ ᠳᠤ ᠣᠷᠣᠬᠤ ᠢᠳᠡᠪᠬᠢᠲᠡᠨ ᠢ ᠢᠯᠡᠷᠡᠭᠦᠯᠦᠨ ᠰᠢᠯᠭᠠᠵᠤ᠂ ᠢᠯᠡᠷᠡᠯ ᠨᠢ ᠲᠣᠪᠣᠶᠢᠮ᠎ᠠ᠂ ᠨᠥᠬᠦᠴᠡᠯ ᠳᠤ ᠨᠡᠶᠢᠴᠡᠭᠰᠡᠨ ᠪᠠᠶᠢᠪᠠᠯ ᠴᠠᠭ ᠲᠤᠬᠠᠢ ᠳᠤᠨᠢ ᠨᠠᠮ ᠳᠤ ᠡᠯᠰᠡᠬᠦ ᠬᠡᠷᠡᠭᠲᠡᠢ᠃ ᠦᠶᠡᠷ ᠢ ᠰᠡᠷᠭᠡᠶᠢᠯᠡᠵᠦ ᠭᠠᠮᠰᠢᠭ ᠲᠠᠢ ᠲᠡᠮᠡᠴᠡᠵᠦ ᠠᠶᠤᠯ ᠠᠴᠠ ᠠᠪᠤᠷᠠᠬᠤ ᠳᠤᠮᠳᠠ ᠴᠣᠯᠭᠤᠷᠠᠨ ᠭᠠᠷᠤᠭᠰᠠᠨ ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠰᠢᠯᠢᠳᠡᠭ ᠡᠪ ᠬᠠᠮᠲᠤ ᠨᠠᠮ ᠤᠨ ᠭᠡᠰᠢᠭᠦᠨ ᠤ ᠨᠡᠶᠢᠲᠡᠯᠢᠭ ᠵᠢᠱᠢᠶ᠎ᠡ ᠶᠢ ᠢᠯᠡᠷᠡᠭᠦᠯᠬᠦ᠂ ᠳ᠋ᠦᠩᠨᠡᠬᠦ ᠪᠠ ᠬᠥᠬᠢᠭᠦᠯᠦᠨ ᠰᠠᠶᠢᠰᠢᠶᠠᠬᠤ ᠶᠢ ᠴᠢᠬᠤᠯᠠᠴᠢᠯᠠᠵᠤ᠂ ᠲᠡᠳᠡᠨ ᠤ ᠰᠡᠳᠬᠢᠯ ᠬᠥᠳᠡᠯᠭᠡᠮ᠎ᠡ ᠦᠢᠯᠡ ᠠᠵᠢᠯᠯᠠᠭ᠎ᠠ ᠪᠣᠯᠣᠨ ᠡᠷᠬᠢᠮ ᠳᠡᠭᠡᠳᠦ ᠵᠣᠷᠢᠭ ᠰᠠᠨᠠᠭ᠎ᠠ ᠶᠢ ᠥᠷᠭᠡᠨ ᠢᠶᠠᠷ ᠤᠬᠠᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠵᠣᠷᠢᠭᠵᠢᠭᠤᠯᠤᠨ ᠠᠶᠤᠯ ᠲᠦᠭᠰᠢᠭᠦᠷᠢ ᠠᠴᠠ ᠠᠶᠤᠬᠤ ᠦᠭᠡᠢ᠂ ᠬᠦᠴᠢᠷ ᠢ ᠰᠥᠷᠦᠨ ᠤᠷᠤᠭᠰᠢᠯᠠᠵᠤ᠂ ᠡᠷᠡᠯᠬᠡᠭᠯᠡᠨ ᠲᠡᠮᠡᠴᠡᠬᠦ ᠬᠡᠷᠡᠭᠲᠡᠢ᠃ ᠦᠶᠡᠷ ᠢ ᠰᠡᠷᠭᠡᠶᠢᠯᠡᠵᠦ ᠭᠠᠮᠰᠢᠭ ᠲᠠᠢ ᠲᠡᠮᠡᠴᠡᠵᠦ ᠡᠮᠦᠨ᠎ᠡ ᠹᠷᠣᠨᠲ ᠤᠨ ᠨᠠᠮ ᠤᠨ ᠭᠡᠰᠢᠭᠦᠨ ᠺᠠᠳ᠋ᠷ ᠢ ᠬᠠᠯᠠᠮᠵᠢᠯᠠᠨ ᠬᠠᠶᠢᠷᠠᠯᠠᠬᠤ ᠪᠠᠨ ᠴᠢᠩᠭᠠᠳᠬᠠᠵᠤ᠂ ᠬᠤᠯᠪᠣᠭᠳᠠᠯ ᠪᠦᠬᠦᠢ ᠲᠠᠯ᠎ᠠ ᠶᠢᠨ ᠬᠢᠨ ᠲᠠᠢ ᠬᠠᠮᠲᠤᠷᠠᠨ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠨᠠᠮ ᠤᠨ ᠭᠡᠰᠢᠭᠦᠨ᠂ ᠺᠠᠳ᠋ᠷ ᠤᠨ ᠭᠡᠷ ᠪᠦᠯᠢ ᠶᠢᠨ ᠬᠢᠨ ᠳᠤ ᠴᠠᠭ ᠲᠤᠬᠠᠢ ᠳᠤᠨᠢ ᠠᠰᠠᠷᠠᠮᠵᠢ ᠥᠭᠴᠦ ᠲᠣᠬᠤᠨᠢᠭᠤᠯᠵᠤ᠂ ᠲᠡᠳᠡᠨ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ ᠥᠭᠬᠦ ᠬᠡᠷᠡᠭᠲᠡᠢ᠃ ᠬᠤᠯᠪᠣᠭᠳᠠᠯ ᠪᠦᠬᠦᠢ ᠮᠤᠵᠢ ᠣᠷᠣᠨ ᠬᠤᠳᠠ ᠶᠢᠨ ᠬᠢᠨ ᠰᠢᠯᠵᠢᠭᠦᠯᠦᠨ ᠥᠭᠭᠦᠭᠰᠡᠨ ᠲᠥᠪ ᠠᠴᠠ ᠬᠠᠮᠢᠶᠠᠷᠴᠤ ᠪᠠᠶᠢᠭ᠎ᠠ ᠨᠠᠮ ᠤᠨ ᠰᠦᠢᠳᠬᠡᠯ ᠢ ᠰᠠᠶᠢᠲᠤᠷ ᠬᠡᠷᠡᠭᠯᠡᠬᠦ ᠶᠢᠨ ᠬᠠᠮᠲᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠰ ᠱᠠᠲᠤᠨ ᠤ ᠬᠠᠮᠢᠶᠠᠷᠴᠤ ᠪᠠᠶᠢᠭ᠎ᠠ ᠨᠠᠮ ᠤᠨ ᠰᠦᠢᠳᠬᠡᠯ ᠳᠤᠮᠳᠠ ᠠᠴᠠ ᠢᠵᠢ ᠪᠦᠷᠢᠳᠦᠭᠦᠯᠬᠦ ᠪᠡᠯᠡ ᠮᠥᠩᠭᠦ ᠶᠢ ᠨᠠᠶᠢᠳᠠᠪᠤᠷᠢᠵᠢᠭᠤᠯᠵᠤ᠂ ᠴᠠᠭ ᠲᠤᠬᠠᠢ ᠳᠤᠨᠢ ᠦᠨᠳᠦᠰᠦᠨ ᠱᠠᠲᠤᠨ ᠳᠤ ᠰᠢᠯᠵᠢᠭᠦᠯᠦᠨ ᠥᠭᠴᠦ᠂ ᠲᠤᠰᠬᠠᠢ ᠵᠣᠭᠤᠰ ᠢ ᠲᠤᠰᠬᠠᠢ ᠬᠡᠷᠡᠭᠯᠡᠬᠦ ᠶᠢ ᠪᠡᠶᠡᠯᠡᠭᠦᠯᠬᠦ ᠬᠡᠷᠡᠭᠲᠡᠢ᠃      ᠦᠶᠡᠷ ᠢ ᠰᠡᠷᠭᠡᠶᠢᠯᠡᠬᠦ ᠶᠢ ᠵᠢᠯᠤᠭᠤᠳᠬᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠤᠰᠤᠨ ᠠᠰᠢᠭᠯᠠᠯᠲᠠ ᠪᠣᠯᠣᠨ ᠳᠣᠲᠣᠭᠠᠳᠤ ᠶᠢ ᠬᠠᠮᠠᠭᠠᠯᠠᠬᠤ᠂ ᠠᠷᠠᠳ ᠤᠨ ᠶᠠᠪᠤᠳᠠᠯ᠂ ᠵᠠᠮ ᠲᠡᠭᠡᠭᠡᠪᠦᠷᠢ᠂ ᠡᠷᠡᠭᠦᠯ ᠬᠠᠮᠠᠭᠠᠯᠠᠯ ᠬᠢᠵᠢᠭ ᠢ ᠰᠡᠷᠭᠡᠶᠢᠯᠡᠬᠦ᠂ ᠡᠨᠧᠷᠭᠢ ᠴᠠᠭᠢᠯᠭᠠᠨ ᠬᠦᠴᠦ᠂ ᠴᠢᠮᠡᠭᠡ ᠬᠤᠯᠪᠤᠭ᠎ᠠ ᠵᠡᠷᠭᠡ ᠨᠢᠭᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠨᠠᠮ ᠤᠨ ᠭᠡᠰᠢᠭᠦᠨ ᠺᠠᠳ᠋ᠷ ︽ᠦᠶᠡᠷ ᠤᠨ ᠪᠠᠶᠢᠳᠠᠯ︾ ᠢ ᠰᠣᠨᠣᠰᠤᠮᠠᠭᠴᠠ ᠬᠥᠳᠡᠯᠦᠯᠴᠡᠵᠦ᠂ ᠵᠠᠷᠯᠢᠭ ᠢ ᠰᠣᠨᠣᠰᠤᠮᠠᠭᠴᠠ ᠠᠵᠢᠯᠯᠠᠵᠤ᠂ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠦᠶᠡᠷ ᠢ ᠰᠡᠷᠭᠡᠶᠢᠯᠡᠵᠦ ᠭᠠᠮᠰᠢᠭ ᠲᠠᠢ ᠲᠡᠮᠡᠴᠡᠵᠦ ᠠᠶᠤᠯ ᠠᠴᠠ ᠠᠪᠤᠷᠠᠬᠤ ᠠᠵᠢᠯ ᠳᠤ ᠪᠦᠭᠦ ᠬᠦᠴᠦᠨ ᠢᠶᠠᠷ ᠢᠶᠠᠨ ᠣᠷᠤᠯᠴᠠᠬᠤ ᠬᠡᠷᠡᠭᠲᠡᠢ᠃ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠴᠠᠭ ᠲᠤᠬᠠᠢ ᠳᠤᠨᠢ ᠵᠥᠪᠳᠡᠯᠴᠡᠨ ᠰᠤᠳᠤᠯᠤᠨ ᠮᠠᠭᠠᠳᠯᠠᠵᠤ᠂ ᠡᠬᠢ ᠪᠠᠶᠠᠯᠢᠭ ᠢ ᠪᠦᠲᠦᠮᠵᠢᠲᠡᠶ ᠲᠣᠬᠢᠷᠠᠭᠤᠯᠵᠤ᠂ ᠦᠶᠡᠷ ᠢ ᠰᠡᠷᠭᠡᠶᠢᠯᠡᠵᠦ ᠭᠠᠮᠰᠢᠭ ᠲᠠᠢ ᠲᠡᠮᠡᠴᠡᠵᠦ  ᠠᠶᠤᠯ ᠠᠴᠠ ᠠᠪᠤᠷᠠᠬᠤ  ᠬᠦᠴᠦᠷᠬᠡᠭ ᠶᠡᠭᠡ ᠬᠠᠮᠲᠤᠷᠠᠯ ᠬᠦᠴᠦᠨ ᠢ ᠦᠨᠡᠨ ᠬᠦ ᠨᠢᠭᠲᠠᠷᠠᠭᠤᠯᠤᠨ ᠪᠦᠷᠢᠯᠳᠦᠭᠦᠯᠬᠦ ᠬᠡᠷᠡᠭᠲᠡᠢ᠃      ᠭᠠᠮᠰᠢᠭᠳᠠᠭᠰᠠᠨ ᠦᠭᠡᠢ ᠭᠠᠵᠠᠷ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠺᠠᠳ᠋ᠷᠴᠤᠳ ᠨᠠᠮ ᠤᠨ ᠲᠥᠪ ᠬᠤᠷᠢᠶ᠎ᠠ ᠶᠢᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠨᠢᠭᠡ ᠭᠠᠵᠠᠷ ᠣᠷᠣᠨ ᠨᠢ ᠬᠦᠴᠢᠷᠳᠡᠪᠡᠯ ᠨᠠᠶᠢᠳᠠ ᠤᠯᠠᠨ ᠢᠶᠠᠷ ᠢᠶᠠᠨ ᠲᠤᠰᠠᠯᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠤᠯᠠᠨ ᠵᠦᠢᠯ ᠤᠨ ᠭᠡᠯᠪᠡᠷᠢ ᠪᠠᠷ ᠭᠠᠮᠰᠢᠭᠳᠠᠭᠰᠠᠨ ᠣᠷᠣᠨ ᠢ ᠰᠠᠨᠠᠭᠠᠴᠢᠯᠠᠭ᠎ᠠ ᠠᠴᠠ ᠪᠠᠨ ᠬᠠᠪᠰᠤᠷᠤᠨ ᠭᠠᠮᠰᠢᠭ ᠲᠠᠢ ᠲᠡᠮᠡᠴᠡᠵᠦ ᠭᠠᠮᠰᠢᠭ ᠠᠴᠠ ᠠᠪᠤᠷᠠᠬᠤ᠂ ᠭᠠᠮᠰᠢᠭ ᠤᠨ ᠳᠠᠷᠠᠭ᠎ᠠ ᠳᠠᠭᠢᠨ ᠪᠦᠲᠦᠭᠡᠨ ᠪᠠᠶᠢᠭᠤᠯᠬᠤ ᠠᠵᠢᠯ ᠢ ᠥᠷᠨᠢᠭᠦᠯᠬᠦ ᠬᠡᠷᠡᠭᠲᠡᠢ᠃      ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠦᠶᠡᠷ ᠢ ᠰᠡᠷᠭᠡᠶᠢᠯᠡᠵᠦ ᠭᠠᠮᠰᠢᠭ ᠲᠠᠢ ᠲᠡᠮᠡᠴᠡᠵᠦ ᠠᠶᠤᠯ ᠠᠴᠠ ᠠᠪᠤᠷᠠᠬᠤ  ᠳᠤᠮᠳᠠ ᠦᠢᠯᠡᠳᠦᠯ ᠢᠶᠠᠨ ᠪᠠᠳᠠᠷᠠᠭᠤᠯᠤᠭᠰᠠᠨ ᠪᠠᠶᠢᠳᠠᠯ ᠢᠶᠠᠨ ᠴᠠᠭ ᠲᠤᠬᠠᠢ ᠳᠤᠨᠢ ᠲᠥᠪ ᠤᠨ ᠵᠣᠬᠢᠶᠠᠨ ᠪᠠᠶᠢᠭᠤᠯᠬᠤ ᠬᠡᠯᠲᠡᠰ ᠲᠤ ᠮᠡᠳᠡᠭᠦᠯᠦᠭᠡᠷᠡᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号