ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ᠡᠯ᠎ᠡ ᠲᠠᠯ᠎ᠠ ᠶᠢᠨ ᠬᠢᠨ ᠤ ᠢᠳᠡᠪᠬᠢᠵᠢᠯ ᠢ ᠭᠦᠢᠴᠡᠳ ᠳᠠᠶᠢᠴᠢᠯᠠᠨ ᠬᠦᠴᠦ ᠪᠠᠨ ᠬᠠᠮᠲᠤᠳᠬᠠᠵᠤ ︿ᠤᠮᠠᠷᠠᠲᠤ ᠶᠢᠨ ᠭᠤᠷᠪᠠᠨ ᠣᠷᠣᠨ﹀ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2024/7/9
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠵᠠᠰᠠᠭ ᠤᠨ ᠣᠷᠳᠣᠨ ᠤ ᠠᠯᠪᠠᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠡᠯ᠎ᠡ ᠲᠠᠯ᠎ᠠ ᠶᠢᠨ ᠢᠳᠡᠪᠬᠢᠵᠢᠯ ᠢ ᠭᠦᠢᠴᠡᠳ ᠲᠠᠶᠢᠴᠢᠯᠠᠨ ᠬᠦᠴᠦ ᠪᠠᠨ ᠬᠠᠮᠲᠤᠳᠬᠠᠵᠤ ︿ᠤᠮᠠᠷᠠᠲᠤ ᠶᠢᠨ ᠭᠤᠷᠪᠠᠨ ᠣᠷᠣᠨ﹀ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠲᠤᠬᠠᠢ ᠰᠠᠨᠠᠯ︾  ᠢ ᠣᠶᠢᠷ᠎ᠠ ᠶᠢᠨ ᠡᠳᠦᠷ ᠳᠠᠷᠤᠮᠠᠯᠯᠠᠨ ᠲᠠᠷᠬᠠᠭᠠᠪᠠ᠂ ᠪᠦᠭᠦ ᠠᠭᠤᠯᠭ᠎ᠠ ᠨᠢ ᠳᠣᠣᠷᠠᠬᠢ ᠮᠡᠲᠦ᠃      ᠶᠡᠷᠦᠩᠬᠡᠢ ᠱᠦᠵᠢ ᠰᠢ ᠶᠢᠨ ᠫᠢᠩ ᠤᠨ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠤᠯᠭᠠᠵᠤ᠂ ᠡᠯ᠎ᠡ ᠲᠠᠯ᠎ᠠ ᠶᠢᠨ ᠬᠢᠨ ᠤ ᠢᠳᠡᠪᠬᠢᠵᠢᠯ ᠢ ᠭᠦᠢᠴᠡᠳ ᠳᠠᠶᠢᠴᠢᠯᠠᠨ ᠬᠦᠴᠦ ᠪᠠᠨ ᠬᠠᠮᠲᠤᠳᠬᠠᠵᠤ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠳᠣᠣᠷᠠᠬᠢ ᠮᠡᠲᠦ ᠰᠠᠨᠠᠯ ᠢ ᠳᠤᠷᠠᠳᠪᠠ᠃      ᠨᠢᠭᠡ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠪᠡᠯᠡ ᠮᠥᠩᠭᠦ ᠶᠢᠨ ᠲᠤᠰᠠᠯᠠᠮᠵᠢ᠂ ᠡᠳ᠋ ᠤᠨ ᠵᠠᠰᠠᠭ ᠠᠴᠠ ᠬᠦᠦ ᠮᠥᠩᠭᠦ ᠶᠢᠨ ᠨᠥᠬᠦᠪᠦᠷᠢ ᠥᠭᠬᠦ᠂ ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠬᠦ ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢ ᠥᠷᠨᠢᠭᠦᠯᠵᠦ ᠪᠠᠶᠢᠭ᠎ᠠ ᠭᠤᠣᠯ ᠴᠣᠭᠴᠠ ᠳᠤ ᠳᠡᠮᠵᠢᠯᠭᠡ ᠦᠵᠡᠭᠦᠯᠭᠦ ᠬᠡᠷᠡᠭᠲᠡᠢ᠃ ᠨᠢᠭᠡᠴᠢ ᠪᠠ ᠬᠤᠪᠢ ᠬᠥᠮᠥᠨ ᠤ ᠪᠤᠰᠤᠳ ᠠᠷᠭ᠎ᠠ ᠮᠠᠶ᠋ᠢᠭ ᠢᠶᠠᠷ ᠳᠠᠭᠠᠭᠠᠴᠢᠯᠠᠨ ᠡᠵᠡᠩᠨᠡᠬᠦ ᠡᠷᠬᠡ ᠣᠯᠣᠭᠰᠠᠨ ᠡᠯᠡᠰᠦᠷᠬᠡᠭᠵᠢᠭᠰᠡᠨ ᠭᠠᠵᠠᠷ ᠰᠢᠷᠣᠢ ᠳᠡᠭᠡᠷ᠎ᠡ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠥᠷᠨᠢᠭᠦᠯᠬᠦ ᠶᠢ ᠵᠣᠷᠢᠭᠵᠢᠭᠤᠯᠵᠤ᠂ ᠵᠠᠰᠠᠯᠲᠠ ᠨᠢ ᠦᠷ᠎ᠡ ᠪᠦᠲᠦᠮᠵᠢ ᠲᠠᠢ ᠪᠣᠯ ᠡᠵᠡᠩᠨᠡᠯᠲᠡ ᠶᠢᠨ ᠡᠷᠬᠡ ᠶᠢ ᠰᠢᠯᠵᠢᠭᠦᠯᠦᠭᠰᠡᠨ ᠭᠡᠷ᠎ᠡ ᠶᠢᠨ ᠬᠤᠭᠤᠴᠠᠭ᠎ᠠ ᠨᠢ ᠲᠤᠯᠤᠭᠰᠠᠨ ᠤ ᠲᠠᠷᠠᠭ᠎ᠠ ᠠᠳᠠᠯᠢ ᠨᠥᠬᠦᠴᠡᠯ ᠤᠨ ᠳᠣᠣᠷ᠎ᠠ ᠳᠠᠭᠠᠭᠠᠴᠢᠯᠠᠯᠲᠠ ᠶᠢᠨ ᠭᠠᠵᠠᠷ ᠰᠢᠷᠣᠢ ᠶᠢ ᠨᠢ ᠲᠡᠷᠡ ᠬᠥᠮᠥᠨ ᠤᠷᠢᠳ ᠢᠶᠠᠷ ᠦᠷᠭᠦᠯᠵᠢᠯᠡᠨ ᠲᠦᠷᠢᠶᠡᠰᠦᠯᠡᠵᠦ ᠪᠣᠯᠣᠨ᠎ᠠ᠃ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠤᠨ ᠳᠤᠮᠳᠠ ᠲᠣᠪᠣᠶᠢᠮ᠎ᠠ ᠠᠮᠵᠢᠯᠲᠠ ᠭᠠᠷᠭᠠᠭᠰᠠᠨ ᠨᠢᠭᠡᠴᠢ ᠪᠣᠯᠣᠨ ᠬᠤᠪᠢ ᠬᠥᠮᠥᠨ ᠢ ᠡᠯ᠎ᠡ ᠱᠠᠲᠤᠨ ᠤ ᠵᠠᠰᠠᠭ ᠤᠨ ᠣᠷᠳᠣᠨ ᠠᠴᠠ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠥᠬᠢᠭᠦᠯᠦᠨ ᠱᠠᠩᠨᠠᠨ᠎ᠠ᠂ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠢ ᠨᠢ ᠶᠡᠭᠡ ᠪᠠᠷ ᠱᠠᠩᠨᠠᠨ᠎ᠠ᠃ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠳᠤᠮᠳᠠ ᠰᠢᠨ᠎ᠡ ᠮᠡᠷᠭᠡᠵᠢᠯ ᠢ ᠨᠡᠭᠡᠭᠡᠨ ᠬᠥᠭᠵᠢᠭᠦᠯᠵᠦ᠂ ᠰᠢᠨ᠎ᠡ ᠲᠥᠬᠦᠭᠡᠷᠦᠮᠵᠢ ᠶᠢ ᠬᠡᠷᠡᠭᠯᠡᠭᠰᠡᠨ ᠪᠠᠶᠢᠪᠠᠯ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤᠨᠢ ᠨᠥᠬᠦᠪᠦᠷᠢ ᠥᠭᠬᠦ ᠵᠡᠷᠭᠡ ᠲᠥᠷᠥ ᠶᠢᠨ ᠪᠣᠳᠣᠯᠭ᠎ᠠ ᠪᠠᠷ ᠳᠠᠮᠵᠢᠨ ᠳᠡᠮᠵᠢᠯᠭᠡ ᠦᠵᠡᠭᠦᠯᠦᠨ᠎ᠡ᠃      ᠬᠤᠶᠠᠷ᠂ ᠡᠯ᠎ᠡ ᠭᠠᠵᠠᠷ ᠤᠨ ᠬᠢᠨ ᠣᠶᠢᠲᠤ ᠭᠠᠵᠠᠷ᠂ ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠵᠦ ᠪᠠᠶᠢᠭ᠎ᠠ ᠨᠢᠭᠡᠴᠢ ᠪᠣᠯᠣᠨ ᠬᠤᠪᠢ ᠬᠥᠮᠥᠨ ᠢ ᠱᠠᠯᠠᠪᠳᠠᠨ ᠪᠡᠯᠴᠢᠭᠡᠷᠯᠡᠭᠦᠯᠬᠦ ᠶᠢ ᠵᠣᠭᠰᠤᠭᠠᠬᠤ ᠪᠡᠯᠴᠢᠭᠡᠷ ᠢ ᠠᠮᠠᠷᠠᠭᠤᠯᠬᠤ᠂ ᠮᠠᠯ  ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠵᠡᠷᠭᠡ ᠬᠠᠮᠠᠭᠠᠯᠠᠯᠲᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠤᠢ ᠮᠣᠳᠣᠨ ᠤ ᠳᠠᠷᠤᠭ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠡᠳᠦᠷ ᠲᠤᠳᠤᠮ ᠤᠨ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ᠂ ᠲᠣᠭᠲᠠᠭᠠᠯ ᠠᠴᠠ ᠵᠥᠷᠢᠴᠡᠨ ᠪᠡᠯᠴᠢᠭᠡᠷᠯᠡᠭᠦᠯᠬᠦ ᠶᠢ ᠴᠠᠭᠠᠵᠠᠯᠠᠬᠤ ᠪᠤᠶᠤ ᠪᠡᠯᠴᠢᠭᠡᠷ ᠢ ᠰᠡᠷᠭᠦᠭᠡᠬᠦ ᠬᠤᠭᠤᠴᠠᠭᠠᠨ ᠳᠤ ᠪᠡᠯᠴᠢᠭᠡᠷᠯᠡᠭᠦᠯᠬᠦ᠂ ᠳᠤᠷ᠎ᠠ ᠪᠠᠷ ᠢᠶᠠᠨ ᠮᠠᠯᠲᠠᠵᠤ ᠤᠬᠤᠬᠤ᠂ ᠳᠤᠷ᠎ᠠ ᠪᠠᠷ ᠢᠶᠠᠨ ᠬᠠᠭᠠᠯᠪᠤᠷᠢᠯᠠᠨ ᠡᠵᠡᠯᠡᠬᠦ᠂ ᠳᠤᠷ᠎ᠠ ᠪᠠᠷ ᠢᠶᠠᠨ ᠴᠠᠪᠴᠢᠵᠤ ᠳᠤᠷ᠎ᠠ ᠪᠠᠷ ᠢᠶᠠᠨ ᠣᠭᠲᠣᠯᠬᠤ ᠵᠡᠷᠭᠡ ᠠᠵᠢᠯᠯᠠᠭ᠎ᠠ ᠶᠢ ᠦᠨᠡᠨ ᠬᠦ ᠵᠣᠭᠰᠤᠭᠠᠬᠤ ᠬᠡᠷᠡᠭᠲᠡᠢ᠃      ᠭᠤᠷᠪᠠ᠂ ᠡᠯ᠎ᠡ ᠭᠠᠵᠠᠷ ᠤᠨ ᠬᠢᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠤᠭᠰᠠᠨ ᠢᠨᠵᠧᠨᠧᠷᠢᠩ ᠤᠨ ᠨᠡᠭᠡᠭᠡᠯᠲᠡ ᠬᠢᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠠᠲᠤᠯᠠᠭ᠎ᠠ ᠶᠢᠨ ᠴᠢᠨᠠᠷᠲᠠᠢ ᠰᠢᠨ᠎ᠡ ᠡᠨᠧᠷᠭᠢ ᠶᠢᠨ ᠵᠢᠭᠠᠯᠲᠠ ᠲᠤᠭ᠎ᠠ ᠪᠠᠷ ᠬᠥᠲᠥᠯᠥᠮᠵᠢ ᠪᠤᠯᠭᠠᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠡᠭᠦᠷᠭᠡ ᠪᠠ ᠰᠢᠨ᠎ᠡ ᠡᠨᠧᠷᠭᠢ ᠶᠢ ᠨᠡᠭᠡᠭᠡᠬᠦ ᠬᠡᠪᠴᠢᠶ᠎ᠡ ᠵᠢᠴᠢ ᠪᠦᠲᠦᠭᠡᠨ ᠪᠠᠶᠢᠭᠤᠯᠤᠯᠲᠠ ᠶᠢᠨ ᠠᠶᠢᠵᠠᠮ ᠢ ᠨᠢᠭᠡ ᠴᠣᠭᠴᠠᠵᠢᠭᠤᠯᠤᠨ ᠲᠥᠯᠥᠪᠵᠢᠭᠦᠯᠵᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠦᠲᠦᠭᠡᠨ ᠪᠠᠶᠢᠭᠤᠯᠤᠯᠲᠠ ᠶᠢᠨ ᠣᠷᠣᠭᠤᠯᠤᠯᠲᠠ ᠶᠢᠨ ᠡᠷᠴᠢᠮ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠭᠡᠷᠡᠭᠲᠡᠶ᠃ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠰᠢᠯᠵᠢᠭᠦᠯᠦᠨ  ᠲᠦᠷᠢᠶᠡᠰᠦᠯᠡᠭᠦᠯᠦᠭᠰᠡᠨ ᠰᠦᠢᠳᠬᠡᠯ ᠢ ︽ᠤᠨᠠᠯᠲᠠ ᠪᠠᠷ ᠲᠦᠷᠢᠶᠡᠰᠦᠨ ᠮᠥᠩᠭᠦ ᠶᠢ ᠲᠣᠭᠲᠠᠭᠠᠬᠤ︾ ᠭᠡᠯᠪᠡᠷᠢ ᠪᠠᠷ ᠵᠦᠢ ᠵᠣᠬᠢᠰᠲᠠᠢ ᠲᠣᠭᠲᠠᠭᠠᠨ᠎ᠠ᠃ ᠰᠢᠨ᠎ᠡ ᠡᠨᠧᠷᠭᠢ ᠶᠢᠨ ᠠᠵᠤ ᠠᠬᠤᠶᠢᠯᠠᠯ ᠲᠦᠷᠦᠭᠦᠯᠡᠨ ᠬᠢᠬᠦ ᠶᠢ ᠵᠣᠷᠢᠭᠵᠢᠭᠤᠯᠵᠤ᠂ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ᠂ ᠠᠮᠢ ᠠᠬᠤᠢ ᠶᠢ ᠵᠠᠰᠠᠬᠤ ᠠᠵᠤ ᠠᠬᠤᠶᠢᠯᠠᠯ ᠵᠢᠴᠢ ᠠᠶᠢᠮᠠᠭ ᠬᠤᠲᠠ ᠶᠢᠨ ᠬᠤᠯᠪᠣᠭᠳᠠᠯ ᠪᠦᠬᠦᠢ ᠠᠵᠤ ᠠᠬᠤᠶᠢᠯᠠᠯ ᠲᠠᠢ ᠬᠤᠯᠪᠤᠭᠠᠯᠠᠨ ᠬᠤᠯᠪᠣᠭᠠᠲᠤ ᠴᠣᠭᠴᠠ ᠪᠠᠶᠢᠭᠤᠯᠵᠤ᠂ ᠬᠤᠯᠪᠣᠭᠠᠲᠤ ᠴᠣᠭᠴᠠ ᠶᠢᠨ ᠳᠣᠲᠣᠭᠠᠳᠤ ᠳᠤ ᠲᠣᠨᠤᠭ ᠲᠥᠬᠦᠭᠡᠷᠦᠮᠵᠢ᠂ ᠮᠠᠲ᠋ᠧᠷᠢᠶᠠᠯ᠂ ᠣᠶ ᠰᠢᠭᠤᠢ ᠡᠪᠡᠰᠦᠨ ᠤ ᠦᠷ᠎ᠡ ᠴᠢᠬᠢ ᠵᠡᠷᠭᠡ ᠶᠢ ᠵᠠᠬᠢᠶᠠᠯᠠᠭ᠎ᠠ ᠶᠢᠨ ᠮᠠᠶ᠋ᠢᠭ ᠢᠶᠠᠷ ᠬᠤᠳᠠᠯᠳᠤᠨ ᠠᠪᠬᠤ ᠪᠠ ᠡᠯᠡᠰᠦᠷᠬᠡᠭᠵᠢᠭᠰᠡᠨ ᠭᠠᠵᠠᠷ ᠰᠢᠷᠣᠢ ᠶᠢ ᠵᠠᠰᠠᠬᠤ ᠶᠢ ᠨᠠᠶᠢᠳᠠᠵᠤ ᠪᠦᠲᠦᠭᠡᠨ ᠪᠠᠶᠢᠭᠤᠯᠬᠤ ᠶᠢ ᠰᠦᠪᠡᠭᠴᠢᠯᠡᠵᠦ᠂ ᠭᠠᠵᠠᠷ ᠰᠢᠷᠣᠢ ᠨᠥᠭᠡᠴᠡᠯᠡᠬᠦ ᠶᠢ ᠵᠣᠬᠢᠬᠤ ᠬᠡᠮᠵᠢᠶ᠎ᠡ ᠪᠠᠷ ᠤᠷᠢᠳᠴᠢᠯᠠᠨ ᠰᠠᠶᠢᠲᠤᠷ ᠬᠢᠨ᠎ᠡ᠃ ᠡᠯᠡᠰᠦᠷᠬᠡᠭᠵᠢᠭᠰᠡᠨ ᠭᠠᠵᠠᠷ ᠰᠢᠷᠣᠢ ᠶᠢ ᠵᠠᠰᠠᠬᠤ ᠶᠢᠨ ᠪᠦᠭᠦ ᠦᠶᠡᠯᠡᠯ ᠤᠨ ᠬᠤᠭᠤᠴᠠᠭᠠᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠦᠲᠦᠭᠡᠨ ᠪᠠᠶᠢᠭᠤᠯᠬᠤ᠂ ᠬᠠᠮᠢᠶᠠᠷᠬᠤ᠂ ᠠᠷᠠᠴᠢᠯᠠᠨ ᠬᠠᠮᠠᠭᠠᠯᠠᠬᠤ ᠡᠯ᠎ᠡ ᠲᠠᠯ᠎ᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠵᠠᠰᠠᠭᠰᠠᠨ ᠦᠷ᠎ᠡ ᠪᠦᠲᠦᠮᠵᠢ ᠶᠢ ᠦᠨᠡᠯᠡᠬᠦ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠬᠦ ᠶᠢᠨ ᠬᠠᠮᠲᠤ ᠦᠨᠡᠯᠡᠭᠰᠡᠨ ᠦᠷ᠎ᠡ ᠳ᠋ᠦᠩ ᠢ ᠨᠡᠶᠢᠭᠡᠮ ᠳᠤ ᠢᠯᠡ ᠪᠤᠯᠭᠠᠵᠤ᠂ ᠭᠡᠷ᠎ᠡ  ᠶᠢ ᠭᠦᠢᠴᠡᠳᠬᠡᠬᠦ ᠲᠤᠬᠠᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠭᠡᠷ᠎ᠡ ᠠᠴᠠ ᠵᠥᠷᠢᠴᠡᠭᠰᠡᠨ ᠭᠤᠣᠯ ᠴᠣᠭᠴᠠ ᠶᠢ ᠰᠢᠢᠳᠪᠦᠷᠢᠯᠡᠬᠦ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃      ᠳᠥᠷᠪᠡ᠂ ᠡᠯ᠎ᠡ ᠭᠠᠵᠠᠷ ᠤᠨ ᠬᠢᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠭᠡᠯᠪᠡᠷᠢ ᠪᠠᠷ ᠳᠠᠮᠵᠢᠭᠤᠯᠤᠨ ᠵᠠᠰᠠᠯᠲᠠ ᠶᠢᠨ ᠭᠤᠣᠯ ᠴᠣᠭᠴᠠ ᠶᠢᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠲᠥᠷᠥᠯ ᠵᠦᠢᠯ ᠢ ᠲᠣᠭᠲᠠᠭᠠᠵᠤ᠂ ᠵᠠᠰᠠᠬᠤ ᠳᠦᠷᠢᠮ ᠪᠣᠯᠣᠨ ᠪᠠᠷᠢᠮᠵᠢᠶ᠎ᠠ ᠪᠠᠨ ᠤᠷᠢᠳᠴᠢᠯᠠᠨ ᠲᠣᠳᠣᠷᠬᠠᠶᠢᠯᠠᠵᠤ᠂ ᠳᠠᠭᠠᠭᠠᠴᠢᠯᠠᠯᠲᠠ ᠬᠦᠯᠢᠶᠡᠬᠦ ᠦᠨ᠎ᠡ ᠬᠠᠩᠰᠢ ᠶᠢᠨ ᠥᠷᠢᠰᠦᠯᠳᠦᠭᠡᠨ ᠤ ᠲᠣᠭᠲᠠᠴᠠ ᠶᠢ ᠣᠷᠣᠭᠤᠯᠵᠤ᠂ ᠳᠠᠭᠠᠭᠠᠴᠢᠯᠠᠯᠲᠠ ᠣᠨᠤᠬᠤ ᠭᠤᠣᠯ ᠴᠣᠭᠴᠠ ᠶᠢ ᠬᠠᠷᠢᠴᠠᠭᠤᠯᠤᠨ ᠰᠣᠩᠭᠤᠵᠤ ᠲᠣᠭᠲᠠᠭᠠᠵᠤ ᠪᠤᠯᠤᠨ᠎ᠠ᠃ ᠳᠠᠭᠠᠭᠠᠴᠢᠯᠠᠯᠲᠠ ᠣᠨᠤᠬᠴᠢ ᠠᠴᠠ ᠵᠠᠰᠠᠯᠲᠠ ᠶᠢᠨ ᠲᠥᠰᠥᠯ ᠢ ᠴᠢᠩᠭ᠎ᠠ ᠵᠢᠷᠤᠮᠯᠠᠨ ᠵᠠᠰᠠᠬᠤ ᠬᠡᠷᠡᠭᠲᠡᠢ᠃ ᠨᠥᠬᠦᠴᠡᠯ ᠳᠤ ᠨᠡᠶᠢᠴᠡᠬᠦ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠰᠢᠶᠠᠩ ᠪᠠᠯᠭᠠᠰᠤᠨ ᠤ ᠠᠵᠤ ᠠᠬᠤᠶᠢᠯᠠᠯ ᠤᠨ ᠳᠠᠭᠠᠭᠠᠴᠢᠯᠠᠯᠲᠠ ᠬᠦᠯᠢᠶᠡᠬᠦ ᠶᠢ ᠳᠡᠮᠵᠢᠵᠦ᠂ ᠲᠤᠬᠠᠢ ᠶᠢᠨ ᠭᠠᠵᠠᠷ ᠤᠨ  ᠮᠠᠯᠴᠢᠨ ᠲᠠᠷᠢᠶᠠᠴᠢᠨ ᠤ ᠪᠦᠲᠦᠭᠡᠨ ᠪᠠᠶᠢᠭᠤᠯᠤᠯᠲᠠ ᠳᠤ ᠣᠷᠤᠯᠴᠠᠬᠤ ᠶᠢ ᠳᠠᠶᠢᠴᠢᠯᠠᠬᠤ ᠬᠡᠷᠡᠭᠲᠡᠢ᠃ ︽ᠤᠷᠢᠳ ᠢᠶᠠᠷ ᠳᠠᠭᠠᠭᠠᠴᠢᠯᠠᠯᠲᠠ ᠵᠠᠷᠯᠠᠵᠤ ᠳᠠᠷᠠᠭ᠎ᠠ ᠨᠢ ᠨᠥᠬᠦᠪᠦᠷᠢᠯᠡᠬᠦ︾ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠤᠯᠤᠰ ᠤᠨ ᠪᠡᠯᠡ ᠣᠷᠣᠭᠤᠯᠤᠯᠲᠠ ᠶᠢᠨ ᠤᠳᠤᠷᠢᠳᠤᠮᠵᠢ ᠳᠤ ᠨᠡᠶᠢᠴᠡᠬᠦ ᠮᠥᠷᠲᠡᠭᠡᠨ ᠨᠢᠭᠡᠨᠲᠡ ᠭᠤᠶᠤᠴᠢᠯᠠᠨ ᠮᠡᠳᠡᠭᠦᠯᠵᠦ ᠬᠥᠮᠥᠷᠭᠡ ᠳᠤ ᠣᠷᠣᠭᠤᠯᠤᠭᠰᠠᠨ ᠲᠥᠷᠥᠯ ᠵᠦᠢᠯ ᠳᠤ ᠤᠯᠤᠰ ᠤᠨ ᠪᠡᠯᠡ ᠣᠷᠣᠭᠤᠯᠤᠯᠲᠠ  ᠶᠢᠨ ᠲᠥᠯᠥᠪᠯᠡᠭᠡ ᠶᠢ ᠪᠠᠭᠤᠯᠭᠠᠬᠤ ᠠᠴᠠ ᠡᠮᠦᠨ᠎ᠡ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠶᠢ ᠤᠷᠢᠳ ᠢᠶᠠᠷ ᠵᠣᠬᠢᠶᠠᠨ ᠪᠠᠶᠢᠭᠤᠯᠬᠤ ᠶᠢᠨ ᠬᠠᠮᠲᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠥᠷᠨᠢᠭᠦᠯᠬᠦ ᠶᠢ ᠵᠥᠪᠰᠢᠶᠡᠷᠡᠨ᠎ᠡ᠃      ᠲᠠᠪᠤ᠂ ︽ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ︾ ᠶᠢ ᠶᠡᠭᠡ ᠪᠠᠷ ᠳᠡᠯᠭᠡᠷᠡᠭᠦᠯᠵᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠲᠥᠷᠥᠯ ᠵᠦᠢᠯ ᠤᠨ ︽ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ︾ ᠭᠦᠳᠡᠯᠮᠦᠷᠢ ᠦᠢᠯᠡᠴᠢᠯᠡᠭᠡᠨ ᠤ ᠬᠥᠯᠥᠰᠦ ᠣᠯᠭᠤᠮᠵᠢ ᠶᠢᠨ ᠬᠡᠪᠴᠢᠶ᠎ᠡ ᠶᠢ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠶᠢᠨ 10% ᠠᠴᠠ ᠳᠣᠣᠷ᠎ᠠ ᠦᠭᠡᠢ ᠪᠠᠶᠢᠯᠭᠠᠬᠤ ᠬᠡᠷᠡᠭᠲᠡᠢ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠵᠡᠷᠭᠡ ᠭᠤᠭᠴᠤᠭ᠎ᠠ ᠶᠢᠨ ᠠᠵᠢᠯᠴᠢᠨ ᠬᠡᠷᠡᠭᠯᠡᠬᠦ ᠳᠠᠯᠳᠠ ᠬᠦᠴᠦᠨ ᠢ ᠭᠦᠢᠴᠡᠳ ᠠᠭᠤᠳᠠᠯᠵᠤ᠂ ᠮᠠᠯᠴᠢᠨ ᠲᠠᠷᠢᠶᠠᠴᠢᠳ ᠢ ᠬᠥᠲᠥᠯᠥᠨ ᠵᠢᠯᠤᠭᠤᠳᠴᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠬᠤ ᠪᠠᠷ ᠳᠠᠮᠵᠢᠭᠤᠯᠤᠨ ᠭᠦᠳᠡᠯᠮᠦᠷᠢ ᠦᠢᠯᠡᠴᠢᠯᠡᠭᠡᠨ ᠤ ᠨᠡᠩ ᠣᠯᠠᠨ ᠬᠥᠯᠥᠰᠦ ᠣᠯᠭᠤᠮᠵᠢ ᠣᠯᠭᠤᠨ᠎ᠠ᠃      ᠵᠢᠷᠭᠤᠭ᠎ᠠ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠲᠥᠷᠥᠯ ᠵᠦᠢᠯ ᠤᠨ  ︽ᠤᠷᠢᠳ ᠢᠶᠠᠷ  ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ︾ ᠵᠠᠭᠪᠤᠷ ᠢ ᠰᠦᠪᠡᠭᠴᠢᠯᠡᠵᠦ᠂ ᠬᠤᠰᠢᠭᠤ ᠰᠢᠶᠠᠨ ᠠᠴᠠ ᠭᠤᠶᠤᠴᠢᠯᠠᠵᠤ᠂ ᠠᠶᠢᠮᠠᠭ ᠬᠤᠲᠠ ᠠᠴᠠ ᠬᠢᠨᠠᠨ ᠵᠥᠪᠰᠢᠶᠡᠷᠡᠵᠦ᠂ ᠥᠪᠡᠷᠲᠡᠭᠡᠨ ᠵᠠᠰᠠᠬᠤ ᠣᠷᠣᠨ ᠠᠴᠠ ᠬᠢᠨᠠᠨ ᠬᠠᠷᠭᠤᠭᠤᠯᠤᠨ ᠳᠠᠩᠰᠠᠯᠠᠭᠤᠯᠤᠭᠰᠠᠨ ᠤ ᠳᠠᠷᠠᠭ᠎ᠠ᠂ ᠵᠠᠰᠠᠯᠲᠠ ᠶᠢᠨ ᠭᠤᠣᠯ ᠴᠣᠭᠴᠠ ᠨᠢ ᠥᠪᠡᠷ ᠲᠡᠭᠡᠨ ᠪᠡᠯᠡ ᠮᠥᠩᠭᠦ ᠴᠤᠭᠯᠠᠭᠤᠯᠵᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢ ᠤᠷᠢᠳ ᠢᠶᠠᠷ ᠥᠷᠨᠢᠭᠦᠯᠵᠦ᠂ ᠰᠡᠭᠦᠯᠴᠢ ᠶᠢᠨ ᠬᠤᠭᠤᠴᠠᠭᠠᠨ ᠳᠤ ᠮᠡᠳᠡᠭᠦᠯᠬᠦ ᠲᠥᠷᠥᠯ ᠵᠦᠢᠯ ᠳᠤ ᠣᠷᠣᠭᠤᠯᠵᠤ᠂ ᠪᠦᠲᠦᠭᠡᠨ ᠪᠠᠶᠢᠭᠤᠯᠤᠯᠲᠠ ᠪᠠᠨ ᠪᠡᠶᠡᠯᠡᠭᠦᠯᠵᠦ᠂ ᠬᠢᠨᠠᠨ ᠰᠢᠯᠭᠠᠬᠤ ᠪᠠᠷ ᠳᠠᠮᠵᠢᠭᠠᠳ ᠨᠥᠬᠦᠪᠦᠷᠢ ᠶᠢᠨ ᠪᠡᠯᠡ ᠮᠥᠩᠭᠦ ᠶᠢ ᠨᠢ ᠰᠣᠯᠢᠵᠤ ᠥᠭᠴᠦ ᠪᠣᠯᠣᠨ᠎ᠠ᠃ ᠣᠲᠤᠭ ᠬᠤᠰᠢᠭᠤ ᠵᠡᠷᠭᠡ ᠭᠠᠵᠠᠷ ᠤᠨ  ︽ᠤᠷᠢᠳ ᠢᠶᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ︾ ᠵᠠᠭᠪᠤᠷ ᠢ ᠲᠡᠭᠦᠯᠳᠡᠷᠵᠢᠭᠦᠯᠬᠦ ᠶᠢ ᠳᠡᠮᠵᠢᠨ᠎ᠡ᠃      ᠳᠣᠯᠤᠭ᠎ᠠ᠂ ᠮᠠᠯᠴᠢᠨ ᠲᠠᠷᠢᠶᠠᠴᠢᠳ ᠤᠨ ᠳᠠᠭᠠᠭᠠᠴᠢᠯᠠᠨ ᠡᠵᠡᠩᠨᠡᠭᠰᠡᠨ ᠭᠠᠵᠠᠷ ᠰᠢᠷᠣᠢ ᠳᠡᠭᠡᠷ᠎ᠡ ︽ᠤᠷᠢᠳ ᠢᠶᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ︾ ᠵᠡᠷᠭᠡ ᠵᠠᠭᠪᠤᠷ ᠢᠶᠠᠷ ᠥᠷᠨᠢᠭᠦᠯᠦᠭᠰᠡᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠲᠥᠷᠥᠯ ᠵᠦᠢᠯ ᠳᠤ᠂ ᠮᠠᠯᠴᠢᠨ ᠲᠠᠷᠢᠶᠠᠴᠢᠳ ᠤᠨ ᠥᠪᠡᠷ ᠲᠡᠭᠡᠨ ᠪᠠᠶᠢᠭᠤᠯᠬᠤ᠂ ᠡᠷᠦᠭᠡ ᠬᠤᠯᠪᠤᠭᠠᠯᠠᠨ ᠬᠠᠮᠲᠤᠷᠠᠨ ᠪᠠᠶᠢᠭᠤᠯᠬᠤ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠠᠶᠢᠭᠤᠯᠬᠤ ᠵᠡᠷᠭᠡ ᠭᠡᠯᠪᠡᠷᠢ ᠪᠠᠷ ᠰᠠᠶᠢᠨ ᠳᠤᠷ᠎ᠠ ᠠᠴᠠ ᠪᠠᠨ ᠮᠡᠳᠡᠭᠦᠯᠬᠦ᠂ ᠪᠡᠶ᠎ᠡ ᠪᠠᠨ ᠳᠠᠭᠠᠭᠠᠵᠤ ᠪᠦᠲᠦᠭᠡᠨ ᠪᠠᠶᠢᠭᠤᠯᠬᠤ᠂ ᠮᠠᠯᠴᠢᠨ ᠲᠠᠷᠢᠶᠠᠴᠢᠨ ᠤ ᠥᠪᠡᠷ ᠲᠡᠭᠡᠨ ᠪᠠᠶᠢᠭᠤᠯᠬᠤ ᠵᠡᠷᠭᠡ ᠬᠤᠯᠪᠣᠭᠳᠠᠯ ᠪᠦᠬᠦᠢ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ︽ᠪᠦᠷᠢᠨ ᠴᠢᠳᠠᠮᠵᠢᠲᠤ ᠺᠠᠷᠲ︾ ᠢᠶᠠᠷ ᠳᠠᠮᠵᠢᠭᠤᠯᠤᠨ ᠰᠢᠭᠤᠳ ᠣᠯᠭᠤᠵᠤ ᠪᠣᠯᠣᠨ᠎ᠠ᠃      ᠨᠠᠢᠮᠠ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠰᠠᠭᠤᠷᠢ ᠮᠥᠩᠭᠦ ᠶᠢ ᠰᠠᠶᠢᠲᠤᠷ ᠬᠡᠷᠡᠭᠯᠡᠵᠦ᠂ ᠵᠠᠰᠠᠭ ᠤᠨ ᠣᠷᠳᠣᠨ ᠤ ᠪᠡᠯᠡ ᠮᠥᠩᠭᠦ ᠶᠢᠨ ᠬᠥᠰᠢᠭᠦᠷᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠡᠯ᠎ᠡ ᠲᠥᠷᠥᠯ ᠤᠨ ᠠᠵᠤ ᠠᠬᠤᠶᠢᠯᠠᠯ᠂ ᠨᠡᠶᠢᠭᠡᠮ ᠤᠨ ᠪᠦᠯᠭᠦᠮ᠂ ᠬᠤᠪᠢ ᠬᠥᠮᠥᠨ ᠢ ᠳᠠᠶᠢᠴᠢᠯᠠᠨ ᠵᠣᠭᠤᠰ ᠮᠥᠩᠭᠦ ᠬᠠᠨᠳᠢᠪᠯᠡᠵᠤ᠂ ᠰᠠᠭᠤᠷᠢ ᠮᠥᠩᠭᠦ ᠶᠢᠨ ᠬᠡᠪᠴᠢᠶ᠎ᠡ ᠶᠢ ᠥᠷᠭᠡᠳᠬᠡᠨ᠂ ᠠᠵᠢᠯᠯᠠᠭᠠᠨ ᠤ ᠲᠣᠭᠲᠠᠴᠠ ᠪᠣᠯᠣᠨ ᠬᠠᠮᠢᠶᠠᠷᠤᠯᠲᠠ ᠶᠢᠨ ᠬᠡᠪ ᠵᠠᠭᠪᠤᠷ ᠢ ᠲᠡᠭᠦᠯᠳᠡᠷᠵᠢᠭᠦᠯᠵᠦ᠂ ᠮᠥᠩᠭᠦ‍ ᠨᠢᠭᠡ ᠪᠦᠷᠢ ᠶᠢ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠳᠤ ᠬᠡᠷᠡᠭᠯᠡᠬᠦ ᠶᠢ ᠦᠨᠡᠨ ᠬᠦ ᠪᠠᠲᠤᠯᠠᠨ᠎ᠠ᠃      ᠶᠢᠰᠦ᠂ ᠡᠯ᠎ᠡ ᠭᠠᠵᠠᠷ ᠤᠨ ᠬᠢᠨ ᠤ ᠡᠯ᠎ᠡ ᠲᠥᠷᠥᠯ ᠤᠨ ᠨᠡᠶᠢᠲᠡ ᠶᠢᠨ ᠠᠰᠠᠷᠠᠮᠵᠢ ᠶᠢᠨ ᠵᠣᠬᠢᠶᠠᠨ ᠪᠠᠶᠢᠭᠤᠯᠤᠯᠲᠠ ᠶᠢ ᠣᠷᠣᠭᠤᠯᠤᠨ ᠠᠪᠴᠢᠷᠠᠬᠤ ᠶᠢ ᠵᠣᠷᠢᠭᠵᠢᠭᠤᠯᠵᠤ᠂ ᠬᠠᠮᠲᠤᠷᠠᠯᠴᠠᠬᠤ᠂ ᠬᠤᠪᠢ ᠣᠷᠣᠬᠤ᠂ ᠳᠠᠭᠠᠭᠠᠴᠢᠯᠠᠬᠤ᠂ ᠨᠡᠷ᠎ᠡ ᠬᠠᠳᠠᠬᠤ᠂ ᠡᠷᠭᠦᠨ ᠲᠡᠵᠢᠭᠡᠬᠦ᠂ ᠬᠠᠨᠳᠤᠯᠭ᠎ᠠ ᠲᠠᠢ ᠪᠠᠷ ᠬᠠᠨᠳᠢᠪᠯᠡᠨ ᠬᠦᠷᠭᠡᠬᠦ ᠵᠡᠷᠭᠡ ᠣᠯᠠᠨ ᠵᠦᠢᠯ ᠤᠨ ᠭᠡᠯᠪᠡᠷᠢ ᠶᠢ ᠠᠪᠴᠤ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠤᠨ᠎ᠠ᠃ ᠨᠡᠶᠢᠭᠡᠮ ᠤᠨ ᠬᠥᠷᠥᠩᠭᠡ ᠠᠴᠠ ᠪᠡᠯᠡ ᠣᠷᠣᠭᠤᠯᠤᠭᠰᠠᠨ᠂ ᠤᠯᠤᠰ ᠠᠴᠠ ᠳᠡᠮᠵᠢᠬᠦ ᠴᠢᠭᠯᠡᠯ ᠳᠤ ᠨᠡᠶᠢᠴᠡᠭᠰᠡᠨ ᠣᠢ ᠰᠢᠭᠤᠢ ᠨᠤᠲᠤᠭ ᠪᠡᠯᠴᠢᠭᠡᠷ ᠤᠨ ᠠᠵᠤ ᠦᠢᠯᠡᠰ ᠤᠨ ᠴᠢᠬᠤᠯᠠ ᠶᠡᠭᠡ ᠲᠥᠷᠥᠯ ᠵᠦᠢᠯ ᠳᠤ᠂ ᠵᠠᠰᠠᠯᠲᠠ ᠶᠢᠨ ᠭᠤᠣᠯ ᠴᠣᠭᠴᠠ ᠶᠢ ᠢᠳᠡᠪᠬᠢᠲᠡᠢ ᠪᠠᠷ ᠬᠠᠪᠰᠤᠷᠴᠤ ᠤᠯᠤᠰ ᠠᠴᠠ ᠬᠤᠯᠪᠣᠭᠳᠠᠯ ᠪᠦᠬᠦᠢ ᠪᠡᠯᠡ ᠮᠥᠩᠭᠦ ᠶᠢᠨ ᠳᠡᠮᠵᠢᠯᠭᠡ ᠶᠢ ᠲᠡᠮᠡᠴᠡᠨ ᠣᠯᠬᠤ ᠪᠠᠷ ᠴᠢᠷᠮᠠᠶᠢᠨ᠎ᠠ᠃      ᠠᠷᠪᠠ᠂ ᠨᠤᠲᠤᠭ ᠪᠡᠯᠴᠢᠭᠡᠷ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠣᠶ ᠰᠢᠭᠤᠢ ᠶᠢᠨ ᠳᠠᠭᠠᠳᠬᠠᠯ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠢ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠤᠳᠠᠯᠳᠤᠭᠠᠨ ᠤ ᠴᠢᠨᠠᠷᠲᠠᠢ ᠡᠯᠡᠰᠦᠨ ᠤ ᠠᠵᠤ ᠦᠢᠯᠡᠰ ᠤᠨ ᠦᠢᠯᠡᠳᠬᠦᠨ ᠤ ᠳᠠᠭᠠᠳᠬᠠᠯ ᠢ ᠰᠦᠪᠡᠭᠴᠢᠯᠡᠨ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠤᠨ᠎ᠠ᠃ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠭᠵᠢᠭᠤᠯᠤᠨ ᠦᠶᠡᠯᠡᠯ ᠤᠨ ᠬᠤᠭᠤᠴᠠᠭ᠎ᠠ ᠨᠢ ᠤᠷᠳᠤ᠂ ᠬᠦᠦ ᠮᠥᠩᠭᠦ ᠶᠢᠨ ᠨᠣᠷᠮ᠎ᠠ ᠨᠢ ᠳᠣᠣᠷ᠎ᠠ᠂ ᠪᠠᠷᠢᠴᠠᠭᠠᠯᠠᠨ ᠳᠠᠨᠵᠢᠯᠠᠭᠰᠠᠨ ᠪᠣᠳᠠᠰ ᠪᠠ ᠵᠢᠭᠡᠯᠡᠯᠭᠡ ᠶᠢ ᠪᠤᠴᠠᠭᠠᠬᠤ ᠭᠡᠯᠪᠡᠷᠢ ᠨᠢ ᠠᠮᠢᠳᠤᠯᠢᠭ ᠮᠥᠩᠭᠦᠨ ᠭᠦᠢᠯᠭᠡᠭᠡᠨ ᠤ ᠪᠦᠲᠦᠭᠡᠭᠳᠡᠬᠦᠨ ᠢ ᠨᠡᠭᠡᠭᠡᠨ ᠬᠥᠭᠵᠢᠭᠦᠯᠵᠦ᠂ ᠬᠤᠯᠪᠣᠭᠳᠠᠯ ᠪᠦᠬᠦᠢ ᠠᠮᠢ ᠠᠬᠤᠢ ᠶᠢᠨ ᠠᠵᠤ ᠦᠢᠯᠡᠰ ᠤᠨ ᠬᠥᠭᠵᠢᠯᠲᠡ ᠶᠢ ᠳᠡᠮᠵᠢᠨ᠎ᠡ᠃ ᠡᠯ᠎ᠡ ᠭᠠᠵᠠᠷ ᠤᠨ ᠬᠢᠨ ᠢ ᠵᠣᠷᠢᠭᠵᠢᠭᠤᠯᠤᠨ ᠲᠥᠷᠥ ᠶᠢᠨ ᠪᠣᠳᠣᠯᠭ᠎ᠠ ᠶᠢᠨ ᠴᠢᠨᠠᠷᠲᠠᠢ ᠵᠢᠭᠡᠯᠡᠯᠭᠡ ᠶᠢ ᠢᠳᠡᠪᠬᠢᠯᠡᠨ ᠣᠯᠵᠤ᠂ ᠡᠯᠡᠰᠦ ᠶᠢ ᠵᠠᠰᠠᠭᠰᠠᠨ ᠠᠰᠢᠭ ᠣᠯᠵᠠᠪᠤᠷᠢ ᠪᠠᠷ ᠵᠢᠭᠡᠯᠡᠯᠭᠡ ᠶᠢ ᠪᠤᠴᠠᠭᠠᠬᠤ ᠬᠡᠪ ᠵᠠᠭᠪᠤᠷ ᠢ ᠰᠦᠪᠡᠭᠴᠢᠯᠡᠨ᠎ᠡ᠃      ᠠᠷᠪᠠᠨ ᠨᠢᠭᠡ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠠᠵᠤ ᠦᠢᠯᠡᠰ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠲᠥᠷᠥ ᠶᠢᠨ ᠪᠣᠳᠣᠯᠭ᠎ᠠ᠂ ᠴᠢᠳᠠᠪᠤᠷᠢᠲᠠᠨ᠂ ᠮᠡᠷᠭᠡᠵᠢᠯ᠂ ᠪᠡᠯᠡ ᠮᠥᠩᠭᠦ ᠵᠡᠷᠭᠡ ᠲᠠᠯ᠎ᠠ ᠪᠠᠷ ᠳᠡᠮᠵᠢᠯᠭᠡ ᠦᠵᠡᠭᠦᠯᠭᠦ ᠡᠷᠴᠢᠮ ᠢᠶᠠᠨ ᠴᠢᠩᠭᠠᠷᠠᠭᠤᠯᠵᠤ᠂ ᠣᠶ ᠶᠢᠨ ᠳᠣᠲᠣᠷᠠᠬᠢ ᠠᠵᠤ ᠠᠬᠤᠢ᠂ ᠲᠥᠬᠦᠭᠡᠷᠦᠮᠵᠢᠲᠦ ᠲᠠᠷᠢᠶᠠᠯᠠᠩ᠂ ᠬᠠᠰᠢᠶᠠᠯᠠᠨ ᠲᠡᠵᠢᠭᠡᠵᠦ ᠠᠷᠠᠴᠢᠯᠠᠬᠤ ᠶᠢ ᠶᠡᠭᠡ ᠪᠠᠷ ᠬᠥᠭᠵᠢᠭᠦᠯᠦᠨ᠂ ᠣᠨᠴᠠᠯᠢᠭᠲᠤ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠬᠤ ᠬᠡᠷᠡᠭᠲᠡᠢ᠃ ᠠᠵᠤ ᠠᠬᠤᠶᠢᠯᠠᠯ ᠤᠳ ᠢ ᠵᠣᠷᠢᠭᠵᠢᠭᠤᠯᠤᠨ ᠡᠯᠡᠰᠦᠨ ᠤᠷᠭᠤᠮᠠᠯ ᠤᠨ ᠠᠵᠤ ᠠᠬᠤᠢ ᠶᠢᠨ ᠥᠷᠲᠡᠭ ᠢ ᠭᠦᠢᠴᠡᠳ ᠠᠭᠤᠳᠠᠯᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠨᠡᠮᠡᠯᠲᠡ ᠥᠷᠲᠡᠭ ᠢ ᠨᠡᠮᠡᠭᠳᠡᠭᠦᠯᠵᠦ᠂ ᠮᠠᠯᠴᠢᠨ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠬᠦ ᠶᠢ ᠳᠠᠶᠢᠴᠢᠯᠠᠨ᠎ᠠ᠃      ᠠᠷᠪᠠᠨ ᠬᠤᠶᠠᠷ᠂ ᠨᠡᠭᠦᠷᠡᠰᠦᠲᠥ᠋ᠷᠥᠭᠴᠢ ᠬᠤᠷᠠᠮᠳᠤᠭᠤᠯᠵᠤ ᠣᠶᠢᠵᠢᠭᠤᠯᠬᠤ ᠶᠢ ᠢᠳᠡᠪᠬᠢᠲᠡᠢ ᠳᠡᠯᠭᠡᠷᠡᠭᠦᠯᠵᠦ᠂ ᠨᠡᠭᠦᠷᠡᠰᠦᠲᠥ᠋ᠷᠥᠭᠴᠢ ᠶᠢᠨ ᠲᠦᠭᠡᠮᠡᠯ ᠬᠠᠷᠠᠭᠠᠯᠵᠠᠯᠲᠤ ᠲᠣᠭᠲᠠᠴᠠ ᠳᠣᠣᠷ᠎ᠠ ᠣᠶ ᠰᠢᠭᠤᠢ ᠡᠪᠡᠰᠦ ᠪᠡᠯᠴᠢᠭᠡᠷ ᠤᠨ ᠨᠡᠭᠦᠷᠡᠰᠦᠲᠥ᠋ᠷᠥᠭᠴᠢ ᠬᠤᠷᠠᠮᠳᠤᠭᠤᠯᠬᠤ ᠪᠦᠲᠦᠭᠡᠭᠳᠡᠬᠦᠨ ᠢ ᠰᠢᠩᠭᠡᠭᠡᠬᠦ ᠠᠷᠭ᠎ᠠ ᠵᠠᠮ ᠢ ᠥᠷᠭᠡᠳᠬᠡᠨ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢ  ᠵᠣᠷᠢᠭᠵᠢᠭᠤᠯᠤᠨ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠣᠶ ᠶᠢ ᠪᠤᠶ ᠪᠤᠯᠭᠠᠬᠤ ᠵᠡᠷᠭᠡ ᠭᠡᠯᠪᠡᠷᠢ ᠪᠠᠷ ᠳᠠᠮᠵᠢᠭᠤᠯᠤᠨ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠵᠤ᠂ ᠪᠠᠭ᠎ᠠ ᠨᠡᠭᠦᠷᠡᠰᠦᠲᠥ᠋ᠷᠥᠭᠴᠢᠲᠦ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠪᠠᠶᠢᠭᠤᠯᠭ᠎ᠠ᠂ ᠬᠦᠷᠢᠶᠡᠯᠡᠩ ᠲᠣᠭᠤᠷᠢᠭ ᠢ ᠪᠤᠶ ᠪᠤᠯᠭᠠᠨ᠎ᠠ᠃ ᠠᠵᠤ ᠠᠬᠤᠶᠢᠯᠠᠯ ᠤᠨ ᠤᠯᠤᠰ ᠤᠨ ᠬᠢᠨᠠᠨ ᠵᠥᠪᠰᠢᠶᠡᠷᠡᠭᠰᠡᠨ ᠰᠠᠶᠢᠨ ᠳᠤᠷ᠎ᠠ ᠠᠴᠠ ᠪᠠᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠶᠢ ᠪᠠᠭᠠᠰᠬᠠᠬᠤ ︵CCER︶ ᠨᠡᠭᠦᠷᠡᠰᠦᠲᠥ᠋ᠷᠥᠭᠴᠢ ᠬᠤᠷᠠᠮᠳᠤᠭᠤᠯᠬᠤ ᠲᠥᠷᠥᠯ ᠵᠦᠢᠯ ᠢᠶᠠᠷ ᠣᠶᠢᠵᠢᠭᠤᠯᠬᠤ ᠶᠢ ᠳᠡᠮᠵᠢᠵᠦ᠂ ᠨᠢᠭᠡ ᠪᠦᠯᠦᠭ ᠨᠡᠭᠦᠷᠡᠰᠦᠲᠥ᠋ᠷᠥᠭᠴᠢ ᠬᠤᠷᠠᠮᠳᠤᠭᠤᠯᠬᠤ ᠣᠶ ᠶᠢᠨ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠭᠦ ᠰᠠᠭᠤᠷᠢᠨ ᠢ ᠪᠤᠶ ᠪᠣᠯᠭᠠᠨ᠎ᠠ᠃      ᠠᠷᠪᠠᠨ ᠭᠤᠷᠪᠠ᠂ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠳᠤ ᠠᠷᠠᠳ ᠤᠨ ᠪᠠᠩᠬᠢ ᠶᠢᠨ ᠲᠤᠰᠬᠠᠢ ᠬᠡᠷᠡᠭᠯᠡᠬᠦ ᠪᠡᠯᠡ ᠮᠥᠩᠭᠦ ᠶᠢᠨ ᠳᠠᠩᠰᠠᠨ ᠡᠷᠦᠭᠡ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠪᠡᠯᠡ ᠮᠥᠩᠭᠦ ᠶᠢ ᠲᠤᠰᠠᠭᠠᠷ ᠰᠠᠯᠭᠠᠨ ᠥᠭᠬᠦ ᠲᠣᠭᠲᠠᠴᠠ ᠶᠢ ᠪᠠᠶᠢᠭᠤᠯᠵᠤ᠂ ᠲᠤᠰᠬᠠᠢ ᠵᠣᠭᠤᠰ ᠢ ᠲᠤᠰᠬᠠᠢ ᠵᠦᠢᠯ ᠳᠤᠨᠢ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠳᠤ ᠤᠯᠤᠰ ᠤᠨ ᠥᠮᠴᠢᠯᠡᠯ ᠤᠨ ᠣᠶ ᠰᠢᠭᠤᠢ ᠶᠢᠨ ᠲᠠᠯᠠᠪᠠᠶ ᠶᠢᠨ ᠭᠤᠣᠯ ᠵᠢᠭᠰᠠᠭᠠᠯ ᠤᠨ ᠭᠠᠵᠠᠷ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠦᠷ᠎ᠡ ᠪᠠ ᠴᠢᠬᠢ ᠮᠣᠳᠣ ᠶᠢ ᠪᠠᠲᠤᠯᠠᠬᠤ ᠪᠠ ᠵᠠᠰᠠᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠪᠠᠲᠤᠯᠠᠭ᠎ᠠ ᠶᠢᠨ ᠴᠢᠨᠠᠷᠲᠠᠢ ᠴᠢᠬᠢ ᠮᠣᠳᠣᠨ ᠤ ᠬᠦᠷᠢᠶᠡᠯᠡᠩ ᠪᠣᠯᠣᠨ ᠨᠤᠲᠤᠭ ᠤᠨ ᠡᠪᠡᠰᠦᠨ ᠦᠷ᠎ᠡ ᠶᠢ ᠦᠷᠡᠵᠢᠭᠦᠯᠦᠨ ᠪᠣᠶᠢᠵᠢᠭᠤᠯᠬᠤ ᠰᠠᠭᠤᠷᠢᠨ ᠤ ᠪᠦᠲᠦᠭᠡᠨ ᠪᠠᠶᠢᠭᠤᠯᠤᠯᠲᠠ ᠶᠢ  ᠲᠦᠷᠭᠡᠳᠬᠡᠬᠦ ᠬᠡᠷᠡᠭᠲᠡᠢ᠄ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠲᠤᠬᠠᠢ ᠶᠢᠨ ᠭᠠᠵᠠᠷ ᠣᠶᠢᠷ᠎ᠠ ᠬᠠᠪᠢ ᠠᠴᠠ ᠪᠠᠨ ᠮᠠᠲ᠋ᠧᠷᠢᠶᠠᠯ ᠠᠪᠴᠤ᠂ ᠡᠯᠡᠰᠦ ᠶᠢ ᠵᠠᠰᠠᠬᠤ ᠥᠪᠡᠷ ᠤᠨ ᠥᠷᠲᠡᠭ ᠢ ᠦᠨᠡᠨ ᠬᠦ ᠪᠠᠭᠤᠷᠠᠭᠤᠯᠬᠤ ᠬᠡᠷᠡᠭᠲᠡᠢ᠃ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠢᠨᠵᠧᠨᠧᠷᠢᠩ ᠤᠨ ᠤᠰᠤ ᠬᠡᠷᠡᠭᠯᠡᠬᠦ᠂ ᠭᠠᠵᠠᠷ ᠰᠢᠷᠣᠢ ᠬᠡᠷᠡᠭᠯᠡᠬᠦ᠂ ᠴᠠᠭᠢᠯᠭᠠᠨ ᠬᠡᠷᠡᠭᠯᠡᠬᠦ ᠵᠡᠷᠭᠡ ᠬᠡᠷᠡᠭᠴᠡᠭᠡ ᠶᠢ ᠡᠩ ᠲᠡᠷᠢᠭᠦᠨ ᠳᠤ ᠪᠠᠲᠤᠯᠠᠬᠤ ᠬᠡᠷᠡᠭᠲᠡᠢ᠃ ᠨᠥᠬᠦᠴᠡᠯ ᠲᠠᠢ ᠭᠠᠵᠠᠷ ᠣᠷᠣᠨ ᠢ ᠵᠣᠷᠢᠭᠵᠢᠭᠤᠯᠤᠨ ᠬᠤᠪᠠᠭ᠋ᠠᠢ ᠡᠯᠡᠰᠦᠷᠬᠡᠭ ᠭᠠᠵᠠᠷ᠂ ᠲᠠᠴᠢᠷᠳᠠᠭᠰᠠᠨ ᠣᠶᠢᠲᠤ ᠭᠠᠵᠠᠷ ᠪᠣᠯᠣᠨ ᠲᠠᠴᠢᠷᠳᠠᠭᠰᠠᠨ᠂ ᠡᠯᠡᠰᠦᠷᠬᠡᠭᠵᠢᠭᠰᠡᠨ᠂ ᠬᠤᠵᠢᠷᠰᠢᠭᠰᠠᠨ ᠨᠤᠲᠤᠭ ᠪᠡᠯᠴᠢᠭᠡᠷ ᠢ ᠬᠤᠳᠠᠯᠳᠤᠨ ᠠᠪᠴᠤ ᠨᠥᠭᠡᠴᠡᠯᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠬᠡᠪᠴᠢᠶᠡᠵᠢᠭᠦᠯᠦᠨ ᠵᠠᠰᠠᠬᠤ ᠶᠢ ᠥᠷᠨᠢᠭᠦᠯᠬᠦ ᠬᠡᠷᠡᠭᠲᠡᠢ᠃      ᠠᠷᠪᠠᠨ ᠳᠥᠷᠪᠡ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠷᠭ᠎ᠠ ᠬᠡᠮᠵᠢᠶ᠎ᠡ ᠠᠪᠤᠭᠰᠠᠨ ᠦᠭᠡᠢ ᠪᠤᠶᠤ ᠠᠷᠭ᠎ᠠ ᠬᠡᠮᠵᠢᠶ᠎ᠡ ᠠᠪᠤᠭᠰᠠᠨ ᠢᠶᠠᠷ ᠬᠦᠴᠦᠨ ᠦᠭᠡᠢ ᠨᠢᠭᠡᠴᠢ ᠪᠣᠯᠣᠨ ᠬᠤᠪᠢ ᠬᠥᠮᠥᠨ ᠳᠤ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠰᠠᠭᠤᠯᠬᠤ᠂ ᠵᠣᠭᠤᠰ ᠢᠶᠠᠷ ᠲᠣᠷᠭᠠᠬᠤ᠂ ᠤᠯᠤᠰ ᠤᠨ ᠥᠮᠴᠢᠯᠡᠯ ᠤᠨ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠨᠢ ᠡᠭᠡᠭᠦᠯᠦᠨ ᠬᠤᠷᠢᠶᠠᠨ ᠠᠪᠬᠤ ᠵᠡᠷᠭᠡ ᠠᠷᠭ᠎ᠠ ᠬᠡᠮᠵᠢᠶ᠎ᠡ ᠶᠢ ᠬᠠᠤᠯᠢ ᠲᠣᠭᠲᠠᠭᠠᠯ ᠶᠣᠰᠣᠭᠠᠷ ᠬᠡᠷᠡᠭᠵᠢᠭᠦᠯᠬᠦ ᠭᠡᠷᠡᠭᠲᠡᠶ᠃ ᠡᠵᠡᠩᠨᠡᠯᠲᠡ ᠶᠢᠨ ᠡᠷᠬᠡ ᠶᠢ ᠰᠢᠯᠵᠢᠭᠦᠯᠦᠭᠰᠡᠨ ᠭᠡᠷ᠎ᠡ ᠲᠣᠭᠲᠠᠴᠢᠬᠠᠭᠠᠳ ᠵᠠᠰᠠᠬᠤ ᠶᠣᠰᠣᠲᠠᠢ ᠪᠠᠶᠢᠲᠠᠯ᠎ᠠ ᠵᠠᠰᠠᠭᠰᠠᠨ ᠦᠭᠡᠢ ᠪᠤᠶᠤ ᠬᠡᠷᠡᠭᠴᠡᠭᠡ ᠶᠢ ᠨᠢ ᠬᠤᠪᠢᠷᠠᠭᠤᠯᠤᠭᠰᠠᠨ ᠪᠣᠯ ᠬᠠᠤᠯᠢ ᠶᠣᠰᠣᠭᠠᠷ ᠭᠡᠷ᠎ᠡ ᠶᠢ ᠨᠢ ᠵᠣᠭᠰᠣᠭᠠᠵᠤ᠂ ᠭᠠᠵᠠᠷ ᠰᠢᠷᠣᠢ ᠶᠢ ᠨᠢ ᠬᠤᠷᠢᠶᠠᠨ ᠠᠪᠬᠤ ᠬᠡᠷᠡᠭᠲᠡᠢ᠃ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ᠂ ᠪᠡᠯᠴᠢᠭᠡᠷᠯᠡᠭᠦᠯᠬᠦ ᠶᠢ ᠵᠣᠭᠰᠤᠭᠠᠬᠤ ᠪᠡᠯᠴᠢᠭᠡᠷ ᠢ ᠠᠮᠠᠷᠠᠭᠤᠯᠬᠤ ᠳᠦᠷᠢᠮ ᠢ ᠰᠠᠶᠢᠲᠤᠷ ᠨᠠᠶᠢᠳᠠᠪᠤᠷᠢᠵᠢᠭᠤᠯᠤᠭᠰᠠᠨ ᠦᠭᠡᠢ ᠨᠢᠭᠡᠴᠢ ᠪᠠ ᠬᠤᠪᠢ ᠬᠥᠮᠥᠨ ᠳᠤ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠪᠡᠯᠡ ᠮᠥᠩᠭᠦ ᠠᠴᠠ ᠨᠢ ᠰᠠᠭᠤᠯᠭᠠᠨ ᠠᠪᠴᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠠ ᠪᠡᠯᠴᠢᠭᠡᠷᠯᠡᠭᠦᠯᠬᠦ ᠶᠢ ᠵᠣᠭᠰᠤᠭᠠᠬᠤ ᠪᠡᠯᠴᠢᠭᠡᠷ ᠢ ᠠᠮᠠᠷᠠᠭᠤᠯᠬᠤ ᠳᠦᠷᠢᠮ︾ ᠵᠡᠷᠭᠡ ᠲᠣᠭᠲᠠᠭᠠᠯ ᠠᠴᠠ ᠵᠥᠷᠢᠴᠡᠭᠰᠡᠨ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠵᠣᠭᠤᠰ ᠢᠶᠠᠷ ᠲᠣᠷᠭᠠᠵᠤ᠂ ᠬᠤᠭᠤᠴᠠᠭ᠎ᠠ ᠲᠣᠭᠲᠠᠭᠠᠨ ᠤᠤᠯ ᠪᠠᠶᠢᠳᠠᠯ ᠢ ᠨᠢ ᠰᠡᠷᠭᠦᠭᠡᠵᠦ᠂ ᠬᠤᠭᠤᠴᠠᠭ᠎ᠠ ᠲᠣᠭᠲᠠᠭᠠᠨ ᠵᠠᠯᠠᠷᠠᠭᠤᠯᠬᠤ ᠵᠡᠷᠭᠡ ᠰᠢᠢᠳᠬᠡᠯ ᠲᠣᠷᠭᠠᠭᠤᠯᠢ ᠥᠭᠬᠦ ᠬᠡᠷᠡᠭᠲᠡᠢ᠃ ᠥᠪᠡᠷ ᠢᠶᠠᠨ ᠵᠠᠰᠠᠵᠤ ᠳᠡᠶᠢᠯᠭᠦ ᠦᠭᠡᠢ ᠮᠥᠷᠲᠡᠭᠡᠨ ᠪᠤᠰᠤᠳ ᠲᠤ ᠨᠠᠶᠢᠳᠠᠵᠤ ᠵᠠᠰᠠᠭᠤᠯᠬᠤ ᠦᠭᠡᠢ ᠪᠤᠶᠤ ᠬᠠᠮᠲᠤ ᠪᠠᠷ ᠵᠠᠰᠠᠬᠤ ᠳᠤ ᠬᠠᠮᠵᠢᠯᠴᠠᠬᠤ ᠦᠭᠡᠢ ᠨᠢᠭᠡᠴᠢ ᠪᠠ ᠬᠤᠪᠢ ᠬᠥᠮᠥᠨ ᠢ ᠬᠠᠤᠯᠢ ᠲᠣᠭᠲᠠᠭᠠᠯ ᠶᠣᠰᠣᠭᠠᠷ ᠰᠢᠢᠳᠬᠡᠨ ᠲᠣᠷᠭᠠᠬᠤ ᠬᠡᠷᠡᠭᠲᠡᠢ᠃      ᠠᠷᠪᠠᠨ ᠲᠠᠪᠤ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠡᠷᠡᠭᠵᠢᠭᠦᠯᠬᠦ ᠨᠠᠷᠢᠨ ᠳᠦᠷᠢᠮ ᠢ ᠰᠤᠳᠤᠯᠤᠨ ᠲᠣᠭᠲᠠᠭᠠᠵᠤ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠡᠯ᠎ᠡ ᠭᠠᠵᠠᠷ ᠤᠨ ᠬᠢᠨ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠵᠢᠷᠤᠮᠵᠢᠭᠤᠯᠵᠤ᠂ ᠪᠡᠯᠡ ᠮᠥᠩᠭᠦ ᠶᠢ ᠴᠠᠭ ᠲᠤᠬᠠᠢ ᠳᠤᠨᠢ ᠰᠠᠯᠭᠠᠨ ᠥᠭᠴᠦ᠂ ᠥᠷᠢ ᠥᠭᠴᠡᠭᠡ ᠶᠢ ᠰᠢᠨ᠎ᠡ ᠪᠠᠷ ᠨᠡᠮᠡᠭᠳᠡᠭᠦᠯᠬᠦ᠂ ᠲᠠᠩᠰᠠᠨ ᠳᠠᠬᠢ ᠵᠣᠭᠤᠰ ᠢ ᠥᠷᠢᠲᠦᠬᠦ ᠵᠡᠷᠭᠡ ᠠᠰᠠᠭᠤᠳᠠᠯ ᠢ ᠭᠠᠷᠭᠠᠵᠤ ᠪᠤᠯᠬᠤ ᠦᠭᠡᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号