ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠶᠢᠰᠦᠳᠦᠭᠡᠷ ᠪᠥᠬᠦᠳᠡ ᠬᠤᠷᠠᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2024/8/12
     ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠶᠢᠰᠦᠳᠦᠭᠡᠷ ᠪᠦᠬᠦᠳᠡ ᠬᠤᠷᠠᠯ 2024 ᠣᠨ ᠤ 8 ᠰᠠᠷ᠎ᠠ ᠶᠢᠨ 9 ᠤ ᠡᠳᠦᠷ ᠬᠤᠷᠠᠯᠳᠤᠪᠠ᠃      ᠡᠨᠡ ᠤᠳᠠᠭᠠᠨ ᠤ ᠪᠥᠬᠦᠳᠡ ᠬᠤᠷᠠᠯ ᠳᠤ ᠰᠢᠶᠠᠨ ᠤ ᠨᠠᠮ ᠤᠨ ᠬᠤᠷᠢᠶᠠᠨ ᠤ ᠭᠡᠰᠢᠭᠦᠨ 30 ᠬᠥᠮᠥᠨ᠂ ᠣᠷᠣᠯᠠᠭᠴᠢ ᠭᠡᠰᠢᠭᠦᠨ 6 ᠬᠥᠮᠥᠨ ᠣᠷᠣᠯᠴᠠᠪᠠ᠃ ᠰᠢᠶᠠᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠭᠡᠰᠢᠭᠦᠨ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ᠂ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ ᠪᠣᠯᠣᠨ ᠬᠡᠰᠡᠭ ᠰᠢᠶᠠᠨ ᠤ ᠠᠷᠪᠠᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠨ ᠱᠠᠲᠤᠨ ᠤ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃      ᠪᠥᠬᠦᠳᠡ ᠬᠤᠷᠠᠯ ᠢ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠷᠬᠢᠯᠡᠪᠡ᠃ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠶᠠᠷᠢᠶ᠎ᠠ ᠲᠠᠯᠪᠢᠪᠠ᠃
     ᠪᠦᠬᠦᠳᠡ ᠬᠤᠷᠠᠯ ᠠᠴᠠ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠳᠡᠭᠡᠷ᠎ᠡ ᠬᠠᠭᠠᠰ ᠵᠢᠯ ᠤᠨ ᠠᠵᠢᠯ ᠤᠨ ᠮᠡᠳᠡᠭᠦᠯᠦᠯᠲᠡ ᠶᠢ ᠰᠣᠨᠣᠰᠤᠨ ᠶᠠᠷᠢᠯᠴᠠᠵᠤ᠂ ᠳᠣᠣᠷ᠎ᠠ ᠬᠠᠭᠠᠰ ᠵᠢᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ︽ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠦᠸᠠᠨ ᠰᠢᠶᠠᠨ ᠤ ᠬᠤᠷᠢᠶᠠᠨ ᠤ ᠬᠡᠷᠡᠭᠵᠢᠭᠦᠯᠬᠦ ᠲᠥᠰᠥᠯ︾ ᠢ ᠬᠢᠨᠠᠨ ᠵᠥᠪᠯᠡᠵᠦ ᠪᠠᠲᠤᠯᠠᠪᠠ᠃ ᠶᠠᠩ ᠰᠢᠩ ᠱᠧᠩ ︽ᠲᠥᠰᠥᠯ ︵ᠶᠠᠷᠢᠯᠴᠠᠬᠤ ᠨᠣᠣᠷᠠᠭ︶︾ ᠤᠨ ᠲᠤᠬᠠᠢ ᠪᠥᠬᠦᠳᠡ ᠬᠤᠷᠠᠯ ᠳᠤ ᠲᠣᠳᠣᠷᠬᠠᠶᠢᠯᠠᠯᠲᠠ ᠬᠢᠪᠡ᠃
     ᠪᠥᠬᠦᠳᠡ ᠬᠤᠷᠠᠯ ᠠᠴᠠ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠳᠡᠭᠡᠷ᠎ᠡ ᠬᠠᠭᠠᠰ ᠵᠢᠯ ᠤᠨ ᠠᠵᠢᠯ ᠢ ᠭᠦᠢᠴᠡᠳ ᠨᠤᠲᠠᠯᠠᠪᠠ᠃ ᠡᠨᠡ ᠵᠢᠯ ᠠᠴᠠ ᠨᠠᠰᠢ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠪᠦᠬᠦ ᠰᠢᠶᠠᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ ᠰᠦᠭ ᠰᠦᠨᠡᠰᠦ ᠶᠢ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠠᠲᠤ ᠡᠵᠡᠮᠳᠡᠵᠦ᠂ ᠡᠯ᠎ᠡ ᠵᠦᠢᠯ ᠤᠨ ᠦᠢᠯᠡᠰ ᠤᠨ ᠰᠢᠨ᠎ᠡ ᠠᠬᠢᠴᠠ ᠲᠠᠢ ᠪᠣᠯᠬᠤ ᠶᠢ ᠠᠬᠢᠭᠤᠯᠵᠠᠢ ᠭᠡᠵᠦ ᠰᠠᠨᠠᠯ ᠨᠢᠭᠡᠲᠡᠢ ᠦᠵᠡᠪᠡ᠃ ᠪᠦᠬᠦ ᠰᠢᠶᠠᠨ ᠤ ᠠᠵᠤ ᠠᠬᠤᠢ ᠶᠢᠨ ᠠᠵᠢᠯᠯᠠᠭᠠᠨ ᠲᠣᠭᠲᠠᠭᠤᠨ ᠤ ᠳᠤᠮᠳᠠ ᠤᠷᠤᠭᠰᠢᠯᠠᠵᠤ᠂ ᠣᠨᠴᠠᠯᠢᠭᠲᠤ ᠠᠵᠤ ᠦᠢᠯᠡᠰ ᠢ ᠲᠡᠰ ᠳᠡᠪᠰᠢᠭᠦᠯᠵᠦ᠂ ᠠᠮᠢ ᠠᠬᠤᠢ ᠶᠢᠨ ᠰᠠᠭᠤᠷᠢ ᠥᠩᠭᠡ ᠶᠢ ᠨᠡᠩ ᠦᠵᠡᠰᠬᠦᠯᠡᠩᠲᠦ ᠰᠠᠶᠢᠬᠠᠨ ᠪᠣᠯᠭᠠᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠨᠡᠶᠢᠭᠡᠮ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠦᠷ᠎ᠡ ᠪᠦᠲᠦᠮᠵᠢ ᠢᠯᠡᠳᠲᠡ ᠪᠣᠯᠵᠤ᠂ ᠰᠢᠶᠠᠨ ᠤ ᠬᠡᠪᠴᠢᠶᠡᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠰᠠᠶᠢᠨ ᠰᠠᠶᠢᠬᠠᠨ ᠪᠠᠶᠢᠳᠠᠯ ᠢᠯᠡᠷᠡᠪᠡ᠃      ᠪᠦᠬᠦᠳᠡ ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠣᠨ᠎ᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠪᠦᠭᠦᠳᠡ ᠬᠤᠷᠠᠯ ᠤᠨ ︽ᠲᠣᠭᠲᠠᠭᠠᠯ︾ ᠪᠠ ᠲᠣᠳᠣᠷᠬᠠᠶᠢᠯᠠᠯᠲᠠ ᠶᠢ ᠭᠦᠨᠵᠡᠭᠡᠢ ᠰᠤᠳᠤᠯᠤᠨ ᠨᠢᠮᠪᠠᠢ ᠤᠩᠰᠢᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠥᠯᠦᠪᠵᠢᠭᠦᠯᠭᠡ ᠶᠢᠨ ᠪᠠᠶᠢᠷᠢᠰᠢᠭᠤᠯᠤᠯᠲᠠ ᠶᠢ ᠵᠥᠪ ᠲᠠᠨᠢᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠣᠨ ᠤ ᠲᠥᠪ ᠤᠨ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠲᠠ ᠶᠢᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠠᠭᠤᠰᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠭᠦᠳᠡ ᠬᠤᠷᠠᠯ ᠪᠣᠯᠣᠨ ᠬᠤᠲᠠ ᠶᠢᠨ ᠨᠠᠮ ᠤᠨ ᠬᠤᠷᠢᠶ᠎ᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠨᠠᠢᠮᠠᠳᠤᠭᠠᠷ ᠪᠦᠭᠦᠳᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠪᠣᠳᠠᠲᠠᠢ ᠲᠠᠢ ᠪᠠᠨ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠥᠭᠡᠷᠡᠴᠢᠯᠡᠯᠲᠡ ᠶᠢᠨ ᠦᠷ᠎ᠡ ᠪᠦᠲᠦᠮᠵᠢ ᠪᠠᠷ ︽ᠬᠤᠶᠠᠷ ᠢ ᠲᠣᠭᠲᠠᠭᠠᠭᠰᠠᠨ︾ ᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠪᠦᠬᠦᠳᠡ ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ᠂ ᠡᠴᠦᠰ ᠤᠨ ᠡᠴᠦᠰ ᠲᠡᠭᠡᠨ ᠪᠣᠳᠠᠲᠠᠢ ᠠᠵᠢᠯᠯᠠᠬᠤ ᠦᠷ᠎ᠡ ᠪᠦᠲᠦᠮᠵᠢ ᠳᠡᠭᠡᠷ᠎ᠡ ᠢᠯᠡᠷᠡᠭᠦᠯᠬᠦ ᠬᠡᠷᠡᠭᠲᠡᠢ᠃ ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠵᠦᠢᠯᠡᠰ᠂ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠴᠦ ᠦᠷ᠎ᠡ ᠪᠦᠲᠦᠮᠵᠢ ᠣᠯᠬᠤ ᠶᠢ ᠲᠦᠷᠭᠡᠳᠬᠡᠨ ᠠᠬᠢᠭᠤᠯᠵᠤ᠂ ᠠᠵᠤ ᠦᠢᠯᠡᠰ᠂ ᠰᠢᠨᠵᠢᠯᠡᠬᠦ ᠤᠬᠠᠭᠠᠨ ᠮᠡᠷᠭᠡᠵᠢᠯ᠂ ᠴᠢᠳᠠᠪᠤᠷᠢᠲᠠᠨ᠂ ᠬᠠᠤᠯᠢ ᠴᠠᠭᠠᠵᠠ᠂ ᠮᠥᠩᠭᠦᠨ ᠭᠦᠢᠯᠭᠡᠭᠡ ᠵᠡᠷᠭᠡ ᠭᠤᠣᠯᠳᠠᠯᠭ᠎ᠠ ᠲᠠᠢ ᠬᠦᠷᠢᠶᠡᠨ ᠤ ᠳᠦᠷᠢᠮ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠰᠢᠶᠠᠨ ᠤ ᠬᠡᠪᠴᠢᠶᠡᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ︽ᠲᠠᠪᠤᠨ ᠶᠡᠭᠡ ᠡᠭᠦᠷᠭᠡ︾ ᠶᠢ ᠠᠬᠢᠭᠤᠯᠤᠨ ᠨᠠᠶᠢᠳᠠᠪᠤᠷᠢᠵᠢᠭᠤᠯᠬᠤ ᠰᠢᠰᠲ᠋ᠧᠮ ᠢ ᠲᠥᠯᠥᠪᠵᠢᠭᠦᠯᠦᠨ ᠲᠡᠭᠦᠯᠳᠡᠷᠵᠢᠭᠦᠯᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢᠨ ᠪᠠᠶᠢᠭᠤᠯᠤᠮᠵᠢ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠴᠡᠪᠡᠷ ᠡᠨᠧᠷᠭᠢ ᠪᠣᠯᠣᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠥᠨᠳᠦᠷᠯᠢᠭ ᠤᠨ ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠰᠢᠰᠲ᠋ᠧᠮ ᠢ ᠰᠢᠯᠢᠳᠡᠭᠵᠢᠭᠦᠯᠵᠦ᠂ ᠤᠮᠠᠷᠠᠰᠢ ᠨᠡᠭᠡᠭᠡᠯᠲᠡ ᠳᠤ ᠦᠢᠯᠡᠴᠢᠯᠡᠬᠦ ᠴᠢᠬᠤᠯᠠ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ᠃ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠵᠤ ᠦᠷᠭᠦᠯᠵᠢᠯᠡᠨ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯᠯᠠᠭᠠᠨ ᠤ ᠲᠣᠭᠲᠠᠴᠠ ᠶᠢ ᠲᠡᠭᠦᠯᠳᠡᠷᠵᠢᠭᠦᠯᠦᠨ᠂ ᠰᠤᠷᠭᠠᠨ ᠬᠥᠮᠦᠵᠢᠯ ᠡᠮ ᠡᠮᠨᠡᠯᠭᠡ ᠨᠠᠰᠤᠵᠢᠯ ᠤᠨ ᠠᠰᠠᠷᠠᠮᠵᠢ ᠶᠢᠨ ᠥᠭᠡᠷᠡᠴᠢᠯᠡᠯᠲᠡ ᠶᠢ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠲᠡᠢ᠃ ᠨᠠᠮ ᠤᠨ ᠪᠠᠶᠢᠭᠤᠯᠤᠯᠲᠠ ᠪᠣᠯᠣᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠠᠬᠢᠭᠤᠯᠵᠤ᠂ ᠨᠠᠮ ᠤᠨ ᠭᠡᠰᠢᠭᠦᠨ ᠤ ᠬᠠᠮᠢᠶᠠᠷᠤᠯᠲᠠ᠂ ᠪᠠᠶᠢᠭᠤᠯᠤᠮᠵᠢ ᠶᠢᠨ ᠥᠭᠡᠷᠡᠴᠢᠯᠡᠯᠲᠡ ᠵᠡᠷᠭᠡ ᠳᠦᠷᠢᠮ ᠲᠣᠭᠲᠠᠴᠠ ᠶᠢ ᠨᠠᠷᠢᠯᠢᠭᠵᠢᠭᠤᠯᠵᠤ᠂ ᠨᠠᠮ ᠤᠨ ᠳᠣᠲᠣᠭᠠᠳᠤ ᠶᠢᠨ ᠬᠢᠨᠠᠯᠲᠠ ᠪᠠᠷ ᠤᠳᠤᠷᠢᠳᠤᠮᠵᠢ ᠪᠣᠯᠭᠠᠭᠰᠠᠨ᠂ ᠡᠯ᠎ᠡ ᠲᠦᠷᠦᠯ ᠤᠨ ᠬᠢᠨᠠᠯᠲᠠ ᠶᠢ ᠨᠡᠪᠲᠡᠷᠡᠯᠴᠡᠭᠦᠯᠦᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠴᠢᠨᠠᠷ ᠰᠠᠶᠢᠲᠠᠢ ᠬᠢᠨᠠᠯᠲᠠ ᠪᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠪᠦᠬᠦᠳᠡ ᠬᠤᠷᠠᠯ ᠠᠴᠠ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ ᠡᠷᠡᠰ ᠭᠤᠶᠢᠪᠢᠰᠢ ᠦᠭᠡᠢ ᠪᠡᠶᠡᠯᠡᠭᠦᠯᠵᠦ᠂ ᠳᠤᠲᠠᠭᠤᠳᠠᠯ ᠪᠠᠭᠤᠷᠠᠢ ᠲᠠᠯ᠎ᠠ ᠶᠢ ᠴᠢᠩᠭ᠎ᠠ ᠠᠩᠬᠠᠷᠴᠤ᠂ ᠠᠵᠤ ᠠᠬᠤᠢ ᠶᠢᠨ ᠠᠵᠢᠯᠯᠠᠭᠠᠨ ᠤ ᠲᠣᠬᠢᠷᠠᠭᠤᠯᠤᠯᠲᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠬᠠᠷᠠᠯᠲᠠ ᠡᠭᠦᠷᠭᠡ ᠶᠢ ᠨᠠᠶᠢᠳᠠᠪᠤᠷᠢᠵᠢᠭᠤᠯᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠡᠮᠦᠨᠡᠬᠢ ᠬᠤᠭᠤᠴᠠᠭᠠᠨ ᠤ ᠠᠵᠢᠯ ᠢ ᠭᠠᠷᠳᠠᠨ ᠥᠷᠨᠢᠭᠦᠯᠬᠦ ᠬᠡᠷᠡᠭᠲᠡᠢ᠃ ᠵᠠᠬ᠎ᠠ ᠳᠡᠯᠭᠡᠭᠦᠷ ᠤᠨ ᠤᠬᠠᠮᠰᠠᠷ᠂ ᠦᠷ᠎ᠡ ᠠᠰᠢᠭ ᠤᠨ ᠤᠬᠠᠮᠰᠠᠷ ᠢᠶᠠᠨ ᠴᠢᠩᠭᠠᠳᠬᠠᠵᠤ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢᠶᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠬᠦᠨᠳᠦ ᠶᠡᠭᠡ ᠭᠡᠨᠡᠳᠲᠡ ᠶᠢᠨ ᠤᠯᠠᠨ ᠨᠡᠶᠢᠲᠡ ᠶᠢᠨ ᠬᠡᠷᠡᠭ ᠢ ᠰᠢᠢᠳᠪᠦᠷᠢᠯᠡᠬᠦ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠵᠦ᠂ ᠡᠯ᠎ᠡ ᠬᠦᠷᠢᠶᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠬᠥᠮᠥᠨ ᠬᠡᠷᠡᠭᠯᠡᠬᠦ ᠢᠯᠡ ᠲᠣᠳᠣ ᠤᠳᠤᠷᠢᠳᠤᠮᠵᠢ ᠪᠠᠷ ᠠᠵᠢᠯ ᠬᠢᠵᠦ ᠦᠢᠯᠡᠰ ᠪᠣᠰᠬᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠶᠡᠭᠡ ᠬᠦᠴᠦ ᠣᠷᠣᠭᠤᠯᠵᠤ ᠪᠠᠶᠢᠭᠠᠳ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠠᠳᠬᠤᠵᠤ᠂ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠵᠤ᠂ ᠺᠠᠳ᠋ᠷ ᠤᠨ ᠳᠠᠪᠰᠢᠵᠤ ᠪᠠᠭᠤᠵᠤ ᠪᠦᠷ ᠪᠣᠯᠬᠤ ᠶᠢ ᠠᠬᠢᠭᠤᠯᠵᠤ᠂ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠠᠯᠳᠠᠭ᠎ᠠ ᠪᠤᠷᠤᠭᠤ ᠶᠢ ᠵᠠᠯᠠᠷᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠺᠠᠳ᠋ᠷᠴᠤᠳ ᠢ ᠳᠠᠷᠤᠭᠠᠰᠤ ᠪᠠᠨ ᠬᠠᠶᠠᠵᠤ ᠠᠵᠢᠯ ᠬᠢᠵᠦ ᠦᠢᠯᠡᠰ ᠪᠣᠰᠬᠠᠬᠤ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠪᠦᠬᠦᠳᠡ ᠬᠤᠷᠠᠯ ᠠᠴᠠ᠂ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠵᠦ᠂ ︽ᠠᠰᠠᠭᠤᠳᠠᠯ ᠢ ᠰᠢᠢᠳᠪᠦᠷᠢᠯᠡᠬᠦ ᠰᠡᠳᠬᠢᠬᠦᠢ︾᠂ ︽ᠰᠢᠨ᠎ᠡ ᠶᠢ ᠡᠭᠦᠳᠬᠦ ᠰᠡᠳᠬᠢᠬᠦᠶ︾ ᠶᠢ ᠴᠢᠩᠭᠠᠳᠬᠠᠵᠤ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠠᠷ ᠪᠦᠬᠦ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠬᠤᠷᠢᠭ᠎ᠠ ᠴᠡᠭ ᠲᠦᠭᠵᠢᠷᠡᠯ ᠤᠨ ᠴᠡᠭ ᠬᠦᠴᠢᠷ ᠠᠰᠠᠭᠤᠳᠠᠯ ᠢ ᠠᠷᠢᠯᠭᠠᠵᠤ᠂ ᠪᠦᠬᠦ ᠰᠢᠶᠠᠨ ᠤ ᠡᠯ᠎ᠡ ᠵᠦᠢᠯ ᠤᠨ ᠦᠢᠯᠡᠰ ᠤᠨ ᠰᠢᠨ᠎ᠡ ᠳᠡᠭᠲᠡᠷ ᠲᠤ ᠭᠠᠷᠴᠤ᠂ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠦᠴᠦᠸᠠᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠤᠷᠢᠶᠠᠯᠠᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号