ᠬᠥᠬᠡᠬᠤᠲᠠ ᠵᠠᠰᠠᠭ ᠲᠠᠷᠬᠠᠭᠠᠭᠰᠠᠨ ﹇2020﹈ 20 ᠳ᠋ᠤᠭᠠᠷ ᠲᠣᠭᠠᠲᠤ | | | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ | ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ᠄ | ᠡᠲᠦᠭᠡ ︽ᠬᠥᠬᠡᠬᠤᠲᠠ ᠶᠢᠨ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠪᠤᠰᠤ ᠤᠰᠤ ᠲᠠᠲᠠᠵᠤ | ᠬᠡᠷᠡᠭᠯᠡᠬᠦ ᠬᠠᠮᠢᠶᠠᠷᠤᠯᠲᠠ ᠶᠢᠨ ᠠᠷᠭ᠎ᠠ︾ ᠶᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠠᠷᠢᠨ ᠬᠢᠨᠠᠮᠠᠭᠠᠶ | ᠲᠤᠭᠤᠰᠢᠯᠠᠭᠤᠯᠤᠨ ᠬᠡᠷᠡᠭᠵᠢᠭᠦᠯᠲᠦᠭᠡᠶ᠃ | ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ | 2024 ᠣᠨ ᠤ 6 ᠳ᠋ᠤᠭᠠᠷ ᠰᠠᠷ᠎ᠠ ᠶᠢᠨ 12 ᠤᠨ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | | ᠬᠥᠬᠡᠬᠤᠲᠠ ᠶᠢᠨ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠪᠤᠰᠤ ᠤᠰᠤ ᠲᠠᠲᠠᠵᠤ ᠬᠡᠷᠡᠭᠯᠡᠬᠦ | ᠬᠠᠮᠢᠶᠠᠷᠤᠯᠲᠠ ᠶᠢᠨ ᠠᠷᠭ᠎ᠠ | | | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠪᠤᠰᠤ ᠤᠰᠤ ᠲᠠᠲᠠᠵᠤ ᠬᠡᠷᠡᠭᠯᠡᠬᠦ ᠦᠢᠯᠡ | ᠠᠵᠢᠯᠯᠠᠭ᠎ᠠ ᠶᠢ ᠵᠢᠷᠤᠮᠵᠢᠭᠤᠯᠵᠤ᠂ ᠤᠰᠤ ᠶᠢ ᠠᠷᠪᠢᠯᠠᠨ ᠬᠡᠷᠡᠭᠯᠡᠬᠦ ᠶᠢ ᠠᠬᠢᠭᠤᠯᠤᠨ᠂ ᠪᠥᠬᠦ ᠬᠤᠲᠠ ᠶᠢᠨ ᠤᠰᠤᠨ ᠤ | ᠠᠶᠤᠯᠭᠦᠢ ᠶᠢ ᠪᠠᠲᠤᠯᠠᠵᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ︽ | ᠤᠰᠤ ᠲᠠᠲᠠᠬᠤ ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ ᠵᠠᠷᠤᠳᠠᠯ ᠢ ᠲᠠᠲᠠᠪᠤᠷᠢᠯᠠᠬᠤ ᠬᠠᠮᠢᠶᠠᠷᠤᠯᠲᠠ ᠶᠢᠨ | ᠲᠦᠷᠢᠮ︾ ︽ᠭᠠᠵᠠᠷ ᠳᠣᠤᠷᠠᠬᠢ ᠤᠰᠤᠨ ᠤ ᠬᠠᠮᠢᠶᠠᠷᠤᠯᠲᠠ ᠶᠢᠨ ᠲᠦᠷᠢᠮ︾ ︽ᠤᠰᠤ ᠶᠢ ᠠᠷᠪᠢᠯᠠᠨ ᠬᠡᠷᠡᠭᠯᠡᠬᠦ | ᠲᠦᠷᠢᠮ︾ ᠵᠡᠷᠭᠡ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ ᠲᠣᠰ ᠬᠤᠲᠠ ᠶᠢᠨ ᠪᠣᠳᠠᠲᠠᠶ ᠲᠠᠢ ᠪᠠᠨ | ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠤᠰ ᠠᠷᠭ᠎ᠠ ᠨᠢ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠪᠤᠰᠤ ᠤᠰᠤ | ᠲᠠᠲᠠᠵᠤ ᠬᠡᠷᠡᠭᠯᠡᠬᠦ᠂ ᠨᠣᠭᠤᠭᠠᠷᠠᠭᠤᠯᠤᠯᠲᠠ ᠳᠤ ᠬᠡᠷᠡᠭᠯᠡᠬᠦ ᠤᠰᠤ᠂ ᠪᠠᠷᠢᠯᠭ᠎ᠠ ᠶᠢᠨ ᠤᠰᠤ ᠶᠢ ᠳᠣᠷᠣᠭᠰᠢᠯᠠᠭᠤᠯᠬᠤ᠂ | ᠤᠰᠤ ᠶᠢ ᠠᠷᠪᠢᠯᠠᠵᠤ ᠬᠡᠷᠡᠭᠯᠡᠬᠦ ᠪᠠ ᠳᠡᠭᠢᠯᠳᠡ ᠤᠰᠤ ᠶᠢ ᠠᠰᠢᠭᠯᠠᠬᠤ ᠳᠤ ᠲᠣᠬᠢᠷᠠᠨ᠎ᠠ᠃ | ᠭᠤᠷᠪᠠᠳᠤᠭᠠᠷ ᠵᠦᠢᠯ ᠰᠠᠭᠤᠭᠠᠯᠢ ᠠᠷᠠᠳ ᠤᠨ ᠪᠤᠰᠤ ᠤᠰᠤ ᠲᠠᠲᠠᠵᠤ ᠬᠡᠷᠡᠭᠯᠡᠬᠦ ᠳᠤ ᠬᠠᠮᠤᠭ ᠤᠨ ᠴᠢᠩᠭ᠎ᠠ | ᠬᠠᠮᠢᠶᠠᠷᠤᠯᠲᠠ ᠶᠢ ᠬᠡᠷᠡᠭᠵᠢᠭᠦᠯᠵᠦ᠂ ᠤᠰᠤ ᠪᠠᠷ ᠨᠣᠭᠤᠭᠠᠷᠠᠭᠤᠯᠤᠯᠲᠠ ᠶᠢ ᠲᠣᠭᠲᠠᠭᠠᠬᠤ᠂ ᠤᠰᠤ ᠪᠠᠷ ᠭᠠᠵᠠᠷ ᠢ | ᠲᠣᠭᠲᠠᠭᠠᠬᠤ᠂ ᠤᠰᠤ ᠪᠠᠷ ᠬᠥᠮᠦᠨ ᠢ ᠲᠣᠭᠲᠠᠭᠠᠬᠤ᠂ ᠤᠰᠤ ᠪᠠᠷ ᠭᠠᠷᠤᠯᠲᠠ ᠶᠢ ᠲᠣᠭᠲᠠᠭᠠᠬᠤ ᠶᠢ ᠪᠠᠷᠢᠮᠲᠠᠯᠠᠵᠤ᠂ | ᠤᠰᠤᠨ ᠤ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠦᠷᠭᠦᠯᠵᠢᠯᠡᠨ ᠠᠰᠢᠭᠯᠠᠬᠤ ᠶᠢ ᠪᠠᠲᠤᠯᠠᠨ᠎ᠠ᠃ | ᠳᠥᠷᠪᠡᠳᠦᠭᠡᠷ ᠵᠦᠢᠯ ᠤᠰᠤᠨ ᠤ ᠶᠠᠪᠤᠳᠠᠯ ᠤᠨ ᠰᠠᠯᠠᠭ᠎ᠠ ᠮᠥᠴᠢᠷ ᠰᠠᠭᠤᠭᠠᠯᠢ ᠠᠷᠠᠳ ᠤᠨ ᠪᠤᠰᠤ ᠤᠰᠤ | ᠲᠠᠲᠠᠵᠤ ᠬᠡᠷᠡᠭᠯᠡᠬᠦ ᠵᠢᠴᠢ ᠤᠰᠤ ᠶᠢ ᠠᠷᠪᠢᠯᠠᠵᠤ ᠬᠡᠷᠡᠭᠯᠡᠬᠦ ᠶᠢᠨ ᠬᠠᠮᠢᠶᠠᠷᠤᠯᠲᠠ ᠶᠢᠨ ᠬᠢᠨᠠᠯᠲᠠ ᠶᠢ ᠬᠠᠷᠢᠭᠤᠴᠠᠨ᠎ᠠ᠃ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠰᠠᠭᠤᠭᠠᠯᠢ | ᠠᠷᠠᠳ ᠤᠨ ᠪᠤᠰᠤ ᠤᠰᠤ ᠬᠠᠩᠭᠠᠬᠤ ᠪᠠ ᠭᠠᠳᠠᠭᠰᠢᠯᠠᠭᠤᠯᠬᠤ ᠬᠠᠮᠢᠶᠠᠷᠤᠯᠲᠠ ᠶᠢᠨ ᠬᠢᠨᠠᠯᠲᠠ ᠶᠢ ᠬᠠᠷᠢᠭᠤᠴᠠᠨ᠎ᠠ᠃ | ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠰᠠᠭᠤᠭᠠᠯᠢ ᠠᠷᠠᠳ ᠤᠨ ᠪᠤᠰᠤ ᠬᠡᠷᠡᠭᠯᠡᠬᠦ ᠤᠰᠤᠨ ᠳᠤ | ᠦᠨ᠎ᠡ ᠨᠡᠮᠡᠬᠦ ᠪᠠᠷᠢᠮᠵᠢᠶ᠎ᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠶᠢ ᠬᠠᠷᠢᠭᠤᠴᠠᠨ᠎ᠠ᠃ ᠡᠳ᠋ ᠤᠨ | ᠵᠠᠰᠠᠭ ᠤᠨ ᠰᠠᠯᠠᠭ᠎ᠠ ᠮᠥᠴᠢᠷ ᠭᠠᠶᠢᠯᠢ ᠶᠢᠨ ᠪᠤᠰᠤ ᠣᠷᠣᠯᠭ᠎ᠠ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ | ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ | ᠤᠰᠤᠨ ᠤ ᠡᠬᠢ ᠪᠠᠶᠠᠯᠢᠭ ᠤᠨ ᠭᠠᠶᠢᠯᠢ ᠲᠠᠲᠠᠪᠤᠷᠢᠯᠠᠬᠤ ᠵᠢᠴᠢ ᠲᠣᠭᠲᠠᠭᠰᠠᠨ ᠲᠤᠭ᠎ᠠ ᠠᠴᠠ ᠬᠡᠲᠦᠷᠡᠭᠰᠡᠨ ᠤᠰᠤᠨ ᠤ | ᠡᠬᠢ ᠪᠠᠶᠠᠯᠢᠭ ᠤᠨ ᠭᠠᠶᠢᠯᠢ ᠶᠢ ᠨᠡᠮᠡᠵᠦ ᠲᠠᠲᠠᠪᠤᠷᠢᠯᠠᠬᠤ ᠠᠵᠢᠯ ᠢ ᠬᠠᠷᠢᠭᠤᠴᠠᠨ᠎ᠠ᠃ ᠣᠯᠠᠨ ᠨᠡᠶᠢᠲᠡ ᠶᠢᠨ ᠤᠰᠤ | ᠬᠠᠩᠭᠠᠬᠤ ᠠᠵᠤ ᠠᠬᠤᠶᠢᠯᠠᠯ ᠬᠡᠮᠵᠢᠶ᠎ᠡ ᠠᠴᠠ ᠬᠡᠲᠦᠷᠡᠭᠦᠯᠦᠨ ᠦᠨ᠎ᠡ ᠥᠰᠬᠡᠬᠦ ᠤᠰᠤᠨ ᠤ ᠰᠦᠢᠳᠬᠡᠯ ᠬᠤᠷᠢᠶᠠᠬᠤ ᠶᠢ | ᠬᠠᠷᠢᠭᠤᠴᠠᠨ᠎ᠠ᠃ | ᠲᠠᠪᠤᠳᠤᠭᠠᠷ ᠵᠦᠢᠯ ᠶᠠᠮᠠᠷᠪᠠ ᠨᠢᠭᠡᠴᠢ ᠪᠣᠯᠤᠨ ᠬᠤᠪᠢ ᠬᠥᠮᠦᠨ ᠴᠥᠮ ᠤᠰᠤ ᠶᠢ ᠠᠷᠪᠢᠯᠠᠵᠤ ᠬᠡᠷᠡᠭᠯᠡᠬᠦ | ᠡᠭᠦᠷᠭᠡ ᠲᠠᠢ ᠪᠥᠭᠡᠳ ᠤᠰᠤ ᠶᠢ ᠪᠦᠷᠢᠯᠭᠡᠨ ᠰᠦᠢᠳᠬᠡᠭᠰᠡᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠬᠤᠷᠢᠭᠯᠠᠨ | ᠵᠣᠭᠰᠣᠭᠠᠵᠤ᠂ ᠢᠯᠡᠴᠢᠯᠡᠨ ᠮᠡᠳᠡᠭᠦᠯᠬᠦ ᠬᠡᠷᠡᠭᠲᠡᠶ᠃ | ᠬᠤᠶᠠᠳᠤᠭᠠᠷ ᠪᠦᠯᠦᠭ ᠤᠰᠤ ᠲᠠᠲᠠᠵᠤ ᠤᠰᠤ ᠬᠡᠷᠡᠭᠯᠡᠬᠦ | ᠵᠢᠷᠭᠤᠳᠤᠭᠠᠷ ᠵᠦᠢᠯ ᠤᠰᠤᠨ ᠤ ᠶᠠᠪᠤᠳᠠᠯ ᠤᠨ ᠰᠠᠯᠠᠭ᠎ᠠ ᠮᠥᠴᠢᠷ ᠤᠰᠤᠨ ᠤ ᠡᠬᠢ ᠪᠠᠶᠠᠯᠢᠭ ᠢ ᠨᠢᠭᠡᠳᠦᠯᠲᠡᠶ | ᠲᠣᠬᠢᠷᠠᠭᠤᠯᠤᠨ ᠬᠠᠮᠢᠶᠠᠷᠬᠤ ᠶᠢ ᠬᠠᠷᠢᠭᠤᠴᠠᠨ᠂ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠤᠰᠤ ᠶᠢ ᠡᠩ | ᠲᠡᠷᠢᠭᠦᠨ ᠳᠤ ᠪᠠᠲᠤᠯᠠᠵᠤ᠂ ᠭᠠᠵᠠᠷ ᠳᠡᠭᠡᠷᠡᠬᠢ ᠤᠰᠤ᠂ ᠭᠠᠵᠠᠷ ᠳᠣᠤᠷᠠᠬᠢ ᠤᠰᠤ ᠶᠢ ᠰᠢᠨᠵᠢᠯᠡᠬᠦ ᠤᠬᠠᠭᠠᠨᠴᠢ ᠪᠠᠷ | ᠲᠣᠬᠢᠷᠠᠭᠤᠯᠵᠤ᠂ ᠭᠠᠳᠠᠭᠰᠢ ᠲᠣᠬᠢᠷᠠᠭᠤᠯᠤᠭᠰᠠᠨ ᠤᠰᠤ ᠶᠢ ᠢᠳᠡᠪᠬᠢᠲᠡᠢ ᠠᠰᠢᠭᠯᠠᠨ᠂ ᠳᠡᠭᠢᠯᠳᠡ ᠤᠰᠤ᠂ ᠪᠣᠷᠣᠭᠠᠨ | ᠦᠶᠡᠷ ᠤᠨ ᠤᠰᠤ ᠵᠡᠷᠭᠡ ᠬᠡᠪ ᠤᠨ ᠪᠤᠰᠤ ᠤᠰᠤ ᠶᠢ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠳᠤ | ᠣᠷᠣᠭᠤᠯᠬᠤ ᠬᠡᠷᠡᠭᠲᠡᠶ᠃ | ᠰᠠᠭᠤᠭᠠᠯᠢ ᠠᠷᠠᠳ ᠤᠨ ᠪᠤᠰᠤ ᠤᠰᠤ ᠶᠢ ᠲᠠᠲᠠᠵᠤ ᠬᠡᠷᠡᠭᠯᠡᠬᠦ ᠳᠤ ᠡᠩ ᠲᠡᠷᠢᠭᠦᠨ ᠳᠤ ᠳᠠᠬᠢᠯᠲᠠ ᠤᠰᠤ ᠶᠢ | ᠬᠡᠷᠡᠭᠯᠡᠵᠦ᠂ ᠳᠠᠷᠠᠭ᠎ᠠ ᠨᠢ ᠭᠠᠵᠠᠷ ᠳᠡᠭᠡᠷᠡᠬᠢ ᠤᠰᠤ ᠶᠢ ᠬᠡᠷᠡᠭᠯᠡᠵᠦ᠂ ᠭᠠᠵᠠᠷ ᠳᠣᠤᠷᠠᠬᠢ ᠤᠰᠤ ᠶᠢ ᠨᠡᠭᠡᠭᠡᠨ | ᠠᠰᠢᠭᠯᠠᠬᠤ ᠶᠢ ᠴᠢᠩᠭ᠎ᠠ ᠬᠢᠵᠠᠭᠠᠷᠯᠠᠬᠤ ᠬᠡᠷᠡᠭᠲᠡᠢ᠃ | ᠳᠣᠯᠣᠳᠤᠭᠠᠷ ᠵᠦᠢᠯ ᠰᠠᠭᠤᠭᠠᠯᠢ ᠪᠤᠰᠤ ᠠᠷᠠᠳ ᠭᠤᠤᠯ ᠮᠥᠷᠡᠨ᠂ ᠨᠠᠭᠤᠷ ᠴᠥᠭᠦᠷᠥᠮ ᠪᠤᠶᠤ ᠭᠠᠵᠠᠷ | ᠳᠣᠤᠷ᠎ᠠ ᠠᠴᠠ ᠤᠰᠤᠨ ᠤ ᠡᠬᠢ ᠪᠠᠶᠠᠯᠢᠭ ᠢ ᠰᠢᠭᠤᠳ ᠠᠪᠴᠤ ᠬᠡᠷᠡᠭᠯᠡᠬᠦ ᠳᠡᠭᠡᠨ ᠤᠰᠤᠨ ᠤ ᠡᠬᠢ ᠪᠠᠶᠠᠯᠢᠭ ᠢ | ᠨᠤᠲᠠᠯᠠᠵᠤ᠂ ᠤᠰᠤ ᠠᠪᠬᠤ ᠵᠥᠪᠰᠢᠶᠡᠷᠡᠯ ᠢ ᠬᠠᠤᠯᠢ ᠶᠣᠰᠣᠭᠠᠷ ᠣᠯᠤᠭᠰᠠᠨ ᠤ ᠳᠠᠷᠠᠭ᠎ᠠ ᠰᠠᠶ᠋ᠢ ᠤᠰᠤ ᠲᠠᠲᠠᠵᠤ | ᠬᠡᠷᠡᠭᠯᠡᠵᠦ ᠪᠣᠯᠤᠨ᠎ᠠ᠃ ᠤᠰᠤᠨ ᠤ ᠡᠬᠢ ᠪᠠᠶᠠᠯᠢᠭ ᠤᠨ ᠨᠤᠲᠠᠯᠠᠯᠲᠠ ᠨᠢ ᠬᠢᠨᠠᠨ ᠪᠠᠶᠢᠴᠠᠭᠠᠯᠲᠠ ᠶᠢ ᠥᠩᠭᠡᠷᠡᠵᠦ | ᠳᠡᠶᠢᠯᠦᠭᠰᠡᠨ ᠦᠭᠡᠶ ᠪᠣᠯ ᠬᠢᠨᠠᠨ ᠵᠥᠪᠰᠢᠶᠡᠷᠡᠬᠦ ᠪᠠᠶᠢᠭᠤᠯᠭ᠎ᠠ ᠠᠴᠠ ᠤᠰᠤ ᠲᠠᠲᠠᠬᠤ ᠵᠥᠪᠰᠢᠶᠡᠷᠡᠯ ᠢ ᠨᠢ | ᠵᠥᠪᠰᠢᠶᠡᠷᠡᠵᠦ ᠪᠣᠯᠬᠤ ᠦᠭᠡᠶ᠃ | ᠨᠠᠢᠮᠠᠳᠤᠭᠠᠷ ᠵᠦᠢᠯ ᠰᠠᠭᠤᠭᠠᠯᠢ ᠪᠤᠰᠤ ᠠᠷᠠᠳ ᠤᠰᠤ ᠲᠠᠲᠠᠬᠤ ᠵᠥᠪᠰᠢᠶᠡᠷᠡᠯ ᠳᠤ ᠲᠣᠭᠲᠠᠭᠠᠭᠰᠠᠨ | ᠨᠥᠬᠦᠴᠡᠯ ᠢᠶᠠᠷ ᠤᠰᠤ ᠲᠠᠲᠠᠵᠤ᠂ ᠤᠰᠤ ᠲᠠᠲᠠᠵᠤ ᠬᠡᠷᠡᠭᠯᠡᠬᠦ᠂ ᠤᠰᠤ ᠳᠠᠮᠵᠢᠭᠤᠯᠬᠤ ᠪᠠᠷᠢᠯᠭ᠎ᠠ ᠶᠢᠨ | ᠪᠡᠯᠡᠳᠬᠡᠮᠵᠢ ᠶᠢᠨ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ ᠤᠰᠤ ᠲᠠᠲᠠᠵᠤ ᠬᠡᠷᠡᠭᠯᠡᠬᠦ᠂ ᠤᠰᠤ | ᠳᠠᠮᠵᠢᠭᠤᠯᠬᠤ ᠬᠤᠬᠢᠷᠠᠯ ᠢ ᠴᠢᠩᠭ᠎ᠠ ᠡᠵᠡᠮᠳᠡᠬᠦ ᠬᠡᠷᠡᠭᠲᠡᠶ᠃ | ᠰᠠᠭᠤᠭᠠᠯᠢ ᠠᠷᠠᠳ ᠤᠨ ᠪᠤᠰᠤ ᠤᠰᠤ ᠲᠠᠲᠠᠬᠤ ᠵᠥᠪᠰᠢᠶᠡᠷᠡᠯ ᠤᠨ ᠬᠦᠴᠦᠨ ᠲᠠᠢ ᠬᠤᠭᠤᠴᠠᠭ᠎ᠠ ᠨᠢ | ᠳᠦᠭᠦᠷᠴᠦ ᠤᠷᠲᠤᠳᠬᠠᠬᠤ ᠴᠢᠬᠤᠯᠠ ᠲᠠᠢ ᠪᠣᠯ ᠬᠦᠴᠦᠨ ᠲᠠᠢ ᠬᠤᠭᠤᠴᠠᠭ᠎ᠠ ᠨᠢ ᠳᠦᠭᠦᠷᠬᠦ ᠠᠴᠠ 45 ᠡᠳᠦᠷ ᠤᠨ | ᠡᠮᠦᠨ᠎ᠡ ᠤᠤᠯ ᠤᠨ ᠬᠢᠨᠠᠨ ᠵᠥᠪᠰᠢᠶᠡᠷᠡᠭᠰᠡᠨ ᠪᠠᠶᠢᠭᠤᠯᠭ᠎ᠠ ᠳᠤ ᠦᠷᠭᠦᠯᠵᠢᠯᠡᠭᠦᠯᠬᠦ ᠭᠤᠶᠤᠴᠢᠯᠠᠯ ᠭᠠᠷᠭᠠᠬᠤ ᠬᠡᠷᠡᠭᠲᠡᠶ᠃ | ᠬᠦᠴᠦᠨ ᠲᠠᠢ ᠬᠤᠭᠤᠴᠠᠭ᠎ᠠ ᠨᠢ ᠳᠦᠭᠦᠷᠴᠦ ᠦᠷᠭᠦᠯᠵᠢᠯᠡᠭᠦᠯᠬᠦ ᠪᠠᠷ ᠭᠤᠶᠤᠴᠢᠯᠠᠭᠰᠠᠨ ᠦᠭᠡᠶ ᠪᠤᠶᠤ | ᠦᠷᠭᠦᠯᠵᠢᠯᠡᠭᠦᠯᠬᠦ ᠶᠢ ᠵᠥᠪᠰᠢᠶᠡᠷᠡᠭᠳᠡᠭᠰᠡᠨ ᠦᠭᠡᠶ ᠪᠣᠯ ᠬᠢᠨᠠᠨ ᠵᠥᠪᠰᠢᠶᠡᠷᠡᠬᠦ ᠪᠠᠶᠢᠭᠤᠯᠭ᠎ᠠ ᠤᠰᠤ ᠲᠠᠲᠠᠬᠤ | ᠵᠥᠪᠰᠢᠶᠡᠷᠡᠯ ᠤᠨ ᠦᠨᠡᠮᠯᠡᠯ ᠢ ᠨᠢ ᠬᠠᠤᠯᠢ ᠶᠣᠰᠣᠭᠠᠷ ᠬᠦᠴᠦᠨ ᠦᠭᠡᠶ ᠪᠣᠯᠭᠠᠬᠤ ᠬᠡᠷᠡᠭᠲᠡᠶ᠃ | ᠶᠢᠰᠦᠳᠦᠭᠡᠷ ᠵᠦᠢᠯ ᠭᠠᠵᠠᠷ ᠳᠣᠣᠷᠠᠬᠢ ᠤᠰᠤ ᠶᠢ ᠨᠡᠭᠡᠭᠡᠨ ᠠᠰᠢᠭᠯᠠᠬᠤ ᠶᠢ ᠴᠢᠩᠭ᠎ᠠ ᠬᠢᠵᠠᠭᠠᠷᠯᠠᠨ᠎ᠠ᠃ | ᠨᠡᠭᠡᠭᠡᠨ ᠠᠰᠢᠭᠯᠠᠬᠤ ᠶᠢ ᠴᠠᠭᠠᠵᠠᠯᠠᠬᠤ ᠣᠷᠣᠨ ᠳᠤ ᠳᠣᠤᠷᠠᠬᠢ ᠮᠡᠲᠦ ᠪᠠᠶᠢᠳᠠᠯ ᠠᠴᠠ ᠪᠤᠰᠤᠳ ᠭᠠᠵᠠᠷ | ᠳᠣᠤᠷᠠᠬᠢ ᠤᠰᠤ ᠶᠢ ᠲᠠᠲᠠᠵᠤ ᠬᠡᠷᠡᠭᠯᠡᠬᠦ ᠶᠢ ᠴᠠᠭᠠᠵᠠᠯᠠᠨ᠎ᠠ᠄ | ︵ᠨᠢᠭᠡ︶᠂ ᠭᠠᠵᠠᠷ ᠳᠣᠣᠷᠠᠬᠢ ᠪᠠᠷᠢᠯᠭ᠎ᠠ ᠶᠢᠨ ᠠᠵᠢᠯ ᠤᠨ ᠠᠶᠤᠯᠭᠦᠢ ᠪᠠ ᠦᠢᠯᠡᠳᠪᠦᠷᠢᠯᠡᠯ ᠤᠨ | ᠠᠶᠤᠯᠭᠦᠢ ᠶᠢ ᠪᠠᠲᠤᠯᠠᠬᠤ ᠶᠢᠨ ᠲᠥᠯᠥᠭᠡ ᠡᠷᠬᠡᠪᠰᠢ ᠲᠦᠷ ᠴᠠᠭ ᠪᠠᠴᠢᠮ ᠪᠠᠶᠢᠳᠠᠯ ᠢ ᠠᠷᠭᠠᠴᠠᠭᠠᠵᠤ ᠤᠰᠤ ᠲᠠᠲᠠᠵᠤ | ︵ᠭᠠᠳᠠᠭᠰᠢᠯᠠᠭᠤᠯᠬᠤ︶ ᠬᠡᠷᠡᠭᠯᠡᠬᠦ︔ | ︵ᠬᠤᠶᠠᠷ︶ ᠣᠯᠠᠨ ᠨᠡᠶᠢᠲᠡ ᠶᠢᠨ ᠠᠮᠤᠷ ᠲᠦᠪᠰᠢᠨ ᠪᠤᠶᠤ ᠣᠯᠠᠨ ᠨᠡᠶᠢᠲᠡ ᠶᠢᠨ ᠠᠰᠢᠭ ᠲᠤᠰᠠ ᠳᠤ | ᠤᠴᠠᠷᠠᠭᠤᠯᠬᠤ ᠬᠥᠨᠥᠭᠡᠯ ᠢ ᠠᠷᠢᠯᠭᠠᠬᠤ ᠶᠢᠨ ᠲᠥᠯᠥᠭᠡ ᠲᠦᠷ ᠴᠠᠭ ᠪᠠᠴᠢᠮ ᠪᠠᠶᠢᠳᠠᠯ ᠢ ᠠᠷᠭᠠᠴᠠᠭᠠᠵᠤ ᠤᠰᠤ | ᠲᠠᠲᠠᠵᠤ ᠬᠡᠷᠡᠭᠯᠡᠬᠦ︔ | ︵ᠭᠤᠷᠪᠠ︶ ᠭᠠᠵᠠᠷ ᠳᠣᠣᠷᠠᠬᠢ ᠤᠰᠤ ᠶᠢ ᠬᠢᠨᠠᠨ ᠬᠡᠮᠵᠢᠬᠦ᠂ ᠬᠠᠶᠢᠨ ᠰᠢᠨᠵᠢᠯᠡᠬᠦ᠂ ᠲᠤᠷᠰᠢᠯᠲᠠ ᠬᠢᠬᠦ ᠶᠢᠨ | ᠲᠥᠯᠥᠭᠡ ᠪᠠᠭ᠎ᠠ ᠬᠡᠮᠵᠢᠶᠡᠨ ᠤ ᠤᠰᠤ ᠲᠠᠲᠠᠬᠤ︔ | ᠠᠷᠪᠠᠳᠤᠭᠠᠷ ᠵᠦᠢᠯ ᠰᠠᠭᠤᠭᠠᠯᠢ ᠠᠷᠠᠳ ᠤᠨ ᠪᠤᠰᠤ ᠤᠰᠤ ᠶᠢ ᠲᠠᠲᠠᠵᠤ ᠬᠡᠷᠡᠭᠯᠡᠬᠦ ᠳᠤ ᠬᠡᠮᠵᠢᠯᠲᠡ ᠶᠢᠨ | ᠪᠡᠯᠡᠳᠬᠡᠮᠵᠢ ᠶᠢ ᠵᠢᠷᠤᠮᠵᠢᠭᠤᠯᠤᠨ ᠤᠭᠰᠠᠷᠠᠨ ᠬᠡᠷᠡᠭᠯᠡᠵᠦ᠂ ᠬᠡᠮᠵᠢᠯᠲᠡ ᠶᠢᠨ ᠪᠡᠯᠡᠳᠬᠡᠮᠵᠢ ᠶᠢᠨ ᠬᠡᠪ ᠤᠨ ᠶᠣᠰᠣᠭᠠᠷ | ᠠᠵᠢᠯᠯᠠᠬᠤ ᠶᠢ ᠪᠠᠲᠤᠯᠠᠬᠤ ᠬᠡᠷᠡᠭᠲᠡᠶ᠃ | ᠤᠰᠤ ᠲᠠᠲᠠᠵᠤ ᠬᠡᠷᠡᠭᠯᠡᠬᠦ ᠶᠢ ᠬᠡᠮᠵᠢᠬᠦ ᠪᠡᠯᠡᠳᠬᠡᠮᠵᠢ ᠶᠢ ᠲᠣᠭᠲᠠᠭᠠᠯ ᠶᠣᠰᠣᠭᠠᠷ ᠤᠭᠰᠠᠷᠠᠭᠰᠠᠨ ᠦᠭᠡᠶ᠂ | ᠤᠰᠤ ᠲᠠᠲᠠᠵᠤ ᠬᠡᠷᠡᠭᠯᠡᠬᠦ ᠶᠢ ᠬᠡᠮᠵᠢᠬᠦ ᠪᠡᠯᠡᠳᠬᠡᠮᠵᠢ ᠨᠢ ᠬᠢᠷᠢ ᠲᠡᠩᠴᠡᠬᠦ ᠦᠭᠡᠶ ᠪᠤᠶᠤ ᠠᠵᠢᠯᠯᠠᠭᠠᠨ ᠨᠢ ᠬᠡᠪ ᠤᠨ | ᠪᠤᠰᠤ ᠪᠠᠶᠢᠪᠠᠯ᠂ ᠵᠢᠷᠤᠭᠯᠠᠨ ᠲᠥᠯᠥᠪᠯᠡᠭᠰᠡᠨ ᠤᠰᠤ ᠲᠠᠲᠠᠵᠤ ᠬᠡᠷᠡᠭᠯᠡᠬᠦ ᠬᠠᠮᠤᠭ ᠤᠨ ᠶᠡᠭᠡ ᠴᠢᠳᠠᠪᠤᠷᠢ ᠪᠤᠶᠤ ᠤᠰᠤ | ᠲᠠᠲᠠᠵᠤ ᠬᠡᠷᠡᠭᠯᠡᠬᠦ ᠪᠡᠯᠡᠳᠬᠡᠮᠵᠢ ᠶᠢᠨ ᠲᠣᠭᠲᠠᠭᠰᠠᠨ ᠤᠷᠤᠰᠬᠠᠯ ᠤᠨ ᠪᠦᠬᠦ ᠴᠠᠭ ᠤᠨ ᠬᠡᠮᠵᠢᠶ᠎ᠡ ᠶᠣᠰᠣᠭᠠᠷ ᠤᠰᠤ | ᠲᠠᠲᠠᠵᠤ ᠬᠡᠷᠡᠭᠯᠡᠭᠰᠡᠨ ᠬᠡᠮᠵᠢᠶ᠎ᠡ ᠶᠢ ᠬᠢᠨᠠᠨ ᠲᠣᠭᠲᠠᠭᠠᠨ᠎ᠠ᠃ | ᠶᠠᠮᠠᠷᠪᠠ ᠨᠢᠭᠡᠴᠢ ᠪᠠ ᠬᠤᠪᠢ ᠬᠥᠮᠦᠨ ᠤᠰᠤ ᠬᠡᠷᠡᠭᠯᠡᠬᠦ ᠬᠡᠮᠵᠢᠯᠲᠡ ᠶᠢᠨ ᠪᠡᠯᠡᠳᠬᠡᠮᠵᠢ ᠶᠢ ᠡᠵᠡᠯᠡᠵᠦ᠂ ᠡᠪᠳᠡᠨ | ᠰᠦᠢᠳᠬᠡᠬᠦ ᠪᠤᠶᠤ ᠳᠤᠷ᠎ᠠ ᠪᠠᠷ ᠢᠶᠠᠨ ᠨᠤᠷᠠᠭᠠᠵᠤ᠂ ᠥᠭᠡᠷᠡᠴᠢᠯᠡᠵᠦ᠂ ᠰᠣᠯᠢᠵᠤ᠂ ᠤᠰᠤ ᠲᠠᠲᠠᠭᠰᠠᠨ ᠬᠡᠮᠵᠢᠶ᠎ᠡ ᠶᠢ | ᠬᠠᠷᠰᠢᠯᠠᠵᠤ ᠪᠣᠯᠬᠤ ᠦᠭᠡᠶ᠃ | ᠠᠷᠪᠠᠨ ᠨᠢᠭᠡᠳᠦᠭᠡᠷ ᠵᠦᠢᠯ ᠤᠰᠤᠨ ᠤ ᠶᠠᠪᠤᠳᠠᠯ ᠤᠨ ᠰᠠᠯᠠᠭ᠎ᠠ ᠮᠥᠴᠢᠷ ᠰᠠᠭᠤᠭᠠᠯᠢ ᠠᠷᠠᠳ ᠤᠨ ᠪᠤᠰᠤ | ᠤᠰᠤᠨ ᠤ ᠭᠦᠢᠴᠡᠳᠬᠡᠯ ᠲᠤᠭ᠎ᠠ ᠶᠢᠨ ᠬᠥᠳᠡᠯᠦᠩᠭᠦᠶ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠵᠤ᠂ ᠤᠰᠤᠨ ᠤ | ᠭᠦᠢᠴᠡᠳᠬᠡᠯ ᠲᠤᠭ᠎ᠠ ᠶᠢ ᠴᠠᠭ ᠲᠤᠬᠠᠶ ᠳᠤᠨᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠶ ᠲᠣᠬᠢᠷᠠᠭᠤᠯᠬᠤ ᠬᠡᠷᠡᠭᠲᠡᠶ | ᠃ | ᠰᠠᠭᠤᠭᠠᠯᠢ ᠠᠷᠠᠳ ᠤᠨ ᠪᠤᠰᠤ ᠤᠰᠤᠨ ᠤ ᠭᠦᠢᠴᠡᠳᠬᠡᠯ ᠲᠤᠭ᠎ᠠ ᠶᠢ ᠵᠢᠷᠭᠤᠭᠠᠨ ᠰᠠᠷ᠎ᠠ ᠠᠴᠠ ᠢᠯᠡᠭᠦᠦ | ᠬᠤᠭᠤᠴᠠᠭ᠎ᠠ ᠰᠤᠯᠠ ᠲᠠᠯᠪᠢᠪᠠᠯ᠂ ᠤᠰᠤᠨ ᠤ ᠶᠠᠪᠤᠳᠠᠯ ᠤᠨ ᠰᠠᠯᠠᠭ᠎ᠠ ᠮᠥᠴᠢᠷ ᠠᠴᠠ ᠰᠤᠯᠠ ᠪᠠᠶᠢᠬᠤ ᠤᠰᠤᠨ ᠤ | ᠭᠦᠢᠴᠡᠳᠬᠡᠯ ᠲᠤᠭ᠎ᠠ ᠪᠠᠷ ᠲᠣᠭᠲᠠᠭᠠᠵᠤ᠂ ᠬᠠᠤᠯᠢ ᠶᠣᠰᠣᠭᠠᠷ ᠬᠤᠷᠢᠶᠠᠨ ᠠᠪᠬᠤ ᠶᠢᠨ ᠬᠠᠮᠲᠤ ᠨᠢᠭᠡᠳᠦᠯᠲᠡᠶ | ᠲᠥᠯᠥᠪᠵᠢᠭᠦᠯᠦᠨ ᠲᠣᠬᠢᠷᠠᠭᠤᠯᠬᠤ ᠬᠡᠷᠡᠭᠲᠡᠢ᠃ | ᠠᠷᠪᠠᠨ ᠬᠤᠶᠠᠳᠤᠭᠠᠷ ᠵᠦᠢᠯ ᠬᠤᠲᠠ ᠪᠠᠯᠭᠠᠰᠤ ᠶᠢᠨ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠢ ᠶᠢᠨ | ᠲᠣᠣᠷ ᠪᠦᠷᠬᠦᠭᠰᠡᠨ ᠬᠡᠪᠴᠢᠶᠡᠨ ᠳᠣᠲᠣᠷ᠎ᠠ᠂ ᠰᠠᠭᠤᠭᠠᠯᠢ ᠪᠤᠰᠤ ᠠᠷᠠᠳ ᠤᠰᠤᠨ ᠬᠤᠳᠳᠤᠭ ᠮᠠᠯᠲᠠᠵᠤ ᠪᠣᠯᠬᠤ | ᠦᠭᠡᠢ᠃ | ᠨᠢᠭᠡᠨᠲᠡ ᠮᠠᠯᠲᠠᠭᠰᠠᠨ ᠤᠰᠤᠨ ᠬᠤᠳᠳᠤᠭ ᠢ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠪᠤᠶᠤ ᠲᠡᠭᠦᠨ ᠠᠴᠠ ᠡᠷᠬᠡ ᠣᠯᠭᠤᠭᠰᠠᠨ ᠰᠠᠯᠠᠭ᠎ᠠ ᠮᠥᠴᠢᠷ ᠠᠴᠠ ᠴᠠᠭ ᠲᠣᠭᠲᠠᠭᠠᠨ ᠪᠢᠲᠡᠭᠦᠮᠵᠢᠯᠡᠵᠦ᠂ | ᠡᠭᠦᠨ ᠳᠤ ᠣᠯᠠᠨ ᠨᠡᠶᠢᠲᠡ ᠶᠢᠨ ᠤᠰᠤ ᠬᠠᠩᠭᠠᠬᠤ ᠬᠡᠮᠵᠢᠶ᠎ᠡ᠂ ᠤᠰᠤᠨ ᠤ ᠳᠠᠷᠤᠯᠲᠠ ᠨᠢ ᠤᠰᠤ ᠬᠡᠷᠡᠭᠯᠡᠬᠦ | ᠬᠡᠷᠡᠭᠴᠡᠭᠡ ᠶᠢ ᠬᠠᠩᠭᠠᠵᠤ ᠳᠡᠶᠢᠯᠬᠦ ᠦᠭᠡᠢ ᠣᠷᠣᠨ ᠪᠦᠰᠡ ᠳᠣᠲᠣᠷᠠᠬᠢ ᠤᠰᠤᠨ ᠬᠤᠳᠳᠤᠭ ᠢ ᠪᠦᠬᠦᠨ ᠢ ᠣᠯᠠᠨ | ᠨᠡᠶᠢᠲᠡ ᠶᠢᠨ ᠤᠰᠤ ᠬᠠᠩᠭᠠᠬᠤ ᠠᠵᠤ ᠠᠬᠤᠶᠢᠯᠠᠯ ᠳᠤ ᠨᠡᠭᠦᠯᠭᠡᠨ ᠥᠭᠴᠦ᠂ ᠪᠠᠴᠢᠮ ᠪᠠᠶᠢᠳᠠᠯ ᠢ ᠠᠷᠭᠠᠴᠠᠭᠠᠬᠤ | ᠤᠰᠤᠨ ᠤ ᠰᠤᠷᠪᠤᠯᠵᠢ ᠶᠢᠨ ᠬᠤᠳᠳᠤᠭ ᠤᠨ ᠬᠠᠮᠢᠶᠠᠷᠤᠯᠲᠠ ᠳᠤ ᠣᠷᠣᠭᠤᠯᠤᠨ᠎ᠠ᠃ | ᠭᠤᠷᠪᠠᠳᠤᠭᠠᠷ ᠪᠦᠯᠦᠭ ᠨᠣᠭᠤᠭᠠᠷᠠᠭᠤᠯᠤᠯᠲᠠ ᠳᠤ ᠬᠡᠷᠡᠭᠯᠡᠬᠦ ᠤᠰᠤ | ᠠᠷᠪᠠᠨ ᠭᠤᠷᠪᠠᠳᠤᠭᠠᠷ ᠵᠦᠢᠯ ᠬᠤᠲᠠ ᠪᠠᠯᠭᠠᠰᠤ ᠶᠢᠨ ᠨᠣᠭᠤᠭᠠᠷᠠᠭᠤᠯᠤᠯᠲᠠ ᠶᠢᠨ ᠪᠦᠲᠦᠭᠡᠨ | ᠪᠠᠶᠢᠭᠤᠯᠤᠯᠲᠠ ᠳᠤ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠪᠣᠷᠣᠭᠠᠨ ᠤ ᠤᠰᠤᠨ ᠤ | ᠴᠡᠴᠡᠷᠯᠢᠭ᠂ ᠬᠤᠲᠣᠭᠤᠷ ᠤᠨ ᠨᠣᠭᠤᠭᠠᠨ ᠭᠠᠵᠠᠷ᠂ ᠬᠥᠮᠦᠨ ᠤ ᠬᠦᠴᠦᠨ ᠤ ᠨᠤᠭᠤ ᠭᠠᠵᠠᠷ ᠵᠡᠷᠭᠡ ᠠᠷᠭ᠎ᠠ ᠮᠠᠶ᠋ᠢᠭ ᠢ | ᠠᠪᠴᠤ᠂ ᠬᠤᠲᠠ ᠶᠢᠨ ᠬᠠᠶᠢᠮᠢᠶᠠᠨ ᠪᠡᠶ᠎ᠡ ᠶᠢᠨ ᠴᠢᠳᠠᠪᠤᠷᠢ ᠶᠢ ᠴᠢᠩᠭᠠᠷᠠᠭᠤᠯᠵᠤ᠂ ᠪᠣᠷᠣᠭᠠᠨ ᠤ ᠤᠰᠤ ᠶᠢ ᠰᠢᠩᠭᠡᠭᠡᠬᠦ | ᠬᠡᠷᠡᠭᠲᠡᠶ᠃ | ᠠᠷᠪᠠᠨ ᠳᠥᠷᠪᠡᠳᠦᠭᠡᠷ ᠵᠦᠢᠯ ᠬᠤᠲᠠ ᠪᠠᠯᠭᠠᠰᠤ ᠶᠢᠨ ᠨᠣᠭᠤᠭᠠᠷᠠᠭᠤᠯᠤᠯᠲᠠ ᠳᠤ ᠬᠡᠷᠡᠭᠯᠡᠬᠦ ᠤᠰᠤ᠂ | ᠦᠵᠡᠮᠵᠢ ᠳᠤ ᠬᠡᠷᠡᠭᠯᠡᠬᠦ ᠤᠰᠤᠨ ᠤ ᠲᠠᠯ᠎ᠠ ᠪᠠᠷ ᠤᠰᠤ ᠠᠷᠪᠢᠯᠠᠬᠤ ᠤᠳᠤᠷᠢᠳᠤᠮᠵᠢ ᠶᠢ ᠪᠠᠷᠢᠮᠲᠠᠯᠠᠨ᠂ ᠤᠰᠤ | ᠠᠷᠪᠢᠯᠠᠬᠤ ᠮᠡᠷᠭᠡᠵᠢᠯ ᠢ ᠬᠡᠷᠡᠭᠯᠡᠵᠦ᠂ ᠳᠡᠭᠢᠯᠳᠡ ᠤᠰᠤ ᠪᠣᠯᠤᠨ ᠪᠣᠷᠣᠭᠠᠨ ᠤ ᠤᠰᠤ ᠶᠢ ᠡᠩ ᠲᠡᠷᠢᠭᠦᠨ ᠳᠤ | ᠠᠰᠢᠭᠯᠠᠨ᠂ ᠤᠰᠤᠨ ᠤ ᠡᠬᠢ ᠪᠠᠶᠠᠯᠢᠭ ᠤᠨ ᠠᠰᠢᠭᠯᠠᠮᠵᠢ ᠶᠢ ᠳᠡᠭᠡᠭᠰᠢᠯᠡᠭᠦᠯᠬᠦ ᠬᠡᠷᠡᠭᠲᠡᠶ᠃ ᠳᠤᠰᠤᠯᠭᠠᠨ ᠤᠰᠤᠯᠠᠬᠤ᠂ | ᠰᠡᠪᠡᠷᠡᠭᠦᠨ ᠤᠰᠤᠯᠠᠬᠤ ᠵᠡᠷᠭᠡ ᠤᠰᠤ ᠠᠷᠪᠢᠯᠠᠬᠤ ᠤᠰᠤᠯᠠᠯᠲᠠ ᠶᠢᠨ ᠠᠷᠭ᠎ᠠ ᠶᠢ ᠳᠡᠯᠭᠡᠷᠡᠭᠦᠯᠦᠨ ᠬᠡᠷᠡᠭᠯᠡᠵᠦ᠂ | ᠪᠢᠯᠬᠠᠲᠠᠯ᠎ᠠ ᠤᠰᠤᠯᠠᠬᠤ ᠵᠡᠷᠭᠡ ᠤᠰᠤ ᠶᠡᠭᠡ ᠬᠤᠷᠣᠭᠳᠠᠭᠤᠯᠬᠤ ᠤᠰᠤᠯᠠᠯᠲᠠ ᠶᠢᠨ ᠠᠷᠭ᠎ᠠ ᠶᠢ ᠬᠡᠷᠡᠭᠯᠡᠵᠦ ᠪᠣᠯᠬᠤ | ᠦᠭᠡᠶ᠃ | ᠭᠠᠵᠠᠷ ᠳᠣᠤᠷᠠᠬᠢ ᠤᠰᠤ᠂ ᠲᠦᠭᠡᠭᠡᠯ ᠤᠰᠤ ᠪᠠᠷ ᠦᠵᠡᠮᠵᠢ ᠶᠢᠨ ᠭᠤᠤᠯ᠂ ᠬᠢᠮᠡᠯ ᠨᠠᠭᠤᠷ ᠤᠨ ᠤᠰᠤ | ᠪᠣᠯᠭᠠᠬᠤ ᠶᠢ ᠴᠠᠭᠠᠵᠠᠯᠠᠨ᠎ᠠ᠃ | ᠠᠷᠪᠠᠨ ᠲᠠᠪᠤᠳᠤᠭᠠᠷ ᠵᠦᠢᠯ ᠴᠡᠴᠡᠷᠯᠢᠭ ᠤᠨ ᠨᠣᠭᠤᠭᠠᠷᠠᠭᠤᠯᠤᠯᠲᠠ ᠳᠤ ᠬᠡᠷᠡᠭᠯᠡᠬᠦ ᠤᠰᠤ ᠨᠢ ᠤᠰᠤᠨ ᠤ ᠡᠬᠢ | ᠪᠠᠶᠠᠯᠢᠭ ᠤᠨ ᠲᠣᠬᠢᠷᠠᠭᠤᠯᠤᠯᠲᠠ ᠶᠢ ᠳᠠᠭᠠᠬᠤ ᠬᠡᠷᠡᠭᠲᠡᠶ᠂ ᠤᠰᠤ ᠶᠢ ᠳᠤᠷ᠎ᠠ ᠪᠠᠷ ᠢᠶᠠᠨ ᠲᠠᠰᠤᠯᠵᠤ ᠬᠡᠷᠡᠭᠯᠡᠵᠦ ᠪᠣᠯᠬᠤ | ᠦᠭᠡᠶ᠃ | ᠲᠦᠷᠪᠡᠳᠦᠭᠡᠷ ᠪᠦᠯᠦᠭ ᠪᠠᠷᠢᠯᠭ᠎ᠠ ᠶᠢᠨ ᠤᠰᠤ ᠶᠢ ᠳᠣᠷᠣᠭᠰᠢᠯᠠᠭᠤᠯᠬᠤ | ᠠᠷᠪᠠᠨ ᠵᠢᠷᠭᠤᠳᠤᠭᠠᠷ ᠵᠦᠢᠯ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠪᠠᠷᠢᠯᠭ᠎ᠠ ᠶᠢᠨ ᠤᠰᠤ ᠶᠢ | ᠳᠣᠷᠣᠭᠰᠢᠯᠠᠭᠤᠯᠬᠤ ᠳᠤ᠂ ᠪᠠᠷᠢᠯᠭ᠎ᠠ ᠪᠠᠷᠢᠭᠤᠯᠬᠤ ᠨᠢᠭᠡᠴᠢ ᠠᠴᠠ ᠬᠢᠨᠠᠨ ᠵᠥᠪᠰᠢᠶᠡᠷᠡᠬᠦ ᠪᠠᠶᠢᠭᠤᠯᠭ᠎ᠠ ᠳᠤ | ᠭᠤᠶᠤᠴᠢᠯᠠᠯ ᠢᠶᠠᠨ ᠳᠤᠷᠠᠳᠴᠤ᠂ ᠬᠠᠤᠯᠢ ᠶᠣᠰᠣᠭᠠᠷ ᠪᠠᠷᠢᠯᠭ᠎ᠠ ᠶᠢᠨ ᠤᠰᠤ ᠶᠢ ᠳᠣᠷᠣᠭᠰᠢᠯᠠᠭᠤᠯᠬᠤ ᠶᠢ ᠬᠢᠨᠠᠨ | ᠵᠥᠪᠰᠢᠶᠡᠷᠡᠭᠦᠯᠬᠦ ᠭᠠᠷ ᠭᠦᠢᠴᠡᠳᠬᠡᠯ ᠢ ᠭᠦᠢᠴᠡᠳᠬᠡᠬᠦ ᠬᠡᠷᠡᠭᠲᠡᠶ᠃ | ᠠᠷᠪᠠᠨ ᠳᠣᠯᠣᠳᠤᠭᠠᠷ ᠵᠦᠢᠯ ᠪᠠᠷᠢᠯᠭ᠎ᠠ ᠶᠢᠨ ᠤᠰᠤ ᠶᠢ ᠳᠣᠷᠣᠭᠰᠢᠯᠠᠭᠤᠯᠬᠤ ᠳᠤ ᠡᠩ ᠲᠡᠷᠢᠭᠦᠨ ᠳᠤ ᠲᠥᠷᠥᠯ | ᠵᠦᠢᠯ ᠤᠨ ᠪᠠᠷᠢᠯᠭ᠎ᠠ ᠶᠢᠨ ᠭᠠᠵᠠᠷ ᠵᠢᠴᠢ ᠡᠷᠬᠢᠨ ᠲᠣᠭᠤᠷᠢᠨ ᠤ ᠭᠤᠤᠯ ᠤᠨ ᠵᠠᠮ᠂ ᠨᠣᠭᠤᠭᠠᠨ ᠭᠠᠵᠠᠷ᠂ | ᠦᠵᠡᠮᠵᠢ ᠳᠤ ᠬᠡᠷᠡᠭᠯᠡᠬᠦ ᠤᠰᠤᠨ ᠳᠤ ᠬᠡᠷᠡᠭᠯᠡᠨ᠎ᠡ︔ ᠦᠯᠡᠳᠡᠭᠰᠡᠨ ᠢ ᠬᠤᠲᠠ ᠪᠠᠯᠭᠠᠰᠤᠨ ᠤ ᠪᠣᠷᠣᠭᠠᠨ ᠤ ᠤᠰᠤᠨ ᠤ | ᠬᠤᠭᠤᠯᠠᠶ ᠶᠢᠨ ᠲᠣᠤᠷ ᠢᠶᠠᠷ ᠭᠠᠳᠠᠭᠰᠢᠯᠠᠭᠤᠯᠤᠨ᠎ᠠ᠃ | ᠪᠠᠷᠢᠯᠭ᠎ᠠ ᠶᠢᠨ ᠤᠰᠤ ᠶᠢ ᠳᠣᠷᠣᠭᠰᠢᠯᠠᠭᠤᠯᠬᠤ ᠳᠤ ᠬᠤᠲᠠ ᠪᠠᠯᠭᠠᠰᠤᠨ ᠤ ᠪᠣᠬᠢᠷ ᠤᠰᠤᠨ ᠤ ᠬᠤᠭᠤᠯᠠᠶ ᠶᠢᠨ | ᠲᠣᠤᠷ ᠢᠶᠠᠷ ᠭᠠᠳᠠᠭᠰᠢᠯᠠᠭᠤᠯᠬᠤ ᠶᠢ ᠴᠢᠩᠭ᠎ᠠ ᠴᠠᠭᠠᠵᠠᠯᠠᠨ᠎ᠠ᠃ | ᠠᠷᠪᠠᠨ ᠨᠠᠢᠮᠠᠳᠤᠭᠠᠷ ᠵᠦᠢᠯ ᠪᠠᠷᠢᠯᠭ᠎ᠠ ᠶᠢᠨ ᠤᠰᠤ ᠶᠢ ᠳᠣᠷᠣᠭᠰᠢᠯᠠᠭᠤᠯᠬᠤ ᠳᠤ ᠬᠡᠮᠵᠢᠯᠲᠡ ᠶᠢᠨ ᠪᠡᠯᠡᠳᠬᠡᠮᠵᠢ | ᠤᠭᠰᠠᠷᠠᠬᠤ ᠶᠢᠨ ᠬᠠᠮᠲᠤ ᠬᠠᠤᠯᠢ ᠶᠣᠰᠣᠭᠠᠷ ᠤᠰᠤᠨ ᠤ ᠡᠬᠢ ᠪᠠᠶᠠᠯᠢᠭ ᠤᠨ ᠭᠠᠶᠢᠯᠢ ᠲᠤᠰᠢᠶᠠᠬᠤ ᠬᠡᠷᠡᠭᠲᠡᠶ᠃ | ᠲᠠᠪᠤᠳᠤᠭᠠᠷ ᠪᠦᠯᠦᠭ ᠲᠥᠯᠥᠪᠯᠡᠭᠡ ᠲᠠᠢ ᠤᠰᠤ ᠬᠡᠷᠡᠭᠯᠡᠬᠦ | ᠠᠷᠪᠠ ᠶᠢᠰᠦᠳᠦᠭᠡᠷ ᠵᠦᠢᠯ ᠰᠠᠭᠤᠭᠠᠯᠢ ᠠᠷᠠᠳ ᠤᠨ ᠪᠤᠰᠤ ᠬᠡᠷᠡᠭᠯᠡᠬᠦ ᠤᠰᠤᠨ ᠳᠤ ᠤᠰᠤᠨ ᠤ ᠡᠬᠢ | ᠪᠠᠶᠠᠯᠢᠭ ᠤᠨ ᠲᠣᠬᠢᠷᠠᠭᠤᠯᠤᠯᠲᠠ ᠶᠣᠰᠣᠭᠠᠷ ᠲᠥᠯᠥᠪᠯᠡᠭᠡ ᠲᠠᠢ ᠪᠠᠷ ᠤᠰᠤ ᠬᠡᠷᠡᠭᠯᠡᠬᠦ ᠶᠢ ᠬᠡᠷᠡᠭᠵᠢᠭᠦᠯᠵᠦ᠂ ᠵᠢᠯ ᠪᠦᠷᠢ | ᠤᠰᠤᠨ ᠤ ᠶᠠᠪᠤᠳᠠᠯ ᠤᠨ ᠰᠠᠯᠠᠭ᠎ᠠ ᠮᠥᠴᠢᠷ ᠲᠤ ᠤᠰᠤ ᠬᠡᠷᠡᠭᠯᠡᠬᠦ ᠲᠥᠯᠥᠪᠯᠡᠭᠡ ᠭᠤᠶᠤᠴᠢᠯᠠᠵᠤ᠂ ᠬᠢᠨᠠᠨ | ᠵᠥᠪᠰᠢᠶᠡᠷᠡᠭᠦᠯᠬᠦ ᠪᠠᠷ ᠳᠠᠮᠵᠢᠨ ᠲᠥᠯᠥᠪᠯᠡᠭᠡ ᠲᠠᠢ ᠤᠰᠤ ᠬᠡᠷᠡᠭᠯᠡᠬᠦ ᠬᠡᠮᠵᠢᠶ᠎ᠡ ᠶᠢ ᠬᠢᠨᠠᠨ ᠲᠣᠭᠲᠠᠭᠠᠭᠰᠠᠨ ᠦᠨᠡᠮᠯᠡᠯ ᠢ | ᠣᠯᠬᠤ ᠬᠡᠷᠡᠭᠲᠡᠶ᠃ | ᠬᠤᠷᠢᠳᠤᠭᠠᠷ ᠵᠦᠢᠯ ᠰᠠᠭᠤᠭᠠᠯᠢ ᠠᠷᠠᠳ ᠤᠨ ᠪᠤᠰᠤ ᠬᠡᠷᠡᠭᠯᠡᠬᠦ ᠤᠰᠤᠨ ᠳᠤ ᠤᠰᠤ ᠬᠡᠷᠡᠭᠯᠡᠬᠦ ᠲᠥᠯᠥᠪᠯᠡᠭᠡ ᠶᠢ | ᠴᠢᠩᠭ᠎ᠠ ᠬᠡᠷᠡᠭᠵᠢᠭᠦᠯᠬᠦ ᠬᠡᠷᠡᠭᠲᠡᠶ᠃ | ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠶ ᠶᠢᠨ ᠲᠣᠤᠷ ᠤᠨ ᠪᠦᠷᠬᠦᠭᠰᠡᠨ ᠬᠡᠪᠴᠢᠶᠡᠨ ᠳᠣᠲᠣᠷᠠᠬᠢ | ᠰᠠᠭᠤᠭᠠᠯᠢ ᠠᠷᠠᠳ ᠤᠨ ᠪᠤᠰᠤ ᠤᠰᠤ ᠬᠡᠷᠡᠭᠯᠡᠬᠦ ᠬᠥᠮᠦᠨ ︵ᠭᠠᠯ ᠤᠨᠲᠠᠷᠠᠭᠠᠬᠤ ᠳᠤ ᠬᠡᠷᠡᠭᠯᠡᠬᠦ ᠤᠰᠤ ᠪᠠᠭᠲᠠᠬᠤ | ᠦᠭᠡᠶ︶ ᠲᠥᠯᠥᠪᠯᠡᠭᠡ ᠠᠴᠠ ᠳᠠᠪᠠᠭᠤᠯᠤᠨ᠂ ᠲᠣᠭᠲᠠᠭᠰᠠᠨ ᠨᠤᠷᠮ᠎ᠠ ᠠᠴᠠ ᠳᠠᠪᠠᠭᠤᠯᠤᠨ ᠤᠰᠤ ᠬᠡᠷᠡᠭᠯᠡᠪᠡᠯ᠂ | ᠬᠡᠲᠦᠷᠡᠭᠰᠡᠨ ᠬᠡᠰᠡᠭ ᠲᠤ ᠳᠣᠤᠷᠠᠬᠢ ᠮᠡᠲᠦ ᠲᠣᠭᠲᠠᠭᠠᠯ ᠶᠣᠰᠣᠭᠠᠷ ᠣᠯᠠᠨ ᠨᠡᠶᠢᠲᠡ ᠶᠢᠨ ᠤᠰᠤ ᠬᠠᠩᠭᠠᠬᠤ ᠠᠵᠤ | ᠠᠬᠤᠶᠢᠯᠠᠯ ᠳᠤ ᠬᠡᠮᠵᠢᠶ᠎ᠡ ᠠᠴᠠ ᠬᠡᠲᠦᠷᠡᠭᠦᠯᠦᠨ ᠦᠨ᠎ᠡ ᠥᠰᠬᠡᠭᠰᠡᠨ ᠤᠰᠤᠨ ᠤ ᠰᠦᠢᠳᠬᠡᠯ ᠲᠤᠰᠢᠶᠠᠬᠤ ᠬᠡᠷᠡᠭᠲᠡᠶ᠄ | ︵ᠨᠢᠭᠡ︶ ᠨᠢᠭᠡᠳᠦᠭᠡᠷ ᠳᠡᠰ ᠤᠨ ᠤᠰᠤᠨ ᠤ ᠦᠨ᠎ᠡ ᠶᠢ ᠡᠷᠦᠬᠡ ᠳᠤ ᠬᠦᠷᠬᠦ ᠤᠰᠤᠨ ᠤ ᠦᠨ᠎ᠡ ᠪᠠᠷ | ᠲᠣᠭᠲᠠᠭᠠᠵᠤ᠂ ᠤᠰᠤᠨ ᠤ ᠬᠡᠮᠵᠢᠶ᠎ᠡ ᠶᠢ ᠲᠥᠯᠥᠪᠯᠡᠭᠡ ᠲᠠᠢ ᠪᠠᠷ ᠤᠰᠤ ᠬᠡᠷᠡᠭᠯᠡᠬᠦ ᠬᠡᠮᠵᠢᠶ᠎ᠡ ᠶᠢ ᠬᠢᠨᠠᠨ ᠲᠣᠭᠲᠠᠭᠠᠭᠰᠠᠨ | ᠦᠨᠡᠮᠯᠡᠯ ᠳᠤ ᠬᠢᠨᠠᠨ ᠲᠣᠭᠲᠠᠭᠠᠭᠰᠠᠨ ᠤᠰᠤᠨ ᠤ ᠬᠡᠮᠵᠢᠶ᠎ᠡ ᠪᠠᠷ ᠪᠠᠷᠢᠮᠵᠢᠶ᠎ᠠ ᠪᠣᠯᠭᠠᠨ᠎ᠠ︔ | ︵ᠬᠤᠶᠠᠷ︶ ᠬᠤᠶᠠᠳᠤᠭᠠᠷ ᠲᠡᠰ ᠤᠨ ᠤᠰᠤᠨ ᠤ ᠦᠨ᠎ᠡ ᠶᠢ ᠨᠢᠭᠡᠳᠦᠭᠡᠷ ᠳᠡᠰ ᠤᠨ ᠤᠰᠤᠨ ᠤ ᠦᠨ᠎ᠡ ᠶᠢᠨ | ᠨᠢᠭᠡ ᠳᠠᠬᠢᠨ ᠢᠶᠠᠷ ᠨᠡᠮᠡᠵᠦ ᠬᠤᠷᠢᠶᠠᠨ᠎ᠠ᠂ ᠤᠰᠤᠨ ᠤ ᠬᠡᠮᠵᠢᠶ᠎ᠡ ᠨᠢ ᠨᠢᠭᠡᠳᠦᠭᠡᠷ ᠳᠡᠰ ᠤᠨ ᠤᠰᠤᠨ ᠤ ᠬᠡᠮᠵᠢᠶ᠎ᠡ ᠠᠴᠠ | ᠬᠡᠲᠦᠷᠡᠭᠰᠡᠨ ᠪᠣᠯᠪᠠᠴᠤ ᠨᠢᠭᠡᠳᠦᠭᠡᠷ ᠳᠡᠰ ᠤᠨ ᠤᠰᠤᠨ ᠤ ᠬᠡᠮᠵᠢᠶ᠎ᠡ ᠶᠢᠨ ᠵᠠᠭᠤᠨ ᠤ ᠬᠤᠷᠢ ︵ᠪᠠᠭᠲᠠᠨ᠎ᠠ︶ ᠠᠴᠠ | ᠬᠡᠲᠦᠷᠡᠭᠰᠡᠨ ᠦᠭᠡᠢ ᠬᠡᠰᠡᠭ︔ | ︵ᠭᠤᠷᠪᠠ︶ ᠭᠤᠷᠪᠠᠳᠤᠭᠠᠷ ᠳᠡᠰ ᠤᠨ ᠤᠰᠤᠨ ᠤ ᠦᠨ᠎ᠡ ᠶᠢ ᠨᠢᠭᠡᠳᠦᠭᠡᠷ ᠳᠡᠰ ᠤᠨ ᠤᠰᠤᠨ ᠤ ᠦᠨ᠎ᠡ ᠶᠢᠨ | ᠬᠤᠶᠠᠷ ᠳᠠᠬᠢᠨ ᠢᠶᠠᠷ ᠨᠡᠮᠡᠵᠦ ᠬᠤᠷᠢᠶᠠᠨ᠎ᠠ᠂ ᠤᠰᠤᠨ ᠤ ᠬᠡᠮᠵᠢᠶ᠎ᠡ ᠨᠢ ᠬᠤᠶᠠᠳᠤᠭᠠᠷ ᠳᠡᠰ ᠤᠨ ᠤᠰᠤᠨ ᠤ | ᠬᠡᠮᠵᠢᠶ᠎ᠡ ᠠᠴᠠ ᠳᠠᠪᠠᠭᠰᠠᠨ ᠬᠡᠰᠡᠭ ᠪᠣᠯᠤᠨ᠎ᠠ᠃ | ᠡᠨᠧᠷᠭᠢ ᠶᠢᠨ ᠬᠤᠷᠣᠭᠳᠠᠯ ᠶᠡᠬᠡᠲᠡᠶ᠂ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠡᠬᠡᠲᠡᠶ ᠠᠵᠢᠯ ᠲᠥᠷᠥᠯ ᠤᠳ | ᠳᠡᠭᠡᠷᠡᠬᠢ ᠦᠨ᠎ᠡ ᠨᠡᠮᠡᠬᠦ ᠪᠠᠷᠢᠮᠵᠢᠶ᠎ᠠ ᠶᠢᠨ ᠶᠣᠰᠣᠭᠠᠷ ᠳᠠᠬᠢᠨ ᠢᠶᠠᠷ ᠬᠤᠷᠢᠶᠠᠨ᠎ᠠ᠃ | ᠤᠰᠤ ᠲᠠᠲᠠᠬᠤ ᠶᠢ ᠵᠥᠪᠰᠢᠶᠡᠷᠡᠬᠦ ᠬᠠᠮᠢᠶᠠᠷᠤᠯᠲᠠ ᠳᠤ ᠣᠷᠣᠭᠤᠯᠤᠭᠰᠠᠨ ᠰᠠᠭᠤᠭᠠᠯᠢ ᠠᠷᠠᠳ ᠤᠨ ᠪᠤᠰᠤ | ᠤᠰᠤ ᠬᠡᠷᠡᠭᠯᠡᠵᠦ ᠪᠠᠶᠢᠭ᠎ᠠ ᠬᠥᠮᠦᠨ ᠲᠥᠯᠥᠪᠯᠡᠭᠡ ᠠᠴᠠ ᠳᠠᠪᠠᠭᠤᠯᠤᠨ᠂ ᠲᠣᠭᠲᠠᠭᠰᠠᠨ ᠨᠤᠷᠮ᠎ᠠ ᠠᠴᠠ ᠳᠠᠪᠠᠭᠤᠯᠤᠨ | ᠤᠰᠤ ᠬᠡᠷᠡᠭᠯᠡᠭᠰᠡᠨ ᠪᠣᠯ ᠤᠰᠤᠨ ᠤ ᠡᠬᠢ ᠪᠠᠶᠠᠯᠢᠭ ᠤᠨ ᠭᠠᠶᠢᠯᠢ ᠲᠠᠲᠠᠪᠤᠷᠢᠯᠠᠬᠤ ᠬᠠᠮᠢᠶᠠᠷᠤᠯᠲᠠ ᠶᠢᠨ ᠲᠣᠭᠲᠠᠭᠠᠯ | ᠶᠣᠰᠣᠭᠠᠷ ᠤᠰᠤᠨ ᠤ ᠡᠬᠢ ᠪᠠᠶᠠᠯᠢᠭ ᠤᠨ ᠭᠠᠶᠢᠯᠢ ᠶᠢ ᠨᠡᠮᠡᠵᠦ ᠲᠠᠲᠠᠪᠤᠷᠢᠯᠠᠨ᠎ᠠ᠃ | ᠬᠤᠷᠢᠨ ᠨᠢᠭᠡᠳᠦᠭᠡᠷ ᠵᠦᠢᠯ ᠰᠠᠭᠤᠭᠠᠯᠢ ᠠᠷᠠᠳ ᠤᠨ ᠪᠤᠰᠤ ᠤᠰᠤ ᠬᠡᠷᠡᠭᠯᠡᠬᠦ ᠬᠥᠮᠥᠨ ᠤ ᠬᠡᠮᠵᠢᠶ᠎ᠡ ᠠᠴᠠ | ᠬᠡᠲᠦᠷᠡᠭᠰᠡᠨ ᠦᠨ᠎ᠡ ᠥᠰᠬᠡᠬᠦ ᠳᠤ ᠵᠥᠪᠬᠡᠨ ᠲᠦᠭᠡᠭᠡᠯ ᠤᠰᠤᠨ ᠤ ᠤᠰᠤᠨ ᠤ ᠰᠦᠢᠳᠬᠡᠯ ᠳᠤ ᠦᠨ᠎ᠡ ᠨᠡᠮᠡᠵᠦ᠂ | ᠪᠣᠬᠢᠷ ᠤᠰᠤ ᠰᠢᠢᠳᠪᠦᠷᠢᠯᠡᠬᠦ ᠵᠠᠷᠤᠳᠠᠯ᠂ ᠤᠰᠤᠨ ᠤ ᠡᠬᠢ ᠪᠠᠶᠠᠯᠢᠭ ᠤᠨ ᠭᠠᠶᠢᠯᠢ ᠪᠣᠯᠤᠨ ᠡᠯ᠎ᠡ ᠵᠦᠢᠯ ᠤᠨ | ᠨᠡᠮᠡᠯᠲᠡ ᠶᠢ ᠪᠠᠭᠲᠠᠭᠠᠬᠤ ᠦᠭᠡᠶ᠃ | ᠬᠤᠷᠢᠨ ᠬᠤᠶᠠᠳᠤᠭᠠᠷ ᠵᠦᠢᠯ ᠰᠠᠭᠤᠭᠠᠯᠢ ᠠᠷᠠᠳ ᠤᠨ ᠪᠤᠰᠤ ᠤᠰᠤ ᠬᠡᠷᠡᠭᠯᠡᠬᠦ ᠬᠥᠮᠦᠰ ᠤᠰᠤ ᠠᠷᠪᠢᠯᠠᠬᠤ | ᠪᠡᠯᠡᠳᠬᠡᠮᠵᠢ ᠪᠣᠯᠤᠨ ᠤᠰᠤ ᠠᠷᠪᠢᠯᠠᠬᠤ ᠪᠠᠭᠠᠵᠢ ᠬᠡᠷᠡᠭᠰᠡᠯ ᠤᠭᠰᠠᠷᠠᠵᠤ ᠬᠡᠷᠡᠭᠯᠡᠬᠦ ᠬᠡᠷᠡᠭᠲᠡᠶ᠃ | ᠰᠠᠭᠤᠭᠠᠯᠢ ᠠᠷᠠᠳ ᠤᠨ ᠪᠤᠰᠤ ᠤᠰᠤ ᠬᠡᠷᠡᠭᠯᠡᠬᠦ ᠬᠥᠮᠥᠨ ᠤᠯᠤᠰ ᠤᠨ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠤᠰᠤᠨ ᠤ ᠲᠡᠩᠴᠡᠭᠦᠷᠢ ᠶᠢᠨ ᠲᠤᠷᠰᠢᠯᠲᠠ ᠪᠤᠶᠤ ᠤᠰᠤ ᠬᠡᠷᠡᠭᠯᠡᠬᠦ ᠵᠠᠳᠠᠯᠤᠯᠲᠠ ᠬᠢᠬᠦ ᠶᠢᠨ ᠬᠠᠮᠲᠤ | ᠲᠤᠷᠰᠢᠯᠲᠠ ᠪᠤᠶᠤ ᠵᠠᠳᠠᠯᠤᠯᠲᠠ ᠶᠢᠨ ᠦᠷ᠎ᠡ ᠳ᠋ᠦᠩ ᠢ ᠦᠨᠳᠦᠰᠦᠯᠡᠨ ᠤᠰᠤ ᠬᠡᠷᠡᠭᠯᠡᠬᠦ ᠠᠷᠭ᠎ᠠ ᠮᠠᠶ᠋ᠢᠭ ᠪᠤᠶᠤ | ᠦᠢᠯᠡᠳᠪᠦᠷᠢᠯᠡᠯ ᠤᠨ ᠮᠡᠷᠭᠡᠵᠢᠯ᠂ ᠤᠷᠠᠨ ᠳᠠᠷᠬ᠎ᠠ᠂ ᠲᠥᠬᠦᠭᠡᠷᠦᠮᠵᠢ ᠪᠠ ᠦᠢᠯᠡᠳᠬᠦᠨ ᠵᠡᠷᠭᠡ ᠶᠢ ᠥᠭᠡᠷᠡᠴᠢᠯᠡᠨ | ᠰᠠᠶᠢᠵᠢᠷᠠᠭᠤᠯᠬᠤ ᠬᠡᠷᠡᠭᠲᠡᠶ᠃ | ᠬᠤᠷᠢᠨ ᠭᠤᠷᠪᠠᠳᠤᠭᠠᠷ ᠵᠦᠢᠯ ᠬᠤᠲᠠ ᠪᠠᠯᠭᠠᠰᠤ ᠶᠢᠨ ᠣᠨ ᠤ ᠤᠰᠤ ᠲᠠᠲᠠᠵᠤ ᠬᠡᠷᠡᠭᠯᠡᠬᠦ ᠬᠡᠮᠵᠢᠶ᠎ᠡ ᠨᠢ | ᠲᠦᠮᠡᠨ ᠲᠣᠨ ᠠᠴᠠ ᠳᠡᠭᠡᠭᠰᠢᠬᠢ ᠰᠠᠭᠤᠭᠠᠯᠢ ᠠᠷᠠᠳ ᠤᠨ ᠪᠤᠰᠤ ᠤᠰᠤ ᠬᠡᠷᠡᠭᠯᠡᠬᠦ ᠬᠥᠮᠦᠨ ᠨᠢ ᠤᠯᠤᠰ ᠤᠨ ᠬᠠᠮᠢᠶ᠎ᠠ | ᠪᠦᠬᠦᠢ ᠲᠣᠭᠲᠠᠭᠠᠯ ᠶᠣᠰᠣᠭᠠᠷ ᠬᠤᠭᠤᠴᠠᠭ᠎ᠠ ᠲᠣᠭᠲᠠᠭᠠᠨ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ | ᠪᠣᠯᠭᠠᠨ ᠪᠦᠲᠦᠭᠡᠨ ᠪᠠᠶᠢᠭᠤᠯᠵᠤ᠂ ᠤᠰᠤ ᠠᠷᠪᠢᠯᠠᠬᠤ ᠲᠥᠯᠥᠪᠯᠡᠭᠡ ᠲᠣᠭᠲᠠᠭᠠᠨ᠂ ᠤᠰᠤ ᠠᠷᠪᠢᠯᠠᠬᠤ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ | ᠬᠤᠷᠢᠨ ᠳᠥᠷᠪᠡᠳᠦᠭᠡᠷ ᠵᠦᠢᠯ ᠠᠵᠤ ᠦᠢᠯᠡᠳᠪᠦᠷᠢ ᠶᠢᠨ ᠠᠵᠤ ᠠᠬᠤᠶᠢᠯᠠᠯ ᠳᠣᠲᠣᠭᠠᠳᠤ ᠳᠠᠭᠠᠨ ᠤᠰᠤ | ᠬᠡᠷᠡᠭᠯᠡᠬᠦ ᠬᠠᠮᠢᠶᠠᠷᠤᠯᠲᠠ ᠪᠠᠨ ᠴᠢᠩᠭᠠᠳᠬᠠᠵᠤ᠂ ᠤᠰᠤ ᠠᠷᠪᠢᠯᠠᠬᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ᠂ | ᠴᠢᠨᠠᠷ ᠬᠤᠪᠢᠶᠠᠨ ᠤᠰᠤ ᠬᠠᠩᠭᠠᠬᠤ᠂ ᠥᠨᠳᠥᠷ ᠦᠷ᠎ᠡ ᠪᠦᠲᠦᠮᠵᠢᠲᠡᠶ ᠪᠠᠷ ᠬᠥᠷᠥᠭᠡᠬᠦ ᠪᠠ ᠤᠬᠢᠶᠠᠬᠤ᠂ ᠤᠰᠤ ᠶᠢ | ᠡᠷᠭᠢᠯᠳᠦᠭᠦᠯᠦᠨ ᠬᠡᠷᠡᠭᠯᠡᠬᠦ᠂ ᠬᠠᠶᠠᠭᠳᠠᠮᠠᠯ ᠤᠰᠤ ᠶᠢ ᠰᠢᠢᠳᠪᠦᠷᠢᠯᠡᠵᠦ ᠡᠭᠡᠭᠦᠯᠦᠨ ᠬᠡᠷᠡᠭᠯᠡᠬᠦ ᠵᠡᠷᠭᠡ ᠲᠡᠷᠢᠭᠦᠨ ᠤ᠂ | ᠬᠡᠷᠡᠭᠯᠡᠭᠡᠨ ᠤ ᠤᠰᠤ ᠠᠷᠪᠢᠯᠠᠬᠤ ᠮᠡᠷᠭᠡᠵᠢᠯ᠂ ᠤᠷᠠᠨ ᠳᠠᠷᠬ᠎ᠠ ᠪᠣᠯᠤᠨ ᠲᠥᠬᠦᠭᠡᠷᠦᠮᠵᠢ ᠶᠢ ᠬᠡᠷᠡᠭᠯᠡᠵᠦ᠂ ᠨᠢᠭᠡᠴᠢ | ᠦᠢᠯᠡᠳᠬᠦᠨ ︵ᠦᠢᠯᠡᠳᠬᠦᠨ ᠤ ᠥᠷᠲᠡᠭ︶ ᠤ ᠤᠰᠤ ᠬᠤᠷᠣᠭᠳᠠᠭᠤᠯᠬᠤ ᠬᠡᠮᠵᠢᠶ᠎ᠡ ᠶᠢ ᠪᠠᠭᠤᠷᠠᠭᠤᠯᠵᠤ᠂ ᠤᠰᠤᠨ ᠤ | ᠡᠬᠢ ᠪᠠᠶᠠᠯᠢᠭ ᠢ ᠳᠠᠬᠢᠨ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠬᠦ ᠬᠡᠷᠡᠭᠲᠡᠶ᠃ ᠤᠰᠤ ᠶᠡᠭᠡ ᠬᠤᠷᠣᠭᠳᠠᠭᠤᠯᠬᠤ | ᠰᠠᠭᠤᠭᠠᠯᠢ ᠠᠷᠠᠳ ᠤᠨ ᠪᠤᠰᠤ ᠤᠰᠤ ᠬᠡᠷᠡᠭᠯᠡᠬᠦ ᠬᠥᠮᠥᠨ ᠤ ᠤᠰᠤ ᠬᠡᠷᠡᠭᠯᠡᠬᠦ ᠬᠢᠷᠢ ᠬᠡᠮᠵᠢᠶ᠎ᠡ ᠨᠢ ᠤᠰᠤ ᠬᠡᠷᠡᠭᠯᠡᠬᠦ | ᠲᠣᠭᠲᠠᠭᠰᠠᠨ ᠲᠤᠭ᠎ᠠ ᠠᠴᠠ ᠬᠡᠲᠦᠷᠡᠭᠰᠡᠨ ᠪᠣᠯ᠂ ᠬᠤᠭᠤᠴᠠᠭ᠎ᠠ ᠲᠣᠭᠲᠠᠭᠠᠨ ᠤᠰᠤ ᠠᠷᠪᠢᠯᠠᠬᠤ ᠥᠭᠡᠷᠡᠴᠢᠯᠡᠯᠲᠡ | ᠬᠢᠬᠦ ᠬᠡᠷᠡᠭᠲᠡᠶ᠃ | ᠵᠢᠷᠭᠤᠳᠤᠭᠠᠷ ᠪᠦᠯᠦᠭ ᠳᠡᠭᠢᠯᠳᠡ ᠤᠰᠤ ᠶᠢ ᠠᠰᠢᠭᠯᠠᠬᠤ | ᠬᠤᠷᠢᠨ ᠲᠠᠪᠤᠳᠤᠭᠠᠷ ᠵᠦᠢᠯ ᠰᠠᠭᠤᠭᠠᠯᠢ ᠪᠤᠰᠤ ᠠᠷᠠᠳ ᠤᠨ ᠳᠠᠬᠢᠯᠲᠠ ᠤᠰᠤ ᠬᠡᠷᠡᠭᠯᠡᠬᠦ ᠶᠢ | ᠵᠣᠷᠢᠭᠵᠢᠭᠤᠯᠤᠨ᠎ᠠ᠃ ᠰᠠᠭᠤᠭᠠᠯᠢ ᠪᠤᠰᠤ ᠠᠷᠠᠳ ᠳᠠᠬᠢᠯᠲᠠ ᠤᠰᠤ ᠶᠢ ᠬᠡᠷᠡᠭᠯᠡᠪᠡᠯ ᠤᠰᠤᠨ ᠤ ᠡᠬᠢ ᠪᠠᠶᠠᠯᠢᠭ ᠤᠨ | ᠭᠠᠶᠢᠯᠢ ᠲᠤᠰᠢᠶᠠᠬᠤ ᠦᠭᠡᠶ᠂ ᠪᠣᠬᠢᠷ ᠤᠰᠤ ᠰᠢᠢᠳᠪᠦᠷᠢᠯᠡᠬᠦ ᠵᠠᠷᠤᠳᠠᠯ ᠢ ᠲᠦᠷ ᠲᠠᠲᠠᠪᠤᠷᠢᠯᠠᠬᠤ ᠦᠭᠡᠶ᠂ | ᠬᠡᠮᠵᠢᠶ᠎ᠡ ᠠᠴᠠ ᠬᠡᠲᠦᠷᠡᠭᠦᠯᠦᠨ ᠦᠨ᠎ᠡ ᠥᠰᠬᠡᠬᠦ ᠲᠥᠯᠥᠪᠯᠡᠭᠡ ᠲᠠᠢ ᠤᠰᠤ ᠬᠡᠷᠡᠭᠯᠡᠬᠦ ᠳᠦᠷᠢᠮ ᠢ ᠬᠡᠷᠡᠭᠵᠢᠭᠦᠯᠬᠦ ᠦᠭᠡᠶ | ᠃ | ᠬᠤᠷᠢᠨ ᠵᠢᠷᠭᠤᠳᠤᠭᠠᠷ ᠵᠦᠢᠯ ᠰᠠᠭᠤᠭᠠᠯᠢ ᠪᠤᠰᠤ ᠠᠷᠠᠳ ᠳᠡᠭᠢᠯᠳᠡ ᠤᠰᠤ ᠶᠢ ᠠᠰᠢᠭᠯᠠᠬᠤ ᠨᠥᠬᠦᠴᠡᠯ ᠢ | ᠪᠦᠷᠢᠯᠳᠦᠭᠦᠯᠦᠭᠰᠡᠨ ᠪᠠᠶᠢᠪᠠᠯ᠂ ᠳᠡᠭᠢᠯᠳᠡ ᠤᠰᠤ ᠶᠢ ᠲᠠᠲᠠᠵᠤ ᠬᠡᠷᠡᠭᠯᠡᠬᠦ ᠬᠡᠮᠵᠢᠶ᠎ᠡ ᠶᠢ ᠤᠰᠤ ᠲᠠᠲᠠᠵᠤ ᠬᠡᠷᠡᠭᠯᠡᠬᠦ | ᠲᠥᠯᠥᠪᠯᠡᠭᠡ ᠪᠠ ᠤᠰᠤ ᠬᠤᠪᠢᠶᠠᠬᠤ ᠭᠦᠢᠴᠡᠳᠬᠡᠯ ᠲᠤᠭ᠎ᠠ ᠳᠤ ᠣᠷᠣᠭᠤᠯᠤᠨ᠎ᠠ᠃ ᠵᠦᠢ ᠶᠣᠰᠣᠨ ᠤ ᠰᠢᠯᠲᠠᠭᠠᠨ | ᠦᠭᠡᠶ ᠪᠠᠷ ᠳᠡᠭᠢᠯᠳᠡ ᠤᠰᠤ ᠶᠢ ᠬᠡᠷᠡᠭᠯᠡᠭᠰᠡᠨ ᠦᠭᠡᠶ ᠪᠣᠯ᠂ ᠤᠰᠤᠨ ᠤ ᠶᠠᠪᠤᠳᠠᠯ ᠤᠨ ᠰᠠᠯᠠᠭ᠎ᠠ ᠮᠥᠴᠢᠷ ᠠᠴᠠ | ᠲᠡᠭᠦᠨ ᠤ ᠤᠰᠤ ᠬᠡᠷᠡᠭᠯᠡᠬᠦ ᠭᠦᠢᠴᠡᠳᠬᠡᠬᠦ ᠲᠤᠭ᠎ᠠ ᠶᠢ ᠨᠢ ᠬᠠᠷᠭᠤᠭᠤᠯᠤᠨ ᠬᠠᠰᠤᠵᠤ᠂ ᠬᠢᠨᠠᠨ ᠵᠥᠪᠰᠢᠶᠡᠷᠡᠬᠦ | ᠪᠠᠶᠢᠭᠤᠯᠭ᠎ᠠ ᠠᠴᠠ ᠲᠡᠭᠦᠨ ᠤ ᠰᠢᠨ᠎ᠡ ᠪᠠᠷ ᠤᠰᠤ ᠠᠪᠬᠤ ᠵᠥᠪᠰᠢᠶᠡᠷᠡᠯ ᠢ ᠨᠢ ᠵᠥᠪᠰᠢᠶᠡᠷᠡᠵᠦ ᠪᠣᠯᠬᠤ ᠦᠭᠡᠶ᠃ | ᠬᠤᠷᠢᠨ ᠳᠣᠯᠣᠳᠤᠭᠠᠷ ᠵᠦᠢᠯ ᠳᠡᠭᠢᠯᠳᠡ ᠤᠰᠤᠨ ᠤ ᠤᠰᠤ ᠬᠠᠩᠭᠠᠬᠤ ᠣᠷᠣᠨ ᠤ ᠳᠣᠲᠣᠷ᠎ᠠ᠂ ᠳᠣᠤᠷᠠᠬᠢ | ᠮᠡᠲᠦ ᠤᠰᠤᠨ ᠤ ᠬᠡᠷᠡᠭᠯᠡᠯᠲᠡ ᠳᠤ ᠳᠡᠭᠢᠯᠳᠡ ᠤᠰᠤ ᠶᠢ ᠬᠡᠷᠡᠭᠯᠡᠬᠦ ᠬᠡᠷᠡᠭᠲᠡᠶ᠄ | ︵ᠨᠢᠭᠡ︶ ᠬᠠᠶᠢᠯᠤᠭᠤᠯᠬᠤ᠂ ᠴᠠᠬᠢᠯᠭᠠᠨ ᠭᠠᠷᠭᠠᠬᠤ᠂ ᠬᠥᠷᠥᠭᠡᠬᠦ᠂ ᠤᠬᠢᠶᠠᠬᠤ᠂ ᠲᠥᠪᠯᠡᠷᠡᠭᠦᠯᠦᠨ ᠢᠯᠴᠢ | ᠬᠠᠩᠭᠠᠬᠤ ᠵᠡᠷᠭᠡ ᠠᠵᠤ ᠦᠢᠯᠡᠳᠪᠦᠷᠢ ᠳᠤ ᠬᠡᠷᠡᠭᠯᠡᠬᠦ ᠤᠰᠤ︔ | ︵ᠬᠤᠶᠠᠷ︶ ᠦᠵᠡᠮᠵᠢ ᠶᠢᠨ ᠭᠤᠤᠯ ᠪᠠ ᠬᠢᠮᠡᠯ ᠨᠠᠭᠤᠷ᠂ ᠭᠤᠤᠯ ᠤᠨ ᠤᠰᠤ ᠨᠥᠬᠦᠪᠥᠷᠢᠯᠡᠬᠦ᠂ ᠣᠶ ᠰᠢᠭᠤᠶ | ᠨᠤᠲᠤᠭ ᠪᠡᠯᠴᠢᠭᠡᠷ ᠢ ᠪᠤᠶᠢᠵᠢᠭᠤᠯᠬᠤ᠂ ᠬᠤᠲᠠ ᠪᠠᠯᠭᠠᠰᠤ ᠶᠢᠨ ᠨᠣᠭᠤᠭᠠᠷᠠᠭᠤᠯᠤᠯᠲᠠ᠂ ᠨᠤᠭᠤ ᠭᠠᠵᠠᠷ ᠵᠡᠷᠭᠡ ᠠᠮᠢ | ᠠᠬᠤᠶ ᠶᠢᠨ ᠣᠷᠴᠢᠨ ᠲᠣᠭᠤᠷᠢᠨ ᠳᠤ ᠬᠡᠷᠡᠭᠯᠡᠬᠦ ᠤᠰᠤ︔ | ︵ᠭᠤᠷᠪᠠ︶ ᠵᠠᠮ ᠳᠡᠭᠡᠷ᠎ᠡ ᠰᠦᠷᠴᠢᠬᠦ᠂ ᠲᠡᠷᠭᠡ ᠬᠥᠰᠬᠡ ᠶᠢ ᠤᠬᠢᠶᠠᠵᠤ ᠴᠡᠪᠡᠷᠯᠡᠬᠦ᠂ ᠪᠠᠷᠢᠯᠭ᠎ᠠ ᠪᠠᠷᠢᠬᠤ᠂ | ᠨᠡᠶᠢᠲᠡ ᠶᠢᠨ ᠵᠣᠷᠯᠣᠩ ᠢ ᠤᠬᠢᠶᠠᠬᠤ ᠪᠠ ᠬᠤᠲᠠ ᠶᠢᠨ ᠶᠠᠪᠤᠳᠠᠯ ᠤᠨ ᠪᠤᠰᠤᠳ ᠬᠡᠷᠡᠭᠯᠡᠬᠦ ᠤᠰᠤ︔ | ︵ᠲᠦᠷᠪᠡ︶ ᠪᠤᠰᠤᠳ ᠳᠠᠬᠢᠯᠲᠠ ᠤᠰᠤ ᠶᠢ ᠬᠡᠷᠡᠭᠯᠡᠬᠦ ᠳᠤ ᠲᠤᠬᠢᠷᠠᠮᠵᠢᠲᠠᠶ᠃ | ᠳᠣᠯᠣᠳᠤᠭᠠᠷ ᠪᠦᠯᠦᠭ ᠬᠢᠨᠠᠯᠲᠠ ᠪᠠᠲᠤᠯᠠᠭ᠎ᠠ | ᠬᠤᠷᠢᠨ ᠨᠠᠢᠮᠠᠳᠤᠭᠠᠷ ᠵᠦᠢᠯ ᠰᠠᠭᠤᠭᠠᠯᠢ ᠪᠤᠰᠤ ᠠᠷᠠᠳ ᠲᠤᠰ ᠠᠷᠭ᠎ᠠ ᠶᠢᠨ ᠲᠣᠭᠲᠠᠭᠠᠯ ᠠᠴᠠ ᠭᠠᠳᠠᠭᠤᠷ | ᠬᠠᠤᠯᠢ ᠶᠢ ᠵᠥᠷᠢᠴᠡᠨ ᠤᠰᠤ ᠲᠠᠲᠠᠵᠤ ᠬᠡᠷᠡᠭᠯᠡᠭᠰᠡᠨ ᠪᠠᠶᠢᠪᠠᠯ᠂ ︽ᠬᠥᠬᠡᠬᠤᠲᠠ ᠶᠢᠨ ᠤᠰᠤ ᠶᠢ ᠠᠷᠪᠢᠯᠠᠵᠤ ᠬᠡᠷᠡᠭᠯᠡᠬᠦ | ᠬᠠᠮᠢᠶᠠᠷᠤᠯᠲᠠ ᠶᠢᠨ ᠳᠦᠷᠢᠮ︾᠂ ︽ᠬᠥᠬᠡᠬᠤᠲᠠ ᠶᠢᠨ ᠳᠠᠬᠢᠯᠲᠠ ᠤᠰᠤ ᠶᠢ ᠠᠰᠢᠭᠯᠠᠬᠤ ᠬᠠᠮᠢᠶᠠᠷᠤᠯᠲᠠ ᠶᠢᠨ | ᠳᠦᠷᠢᠮ︾᠂ ︽ᠬᠥᠬᠡᠬᠤᠲᠠ ᠶᠢᠨ ᠬᠤᠲᠠ ᠶᠢᠨ ᠤᠰᠤ ᠬᠠᠩᠭᠠᠵᠤ ᠤᠰᠤ ᠬᠡᠷᠡᠭᠯᠡᠬᠦ ᠳᠦᠷᠢᠮ︾ ᠵᠡᠷᠭᠡ ᠬᠠᠤᠯᠢ | ᠲᠣᠭᠲᠠᠭᠠᠯ ᠶᠣᠰᠣᠭᠠᠷ ᠰᠢᠢᠳᠬᠡᠨ᠎ᠡ︔ ᠪᠤᠰᠤᠳ ᠲᠤ ᠬᠠᠷᠰᠢ ᠰᠠᠭᠠᠳ ᠤᠴᠠᠷᠠᠭᠤᠯᠤᠭᠰᠠᠨ ᠪᠤᠶᠤ ᠬᠤᠬᠢᠷᠠᠯ | ᠤᠴᠠᠷᠠᠭᠤᠯᠤᠭᠰᠠᠨ ᠪᠠᠶᠢᠪᠠᠯ᠂ ᠬᠠᠷᠰᠢ ᠰᠠᠭᠠᠳ ᠢ ᠠᠷᠢᠯᠭᠠᠵᠤ᠂ ᠬᠤᠬᠢᠷᠠᠯ ᠢ ᠲᠦᠯᠦᠬᠦ ᠬᠡᠷᠡᠭᠲᠡᠢ᠃ | ᠬᠤᠷᠢ ᠶᠢᠰᠦᠳᠦᠭᠡᠷ ᠵᠦᠢᠯ ᠤᠰᠤ ᠲᠠᠲᠠᠬᠤ ᠶᠢ ᠵᠥᠪᠰᠢᠶᠡᠷᠡᠬᠦ ᠬᠠᠮᠢᠶᠠᠷᠤᠯᠲᠠ ᠳᠤ ᠣᠷᠣᠭᠤᠯᠤᠭᠰᠠᠨ | ᠰᠠᠭᠤᠭᠠᠯᠢ ᠠᠷᠠᠳ ᠤᠨ ᠪᠤᠰᠤ ᠤᠰᠤ ᠬᠡᠷᠡᠭᠯᠡᠬᠦ ᠬᠥᠮᠦᠨ ᠤ ᠤᠰᠤ ᠬᠡᠷᠡᠭᠯᠡᠬᠦ ᠭᠦᠢᠴᠡᠳᠬᠡᠯ ᠲᠤᠭ᠎ᠠ ᠳᠠᠬᠢ ᠤᠰᠤᠨ ᠤ | ᠰᠤᠷᠪᠤᠯᠵᠢ ᠶᠢᠨ ᠲᠥᠷᠥᠯ ᠬᠡᠯᠪᠡᠷᠢ᠂ ᠬᠡᠷᠡᠭᠴᠡᠭᠡ ᠨᠢ ᠤᠰᠤ ᠲᠠᠲᠠᠬᠤ ᠵᠥᠪᠰᠢᠶᠡᠷᠡᠯ ᠤᠨ ᠦᠨᠡᠮᠯᠡᠯ ᠳᠤ | ᠲᠣᠳᠣᠷᠬᠠᠶᠢᠯᠠᠭᠰᠠᠨ ᠤᠰᠤᠨ ᠤ ᠰᠤᠷᠪᠤᠯᠵᠢ ᠶᠢᠨ ᠲᠥᠷᠥᠯ ᠬᠡᠯᠪᠡᠷᠢ᠂ ᠤᠰᠤ ᠲᠠᠲᠠᠬᠤ ᠬᠡᠷᠡᠭᠴᠡᠭᠡ ᠯᠦᠭᠡ | ᠨᠢᠭᠡᠳᠦᠯᠲᠡᠶ ᠪᠠᠶᠢᠵᠤ᠂ ᠤᠰᠤ ᠬᠡᠷᠡᠭᠯᠡᠬᠦ ᠭᠦᠢᠴᠡᠳᠬᠡᠯ ᠲᠤᠭ᠎ᠠ ᠶᠢ ᠤᠰᠤ ᠲᠠᠲᠠᠬᠤ ᠵᠥᠪᠰᠢᠶᠡᠷᠡᠯ ᠤᠨ ᠤᠰᠤᠨ ᠤ | ᠬᠡᠮᠵᠢᠶ᠎ᠡ ᠠᠴᠠ ᠬᠡᠲᠦᠷᠡᠭᠦᠯᠵᠦ ᠪᠣᠯᠬᠤ ᠦᠭᠡᠶ᠃ | ᠭᠤᠴᠢᠳᠤᠭᠠᠷ ᠵᠦᠢᠯ ᠰᠠᠭᠤᠭᠠᠯᠢ ᠠᠷᠠᠳ ᠤᠨ ᠪᠤᠰᠤ ᠤᠰᠤ ᠬᠡᠷᠡᠭᠯᠡᠬᠦ ᠬᠥᠮᠥᠨ ᠤᠰᠤᠨ ᠤ ᠥᠰᠬᠡᠭᠰᠡᠨ | ᠦᠨ᠎ᠡ ᠪᠠᠷ ᠤᠰᠤᠨ ᠤ ᠰᠦᠢᠳᠬᠡᠯ ᠢ ᠲᠣᠭᠲᠠᠭᠰᠠᠨ ᠬᠤᠭᠤᠴᠠᠭᠠᠨ ᠳᠤ ᠲᠤᠰᠢᠶᠠᠭᠰᠠᠨ ᠦᠭᠡᠶ ᠪᠣᠯ᠂ ᠣᠯᠠᠨ | ᠨᠡᠶᠢᠲᠡ ᠶᠢᠨ ᠤᠰᠤ ᠬᠠᠩᠭᠠᠬᠤ ᠠᠵᠤ ᠠᠬᠤᠶᠢᠯᠠᠯ ᠠᠴᠠ ᠬᠠᠤᠯᠢ ᠶᠣᠰᠣᠭᠠᠷ ᠰᠢᠮᠳᠠᠭᠤᠯᠤᠨ ᠲᠤᠰᠢᠶᠠᠯᠭᠠᠬᠤ ᠬᠡᠷᠡᠭᠲᠡᠶ | ︔ ᠣᠯᠠᠨ ᠤᠳᠠᠭ᠎ᠠ ᠰᠢᠮᠳᠠᠭᠤᠯᠤᠨ ᠲᠤᠰᠢᠶᠠᠯᠭᠠᠭᠰᠠᠨ ᠴᠤ ᠮᠥᠨ ᠲᠤᠰᠢᠶᠠᠬᠤ ᠦᠭᠡᠶ ᠪᠣᠯ᠂ ᠣᠯᠠᠨ ᠨᠡᠶᠢᠲᠡ ᠶᠢᠨ | ᠤᠰᠤ ᠬᠠᠩᠭᠠᠬᠤ ᠠᠵᠤ ᠠᠬᠤᠶᠢᠯᠠᠯ ᠠᠴᠠ ᠵᠠᠭᠠᠯᠳᠤᠬᠤ ᠵᠡᠷᠭᠡ ᠬᠠᠤᠯᠢ ᠴᠠᠭᠠᠵᠠ ᠶᠢᠨ ᠠᠷᠭ᠎ᠠ ᠪᠠᠷᠢᠯ ᠢᠶᠠᠷ | ᠳᠠᠮᠵᠢᠭᠤᠯᠤᠨ ᠲᠡᠳᠡᠨ ᠢ ᠵᠠᠷᠤᠳᠠᠯ ᠲᠤᠰᠢᠶᠠᠬᠤ ᠡᠭᠦᠷᠭᠡ ᠪᠠᠨ ᠭᠦᠢᠴᠡᠳᠬᠡᠬᠦ ᠶᠢ ᠱᠠᠭᠠᠷᠳᠠᠵᠤ ᠪᠣᠯᠤᠨ᠎ᠠ᠃ ᠤᠰᠤ | ᠲᠠᠲᠠᠬᠤ ᠶᠢ ᠵᠥᠪᠰᠢᠶᠡᠷᠡᠬᠦ ᠬᠠᠮᠢᠶᠠᠷᠤᠯᠲᠠ ᠳᠤ ᠣᠷᠣᠭᠤᠯᠤᠭᠰᠠᠨ ᠰᠠᠭᠤᠭᠠᠯᠢ ᠠᠷᠠᠳ ᠤᠨ ᠪᠤᠰᠤ ᠤᠰᠤ ᠬᠡᠷᠡᠭᠯᠡᠬᠦ | ᠬᠥᠮᠦᠨ ᠨᠢ ᠲᠥᠯᠥᠪᠯᠡᠭᠡ ᠠᠴᠠ ᠬᠡᠲᠦᠷᠡᠭᠰᠡᠨ᠂ ᠲᠣᠭᠲᠠᠭᠰᠠᠨ ᠨᠤᠷᠮ᠎ᠠ ᠠᠴᠠ ᠬᠡᠲᠦᠷᠡᠭᠰᠡᠨ ᠤᠰᠤᠨ ᠤ ᠡᠬᠢ | ᠪᠠᠶᠠᠯᠢᠭ ᠤᠨ ᠭᠠᠶᠢᠯᠢ ᠪᠠᠨ ᠴᠠᠭ ᠬᠤᠭᠤᠴᠠᠭᠠᠨ ᠳᠠᠭᠠᠨ ᠲᠤᠰᠢᠶᠠᠭᠰᠠᠨ ᠦᠭᠡᠶ ᠪᠣᠯ᠂ ᠭᠠᠶᠢᠯᠢ ᠶᠢᠨ ᠶᠠᠪᠤᠳᠠᠯ ᠤᠨ | ᠪᠠᠶᠢᠭᠤᠯᠭ᠎ᠠ ᠠᠴᠠ ᠬᠠᠤᠯᠢ ᠶᠣᠰᠣᠭᠠᠷ ᠨᠡᠬᠡᠮᠵᠢᠯᠡᠨ ᠲᠤᠰᠢᠶᠠᠯᠭᠠᠬᠤ ᠬᠡᠷᠡᠭᠲᠡᠶ᠃ | ᠨᠠᠢᠮᠠᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ | ᠭᠤᠴᠢᠨ ᠨᠢᠭᠡᠳᠦᠭᠡᠷ ᠵᠦᠢᠯ ᠲᠣᠰ ᠠᠷᠭ᠎ᠠ ᠶᠢ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠠᠴᠠ | ᠬᠤᠲᠠ ᠶᠢᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ | ᠬᠥᠬᠡᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠲᠠᠢ ᠬᠠᠮᠲᠤᠷᠠᠨ ᠬᠠᠷᠢᠭᠤᠴᠠᠨ ᠲᠠᠶᠢᠯᠪᠤᠷᠢᠯᠠᠨ᠎ᠠ᠃ | ᠭᠤᠴᠢᠨ ᠬᠤᠶᠠᠳᠤᠭᠠᠷ ᠵᠦᠢᠯ ᠲᠤᠰ ᠠᠷᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠂ ᠡᠭᠦᠨ ᠠᠴᠠ ᠡᠮᠦᠨᠡᠬᠢ ᠬᠤᠯᠪᠣᠭᠳᠠᠯ ᠪᠦᠬᠦᠢ ᠲᠣᠭᠲᠠᠭᠠᠯ ᠨᠢ ᠲᠤᠰ ᠠᠷᠭ᠎ᠠ ᠯᠤᠭ᠎ᠠ ᠨᠢᠭᠡᠳᠦᠯ | ᠦᠭᠡᠢ ᠪᠠᠶᠢᠪᠠᠯ᠂ ᠲᠤᠰ ᠠᠷᠭ᠎ᠠ ᠶᠢᠨ ᠶᠣᠰᠣᠭᠠᠷ ᠬᠡᠷᠡᠭᠵᠢᠭᠦᠯᠦᠨ᠎ᠡ᠃ | | |