ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ | ᠣᠶᠢᠷ᠎ᠠ ᠳᠤ ᠪᠦᠭᠦ ᠣᠷᠣᠨ ᠤ 12 ᠠᠶᠢᠮᠠᠭ ᠬᠤᠲᠠ ᠶᠢᠨ 87 ᠬᠤᠰᠢᠭᠤ ᠰᠢᠶᠠᠨ ᠳᠤ ᠨᠡᠶᠢᠳᠡᠮ ᠪᠣᠷᠣᠭᠠᠨ | ᠣᠷᠣᠵᠤ᠂ 8 ᠰᠠᠷ᠎ᠠ ᠶᠢᠨ 10 ᠤ 18 ᠴᠠᠭ ᠪᠤᠯᠲᠠᠯ᠎ᠠ ᠪᠦᠭᠦ ᠣᠷᠣᠨ ᠤ 528 ᠬᠡᠰᠡᠭ ᠭᠤᠣᠯ ᠱᠤᠭᠤᠮ ᠤᠨ | ᠵᠠᠰᠠᠮᠠᠯ ᠵᠠᠮ ᠦᠶᠡᠷ ᠤᠨ ᠤᠰᠤᠨ ᠳᠤ ᠡᠪᠳᠡᠭᠳᠡᠵᠦ᠂ ᠣᠳᠣᠬᠠᠨ ᠳᠤ ᠤᠯᠠᠭᠠᠨᠴᠠᠪ ᠬᠤᠲᠠ ᠶᠢᠨ ᠬᠠᠷᠢᠶᠠᠨ | ᠳᠣᠲᠣᠷᠠᠬᠢ 102 ᠮᠤᠵᠢ ᠶᠢᠨ ᠵᠠᠮ ᠪᠠ 314 ᠮᠤᠵᠢ ᠶᠢᠨ ᠵᠠᠮ ᠢ ᠵᠠᠪᠳᠤᠨ ᠨᠠᠪᠲᠠᠷᠡᠭᠦᠯᠵᠦ ᠪᠠᠶᠢᠬᠤ ᠶᠢ | ᠭᠠᠷᠭᠠᠪᠠᠯ ᠪᠤᠰᠤᠳ 526 ᠬᠡᠰᠡᠭ ᠡᠪᠳᠡᠭᠳᠡᠭᠰᠡᠨ ᠵᠠᠰᠠᠮᠠᠯ ᠵᠠᠮ ᠢ ᠪᠦᠭᠦᠨ ᠢ ᠵᠠᠰᠠᠨ ᠨᠡᠪᠲᠡᠷᠡᠭᠦᠯᠪᠡ᠃ | ︽ᠪᠦᠭᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠤᠨ ᠬᠢᠨ ᠵᠠᠰᠠᠮᠠᠯ ᠵᠠᠮ ᠤᠨ | ᠲᠣᠭᠤᠷᠢᠨ ᠪᠠᠶᠢᠴᠠᠭᠠᠯᠲᠠ ᠪᠠᠨ ᠴᠢᠩᠭᠠᠳᠬᠠᠵᠤ᠂ ᠲᠦᠷ ᠴᠠᠭ ᠤᠨ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠶᠢ | ᠬᠡᠷᠡᠭᠵᠢᠭᠦᠯᠵᠦ ᠪᠠᠶᠢᠭ᠎ᠠ ᠵᠠᠮ ᠤᠨ ᠬᠡᠰᠡᠭ ᠢ 24 ᠴᠠᠭ ᠢᠶᠠᠷ ᠵᠢᠵᠢᠭᠦᠷᠯᠡᠨ ᠰᠠᠬᠢᠬᠤ ᠶᠢᠨ ᠬᠠᠮᠲᠤ ᠪᠠᠴᠢᠮ ᠪᠠᠶᠢᠳᠠᠯ ᠢ | ᠠᠷᠭᠠᠴᠠᠵᠤ ᠠᠶᠤᠯ ᠠᠴᠠ ᠠᠪᠤᠷᠠᠬᠤ ᠪᠡᠯᠡᠳᠬᠡᠯ ᠲᠥᠰᠥᠯ ᠢ ᠡᠬᠢᠯᠡᠭᠦᠯᠵᠦ᠂ ︿ᠤᠷᠢᠳ ᠢᠶᠠᠷ ᠨᠠᠪᠲᠠᠷᠡᠭᠦᠯᠵᠦ᠂ ᠳᠠᠷᠠᠭ᠎ᠠ | ᠨᠢ ᠵᠠᠰᠠᠨ ᠰᠡᠷᠭᠦᠭᠡᠬᠦ﹀ ᠠᠶᠤᠯ ᠠᠴᠠ ᠠᠪᠤᠷᠠᠬᠤ ᠵᠠᠷᠴᠢᠮ ᠶᠣᠰᠣᠭᠠᠷ ᠡᠪᠳᠡᠭᠳᠡᠭᠰᠡᠨ ᠵᠠᠰᠠᠮᠠᠯ ᠵᠠᠮ ᠢ ᠴᠠᠭ ᠲᠤᠬᠠᠢ | ᠳᠤᠨᠢ ᠨᠡᠪᠲᠡᠷᠡᠭᠦᠯᠬᠦ ᠶᠢ ᠦᠨᠡᠨ ᠬᠦ ᠪᠠᠲᠤᠯᠠᠵᠤ ᠪᠠᠶᠢᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠡᠯᠡᠨ᠎ᠡ᠃ | ᠦᠶᠡᠷ ᠤᠨ ᠬᠤᠭᠤᠴᠠᠭᠠᠨ ᠳᠤ ᠣᠷᠣᠭᠰᠠᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠤᠨ ᠬᠢᠨ ᠢᠳᠡᠪᠬᠢᠲᠡᠢ ᠪᠠᠷ ᠲᠣᠬᠢᠷᠠᠭᠤᠯᠤᠨ ᠪᠠᠶᠢᠷᠢᠯᠠᠭᠤᠯᠵᠤ᠂ | ᠬᠠᠮᠢᠶ᠎ᠠ ᠪᠦᠬᠦᠢ ᠬᠠᠮᠢᠶᠠᠷᠤᠯᠲᠠ ᠶᠢᠨ ᠨᠢᠭᠡᠴᠢ ᠯᠦᠭᠡ︽ᠭᠤᠷᠪᠠ ᠶᠢ ᠬᠠᠮᠢᠶᠠᠷᠬᠤ ᠭᠤᠷᠪᠠ ᠶᠢ ᠠᠷᠭᠠᠴᠠᠬᠤ ᠭᠤᠷᠪᠠ ᠶᠢ | ᠨᠠᠶᠢᠳᠠᠪᠤᠷᠢᠵᠢᠭᠤᠯᠬᠤ︾ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ᠂ ᠴᠠᠭ ᠠᠭᠤᠷ ᠵᠡᠷᠭᠡ ᠰᠠᠯᠠᠭ᠎ᠠ ᠮᠥᠴᠢᠷ | ᠯᠦᠭᠡ ᠬᠤᠯᠪᠤᠭᠠᠯᠠᠨ ᠬᠥᠳᠡᠯᠦᠯᠴᠡᠬᠦ ᠪᠠᠨ ᠴᠢᠩᠭᠠᠳᠬᠠᠨ᠂ ᠰᠡᠷᠡᠮᠵᠢᠯᠡᠭᠦᠯᠭᠦ ᠮᠡᠳᠡᠭᠡ᠂ ᠵᠠᠰᠠᠮᠠᠯ ᠵᠠᠮ ᠤᠨ ᠴᠠᠭ ᠠᠭᠤᠷ | ᠤᠨ ᠪᠠᠶᠢᠳᠠᠯ ᠤᠨ ᠤᠷᠢᠳᠴᠢᠯᠠᠭᠰᠠᠨ ᠮᠡᠳᠡᠭᠡ ᠵᠡᠷᠭᠡ ᠶᠢ ᠴᠠᠭ ᠲᠤᠬᠠᠢ ᠳᠤᠨᠢ ᠨᠡᠶᠢᠲᠡᠯᠡᠬᠦ ᠶᠢᠨ ᠬᠠᠮᠲᠤ ᠲᠣᠭᠤᠷᠢᠨ | ᠪᠠᠶᠢᠴᠠᠭᠠᠬᠤ ᠳᠠᠪᠲᠠᠮᠵᠢ ᠤᠳᠠᠭ᠎ᠠ ᠪᠠᠨ ᠨᠡᠮᠡᠭᠳᠡᠭᠦᠯᠵᠦ᠂ 24 ᠴᠠᠭ ᠢᠶᠠᠷ ᠵᠢᠵᠢᠭᠦᠷᠯᠡᠨ ᠰᠠᠬᠢᠬᠤ ᠶᠢ ᠴᠢᠩᠭ᠎ᠠ | ᠨᠠᠶᠢᠳᠠᠪᠤᠷᠢᠵᠢᠭᠤᠯᠤᠨ᠂ ᠵᠠᠮ ᠬᠠᠷᠢᠯᠴᠠᠭᠠᠨ ᠤ ᠠᠮᠤᠷ ᠲᠦᠪᠰᠢᠨ ᠤ ᠭᠡᠮ ᠰᠣᠭᠤᠭ ᠢ ᠴᠠᠭ ᠲᠤᠬᠠᠢ ᠳᠤᠨᠢ ᠵᠢᠭᠰᠠᠭᠠᠨ | ᠪᠠᠶᠢᠴᠠᠭᠠᠵᠤ᠂ ᠵᠠᠮ ᠬᠠᠷᠢᠯᠴᠠᠭᠠᠨ ᠤ ᠠᠮᠤᠷ ᠲᠦᠪᠰᠢᠨ᠂ ᠰᠠᠭᠠᠳ ᠦᠭᠡᠢ ᠪᠥᠭᠡᠳ ᠡᠮᠬᠢ ᠵᠢᠷᠤᠮ ᠲᠠᠢ ᠨᠡᠪᠲᠡᠷᠡᠬᠦ ᠶᠢ | ᠦᠨᠡᠨ ᠬᠦ ᠪᠠᠲᠤᠯᠠᠵᠤ ᠪᠠᠶᠢᠨ᠎ᠠ᠃ | |