ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ 14 ᠳ᠋ᠦ᠋ᠭᠡᠷ ᠤᠳᠠᠭ᠎ᠠ ᠶᠢᠨ ᠬᠤᠷᠠᠯ ᠵᠢᠴᠢ 7 ᠳ᠋ᠤᠭᠠᠷ ᠤᠳᠠᠭ᠎ᠠ ᠶᠢᠨ ᠤᠨᠤᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/8/14
     8 ᠰᠠᠷ᠎ᠠ ᠶᠢᠨ 13 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠰᠢᠶᠠᠨ ᠤ ᠳᠠᠷᠤᠭ᠎ᠠ ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ 14 ᠳ᠋ᠦ᠋ᠭᠡᠷ ᠤᠳᠠᠭ᠎ᠠ ᠶᠢᠨ ᠬᠤᠷᠠᠯ ᠵᠢᠴᠢ 7 ᠳ᠋ᠤᠭᠠᠷ ᠤᠳᠠᠭ᠎ᠠ ᠶᠢᠨ ᠤᠨᠤᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠡᠰᠡᠭ ᠭᠤᠣᠯ ᠳᠤᠭᠤᠶᠢᠯᠠᠩ ᠤᠨ ᠪᠦᠷᠢᠯᠳᠦᠭᠦᠨ ᠨᠠᠷ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ ᠲᠤᠰ ᠪᠡᠶ᠎ᠡ ᠶᠢᠨ ᠠᠵᠢᠯ ᠤᠨ ᠬᠦᠷᠢᠶ᠎ᠡ ᠲᠠᠢ ᠪᠠᠨ ᠤᠶᠠᠯᠳᠤᠭᠤᠯᠤᠨ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃      ᠬᠤᠷᠠᠯ ᠠᠴᠠ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭᠠᠨ ᠤ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠪᠥᠬᠦᠳᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠠᠷᠢᠮᠵᠢᠶᠠᠯᠠᠨ ᠬᠠᠷᠭᠤᠭᠤᠯᠵᠤ᠂ ᠮᠠᠨ ᠤ ᠰᠢᠶᠠᠨ ᠤ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠥᠭᠡᠷᠡᠴᠢᠯᠡᠯᠲᠡ ᠶᠢ ᠠᠳᠬᠤᠬᠤ ᠬᠦᠴᠦᠯᠡᠬᠦ ᠴᠡᠭ ᠪᠠ ᠰᠢᠪᠲᠤᠯᠤᠯᠲᠠ ᠶᠢᠨ ᠴᠡᠭ ᠢ ᠣᠨᠣᠪᠴᠢᠲᠠᠶ ᠡᠷᠢᠨ ᠣᠯᠵᠤ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠪᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠰᠠᠶᠢᠲᠤᠷ ᠠᠳᠬᠤᠨ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠥᠬᠦ ᠲᠠᠯ᠎ᠠ ᠪᠠᠷ ᠰᠢᠯᠢᠳᠡᠭᠵᠢᠭᠦᠯᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ᠃ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠣᠷᠣᠨ ᠰᠠᠭᠤᠴᠠ᠂ ᠨᠡᠶᠢᠭᠡᠮ ᠤᠨ ᠪᠠᠲᠤᠯᠠᠭ᠎ᠠ᠂ ᠨᠠᠰᠤᠵᠢᠯ ᠤᠨ ᠠᠰᠠᠷᠠᠮᠵᠢ ᠵᠡᠷᠭᠡ ᠤᠯᠠᠨ ᠲᠦᠮᠡᠨ ᠤ ᠠᠩᠬᠠᠷᠴᠤ ᠬᠠᠯᠠᠮᠵᠢᠯᠠᠵᠤ ᠪᠠᠶᠢᠭ᠎ᠠ ᠬᠦᠷᠢᠶᠡᠨ ᠳᠠᠬᠢ ᠥᠭᠡᠷᠡᠴᠢᠯᠡᠯᠲᠡ ᠶᠢᠨ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠤᠯᠠᠨ ᠳᠤ ᠨᠡᠩ ᠡᠷᠬᠡ ᠲᠡᠭᠰᠢ ᠪᠠᠷ ᠬᠦᠷᠲᠡᠭᠡᠬᠦ ᠬᠡᠷᠡᠭᠲᠡᠢ ᠭᠡᠵᠦ ᠴᠢᠬᠤᠯᠠᠴᠢᠯᠠᠪᠠ᠃ ︵ᠰᠤᠷᠪᠤᠯᠵᠢᠯᠠᠭᠴᠢ᠄ ᠯᠢᠦᠢ ᠫᠢᠩ ᠫᠢᠩ  ᠵᠠᠩ ᠵᠠᠨ ᠹᠧᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号