ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 24 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/8/14
      8 ᠰᠠᠷ᠎ᠠ ᠶᠢᠨ 13 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 24 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠦᠴᠦᠸᠠᠨ ᠰᠢᠶᠠᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠬᠤᠯᠪᠣᠭᠳᠠᠯ ᠪᠦᠬᠦᠢ ᠠᠵᠢᠯ ᠢ ᠰᠤᠳᠤᠯᠵᠤ᠂ ᠭᠤᠣᠯ ︵ᠨᠠᠭᠤᠷ︶᠂ ᠤᠢ ᠰᠢᠭᠤᠢ ︵ᠨᠤᠲᠤᠭ ᠪᠡᠯᠴᠢᠭᠡᠷ︶ ᠶᠢᠨ ᠳᠠᠷᠤᠭ᠎ᠠ ᠶᠢᠨ ᠳᠦᠷᠢᠮ ᠤᠨ ᠠᠵᠢᠯ ᠤᠨ ᠠᠬᠢᠴᠠ ᠶᠢᠨ ᠪᠠᠶᠢᠳᠠᠯ ᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠪᠦᠬᠦ ᠰᠢᠶᠠᠨ ᠤ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠬᠥᠪᠴᠢ ᠪᠠᠨ ᠴᠠᠭ ᠢᠮᠠᠭᠲᠠ ᠴᠢᠩᠭᠠᠯᠠᠵᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠳᠤ ᠣᠷᠣᠰᠢᠵᠤ ᠪᠠᠶᠢᠭ᠎ᠠ ᠪᠠᠭᠤᠷᠠᠢ ᠭᠤᠭᠴᠤᠭ᠎ᠠ ᠪᠣᠯᠣᠨ ᠠᠶᠤᠯ ᠲᠦᠭᠰᠢᠭᠦᠷᠢ ᠶᠢᠨ ᠭᠡᠮ ᠰᠣᠭᠤᠭ ᠢ ᠴᠠᠭ ᠲᠤᠬᠠᠢ ᠳᠤᠨᠢ ᠵᠢᠭᠰᠠᠭᠠᠨ ᠪᠠᠶᠢᠴᠠᠭᠠᠵᠤ᠂ ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠬᠤ᠂ ᠠᠵᠢᠯ ᠤᠨ ᠬᠠᠷᠢᠭᠤᠴᠠᠯᠭ᠎ᠠ ᠪᠠᠨ ᠡᠭᠦᠷᠭᠡᠯᠡᠬᠦ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠡᠶᠡᠯᠡᠭᠦᠯᠵᠦ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠡᠷᠡᠭᠵᠢᠭᠦᠯᠵᠦ ᠪᠣᠯᠬᠤᠶᠢᠴᠠ ᠴᠢᠨᠠᠷ ᠢᠶᠠᠷ ᠴᠢᠩᠭ᠎ᠠ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠬᠦ ᠶᠢᠨ ᠬᠠᠮᠲᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠰᠣᠷᠢᠯᠲᠠ ᠶᠢ ᠢᠳᠡᠪᠬᠢᠲᠡᠢ ᠥᠷᠨᠢᠭᠦᠯᠵᠦ᠂ ᠲᠦᠭᠰᠢᠭᠦᠷᠢᠲᠦ ᠪᠠᠶᠢᠳᠠᠯ ᠭᠠᠷᠤᠮᠠᠭᠴᠠ ᠪᠠᠴᠢᠮ ᠪᠠᠶᠢᠳᠠᠯ ᠢ ᠠᠷᠭᠠᠴᠠᠬᠤ ᠶᠢ ᠲᠡᠷᠡ ᠳᠠᠷᠤᠢ ᠳᠤᠨᠢ ᠡᠬᠢᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠢ ᠶᠢ ᠲᠡᠩᠴᠡᠭᠦᠷᠢᠲᠡᠢ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠶᠢ ᠵᠠᠰᠠᠬᠤ ᠰᠡᠳᠬᠢᠴᠡ ᠶᠢ ᠪᠠᠷᠢᠮᠲᠠᠯᠠᠵᠤ᠂ ᠤᠰᠤᠨ ᠤ ᠡᠬᠢ ᠪᠠᠶᠠᠯᠢᠭ ᠢ ᠰᠠᠶᠢᠲᠤᠷ ᠬᠠᠮᠢᠶᠠᠷᠤᠨ ᠰᠠᠶᠢᠲᠤᠷ ᠬᠡᠷᠡᠭᠯᠡᠵᠦ᠂ ᠤᠰᠤᠨ ᠤ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠤᠰᠤᠨ ᠤ ᠠᠮᠢ ᠠᠬᠤᠢ ᠶᠢ ᠰᠢᠰᠲ᠋ᠧᠮ ᠲᠠᠢ ᠰᠡᠷᠭᠦᠭᠡᠵᠦ᠂ ᠤᠰᠤᠨ ᠤ ᠭᠠᠮᠰᠢᠭ ᠢ ᠯᠠᠪᠳᠠᠭᠤᠨ ᠪᠠᠲᠤᠲᠠᠢ ᠰᠡᠷᠭᠡᠶᠢᠯᠡᠵᠦ᠂ ᠭᠤᠣᠯ ︵ᠨᠠᠭᠤᠷ︶ ᠤᠨ ᠤᠰᠤᠨ ᠤ ᠰᠢᠰᠲ᠋ᠧᠮ ᠢ ᠵᠠᠰᠠᠬᠤ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠡᠯ᠎ᠡ ᠱᠠᠲᠤᠨ ᠤ ᠤᠢ ᠰᠢᠭᠤᠢ ᠶᠢᠨ ᠳᠠᠷᠤᠭ᠎ᠠ ᠶᠢᠨ ᠦᠢᠯᠡᠳᠦᠯ ᠢ ᠤᠯᠠᠮ ᠴᠢᠨᠠᠭᠰᠢᠳᠠ ᠪᠠᠳᠠᠷᠠᠭᠤᠯᠵᠤ᠂ ᠣᠶᠢᠵᠢᠭᠤᠯᠬᠤ ᠪᠠ ᠤᠢ ᠰᠢᠭᠤᠢ ᠶᠢ ᠬᠠᠮᠠᠭᠠᠯᠠᠬᠤ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠠᠮᠢ ᠠᠬᠤᠢ ᠶᠢᠨ ᠰᠠᠭᠤᠷᠢ ᠥᠩᠭᠡ ᠶᠢ ᠵᠤᠵᠠᠭᠠᠳᠬᠠᠵᠤ᠂ ᠠᠵᠤ ᠦᠢᠯᠡᠰ ᠢ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠬᠠᠮᠠᠭᠠᠯᠠᠯᠲᠠ ᠶᠢᠨ ᠤᠯᠠᠭᠠᠨ ᠱᠤᠭᠤᠮ ᠢ ᠴᠢᠩᠭ᠎ᠠ ᠰᠠᠬᠢᠬᠤ ᠬᠡᠷᠡᠭᠲᠡᠢ᠃ ᠵᠠᠰᠠᠯᠲᠠ ᠶᠢᠨ ᠰᠢᠰᠲ᠋ᠧᠮ ᠢ ᠤᠯᠠᠮ ᠴᠢᠨᠠᠭᠰᠢᠳᠠ ᠲᠡᠭᠦᠯᠳᠡᠷᠵᠢᠭᠦᠯᠵᠦ᠂ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ ᠳᠤᠮᠳᠠ ᠬᠦᠴᠦᠷᠬᠡᠭ ᠶᠡᠭᠡ ᠠᠵᠢᠯ ᠤᠨ ᠬᠠᠮᠲᠤᠷᠠᠯ ᠬᠦᠴᠦᠨ ᠢ ᠨᠢᠭᠲᠠᠷᠠᠭᠤᠯᠬᠤ ᠬᠡᠷᠡᠭᠲᠡᠢ᠃ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠡᠯ᠎ᠡ ᠱᠠᠲᠤᠨ ᠤ ᠭᠤᠣᠯ ︵ᠨᠠᠭᠤᠷ︶ ᠤᠨ ᠳᠠᠷᠤᠭ᠎ᠠ᠂ ᠤᠢ ᠰᠢᠭᠤᠢ ︵ᠨᠤᠲᠤᠭ ᠪᠡᠯᠴᠢᠭᠡᠷ︶ ᠶᠢᠨ ᠳᠠᠷᠤᠭ᠎ᠠ ᠨᠢᠭᠡᠳᠦᠭᠡᠷ ᠬᠠᠷᠢᠭᠤᠴᠠᠯᠭᠠᠲᠠᠨ ᠤ ᠤᠬᠠᠮᠰᠠᠷ ᠢᠶᠠᠨ ᠴᠢᠩᠭᠠᠳᠬᠠᠵᠤ᠂ ᠭᠤᠣᠯ ᠮᠥᠷᠡᠨ ᠤ ᠳᠠᠷᠤᠭ᠎ᠠ ᠶᠢᠨ ᠠᠯᠪᠠᠨ ᠭᠡᠷ᠂ ᠤᠢ ᠰᠢᠭᠤᠢ ᠶᠢᠨ ᠳᠠᠷᠤᠭ᠎ᠠ ᠶᠢᠨ ᠠᠯᠪᠠᠨ ᠭᠡᠷ ᠲᠦᠷᠦᠭᠦᠯᠡᠨ ᠶᠡᠷᠦᠩᠬᠡᠶᠢᠯᠡᠨ ᠠᠳᠬᠤᠬᠤ᠂ ᠡᠯ᠎ᠡ ᠲᠠᠯ᠎ᠠ ᠶᠢ ᠵᠣᠬᠢᠴᠠᠭᠤᠯᠬᠤ᠂ ᠠᠵᠢᠯ ᠢ ᠵᠢᠯᠤᠭᠤᠳᠬᠤ ᠵᠡᠷᠭᠡ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠡᠯ᠎ᠡ ᠪᠦᠷᠢᠯᠳᠦᠭᠦᠨ ᠨᠢᠭᠡᠴᠢ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠨᠢᠭᠲᠠ ᠬᠠᠮᠵᠢᠯᠴᠠᠵᠤ᠂ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ᠂ ᠰᠠᠯᠠᠭ᠎ᠠ ᠮᠥᠴᠢᠷ ᠬᠠᠮᠵᠢᠯᠴᠠᠬᠤ᠂ ᠡᠬᠢ ᠡᠭᠦᠰᠦᠯ ᠠᠴᠠ ᠨᠢ ᠵᠠᠰᠠᠬᠤ᠂ ᠪᠦᠬᠦ ᠲᠠᠯ᠎ᠠ ᠶᠢ ᠬᠠᠮᠤᠷᠤᠭᠰᠠᠨ ᠤᠢ ᠰᠢᠭᠤᠢ ᠡᠪᠡᠰᠦ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠨ ᠬᠥᠭᠵᠢᠭᠦᠯᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠬᠦᠴᠦᠯᠡᠨ ᠪᠠᠶᠢᠭᠤᠯᠬᠤ ᠬᠡᠷᠡᠭᠲᠡᠢ᠃ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠪᠠᠨ ᠴᠢᠩᠭᠠᠳᠬᠠᠵᠤ᠂ ︽ᠥᠴᠥᠬᠡᠨ ᠴᠦ ᠠᠭᠤᠴᠢᠯᠠᠬᠤ ᠦᠭᠡᠢ︾ ᠣᠪᠣᠷ ᠢᠶᠠᠷ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠪᠠᠶᠢᠴᠠᠭᠠᠬᠤ ᠪᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠵᠠᠰᠠᠯᠲᠠ ᠶᠢᠨ ᠦᠷ᠎ᠡ ᠪᠦᠲᠦᠮᠵᠢ ᠶᠢ ᠦᠨᠡᠨᠬᠦ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃ ︵ᠰᠤᠷᠪᠤᠯᠵᠢᠯᠠᠭᠴᠢ᠄ ᠯᠢᠦᠢ ᠫᠢᠩ ᠫᠢᠩ  ᠵᠠᠩ ᠵᠠᠨ ᠹᠧᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号