ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2024﹈ 23 ᠳ᠋ᠤᠭᠠᠷ ᠲᠣᠭᠠᠲᠤ | | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ | ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ᠄ | ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠲᠦᠭᠡ ︽ᠬᠥᠬᠡᠬᠤᠲᠠ ᠶᠢᠨ | ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠬᠠᠮᠢᠶᠠᠷᠤᠯᠲᠠ ᠶᠢᠨ ᠠᠷᠭ᠎ᠠ︾ ᠶᠢ ᠲᠠᠨᠠᠷ ᠲᠤ | ᠳᠠᠷᠤᠮᠠᠯᠯᠠᠨ ᠶᠠᠪᠤᠭᠤᠯᠤᠯ᠎ᠠ᠂ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2024 ᠣᠨ ᠤ 6 ᠳ᠋ᠤᠭᠠᠷ ᠰᠠᠷ᠎ᠠ ᠶᠢᠨ 21 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | | ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠬᠠᠮᠢᠶᠠᠷᠤᠯᠲᠠ ᠶᠢᠨ ᠠᠷᠭ᠎ᠠ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠶᠠᠰᠤ ᠴᠢᠨᠠᠷ ᠢᠶᠠᠷ ᠬᠤᠲᠠ ᠪᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢ | ᠠᠬᠢᠭᠤᠯᠵᠤ᠂ ᠵᠠᠰᠠᠭ ᠤᠨ ᠣᠷᠳᠣᠨ ᠤ ᠶᠠᠰᠤ ᠴᠢᠨᠠᠷ ᠤᠨ ᠬᠥᠭᠵᠢᠯᠲᠡ ᠶᠢ ᠬᠥᠲᠥᠯᠦᠨ ᠵᠢᠯᠣᠭᠤᠳᠬᠤ ᠳᠦᠷᠢᠮ ᠢ | ᠲᠡᠭᠦᠯᠳᠡᠷᠵᠢᠭᠦᠯᠦᠨ᠂ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠠᠵᠢᠯ ᠢ | ᠵᠢᠷᠤᠮᠵᠢᠭᠤᠯᠵᠤ᠂ ᠶᠠᠰᠤ ᠴᠢᠨᠠᠷ ᠤᠨ ᠲᠡᠷᠢᠭᠦᠨ ᠤ ᠬᠡᠪ ᠳᠠᠭᠤᠷᠢᠶᠠᠯ ᠢ ᠪᠣᠶ ᠪᠣᠯᠭᠠᠬᠤ ᠶᠢᠨ ᠲᠤᠰᠠᠳᠠ᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠢᠯᠡᠳᠬᠦᠨ ᠤ ᠶᠠᠰᠤ ᠴᠢᠨᠠᠷ ᠤᠨ ᠬᠠᠤᠯᠢ︾ ᠶᠢᠨ ᠬᠤᠯᠪᠣᠭᠳᠠᠯ | ᠪᠦᠬᠦᠢ ᠲᠣᠭᠲᠠᠭᠠᠯ ᠢ ᠦᠨᠳᠦᠰᠦᠯᠡᠨ᠂ ᠲᠣᠰ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠠᠷᠭ᠎ᠠ ᠶᠢ | ᠲᠣᠭᠲᠠᠭᠠᠪᠠ᠃ | ᠬᠤᠶᠠᠳᠤᠭᠠᠷ ᠵᠦᠢᠯ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠮᠡᠳᠡᠭᠦᠯᠬᠦ᠂ ᠬᠦᠯᠢᠶᠡᠨ | ᠠᠪᠴᠤ ᠰᠢᠢᠳᠪᠦᠷᠢᠯᠡᠬᠦ᠂ ᠬᠢᠨᠠᠨ ᠲᠣᠭᠲᠠᠭᠠᠬᠤ᠂ ᠬᠥᠬᠢᠭᠦᠯᠦᠨ ᠰᠠᠶᠢᠰᠢᠶᠠᠬᠤ ᠪᠠ ᠬᠢᠨᠠᠯᠲᠠ ᠲᠠᠯᠪᠢᠬᠤ ᠳᠤ ᠲᠤᠰ | ᠠᠷᠭ᠎ᠠ ᠶᠢ ᠬᠡᠷᠡᠭᠯᠡᠨ᠎ᠡ᠃ | ᠬᠤᠲᠠ ᠶᠢᠨ ᠠᠷᠠᠳ ᠤᠨ ᠵᠠᠰᠠᠭ ᠤᠨ ᠣᠷᠳᠣᠨ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ | ᠪᠠᠶᠢᠭᠤᠯᠵᠤ᠂ ᠭᠤᠤᠯᠳᠠᠭᠤ ᠥᠷᠭᠡᠨ ᠳᠡᠯᠭᠡᠷ ᠨᠡᠶᠢᠭᠡᠮ ᠤᠨ ᠠᠯᠳᠠᠷᠰᠢᠯ ᠪᠠ ᠨᠥᠯᠥᠭᠡᠯᠡᠬᠦ ᠬᠦᠴᠦᠨ ᠲᠠᠢ᠂ ᠠᠵᠢᠯ | ᠲᠥᠷᠥᠯ ᠤᠨ ᠳᠣᠲᠣᠷᠠᠬᠢ ᠶᠠᠰᠤ ᠴᠢᠨᠠᠷ ᠪᠠ ᠨᠠᠷᠠᠲᠤ ᠲᠥᠷᠥᠯ ᠲᠡᠮᠳᠡᠭᠲᠦ ᠶᠢ ᠳᠡᠭᠡᠭᠰᠢᠯᠡᠭᠦᠯᠬᠦ ᠲᠠᠯ᠎ᠠ ᠪᠠᠷ ᠲᠣᠪᠤᠶᠢᠮ᠎ᠠ | ᠠᠮᠵᠢᠯᠲᠠ ᠪᠦᠲᠦᠮᠵᠢ ᠣᠯᠵᠤ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠭᠠᠷᠮᠠᠭᠠᠶ ᠬᠤᠪᠢ | ᠨᠡᠮᠡᠷᠢ ᠦᠵᠡᠭᠦᠯᠵᠦ᠂ ᠠᠳᠠᠯᠢ ᠠᠵᠢᠯ ᠲᠥᠷᠥᠯ ᠤᠨ ᠳᠤᠮᠳᠠ ᠲᠡᠷᠢᠭᠦᠨ ᠤ ᠪᠠᠶᠢᠷᠢ ᠰᠠᠭᠤᠷᠢ ᠳᠤ ᠲᠤᠳᠤᠷᠠᠨ᠂ | ᠢᠯᠡᠳᠲᠡ ᠶᠠᠰᠤ ᠴᠢᠨᠠᠷ ᠦᠷ᠎ᠡ ᠠᠰᠢᠭ ᠣᠯᠤᠭᠰᠠᠨ ᠵᠣᠬᠢᠶᠠᠨ ᠪᠠᠶᠢᠭᠤᠯᠤᠯᠲᠠ ᠳᠤ ᠣᠯᠭᠤᠨ᠎ᠠ᠃ | ᠭᠤᠷᠪᠠᠳᠤᠭᠠᠷ ᠵᠦᠢᠯ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠳᠤ ︽ | ᠰᠠᠶᠢᠨ ᠤ ᠳᠣᠲᠣᠷ᠎ᠠ ᠠᠴᠠ ᠰᠢᠯᠢᠳᠡᠭ ᠢ ᠨᠢ ᠰᠣᠩᠭᠤᠵᠤ᠂ ᠬᠡᠪ ᠳᠠᠭᠤᠷᠢᠶᠠᠯ ᠪᠣᠯᠭᠠᠬᠤ︾ ᠪᠠᠷ ᠵᠣᠷᠢᠯᠲᠠ ᠪᠣᠯᠭᠠᠵᠤ᠂ | ᠰᠢᠨᠵᠢᠯᠡᠬᠦ ᠤᠬᠠᠭᠠᠨᠴᠢ᠂ ᠲᠥᠪ ᠭᠤᠤᠯᠴᠢ᠂ ᠡᠷᠬᠡ ᠲᠡᠭᠰᠢ᠂ ᠢᠯᠡ ᠲᠣᠳᠣ ᠪᠠᠶᠢᠬᠤ ᠵᠠᠷᠴᠢᠮ ᠢ ᠵᠢᠷᠤᠮᠯᠠᠨ᠎ᠠ᠃ | ᠵᠣᠬᠢᠶᠠᠨ ᠪᠠᠶᠢᠭᠤᠯᠤᠯᠲᠠ ᠰᠠᠶᠢᠨ ᠳᠤᠷ᠎ᠠ ᠠᠴᠠ ᠪᠠᠨ ᠭᠤᠶᠤᠴᠢᠯᠠᠭᠰᠠᠨ ᠰᠠᠭᠤᠷᠢᠨ ᠳᠡᠭᠡᠷ᠎ᠡ᠂ ᠬᠢᠨᠠᠨ ᠲᠣᠭᠲᠠᠭᠠᠬᠤ | ᠪᠠᠷᠢᠮᠵᠢᠶ᠎ᠠ ᠪᠣᠯᠤᠨ ᠳᠡᠰ ᠳᠠᠷᠠᠭᠠᠯᠠᠯ ᠢ ᠴᠢᠩᠭ᠎ᠠ ᠵᠢᠷᠤᠮᠯᠠᠨ ᠥᠷᠨᠢᠭᠦᠯᠦᠨ᠎ᠡ᠃ | ᠳᠥᠷᠪᠡᠳᠦᠭᠡᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠵᠣᠬᠢᠶᠠᠨ ᠪᠠᠶᠢᠭᠤᠯᠤᠯᠲᠠ ᠭᠡᠳᠡᠭ ᠨᠢ ᠲᠣᠰ | ᠬᠤᠲᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠪᠦᠷᠢᠳᠬᠡᠵᠦ᠂ ᠳᠠᠩᠰᠠᠯᠠᠭᠤᠯᠤᠭᠰᠠᠨ ᠡᠯ᠎ᠡ ᠲᠥᠷᠥᠯ ᠤᠨ | ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ | ᠵᠡᠷᠭᠡ ᠶᠢ ᠵᠢᠭᠠᠵᠤ ᠪᠠᠶᠢᠨ᠎ᠠ᠃ | ᠲᠠᠪᠤᠳᠤᠭᠠᠷ ᠵᠦᠢᠯ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠳᠤ ᠬᠤᠲᠠ ᠶᠢᠨ ᠳᠠᠷᠤᠭ᠎ᠠ ᠶᠢᠨ | ᠶᠠᠰᠤ ᠴᠢᠨᠠᠷ ᠤᠨ ᠱᠠᠩᠨᠠᠯ ᠪᠠ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠨᠡᠷ᠎ᠡ ᠳᠤᠷᠠᠳᠤᠭᠰᠠᠨ | ᠱᠠᠩᠨᠠᠯ ᠭᠡᠬᠦ ᠬᠤᠶᠠᠷ ᠱᠠᠩᠨᠠᠯ ᠲᠣᠬᠢᠷᠠᠭᠤᠯᠵᠤ᠂ ᠦᠨᠡᠯᠡᠨ ᠲᠣᠭᠲᠠᠭᠠᠬᠤ ᠦᠶᠡᠯᠡᠯ ᠤᠨ ᠬᠤᠭᠤᠴᠠᠭ᠎ᠠ ᠨᠢ 2 ᠵᠢᠯ | ᠪᠣᠯᠤᠨ᠎ᠠ᠃ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠣᠯᠬᠤ ᠵᠣᠬᠢᠶᠠᠨ ᠪᠠᠢᠭᠤᠯᠤᠯᠲᠠ ᠶᠢ | ᠬᠤᠭᠤᠴᠠᠭ᠎ᠠ ᠪᠦᠷᠢ 5 ᠠᠴᠠ ᠬᠡᠲᠦᠷᠡᠭᠦᠯᠬᠦ ᠦᠭᠡᠢ᠃ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ | ᠨᠡᠷ᠎ᠡ ᠳᠤᠷᠠᠳᠤᠭᠰᠠᠨ ᠱᠠᠩᠨᠠᠯ ᠢ ᠣᠯᠬᠤ ᠵᠣᠬᠢᠶᠠᠨ ᠪᠠᠶᠢᠭᠤᠯᠤᠯᠲᠠ ᠶᠢ ᠬᠤᠭᠤᠴᠠᠭ᠎ᠠ ᠪᠦᠷᠢ 8 ᠠᠴᠠ ᠬᠡᠲᠦᠷᠡᠭᠦᠯᠬᠦ | ᠥᠬᠡᠶ᠂ ᠬᠡᠷᠪᠡ ᠨᠥᠬᠦᠴᠡᠯ ᠳᠤ ᠨᠡᠶᠢᠴᠡᠬᠦ ᠵᠣᠬᠢᠶᠠᠨ ᠪᠠᠶᠢᠭᠤᠯᠤᠯᠲᠠ ᠥᠬᠡᠶ ᠪᠣᠯ ᠱᠠᠩᠨᠠᠯ ᠳᠤᠲᠠᠭᠳᠠᠵᠤ ᠪᠣᠯᠤᠨ᠎ᠠ᠃ | ᠵᠢᠷᠭᠤᠳᠤᠭᠠᠷ ᠵᠦᠢᠯ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠮᠡᠳᠡᠭᠦᠯᠬᠦ ᠳᠤ ᠶᠠᠮᠠᠷᠪᠠ | ᠰᠦᠢᠳᠬᠡᠯ ᠬᠤᠷᠢᠶᠠᠬᠤ ᠦᠭᠡᠶ᠃ ᠶᠠᠰᠤ ᠴᠢᠨᠠᠷ ᠤᠨ ᠬᠥᠭᠵᠢᠯᠲᠡ ᠶᠢ ᠬᠥᠲᠥᠯᠥᠨ ᠵᠢᠯᠣᠭᠤᠳᠬᠤ ᠪᠠ ᠬᠢᠨᠠᠨ | ᠲᠣᠭᠲᠠᠭᠠᠬᠤ᠂ ᠳᠡᠯᠭᠡᠷᠡᠭᠦᠯᠬᠦ ᠵᠡᠷᠭᠡ ᠠᠵᠢᠯ ᠤᠨ ᠵᠠᠷᠤᠳᠠᠯ ᠢ ᠡᠳ᠋ ᠤᠨ ᠵᠠᠰᠠᠭ ᠤᠨ ᠣᠨ ᠤ ᠲᠥᠰᠦᠪ ᠲᠤ | ᠣᠷᠣᠭᠤᠯᠤᠨ᠎ᠠ᠃ | ᠬᠤᠶᠠᠳᠤᠭᠠᠷ ᠪᠦᠯᠦᠭ ᠵᠣᠬᠢᠶᠠᠨ ᠪᠠᠶᠢᠭᠤᠯᠵᠤ ᠬᠠᠮᠢᠶᠠᠷᠬᠤ | ᠳᠣᠯᠣᠳᠤᠭᠠᠷ ᠵᠦᠢᠯ ᠬᠥᠬᠡᠬᠤᠲᠠ ᠶᠢᠨ ᠶᠠᠰᠤ ᠴᠢᠨᠠᠷ ᠢᠶᠠᠷ ᠬᠤᠲᠠ ᠪᠠᠨ ᠬᠦᠴᠦᠷᠬᠡᠭᠵᠢᠭᠦᠯᠬᠦ ᠠᠵᠢᠯ ᠤᠨ | ᠤᠳᠤᠷᠢᠳᠬᠤ ᠳᠤᠭᠤᠶᠢᠯᠠᠩ ᠤᠨ ᠳᠣᠣᠷ᠎ᠠ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ | ᠲᠣᠭᠲᠠᠭᠠᠬᠤ ᠠᠯᠪᠠᠨ ᠭᠡᠷ ᠲᠣᠬᠢᠷᠠᠭᠤᠯᠤᠨ᠎ᠠ᠃ | ᠲᠣᠰ ᠠᠯᠪᠠᠨ ᠬᠡᠷ ᠢ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ | ᠲᠣᠬᠢᠷᠠᠭᠤᠯᠤᠨ᠎ᠠ᠃ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠬᠤᠲᠠ ᠶᠢᠨ | ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠠᠯᠪᠠᠨ ᠬᠡᠷ︶ ᠬᠤᠲᠠ ᠶᠢᠨ ᠳᠠᠷᠤᠭ᠎ᠠ ᠶᠢᠨ ᠶᠠᠰᠤ | ᠴᠢᠨᠠᠷ ᠤᠨ ᠱᠠᠩᠨᠠᠯ ᠤᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠬᠢᠨᠠᠨ ᠲᠣᠭᠲᠠᠭᠠᠬᠤ ᠲᠦᠷᠢᠮ ᠢ ᠵᠣᠬᠢᠶᠠᠨ | ᠪᠠᠶᠢᠭᠤᠯᠤᠨ ᠲᠣᠭᠲᠠᠭᠠᠵᠤ᠂ ᠵᠠᠰᠠᠪᠤᠷᠢ ᠣᠷᠣᠭᠤᠯᠵᠤ᠂ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠤ ᠬᠥᠮᠥᠷᠭᠡ | ᠪᠠᠶᠢᠭᠤᠯᠤᠨ᠂ ᠬᠢᠨᠠᠨ ᠲᠣᠭᠲᠠᠭᠠᠬᠤ ᠪᠠᠶᠢᠭᠤᠯᠤᠮᠵᠢ ᠶᠢ ᠰᠣᠩᠭᠤᠨ ᠲᠣᠭᠲᠠᠭᠠᠵᠤ᠂ ᠬᠢᠨᠠᠨ ᠲᠣᠭᠲᠠᠭᠠᠬᠤ ᠠᠵᠢᠯ ᠳᠤ | ᠬᠢᠨᠠᠯᠲᠠ ᠲᠠᠯᠪᠢᠵᠤ᠂ ᠤᠳᠤᠷᠢᠳᠬᠤ ᠳᠤᠭᠤᠶᠢᠯᠠᠩ ᠳᠤ ᠬᠢᠨᠠᠨ ᠲᠣᠭᠲᠠᠭᠠᠭᠰᠠᠨ ᠦᠷ᠎ᠡ ᠳ᠋ᠦᠩ ᠢᠶᠠᠨ ᠮᠡᠳᠡᠭᠦᠯᠵᠦ᠂ | ᠵᠢᠱᠢᠭᠳᠡᠭᠰᠡᠳ ᠠᠵᠤ ᠠᠬᠤᠶᠢᠯᠠᠯ ᠤᠨ ᠨᠡᠷᠡᠰ ᠢ ᠳᠤᠷᠠᠳᠤᠨ᠎ᠠ︔ ᠪᠣᠯᠪᠠᠰᠤᠷᠠᠭᠤᠯᠬᠤ᠂ ᠪᠤᠶᠢᠵᠢᠭᠤᠯᠬᠤ ᠠᠵᠢᠯ ᠢ | ᠥᠷᠨᠢᠭᠦᠯᠵᠦ᠂ ᠶᠠᠰᠤ ᠴᠢᠨᠠᠷ ᠤᠨ ᠲᠡᠷᠢᠭᠦᠨ ᠤ ᠬᠠᠮᠢᠶᠠᠷᠤᠯᠲᠠ ᠶᠢᠨ ᠵᠠᠭᠪᠤᠷ᠂ ᠠᠷᠭ᠎ᠠ ᠶᠢ ᠤᠬᠠᠭᠤᠯᠤᠨ | ᠳᠡᠯᠭᠡᠷᠡᠭᠦᠯᠵᠦ᠂ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠢᠷᠠᠭᠤ ᠠᠯᠳᠠᠷ ᠪᠠ ᠲᠡᠮᠳᠡᠭ ᠤᠨ | ᠬᠡᠷᠡᠭᠯᠡᠯᠲᠡ ᠶᠢ ᠵᠢᠷᠤᠮᠵᠢᠭᠤᠯᠤᠨ᠎ᠠ᠃ | ᠨᠠᠢᠮᠠᠳᠤᠭᠠᠷ ᠵᠦᠢᠯ ᠡᠯ᠎ᠡ ᠬᠤᠰᠢᠭᠤ ᠰᠢᠶᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠶᠠᠰᠤ ᠴᠢᠨᠠᠷ ᠢᠶᠠᠷ ᠬᠤᠲᠠ ᠪᠠᠨ ᠬᠦᠴᠦᠷᠬᠡᠭᠵᠢᠭᠦᠯᠬᠦ ᠠᠵᠢᠯ ᠤᠨ | ᠤᠳᠤᠷᠢᠳᠬᠤ ᠳᠤᠭᠤᠶᠢᠯᠠᠩ ᠤᠨ ᠭᠡᠰᠢᠭᠦᠨ ᠨᠢᠭᠡᠴᠢ ᠨᠦᠭᠦᠳ ᠲᠣᠰ ᠭᠠᠵᠠᠷ ᠣᠷᠣᠨ ᠤ ᠪᠠᠨ ᠮᠡᠳᠡᠭᠦᠯᠬᠦ ᠶᠢ | ᠳᠠᠶᠢᠴᠢᠯᠠᠬᠤ ᠠᠵᠢᠯ ᠢ ᠬᠠᠷᠢᠭᠤᠴᠠᠨ᠎ᠠ᠃ | ᠶᠢᠰᠦᠳᠦᠭᠡᠷ ᠵᠦᠢᠯ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ | ᠶᠠᠪᠤᠴᠠ ᠳᠤ᠂ ᠠᠵᠢᠯ ᠲᠥᠷᠥᠯ ᠤᠨ ᠰᠠᠯᠠᠭ᠎ᠠ ᠮᠥᠴᠢᠷ ︵ᠨᠡᠶᠢᠭᠡᠮᠯᠢᠭ︶᠂ ᠮᠡᠷᠭᠡᠵᠢᠯ ᠤᠨ ᠪᠠᠶᠢᠭᠤᠯᠤᠮᠵᠢ᠂ | ᠨᠡᠶᠢᠭᠡᠮ ᠤᠨ ᠪᠦᠯᠬᠦᠮ᠂ ᠵᠠᠭᠤᠴᠢ ᠪᠠᠶᠢᠭᠤᠯᠤᠮᠵᠢ ᠪᠠ ᠰᠣᠨᠢᠨ ᠮᠡᠳᠡᠭᠡᠨ ᠤ ᠵᠠᠭᠤᠴᠢᠯᠠᠭᠤᠷ ᠤᠨ ᠦᠢᠯᠡᠳᠦᠯ ᠢ | ᠭᠦᠢᠴᠡᠳ ᠪᠠᠳᠠᠷᠠᠭᠤᠯᠵᠤ᠂ ᠪᠦᠲᠦᠮᠵᠢᠲᠡᠶ ᠠᠷᠭ᠎ᠠ ᠮᠠᠶ᠋ᠢᠭ ᠠᠪᠴᠤ᠂ ᠣᠯᠠᠨ ᠲᠦᠮᠡᠨ ᠤ ᠰᠠᠨᠠᠯ ᠢ ᠥᠷᠭᠡᠨ ᠢᠶᠠᠷ | ᠬᠤᠷᠢᠶᠠᠬᠤ ᠬᠡᠷᠡᠭᠲᠡᠶ᠃ | ᠭᠤᠷᠪᠠᠳᠤᠭᠠᠷ ᠪᠦᠯᠦᠭ ᠮᠡᠳᠡᠬᠦᠯᠬᠦ ᠨᠦᠬᠦᠴᠡᠯ | ᠠᠷᠪᠠᠳᠤᠭᠠᠷ ᠵᠦᠢᠯ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠮᠡᠳᠡᠭᠦᠯᠬᠦ ᠵᠣᠬᠢᠶᠠᠨ | ᠪᠠᠶᠢᠭᠤᠯᠤᠯᠲᠠ ᠨᠢ ᠳᠣᠤᠷᠠᠬᠢ ᠨᠥᠬᠦᠴᠡᠯ ᠢ ᠪᠦᠷᠢᠯᠳᠦᠭᠦᠯᠬᠦ ᠬᠡᠷᠡᠭᠲᠡᠶ᠄ | ︵ᠨᠢᠭᠡ︶ ᠲᠣᠰ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠬᠠᠤᠯᠢ ᠶᠣᠰᠣᠭᠠᠷ ᠪᠦᠷᠢᠳᠬᠡᠨ | ᠳᠠᠩᠰᠠᠯᠠᠭᠤᠯᠵᠤ᠂ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ᠂ ᠵᠠᠯᠭᠠᠭ᠎ᠠ ᠪᠠᠷ 5 ᠵᠢᠯ ᠠᠴᠠ | ᠳᠡᠭᠡᠭᠰᠢ ᠬᠡᠪ ᠤᠨ ᠦᠢᠯᠡᠳᠪᠦᠷᠢᠯᠡᠯ ᠡᠵᠡᠩᠨᠡᠯᠲᠡ ᠬᠢᠵᠦ᠂ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ | ᠪᠦᠬᠦᠢ ᠠᠵᠤ ᠦᠢᠯᠡᠰ᠂ ᠶᠠᠰᠤ ᠴᠢᠨᠠᠷ᠂ ᠣᠷᠴᠢᠨ ᠲᠣᠭᠤᠷᠢᠨ ᠢ ᠬᠠᠮᠠᠭᠠᠯᠠᠬᠤ᠂ ᠡᠨᠧᠷᠭᠢ ᠠᠷᠪᠢᠯᠠᠬᠤ᠂ ᠠᠶᠤᠯᠭᠦᠢ | ᠵᠡᠷᠭᠡ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠳᠤ ᠨᠡᠶᠢᠴᠡᠵᠦ᠂ ᠬᠤᠯᠪᠣᠭᠳᠠᠯ ᠪᠦᠬᠦᠢ ᠬᠢᠷᠢ ᠬᠡᠮ ᠪᠤᠶᠤ ᠭᠡᠷᠡᠴᠢ | ᠦᠨᠡᠮᠯᠡᠯ ᠢ ᠪᠦᠷᠢᠳᠦᠭᠦᠯᠦᠭᠰᠡᠨ ᠪᠠᠶᠢᠬᠤ ᠬᠡᠷᠡᠭᠲᠡᠢ᠃ | ︵ᠬᠤᠶᠠᠷ︶ ᠪᠦᠲᠦᠮᠵᠢᠲᠡᠶ ᠠᠵᠢᠯᠯᠠᠭᠠᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢ | ᠪᠠᠶᠢᠭᠤᠯᠵᠤ᠂ ᠶᠠᠰᠤ ᠴᠢᠨᠠᠷ ᠤᠨ ᠠᠬᠠᠯᠠᠭᠴᠢ ᠲᠤᠰᠢᠶᠠᠯᠲᠠᠨ ᠤ ᠳᠦᠷᠢᠮ ᠢ ᠪᠦᠷᠢᠨᠰᠢᠭᠦᠯᠦᠨ᠂ ᠦᠢᠯᠡᠳᠪᠦᠷᠢᠯᠡᠯ | ᠡᠵᠡᠩᠨᠡᠯᠲᠡ ᠶᠢᠨ ᠳᠤᠮᠳᠠ ᠣᠨᠴᠠᠯᠢᠭ ᠨᠢ ᠢᠯᠡ ᠲᠣᠳᠣ᠂ ᠰᠢᠨᠵᠢᠯᠡᠬᠦ ᠤᠬᠠᠭᠠᠨᠴᠢ ᠲᠡᠷᠢᠭᠦᠨ ᠤ ᠶᠠᠰᠤ ᠴᠢᠨᠠᠷ ᠤᠨ | ᠬᠠᠮᠢᠶᠠᠷᠤᠯᠲᠠ ᠶᠢᠨ ᠠᠷᠭ᠎ᠠ ᠶᠢ ᠪᠦᠷᠢᠯᠳᠦᠭᠦᠯᠵᠦ᠂ ᠦᠷᠭᠦᠯᠵᠢᠯᠡᠨ ᠲᠡᠭᠦᠯᠳᠡᠷᠵᠢᠭᠦᠯᠬᠦ ᠲᠣᠭᠲᠠᠴᠠ ᠶᠢ ᠪᠠᠶᠢᠭᠤᠯᠤᠨ᠂ | ᠭᠠᠷᠮᠠᠭᠠᠶ ᠠᠮᠵᠢᠯᠲᠠ ᠪᠦᠲᠦᠮᠵᠢ ᠶᠢᠨ ᠵᠠᠭᠪᠤᠷ ᠢ 2 ᠵᠢᠯ ᠠᠴᠠ ᠳᠡᠭᠡᠭᠰᠢ ᠬᠡᠷᠡᠭᠵᠢᠭᠦᠯᠦᠭᠰᠡᠨ ᠪᠠᠶᠢᠬᠤ ᠬᠡᠷᠡᠭᠲᠡᠢ᠃ | ︵ᠭᠤᠷᠪᠠ︶ ᠶᠠᠰᠤ ᠴᠢᠨᠠᠷ ᠢᠶᠠᠷ ᠢᠯᠠᠯᠲᠠ ᠣᠯᠬᠤ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠨ᠂ ᠶᠠᠰᠤ | ᠴᠢᠨᠠᠷ ᠤᠨ ᠰᠣᠶᠣᠯ ᠢ ᠰᠠᠨᠠᠭᠠᠴᠢᠯᠠᠵᠤ᠂ ᠶᠠᠰᠤ ᠴᠢᠨᠠᠷ ᠤᠨ ᠬᠤᠪᠢᠰᠤᠯᠲᠠ ᠰᠢᠨ᠎ᠡ ᠶᠢ ᠡᠭᠦᠳᠬᠦ ᠶᠢ ᠶᠡᠬᠡᠪᠡᠷ ᠲᠦᠯᠬᠢᠨ | ᠠᠬᠢᠭᠤᠯᠤᠭᠰᠠᠨ ᠪᠠᠶᠢᠬᠤ ᠬᠡᠷᠡᠭᠲᠡᠢ᠃ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠬᠢᠵᠦ ᠪᠠᠶᠢᠭ᠎ᠠ ᠨᠢᠭᠡᠴᠢ ᠶᠢᠨ | ᠠᠵᠤ ᠠᠬᠤᠢ᠂ ᠮᠡᠷᠭᠡᠵᠢᠯ ᠤᠨ ᠭᠤᠣᠯ ᠭᠦᠢᠴᠡᠳᠬᠡᠯ ᠲᠤᠭ᠎ᠠ ᠪᠠ ᠶᠠᠰᠤ ᠴᠢᠨᠠᠷ ᠤᠨ ᠬᠢᠷᠢ ᠲᠦᠪᠰᠢᠨ ᠨᠢ ᠪᠦᠬᠦ | ᠬᠤᠲᠠ ᠶᠢᠨ ᠠᠳᠠᠯᠢ ᠠᠵᠢᠯ ᠲᠥᠷᠥᠯ ᠤᠨ ᠡᠮᠦᠨ᠎ᠡ ᠡᠩᠨᠡᠭᠡᠨ ᠳᠤ ᠣᠷᠣᠭᠰᠠᠨ ᠪᠠᠶᠢᠬᠤ ᠬᠡᠷᠡᠭᠲᠡᠢ︔ ᠠᠰᠢᠭ | ᠣᠯᠵᠠᠪᠤᠷᠢ ᠶᠢᠨ ᠪᠤᠰᠤ ᠴᠢᠨᠠᠷᠲᠠᠶ ᠲᠤᠬᠠᠶᠢᠯᠠᠭᠰᠠᠨ ᠠᠵᠢᠯ ᠢ ᠡᠷᠬᠢᠯᠡᠵᠦ ᠪᠠᠶᠢᠭ᠎ᠠ ᠨᠢᠭᠡᠴᠢ ᠶᠢᠨ ᠨᠡᠶᠢᠭᠡᠮ ᠤᠨ ᠬᠤᠪᠢ | ᠨᠡᠮᠡᠷᠢ ᠨᠢ ᠪᠦᠬᠦ ᠬᠤᠲᠠ ᠶᠢᠨ ᠠᠳᠠᠯᠢ ᠠᠵᠢᠯ ᠲᠥᠷᠥᠯ ᠤᠨ ᠡᠮᠦᠨ᠎ᠡ ᠡᠩᠨᠡᠭᠡᠨ ᠳᠤ ᠣᠷᠣᠭᠰᠠᠨ ᠪᠠᠶᠢᠬᠤ ᠬᠡᠷᠡᠭᠲᠡᠢ᠃ | ︵ᠲᠦᠷᠪᠡ︶ ᠶᠠᠰᠤ ᠴᠢᠨᠠᠷ ᠤᠨ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ | ᠨᠡᠷᠡᠲᠦ ᠲᠥᠷᠥᠯ ᠲᠡᠮᠳᠡᠭᠲᠦ ᠶᠢᠨ ᠪᠠᠶᠢᠭᠤᠯᠤᠯᠲᠠ᠂ ᠠᠵᠤ ᠠᠬᠤᠶ ᠨᠡᠶᠢᠭᠡᠮ ᠤᠨ ᠦᠷ᠎ᠡ ᠠᠰᠢᠭ᠂ ᠡᠨᠧᠷᠭᠢ | ᠠᠷᠪᠢᠯᠠᠵᠤ ᠬᠤᠷᠣᠭᠳᠠᠯ ᠢ ᠪᠠᠭᠠᠰᠬᠠᠨ ᠪᠣᠬᠢᠷᠲᠤᠯ ᠢ ᠪᠠᠭᠠᠰᠬᠠᠬᠤ᠂ ᠠᠮᠢ ᠠᠬᠤᠶ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠪᠠ ᠨᠡᠶᠢᠭᠡᠮ ᠤᠨ ᠬᠠᠷᠢᠭᠤᠴᠠᠯᠭ᠎ᠠ ᠪᠠᠨ ᠭᠦᠢᠴᠡᠳᠬᠡᠬᠦ ᠵᠡᠷᠭᠡ ᠲᠠᠯ᠎ᠠ ᠪᠠᠷ ᠲᠣᠪᠤᠶᠢᠮ᠎ᠠ ᠦᠷ᠎ᠡ | ᠪᠦᠲᠦᠮᠵᠢ ᠣᠯᠣᠭᠰᠠᠨ ᠪᠠᠶᠢᠬᠤ ᠬᠡᠷᠡᠭᠲᠡᠢ᠃ | ︵ᠲᠠᠪᠤ︶ ᠣᠶᠢᠷ᠎ᠠ ᠶᠢᠨ 3 ᠵᠢᠯ ᠤᠨ ᠳᠣᠲᠣᠷ᠎ᠠ ᠶᠠᠰᠤ ᠴᠢᠨᠠᠷ᠂ ᠠᠶᠤᠯᠭᠦᠢ᠂ ᠣᠷᠴᠢᠨ ᠲᠣᠭᠤᠷᠢᠨ ᠤ | ᠪᠣᠬᠢᠷᠲᠤᠯ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠵᠡᠷᠭᠡ ᠠᠳᠠᠯ ᠦᠭᠡᠶ ᠪᠥᠭᠡᠳ ᠬᠠᠤᠯᠢ ᠠᠴᠠ ᠵᠥᠷᠢᠴᠡᠭᠰᠡᠨ᠂ | ᠲᠣᠭᠲᠠᠭᠠᠯ ᠠᠴᠠ ᠵᠥᠷᠢᠴᠡᠭᠰᠡᠨ᠂ ᠰᠠᠬᠢᠯᠭ᠎ᠠ ᠪᠠᠲᠤ ᠠᠴᠠ ᠵᠥᠷᠢᠴᠡᠭᠰᠡᠨ ᠪᠠ ᠢᠲᠡᠭᠡᠯ ᠢᠶᠠᠨ ᠠᠯᠳᠠᠭᠰᠠᠨ ᠬᠠᠮᠢᠶ᠎ᠠ | ᠪᠦᠬᠦᠢ ᠲᠡᠮᠳᠡᠭᠯᠡᠯ ᠪᠠᠶᠢᠵᠤ ᠪᠣᠯᠬᠤ ᠦᠭᠡᠶ᠃ | ᠠᠷᠪᠠᠨ ᠨᠢᠭᠡᠳᠦᠭᠡᠷ ᠵᠦᠢᠯ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠨᠡᠷ᠎ᠡ | ᠳᠤᠷᠠᠳᠤᠭᠰᠠᠨ ᠱᠠᠩᠨᠠᠯ ᠢ ᠣᠯᠬᠤ ᠵᠣᠬᠢᠶᠠᠨ ᠪᠠᠶᠢᠭᠤᠯᠤᠯᠲᠠ ᠨᠢ ᠳᠣᠤᠷᠠᠬᠢ ᠨᠥᠬᠦᠴᠡᠯ ᠢ ᠪᠦᠷᠢᠯᠳᠦᠭᠦᠯᠬᠦ ᠬᠡᠷᠡᠭᠲᠡᠶ᠄ | ︵ᠨᠢᠭᠡ︶ ᠲᠣᠰ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠬᠠᠤᠯᠢ ᠶᠣᠰᠣᠭᠠᠷ ᠪᠦᠷᠢᠳᠬᠡᠨ | ᠳᠠᠩᠰᠠᠯᠠᠭᠤᠯᠵᠤ᠂ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ᠂ ᠵᠠᠯᠭᠠᠭ᠎ᠠ ᠪᠠᠷ 3 ᠵᠢᠯ ᠠᠴᠠ | ᠳᠡᠭᠡᠭᠰᠢ ᠬᠡᠪ ᠤᠨ ᠦᠢᠯᠡᠳᠪᠦᠷᠢᠯᠡᠯ ᠡᠵᠡᠩᠨᠡᠯᠲᠡ ᠬᠢᠵᠦ᠂ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ | ᠪᠦᠬᠦᠢ ᠠᠵᠤ ᠦᠢᠯᠡᠰ᠂ ᠶᠠᠰᠤ ᠴᠢᠨᠠᠷ᠂ ᠣᠷᠴᠢᠨ ᠲᠣᠭᠤᠷᠢᠨ ᠢ ᠬᠠᠮᠠᠭᠠᠯᠠᠬᠤ᠂ ᠡᠨᠧᠷᠭᠢ ᠠᠷᠪᠢᠯᠠᠬᠤ᠂ ᠠᠶᠤᠯᠭᠦᠢ | ᠵᠡᠷᠭᠡ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠳᠤ ᠨᠡᠶᠢᠴᠡᠵᠦ᠂ ᠬᠤᠯᠪᠣᠭᠳᠠᠯ ᠪᠦᠬᠦᠢ ᠬᠢᠷᠢ ᠬᠡᠮ ᠪᠤᠶᠤ ᠭᠡᠷᠡᠴᠢ | ᠦᠨᠡᠮᠯᠡᠯ ᠢ ᠪᠦᠷᠢᠳᠦᠭᠦᠯᠦᠭᠰᠡᠨ ᠪᠠᠶᠢᠬᠤ ᠬᠡᠷᠡᠭᠲᠡᠢ᠃ | ︵ᠬᠤᠶᠠᠷ︶ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠪᠦᠷᠢᠨ ᠲᠡᠭᠦᠯᠳᠡᠷ᠂ ᠶᠠᠰᠤ ᠴᠢᠨᠠᠷ ᠤᠨ | ᠲᠡᠷᠢᠭᠦᠨ ᠤ ᠬᠠᠮᠢᠶᠠᠷᠤᠯᠲᠠ ᠶᠢᠨ ᠠᠷᠭ᠎ᠠ ᠶᠢ ᠢᠳᠡᠪᠬᠢᠲᠡᠶ ᠬᠡᠷᠡᠭᠯᠡᠵᠦ᠂ ᠶᠠᠰᠤ ᠴᠢᠨᠠᠷ ᠤᠨ ᠠᠬᠠᠯᠠᠭᠴᠢ | ᠲᠤᠰᠢᠶᠠᠯᠲᠠᠨ ᠤ ᠳᠦᠷᠢᠮ ᠢ ᠪᠠᠶᠢᠭᠤᠯᠵᠤ᠂ ᠶᠠᠰᠤ ᠴᠢᠨᠠᠷ ᠤᠨ ᠬᠠᠮᠢᠶᠠᠷᠤᠯᠲᠠ ᠶᠢᠨ ᠳᠦᠷᠢᠮ᠂ ᠵᠠᠭᠪᠤᠷ᠂ ᠠᠷᠭ᠎ᠠ ᠨᠢ | ᠰᠢᠨ᠎ᠡ ᠶᠢ ᠡᠭᠦᠳᠦᠭᠰᠡᠨ ᠤ ᠬᠠᠮᠲᠤ ᠪᠦᠲᠦᠮᠵᠢᠲᠡᠶ ᠠᠵᠢᠯᠯᠠᠵᠤ᠂ ᠥᠰᠦᠨ ᠪᠤᠶᠢᠵᠢᠯᠲᠠ ᠶᠢᠨ ᠴᠢᠨᠠᠷ ᠢᠶᠠᠷ ᠨᠡᠯᠢᠶᠡᠳ | ᠴᠢᠩᠭ᠎ᠠ ᠠᠵᠤ ᠠᠬᠤᠶᠢᠯᠠᠯ ᠪᠠᠶᠢᠬᠤ ᠬᠡᠷᠡᠭᠲᠡᠶ᠃ | ᠲᠦᠷᠪᠡᠳᠦᠬᠡᠷ ᠪᠦᠯᠦᠭ ᠬᠢᠨᠠᠨ ᠲᠣᠭᠲᠠᠭᠠᠬᠤ ᠪᠠᠷᠢᠮᠵᠢᠶ᠎ᠠ | ᠠᠷᠪᠠᠨ ᠬᠤᠶᠠᠳᠤᠭᠠᠷ ᠵᠦᠢᠯ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ GB/T19580 | ︽ᠭᠠᠷᠮᠠᠭᠠᠢ ᠠᠮᠵᠢᠯᠲᠠ ᠪᠦᠲᠦᠮᠵᠢ ᠶᠢ ᠦᠨᠡᠯᠡᠬᠦ ᠪᠠᠷᠢᠮᠵᠢᠶ᠎ᠠ︾ ᠶᠢ ᠦᠨᠳᠦᠰᠦᠯᠡᠨ ᠬᠢᠨᠠᠨ ᠲᠣᠭᠲᠠᠭᠠᠨ᠎ᠠ᠃ | ᠠᠷᠪᠠᠨ ᠭᠤᠷᠪᠠᠳᠤᠭᠠᠷ ᠵᠦᠢᠯ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ | ᠲᠣᠭᠲᠠᠭᠠᠬᠤ ᠠᠵᠢᠯ ᠢ ︽ᠬᠥᠬᠡᠬᠤᠲᠠ ᠶᠢᠨ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ | ᠲᠣᠭᠲᠠᠭᠠᠬᠤ ᠬᠡᠷᠡᠭᠵᠢᠭᠦᠯᠬᠦ ᠨᠠᠷᠢᠨ ᠲᠦᠷᠢᠮ︾ ︵ᠳᠣᠷᠣᠭᠰᠢ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ | ᠱᠠᠩᠨᠠᠯ ᠢ ᠬᠢᠨᠠᠨ ᠲᠣᠭᠲᠠᠭᠠᠬᠤ ᠨᠠᠷᠢᠨ ᠲᠦᠷᠢᠮ ᠭᠡᠵᠦ ᠲᠣᠪᠴᠢᠯᠠᠨ᠎ᠠ︶ ᠤᠨ ᠶᠣᠰᠣᠭᠠᠷ ᠥᠷᠨᠢᠭᠦᠯᠦᠨ᠎ᠡ᠃ | ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠨᠠᠷᠢᠨ ᠲᠦᠷᠢᠮ ᠢ GB/T | 19580 ︽ᠭᠠᠷᠮᠠᠭᠠᠢ ᠠᠮᠵᠢᠯᠲᠠ ᠪᠦᠲᠦᠮᠵᠢ ᠶᠢ ᠦᠨᠡᠯᠡᠬᠦ ᠪᠠᠷᠢᠮᠵᠢᠶ᠎ᠠ︾ ᠶᠢ ᠦᠨᠳᠦᠰᠦᠯᠡᠨ ᠲᠣᠭᠲᠠᠭᠠᠵᠤ᠂ | ᠬᠠᠮᠢᠶ᠎ᠠ ᠪᠥᠬᠦᠶ ᠨᠢᠭᠡᠴᠢ ᠶᠢᠨ ᠰᠠᠨᠠᠯ ᠢ ᠬᠤᠷᠢᠶᠠᠵᠤ᠂ ᠢᠯᠡ ᠨᠡᠶᠢᠲᠡᠯᠡᠬᠦ ᠲᠠᠰ ᠳᠠᠷᠠᠭᠠᠯᠠᠯ ᠢ ᠭᠦᠢᠴᠡᠳᠭᠡᠭᠰᠡᠨ ᠤ | ᠳᠠᠷᠠᠭ᠎ᠠ᠂ ᠵᠢᠩᠬᠢᠨᠢ ᠪᠠᠷ ᠨᠡᠶᠢᠲᠡᠯᠡᠨ ᠬᠡᠷᠡᠭᠵᠢᠭᠦᠯᠦᠨ᠎ᠡ᠃ | ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠨᠠᠷᠢᠨ ᠲᠦᠷᠢᠮ ᠤᠨ | ᠨᠢᠭᠡᠳᠦᠯᠲᠡᠶ ᠲᠣᠭᠲᠠᠭᠠᠯ ᠳᠣᠤᠷ᠎ᠠ᠂ ᠠᠵᠢᠯ ᠲᠥᠷᠥᠯ ᠤᠨ ᠲᠥᠷᠥᠯ ᠢᠯᠭᠠᠯ ᠢᠶᠠᠷ ᠬᠢᠨᠠᠨ ᠲᠣᠭᠲᠠᠭᠠᠬᠤ ᠨᠠᠷᠢᠨ | ᠲᠦᠷᠢᠮ ᠢ ᠲᠣᠰ ᠲᠣᠰ ᠲᠣᠭᠲᠠᠭᠠᠵᠤ᠂ ᠠᠳᠠᠯᠢ ᠪᠤᠰᠤ ᠠᠵᠢᠯ ᠲᠥᠷᠥᠯ ᠤᠨ ᠬᠢᠨᠠᠨ ᠲᠣᠭᠲᠠᠭᠠᠬᠤ ᠠᠵᠢᠯ ᠤᠨ | ᠳᠤᠮᠳᠠᠬᠢ ᠨᠢᠭᠡᠳᠦᠯᠲᠦ ᠴᠢᠨᠠᠷ ᠢ ᠪᠠᠲᠤᠯᠠᠨ᠎ᠠ᠃ | ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠨᠠᠷᠢᠨ ᠲᠦᠷᠢᠮ ᠳᠤ ᠶᠠᠰᠤ | ᠴᠢᠨᠠᠷ ᠤᠨ ᠬᠠᠮᠢᠶᠠᠷᠤᠯᠲᠠ ᠶᠢᠨ ᠣᠨᠣᠯ ᠵᠢᠴᠢ ᠦᠢᠯᠡᠳᠦᠯᠭᠡ ᠶᠢᠨ ᠬᠥᠭᠵᠢᠯᠲᠡ ᠶᠢ ᠦᠨᠳᠦᠰᠦᠯᠡᠨ᠂ ᠴᠠᠭ ᠲᠤᠨᠢ | ᠲᠣᠬᠢᠷᠠᠭᠤᠯᠤᠨ ᠵᠠᠰᠠᠪᠤᠷᠢ ᠣᠷᠣᠭᠤᠯᠤᠨ᠎ᠠ᠃ | ᠲᠠᠪᠤᠳᠤᠭᠠᠷ ᠪᠦᠯᠦᠭ ᠬᠢᠨᠠᠨ ᠲᠣᠭᠲᠠᠭᠠᠬᠤ ᠳᠡᠰ ᠳᠠᠷᠠᠭᠠᠯᠠᠯ ᠵᠢᠴᠢ ᠱᠠᠩᠨᠠᠬᠤ ᠪᠠᠷᠢᠮᠵᠢᠶ᠎ᠠ | ᠠᠷᠪᠠᠨ ᠳᠥᠷᠪᠡᠳᠦᠭᠡᠷ ᠵᠦᠢᠯ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ | ᠲᠣᠭᠲᠠᠭᠠᠬᠤ ᠳᠤ ᠵᠣᠬᠢᠶᠠᠨ ᠪᠠᠶᠢᠭᠤᠯᠤᠯᠲᠠ ᠶᠢᠨ ᠬᠢᠷᠢ ᠬᠡᠮ ᠢ ᠬᠢᠨᠠᠨ ᠬᠠᠷᠭᠤᠭᠤᠯᠬᠤ᠂ ᠮᠠᠲ᠋ᠧᠷᠢᠶᠠᠯ ᠢ ᠬᠢᠨᠠᠨ | ᠲᠣᠭᠲᠠᠭᠠᠬᠤ᠂ ᠲᠤᠬᠠᠶ ᠶᠢᠨ ᠲᠠᠯᠠᠪᠤᠷ ᠲᠤ ᠬᠢᠨᠠᠨ ᠲᠣᠭᠲᠠᠭᠠᠬᠤ ᠪᠠ ᠲᠣᠭᠠᠴᠢᠵᠤ ᠬᠠᠷᠢᠭᠤ ᠮᠠᠷᠭᠤᠬᠤ ᠵᠡᠷᠭᠡ | ᠪᠠᠭᠲᠠᠨ᠎ᠠ᠃ | ᠠᠷᠪᠠᠨ ᠲᠠᠪᠤᠳᠤᠭᠠᠷ ᠵᠦᠢᠯ ᠮᠡᠳᠡᠭᠦᠯᠬᠦ ᠵᠣᠬᠢᠶᠠᠨ ᠪᠠᠶᠢᠭᠤᠯᠤᠯᠲᠠ ᠰᠠᠶᠢᠨ ᠳᠤᠷ᠎ᠠ ᠶᠢᠨ ᠪᠠᠶᠢᠬᠤ ᠰᠠᠭᠤᠷᠢᠨ | ᠳᠡᠭᠡᠷ᠎ᠡ ᠮᠡᠳᠡᠭᠦᠯᠬᠦ ᠮᠠᠲ᠋ᠧᠷᠢᠶᠠᠯ ᠢᠶᠠᠨ ᠦᠨᠡᠨ ᠪᠣᠳᠠᠲᠠᠶ ᠪᠠᠷ ᠲᠠᠭᠯᠠᠵᠤ᠂ ᠲᠣᠭᠲᠠᠭᠰᠠᠨ ᠬᠤᠭᠤᠴᠠᠭᠠᠨ ᠳᠣᠲᠣᠷ᠎ᠠ | ᠬᠤᠲᠠ ᠶᠢᠨ ᠶᠠᠰᠤ ᠴᠢᠨᠠᠷ ᠢᠶᠠᠷ ᠬᠤᠲᠠ ᠪᠠᠨ ᠬᠦᠴᠦᠷᠬᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ | ᠭᠡᠰᠢᠭᠦᠨ ᠨᠢᠭᠡᠴᠢ ᠪᠤᠶᠤ ᠬᠤᠰᠢᠭᠤ ᠰᠢᠶᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠳᠤ ᠮᠡᠳᠡᠭᠦᠯᠬᠦ ᠮᠠᠲ᠋ᠧᠷᠢᠶᠠᠯ ᠪᠠ ᠬᠠᠮᠢᠶ᠎ᠠ ᠪᠥᠬᠦᠶ ᠭᠡᠷᠡᠴᠢ ᠴᠢᠨᠠᠷᠲᠠᠶ ᠮᠠᠲ᠋ᠧᠷᠢᠶᠠᠯ ᠢᠶᠠᠨ ᠲᠤᠰᠢᠶᠠᠨ᠎ᠠ᠃ | ᠠᠷᠪᠠᠨ ᠵᠢᠷᠭᠤᠳᠤᠭᠠᠷ ᠵᠦᠢᠯ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ︵ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠠᠯᠪᠠᠨ ᠬᠡᠷ︶ ᠬᠢᠨᠠᠨ | ᠲᠣᠭᠲᠠᠭᠠᠬᠤ ᠠᠵᠢᠯ ᠢ ᠬᠠᠷᠢᠭᠤᠴᠠᠵᠤ ᠲᠦᠷᠦᠭᠦᠯᠡᠨ ᠵᠣᠬᠢᠶᠠᠨ ᠪᠠᠶᠢᠭᠤᠯᠤᠨ ᠥᠷᠨᠢᠭᠦᠯᠦᠨ᠎ᠡ᠄ | ︵ᠨᠢᠭᠡ︶ ᠬᠢᠷᠢ ᠭᠡᠮ ᠢ ᠬᠢᠨᠠᠨ ᠬᠠᠷᠭᠤᠭᠤᠯᠬᠤ᠃ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ︵ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ | ᠠᠯᠪᠠᠨ ᠭᠡᠷ︶ ᠬᠠᠮᠢᠶ᠎ᠠ ᠪᠦᠬᠦᠢ ᠠᠵᠢᠯ ᠲᠥᠷᠥᠯ ᠪᠣᠯᠤᠨ ᠲᠤᠬᠠᠶᠢᠯᠠᠭᠰᠠᠨ ᠠᠵᠢᠯ ᠤᠨ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠲᠤ ᠰᠠᠨᠠᠯ ᠬᠤᠷᠢᠶᠠᠬᠤ ᠵᠠᠬᠢᠳᠠᠯ ᠶᠠᠪᠤᠭᠤᠯᠵᠤ᠂ ᠬᠢᠷᠢ ᠭᠡᠮ ᠤᠨ ᠬᠢᠨᠠᠨ ᠪᠠᠶᠢᠴᠠᠭᠠᠯᠲᠠ ᠶᠢ | ᠥᠩᠭᠡᠷᠡᠭᠰᠡᠨ ᠨᠢᠭᠡᠴᠢ ᠶᠢᠨ ᠨᠡᠷᠡᠰ ᠢ ᠲᠣᠭᠲᠠᠭᠠᠨ᠎ᠠ᠃ | ︵ᠬᠤᠶᠠᠷ︶ ᠮᠠᠲ᠋ᠧᠷᠢᠶᠠᠯ ᠢ ᠬᠢᠨᠠᠨ ᠲᠣᠭᠲᠠᠭᠠᠬᠤ᠃ ᠮᠠᠲ᠋ᠧᠷᠢᠶᠠᠯ ᠢ ᠬᠢᠨᠠᠨ ᠲᠣᠭᠲᠠᠭᠠᠬᠤ ᠲᠤᠰᠬᠠᠶ | ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠤᠨ᠂ ᠮᠠᠲ᠋ᠧᠷᠢᠶᠠᠯ ᠢ ᠬᠢᠨᠠᠨ ᠲᠣᠭᠲᠠᠭᠠᠬᠤ ᠠᠵᠢᠯ ᠢ ᠥᠷᠨᠢᠭᠦᠯᠵᠦ | ᠂ ᠬᠢᠨᠠᠨ ᠲᠣᠭᠲᠠᠭᠠᠬᠤ ᠰᠠᠨᠠᠯ ᠪᠠ ᠮᠠᠲ᠋ᠧᠷᠢᠶᠠᠯ ᠢ ᠬᠢᠨᠠᠨ ᠲᠣᠭᠲᠠᠭᠠᠬᠤ ᠬᠤᠪᠢ ᠶᠢ ᠲᠣᠭᠲᠠᠭᠠᠵᠤ᠂ ᠬᠤᠲᠠ ᠶᠢᠨ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ | ᠱᠠᠩᠨᠠᠯ ᠢ ᠬᠢᠨᠠᠨ ᠲᠣᠭᠲᠠᠭᠠᠬᠤ ᠠᠯᠪᠠᠨ ᠭᠡᠷ︶ ᠡᠯ᠎ᠡ ᠳᠤᠭᠤᠶᠢᠯᠠᠩ ᠤᠨ ᠬᠢᠨᠠᠨ ᠲᠣᠭᠲᠠᠭᠠᠭᠰᠠᠨ ᠦᠷ᠎ᠡ ᠳ᠋ᠦᠩ ᠢ | ᠶᠡᠷᠦᠩᠬᠡᠶᠢᠯᠡᠨ ᠲᠤᠬᠠᠶ ᠶᠢᠨ ᠲᠠᠯᠠᠪᠠᠶ ᠳᠤ ᠬᠢᠨᠠᠨ ᠲᠣᠭᠲᠠᠭᠠᠬᠤ ᠳᠤ ᠣᠷᠣᠬᠤ ᠨᠢᠭᠡᠴᠢ ᠶᠢᠨ ᠨᠡᠷᠡᠰ ᠢ ᠲᠣᠭᠲᠠᠭᠠᠨ᠎ᠠ᠃ | ︵ᠭᠤᠷᠪᠠ︶ ᠲᠤᠬᠠᠢ ᠶᠢᠨ ᠲᠠᠯᠠᠪᠠᠢ ᠳᠤ ᠬᠢᠨᠠᠨ ᠲᠣᠭᠲᠠᠭᠠᠬᠤ᠃ ᠲᠤᠬᠠᠶ ᠶᠢᠨ ᠲᠠᠯᠠᠪᠠᠶ ᠳᠤ ᠬᠢᠨᠠᠨ | ᠲᠣᠭᠲᠠᠭᠠᠬᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠵᠤ᠂ ᠲᠤᠬᠠᠶ ᠶᠢᠨ ᠲᠠᠯᠠᠪᠠᠶ ᠳᠤ ᠬᠢᠨᠠᠨ | ᠲᠣᠭᠲᠠᠭᠠᠬᠤ ᠭᠤᠭᠴᠤᠭ᠎ᠠ ᠳᠤ ᠣᠷᠣᠭᠰᠠᠨ ᠮᠡᠳᠡᠭᠦᠯᠦᠭᠰᠡᠨ ᠨᠢᠭᠡᠴᠢ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ | ᠦᠢᠯᠡᠳᠦᠯᠭᠡ ᠵᠢᠴᠢ ᠶᠠᠪᠤᠴᠠ ᠦᠷ᠎ᠡ ᠳ᠋ᠦᠩ ᠵᠡᠷᠭᠡ ᠲᠥᠷᠥᠯ ᠵᠦᠢᠯ ᠳᠤ ᠲᠤᠬᠠᠶ ᠶᠢᠨ ᠭᠠᠵᠠᠷ ᠲᠤ ᠦᠨᠡᠯᠡᠯᠲᠡ ᠬᠢᠵᠦ | ᠂ ᠬᠢᠨᠠᠨ ᠲᠣᠭᠲᠠᠭᠠᠬᠤ ᠰᠠᠨᠠᠯ ᠪᠠ ᠲᠤᠬᠠᠶ ᠶᠢᠨ ᠲᠠᠯᠠᠪᠠᠶ ᠶᠢᠨ ᠬᠢᠨᠠᠨ ᠲᠣᠭᠲᠠᠭᠠᠭᠰᠠᠨ ᠬᠤᠪᠢ ᠣᠯᠭᠤᠨ᠎ᠠ᠃ | ︵ᠲᠦᠷᠪᠡ︶ ᠲᠣᠭᠠᠴᠢᠵᠤ ᠬᠠᠷᠢᠭᠤ ᠮᠠᠷᠭᠤᠬᠤ᠃ ᠲᠣᠭᠠᠴᠢᠵᠤ ᠬᠠᠷᠢᠭᠤ ᠮᠠᠷᠭᠤᠬᠤ ᠬᠢᠨᠠᠨ ᠲᠣᠭᠲᠠᠭᠠᠬᠤ | ᠲᠤᠰᠬᠠᠶ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠵᠤ᠂ ᠲᠤᠬᠠᠶ ᠶᠢᠨ ᠲᠠᠯᠠᠪᠤᠷ ᠤᠨ ᠬᠢᠨᠠᠨ | ᠲᠣᠭᠲᠠᠭᠠᠯᠲᠠ ᠶᠢ ᠥᠩᠭᠡᠷᠡᠭᠰᠡᠨ ᠮᠡᠳᠡᠭᠦᠯᠦᠭᠰᠡᠨ ᠨᠢᠭᠡᠴᠢ ᠶᠢᠨ ᠭᠤᠤᠯ ᠬᠠᠷᠢᠭᠤᠴᠠᠯᠭᠠᠲᠠᠨ ᠢ ᠵᠣᠬᠢᠶᠠᠨ ᠪᠠᠶᠢᠭᠤᠯᠤᠨ | ᠲᠣᠭᠠᠴᠢᠵᠤ ᠬᠠᠷᠢᠭᠤ ᠮᠠᠷᠭᠤᠵᠤ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠠᠴᠠ ᠬᠢᠨᠠᠨ ᠲᠣᠭᠲᠠᠭᠠᠬᠤ ᠰᠠᠨᠠᠯ ᠪᠠ | ᠲᠣᠭᠠᠴᠢᠵᠤ ᠬᠠᠷᠢᠭᠤ ᠮᠠᠷᠭᠤᠭᠰᠠᠨ ᠬᠤᠪᠢ ᠣᠯᠭᠤᠨ᠎ᠠ᠃ | ︵ᠲᠠᠪᠤ︶ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠬᠤᠲᠠ ᠶᠢᠨ | ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠠᠯᠪᠠᠨ ᠭᠡᠷ︶ ᠮᠠᠲ᠋ᠧᠷᠢᠶᠠᠯ ᠢ ᠬᠢᠨᠠᠨ ᠲᠣᠭᠲᠠᠭᠠᠬᠤ | ᠂ ᠲᠤᠬᠠᠶ ᠶᠢᠨ ᠲᠠᠯᠠᠪᠠᠶ ᠳᠤ ᠬᠢᠨᠠᠨ ᠲᠣᠭᠲᠠᠭᠠᠬᠤ ᠪᠠ ᠲᠣᠭᠠᠴᠢᠵᠤ ᠬᠠᠷᠢᠭᠤ ᠮᠠᠷᠭᠤᠭᠰᠠᠨ ᠦᠷ᠎ᠡ ᠳ᠋ᠦᠩ ᠢ | ᠦᠨᠳᠦᠰᠦᠯᠡᠨ᠂ ᠮᠡᠳᠡᠭᠦᠯᠦᠭᠰᠡᠨ ᠨᠢᠭᠡᠴᠢ ᠳᠤ ᠶᠡᠷᠦᠩᠬᠡᠶᠢᠯᠡᠭᠰᠡᠨ ᠬᠤᠪᠢ ᠣᠯᠭᠤᠵᠤ᠂ ᠱᠠᠩᠨᠠᠯ ᠣᠯᠬᠤ | ᠵᠢᠱᠢᠭᠳᠡᠭᠰᠡᠳ ᠤᠨ ᠨᠡᠷᠡᠰ ᠢ ᠰᠤᠳᠤᠯᠤᠨ ᠳᠤᠷᠠᠳᠤᠨ᠎ᠠ᠃ | ᠠᠷᠪᠠᠨ ᠳᠣᠯᠣᠳᠤᠭᠠᠷ ᠵᠦᠢᠯ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ︵ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠠᠯᠪᠠᠨ ᠬᠡᠷ︶ ᠬᠤᠲᠠ ᠶᠢᠨ | ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠣᠯᠭᠤᠬᠤ ᠨᠡᠷᠡᠰ ᠢ ᠰᠠᠨᠠᠭᠤᠯᠭ᠎ᠠ ᠪᠣᠯᠭᠠᠨ ᠳᠤᠷᠠᠳᠴᠤ᠂ ᠬᠤᠲᠠ ᠶᠢᠨ | ᠶᠠᠰᠤ ᠴᠢᠨᠠᠷ ᠢᠶᠠᠷ ᠬᠤᠲᠠ ᠪᠠᠨ ᠬᠦᠴᠦᠷᠬᠡᠭᠵᠢᠭᠦᠯᠬᠦ ᠤᠳᠤᠷᠢᠳᠬᠤ ᠳᠤᠭᠤᠶᠢᠯᠠᠩ ᠳᠤ ᠮᠡᠳᠡᠭᠦᠯᠦᠨ ᠬᠢᠨᠠᠨ | ᠲᠣᠭᠲᠠᠭᠠᠯᠭᠠᠵᠤ᠂ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠱᠠᠩᠨᠠᠯ ᠣᠯᠭᠤᠬᠤ ᠨᠡᠷᠡᠰ ᠢ | ᠲᠣᠭᠲᠠᠭᠠᠨ᠎ᠠ᠃ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠬᠤᠲᠠ ᠶᠢᠨ | ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠠᠯᠪᠠᠨ ᠬᠡᠷ︶ ᠬᠤᠲᠠ ᠶᠢᠨ ᠳᠠᠷᠤᠭ᠎ᠠ ᠶᠢᠨ ᠶᠠᠰᠤ | ᠴᠢᠨᠠᠷ ᠤᠨ ᠱᠠᠩᠨᠠᠯ ᠣᠯᠭᠤᠬᠤ ᠨᠡᠷᠡᠰ ᠢ ᠨᠡᠶᠢᠭᠡᠮ ᠳᠤ ᠵᠠᠷᠯᠠᠵᠤ᠂ ᠵᠠᠷᠯᠠᠬᠤ ᠬᠤᠭᠤᠴᠠᠭ᠎ᠠ ᠨᠢ 7 ᠠᠵᠢᠯᠯᠠᠬᠤ ᠡᠳᠦᠷ | ᠪᠣᠯᠤᠨ᠎ᠠ᠃ | ᠠᠷᠪᠠᠨ ᠨᠠᠢᠮᠠᠳᠤᠭᠠᠷ ᠵᠦᠢᠯ ᠵᠠᠷᠯᠠᠬᠤ ᠪᠠᠷ ᠳᠡᠮᠵᠢᠨ ᠣᠨᠳᠣᠤ ᠰᠠᠨᠠᠯ ᠥᠬᠡᠶ ᠪᠣᠯ ᠬᠤᠲᠠ ᠶᠢᠨ ᠠᠷᠠᠳ ᠤᠨ | ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠵᠦ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ | ᠬᠥᠬᠢᠭᠦᠯᠦᠨ ᠰᠠᠶᠢᠰᠢᠶᠠᠵᠤ᠂ ᠱᠠᠩᠨᠠᠯ ᠤᠨ ᠮᠧᠳᠠᠯ ᠪᠠ ᠦᠨᠡᠮᠯᠡᠯ ᠣᠯᠭᠤᠨ᠎ᠠ᠃ | ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ | ᠣᠯᠤᠭᠰᠠᠨ ᠵᠣᠬᠢᠶᠠᠨ ᠪᠠᠶᠢᠭᠤᠯᠤᠯᠲᠠ ᠳᠤ ᠶᠠᠰᠤ ᠴᠢᠨᠠᠷ ᠤᠨ ᠬᠥᠭᠵᠢᠯᠲᠡ ᠶᠢᠨ ᠬᠥᠲᠥᠯᠦᠨ ᠵᠢᠯᠣᠭᠤᠳᠴᠤ | ᠤᠷᠮᠠᠰᠢᠭᠤᠯᠬᠤ ᠪᠠᠯᠠ ᠮᠥᠩᠭᠦ 50 ᠲᠦᠮᠡᠨ ᠲᠥᠭᠦᠷᠢᠭ ᠣᠯᠭᠤᠵᠤ᠂ ᠨᠡᠷ᠎ᠡ ᠳᠤᠷᠠᠳᠤᠭᠰᠠᠨ ᠱᠠᠩᠨᠠᠯ ᠣᠯᠤᠭᠰᠠᠨ | ᠵᠣᠬᠢᠶᠠᠨ ᠪᠠᠶᠢᠭᠤᠯᠤᠯᠲᠠ ᠳᠤ ᠶᠠᠰᠤ ᠴᠢᠨᠠᠷ ᠤᠨ ᠬᠥᠭᠵᠢᠯᠲᠡ ᠶᠢᠨ ᠬᠥᠲᠥᠯᠦᠨ ᠵᠢᠯᠣᠭᠤᠳᠴᠤ ᠤᠷᠮᠠᠰᠢᠭᠤᠯᠬᠤ ᠪᠠᠯᠠ | ᠮᠥᠩᠭᠦ 5 ᠲᠦᠮᠡᠨ ᠲᠥᠭᠦᠷᠢᠭ ᠣᠯᠭᠤᠨ᠎ᠠ᠃ ᠠᠳᠠᠯᠢ ᠨᠢᠭᠡᠨ ᠱᠠᠩᠨᠠᠯ ᠢ ᠲᠠᠬᠢᠨᠳᠠ ᠣᠯᠤᠭᠰᠠᠨ ᠵᠣᠬᠢᠶᠠᠨ | ᠪᠠᠶᠢᠭᠤᠯᠤᠯᠲᠠ ᠳᠤ ᠶᠠᠰᠤ ᠴᠢᠨᠠᠷ ᠤᠨ ᠬᠥᠭᠵᠢᠯᠲᠡ ᠶᠢ ᠬᠥᠲᠥᠯᠥᠨ ᠵᠢᠯᠣᠭᠤᠳᠴᠤ ᠤᠷᠮᠠᠰᠢᠭᠤᠯᠬᠤ ᠪᠡᠯᠡ ᠮᠥᠩᠭᠦ | ᠣᠯᠭᠤᠬᠤ ᠦᠭᠡᠶ᠃ | ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠠᠵᠢᠯ ᠤᠨ ᠵᠠᠷᠤᠳᠠᠯ ᠳᠤ᠄ ᠮᠡᠳᠡᠭᠦᠯᠬᠦ | ᠮᠠᠲ᠋ᠧᠷᠢᠶᠠᠯ ᠢ ᠬᠢᠨᠠᠨ ᠲᠣᠭᠲᠠᠭᠠᠬᠤ ᠵᠠᠷᠤᠳᠠᠯ᠂ ᠲᠤᠬᠠᠶ ᠶᠢᠨ ᠲᠠᠯᠠᠪᠤᠷ ᠲᠤ ᠬᠢᠨᠠᠨ ᠲᠣᠭᠲᠠᠭᠠᠬᠤ ᠵᠠᠷᠤᠳᠠᠯ᠂ | ᠲᠣᠭᠠᠴᠢᠵᠤ ᠬᠠᠷᠢᠭᠤ ᠮᠠᠷᠭᠤᠬᠤ ᠵᠠᠷᠤᠳᠠᠯ᠂ ᠵᠠᠷᠯᠠᠬᠤ ᠵᠠᠷᠤᠳᠠᠯ᠂ ᠫᠠᠶᠢᠰᠠ ᠢᠯᠡᠷᠬᠡᠶᠢᠯᠡᠯ ᠢ ᠦᠢᠯᠡᠳᠬᠦ᠂ ᠶᠠᠰᠤ | ᠴᠢᠨᠠᠷ ᠤᠨ ᠲᠡᠷᠢᠭᠦᠨ ᠤ ᠬᠠᠮᠢᠶᠠᠷᠤᠯᠲᠠ ᠶᠢᠨ ᠠᠷᠭ᠎ᠠ ᠶᠢ ᠳᠡᠯᠭᠡᠷᠡᠭᠦᠯᠬᠦ ᠵᠠᠷᠤᠳᠠᠯ ᠵᠡᠷᠭᠡ ᠪᠠᠭᠲᠠᠨ᠎ᠠ᠃ ᠬᠤᠲᠠ ᠶᠢᠨ | ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠠᠵᠢᠯ ᠤᠨ ᠵᠠᠷᠤᠳᠠᠯ ᠢ ᠣᠨ ᠤ ᠪᠣᠳᠠᠲᠠᠢ ᠬᠡᠷᠡᠭᠴᠡᠭᠡ ᠶᠣᠰᠣᠭᠠᠷ | ᠡᠳ᠋ ᠤᠨ ᠵᠠᠰᠠᠭ ᠤᠨ ᠣᠨ ᠤ ᠲᠥᠰᠥᠪ ᠲᠤ ᠣᠷᠣᠭᠤᠯᠤᠨ᠎ᠠ᠃ | ᠵᠢᠷᠭᠤᠳᠤᠭᠠᠷ ᠪᠦᠯᠦᠭ ᠬᠢᠨᠠᠯᠲᠠ ᠲᠠᠯᠪᠢᠵᠤ ᠬᠠᠮᠢᠶᠠᠷᠬᠤ | ᠠᠷᠪᠠ ᠶᠢᠰᠦᠳᠦᠭᠡᠷ ᠵᠦᠢᠯ ᠱᠠᠩᠨᠠᠯ ᠣᠯᠣᠭᠰᠠᠨ ᠵᠣᠬᠢᠶᠠᠨ ᠪᠠᠶᠢᠭᠤᠯᠤᠯᠲᠠ ᠶᠢᠨ ᠣᠯᠤᠭᠰᠠᠨ ᠶᠠᠰᠤ | ᠴᠢᠨᠠᠷ ᠤᠨ ᠬᠥᠭᠵᠢᠯᠲᠡ ᠶᠢᠨ ᠬᠥᠲᠥᠯᠥᠨ ᠵᠢᠯᠣᠭᠤᠳᠴᠤ ᠤᠷᠮᠠᠰᠢᠭᠤᠯᠬᠤ ᠪᠡᠯᠡ ᠮᠥᠩᠭᠦ ᠶᠢ ᠭᠤᠤᠯᠳᠠᠭᠤ ᠶᠠᠰᠤ | ᠴᠢᠨᠠᠷ ᠢ ᠰᠠᠶᠢᠵᠢᠷᠠᠭᠤᠯᠬᠤ᠂ ᠮᠡᠷᠭᠡᠵᠢᠯ ᠤᠨ ᠪᠣᠭᠤᠮᠲᠠ ᠰᠢᠪᠲᠤᠯᠬᠤ᠂ ᠶᠠᠰᠤ ᠴᠢᠨᠠᠷ ᠤᠨ ᠬᠥᠮᠦᠵᠢᠯ | ᠪᠣᠯᠪᠠᠰᠤᠷᠠᠭᠤᠯᠤᠯ ᠪᠠ ᠶᠠᠰᠤ ᠴᠢᠨᠠᠷ ᠤᠨ ᠦᠨᠳᠦᠰᠦᠨ ᠪᠦᠲᠦᠭᠡᠨ ᠪᠠᠶᠢᠭᠤᠯᠤᠯᠲᠠ ᠵᠡᠷᠭᠡ ᠶᠢ ᠦᠷᠭᠦᠯᠵᠢᠯᠡᠨ | ᠠᠬᠢᠭᠤᠯᠬᠤ ᠳᠤ ᠬᠡᠷᠡᠭᠯᠡᠨ᠎ᠡ᠂ ᠣᠨᠳᠣᠤ ᠵᠦᠢᠯ ᠳᠤ ᠨᠡᠭᠦᠯᠭᠡᠨ ᠬᠡᠷᠡᠭᠯᠡᠵᠦ ᠪᠣᠯᠬᠤ ᠦᠭᠡᠶ᠃ ᠱᠠᠩᠨᠠᠯ ᠣᠯᠤᠭᠰᠠᠨ | ᠵᠣᠬᠢᠶᠠᠨ ᠪᠠᠢᠭᠤᠯᠤᠯᠲᠠ ᠨᠢ ᠬᠤᠲᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠠᠴᠠ | ᠥᠷᠨᠢᠭᠦᠯᠦᠭᠰᠡᠨ ᠡᠳ᠋ ᠤᠨ ᠵᠠᠰᠠᠭ ᠤᠨ ᠲᠤᠰᠬᠠᠢ ᠪᠡᠯᠡ ᠮᠥᠩᠭᠦ ᠶᠢᠨ ᠠᠮᠵᠢᠯᠲᠠ ᠪᠦᠲᠦᠮᠵᠢ ᠶᠢᠨ ᠦᠨᠡᠯᠡᠯᠲᠡ ᠳᠤ | ᠬᠠᠮᠵᠢᠯᠴᠠᠬᠤ ᠬᠡᠷᠡᠭᠲᠡᠢ᠃ | ᠬᠤᠷᠢᠳᠤᠭᠠᠷ ᠵᠦᠢᠯ ᠱᠠᠩᠨᠠᠯ ᠣᠯᠤᠭᠰᠠᠨ ᠨᠢᠭᠡᠴᠢ ᠨᠦᠭᠦᠳ ᠵᠢᠱᠢᠶᠡᠴᠢ ᠪᠠᠷ ᠳᠠᠶᠢᠴᠢᠯᠠᠬᠤ ᠦᠢᠯᠡᠳᠦᠯ ᠢᠶᠠᠨ | ᠰᠠᠶᠢᠲᠤᠷ ᠪᠠᠳᠠᠷᠠᠭᠤᠯᠵᠤ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ | ᠵᠣᠬᠢᠶᠠᠨ ᠪᠠᠶᠢᠭᠤᠯᠤᠨ ᠥᠷᠨᠢᠭᠦᠯᠦᠭᠰᠡᠨᠶᠠᠰᠤ ᠴᠢᠨᠠᠷ ᠤᠨ ᠲᠡᠷᠢᠭᠦᠨ ᠤ ᠬᠠᠮᠢᠶᠠᠷᠤᠯᠲᠠ ᠶᠢᠨ ᠲᠤᠷᠰᠢᠯᠭ᠎ᠠ ᠪᠠ | ᠠᠷᠭ᠎ᠠ ᠶᠢ ᠳᠡᠯᠭᠡᠷᠡᠭᠦᠯᠬᠦ᠂ ᠤᠬᠠᠭᠤᠯᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠨᠡᠶᠢᠭᠡᠮ ᠤᠨ | ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠬᠦ ᠬᠡᠷᠡᠭᠲᠡᠢ᠃ | ᠬᠤᠷᠢᠨ ᠨᠢᠭᠡᠳᠦᠭᠡᠷ ᠵᠦᠢᠯ ᠱᠠᠩᠨᠠᠯ ᠣᠯᠤᠭᠰᠠᠨ ᠨᠢᠭᠡᠴᠢ ᠱᠠᠩᠨᠠᠯ ᠣᠯᠤᠭᠰᠠᠨ 3 ᠵᠢᠯ ᠤᠨ ᠳᠣᠲᠣᠷ᠎ᠠ᠂ ᠵᠢᠯ | ᠪᠦᠷᠢ ︽ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ | ᠠᠵᠢᠯ ᠤᠨ ᠠᠮᠵᠢᠯᠲᠠ ᠪᠦᠲᠦᠮᠵᠢ ᠶᠢᠨ ᠮᠡᠳᠡᠭᠦᠯᠦᠯᠲᠡ︾ ᠶᠢ ᠦᠨᠡᠨ ᠪᠣᠳᠠᠲᠠᠶ ᠪᠠᠷ ᠲᠠᠭᠯᠠᠵᠤ᠂ ᠬᠤᠲᠠ ᠶᠢᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ | ᠬᠢᠨᠠᠨ ᠲᠣᠭᠲᠠᠭᠠᠬᠤ ᠠᠯᠪᠠᠨ ᠬᠡᠷ︶ ᠳᠤ ᠴᠠᠭ ᠲᠤᠬᠠᠶ ᠳᠤᠨᠢ ᠮᠡᠳᠡᠭᠦᠯᠦᠨ ᠬᠦᠷᠭᠡᠬᠦ ᠬᠡᠷᠡᠭᠲᠡᠶ᠃ | ᠬᠤᠷᠢᠨ ᠬᠤᠶᠠᠳᠤᠭᠠᠷ ᠵᠦᠢᠯ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠮᠡᠳᠡᠭᠦᠯᠬᠦ | ᠶᠠᠪᠤᠴᠠ ᠳᠤ ᠬᠤᠳᠠᠯ ᠬᠡᠯᠡᠨ ᠬᠠᠭᠤᠷᠮᠠᠭ ᠵᠣᠬᠢᠶᠠᠵᠤ᠂ ᠵᠦᠶ ᠪᠤᠰᠤ ᠠᠷᠭ᠎ᠠ ᠪᠠᠷᠢᠯ ᠢᠶᠠᠷ ᠬᠤᠲᠠ ᠶᠢᠨ ᠳᠠᠷᠤᠭ᠎ᠠ ᠶᠢᠨ | ᠶᠠᠰᠤ ᠴᠢᠨᠠᠷ ᠤᠨ ᠱᠠᠩᠨᠠᠯ ᠤᠨ ᠢᠷᠠᠭᠤ ᠠᠯᠳᠠᠷ ᠢ ᠮᠡᠬᠡᠯᠡᠨ ᠠᠪᠤᠭᠰᠠᠨ ᠵᠣᠬᠢᠶᠠᠨ ᠪᠠᠶᠢᠭᠤᠯᠤᠯᠲᠠ ᠶᠢ ᠬᠤᠲᠠ ᠶᠢᠨ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ | ᠱᠠᠩᠨᠠᠯ ᠢ ᠬᠢᠨᠠᠨ ᠲᠣᠭᠲᠠᠭᠠᠬᠤ ᠠᠯᠪᠠᠨ ᠬᠡᠷ︶ ᠠᠴᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ | ᠳᠡᠪᠰᠢᠭᠦᠯᠵᠦ ᠱᠠᠩᠨᠠᠯ ᠢ ᠨᠢ ᠬᠦᠴᠦᠨ ᠥᠬᠡᠶ ᠪᠣᠯᠭᠠᠨ᠎ᠠ᠃ | ᠬᠤᠷᠢᠨ ᠭᠤᠷᠪᠠᠳᠤᠭᠠᠷ ᠵᠦᠢᠯ ᠱᠠᠩᠨᠠᠯ ᠣᠯᠣᠭᠰᠠᠨ ᠵᠣᠬᠢᠶᠠᠨ ᠪᠠᠶᠢᠭᠤᠯᠤᠯᠲᠠ ᠨᠢ ᠱᠠᠩᠨᠠᠯ ᠣᠯᠣᠭᠰᠠᠨ ᠤ | ᠳᠠᠷᠠᠭᠠᠬᠢ 3 ᠵᠢᠯ ᠤᠨ ᠳᠣᠲᠣᠷ᠎ᠠ ᠨᠡᠯᠢᠶᠡᠳ ᠶᠡᠭᠡ ᠶᠠᠰᠤ ᠴᠢᠨᠠᠷ ᠤᠨ ᠪᠠ ᠠᠶᠤᠯᠭᠦᠢ ᠶᠢᠨ ᠠᠳᠡᠯ ᠭᠠᠷᠤᠭᠰᠠᠨ᠂ | ᠡᠰᠡᠬᠦᠯ᠎ᠡ ᠬᠠᠤᠯᠢ ᠳᠦᠷᠢᠮ ᠢ ᠵᠥᠷᠢᠴᠡᠭᠰᠡᠨ ᠬᠦᠨᠳᠦ ᠶᠡᠭᠡ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠲᠠᠢ | ᠪᠣᠯ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠬᠤᠲᠠ ᠶᠢᠨ ᠳᠠᠷᠤᠭ᠎ᠠ ᠶᠢᠨ | ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠠᠯᠪᠠᠨ ᠭᠡᠷ︶ ᠠᠴᠠ ᠬᠤᠲᠠ ᠶᠢᠨ ᠠᠷᠠᠳ ᠤᠨ ᠵᠠᠰᠠᠭ ᠤᠨ | ᠣᠷᠳᠣᠨ ᠳᠤ ᠳᠡᠪᠰᠢᠭᠦᠯᠦᠨ ᠣᠯᠣᠭᠰᠠᠨ ᠱᠠᠩᠨᠠᠯ ᠢ ᠬᠦᠴᠦᠨ ᠦᠭᠡᠢ ᠪᠣᠯᠭᠠᠨ᠎ᠠ᠃ | ᠬᠤᠷᠢᠨ ᠳᠥᠷᠪᠡᠳᠦᠭᠡᠷ ᠵᠦᠢᠯ ᠱᠠᠩᠨᠠᠯ ᠣᠯᠤᠭᠰᠠᠨ ᠵᠣᠬᠢᠶᠠᠨ ᠪᠠᠶᠢᠭᠤᠯᠤᠯᠲᠠ ᠨᠢ ᠠᠵᠤ ᠠᠬᠤᠶᠢᠯᠠᠯ ᠤᠨ | ᠳᠦᠷᠢ ᠲᠥᠷᠬᠦ ᠪᠠᠨ ᠤᠬᠠᠭᠤᠯᠬᠤ ᠳᠤᠮᠳᠠ ᠱᠠᠩᠨᠠᠯ ᠣᠯᠤᠭᠰᠠᠨ ᠴᠣᠯᠠ ᠶᠢ ᠬᠡᠷᠡᠭᠯᠡᠵᠦ ᠪᠣᠯᠬᠤ ᠪᠥᠭᠡᠳ ᠱᠠᠩᠨᠠᠯ | ᠣᠯᠤᠭᠰᠠᠨ ᠣᠨ ᠵᠢᠯ ᠢ ᠲᠣᠳᠣᠷᠬᠠᠶᠢᠯᠠᠵᠤ ᠪᠣᠯᠤᠨ᠎ᠠ᠂ ᠭᠡᠪᠡᠴᠦ ᠦᠢᠯᠡᠳᠬᠦᠨ ᠪᠤᠶᠤ ᠪᠣᠭᠤᠳᠠᠯ ᠳᠡᠭᠡᠷ᠎ᠡ ᠪᠠᠨ | ᠲᠡᠮᠲᠡᠭᠯᠡᠨ ᠬᠠᠳᠠᠵᠤ ᠦᠢᠯᠡᠳᠬᠦᠨ ᠤ ᠤᠬᠠᠭᠤᠯᠭ᠎ᠠ ᠳᠤ ᠬᠡᠷᠡᠭᠯᠡᠵᠦ ᠪᠣᠯᠬᠤ ᠦᠭᠡᠶ᠃ | ᠬᠤᠷᠢᠨ ᠲᠠᠪᠤᠳᠤᠭᠠᠷ ᠵᠦᠢᠯ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ | ᠠᠵᠢᠯᠲᠠᠳ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠮᠡᠳᠡᠭᠦᠯᠦᠭᠰᠡᠨ ᠨᠢᠭᠡᠴᠢ ᠶᠢᠨ ᠬᠤᠳᠠᠯᠳᠤᠭᠠᠨ ᠤ | ᠨᠢᠭᠤᠴᠠ᠂ ᠮᠡᠷᠭᠡᠵᠢᠯ ᠤᠨ ᠨᠢᠭᠤᠴᠠ ᠶᠢ ᠬᠠᠮᠠᠭᠠᠯᠠᠬᠤ ᠬᠡᠷᠡᠭᠲᠡᠶ︔ ᠬᠢᠨᠠᠨ ᠲᠣᠭᠲᠠᠭᠠᠬᠤ ᠠᠵᠢᠯᠲᠠᠳ ᠮᠡᠳᠡᠭᠦᠯᠦᠭᠰᠡᠨ | ᠨᠢᠭᠡᠴᠢ ᠲᠠᠢ ᠠᠰᠢᠭ ᠬᠤᠤᠷ ᠤᠨ ᠬᠠᠷᠢᠴᠠᠭ᠎ᠠ ᠲᠠᠢ ᠪᠣᠯ ᠲᠤᠰ ᠬᠥᠮᠦᠨ ᠨᠢ ᠡᠷᠬᠡᠪᠰᠢ ᠵᠠᠶᠢᠯᠠᠬᠤ ᠬᠡᠷᠡᠭᠲᠡᠶ᠃ | ᠳᠣᠯᠣᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ | ᠬᠤᠷᠢᠨ ᠵᠢᠷᠭᠤᠳᠤᠭᠠᠷ ᠵᠦᠢᠯ ᠲᠤᠰ ᠠᠷᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ | | |