︵2024 ᠣᠨ ᠤ 7 ᠰᠠᠷ᠎ᠠ ᠶᠢᠨ 31 ᠤ ᠡᠳᠦᠷ︶ | ᠠᠵᠤ ᠠᠬᠤᠢ ᠨᠡᠶᠢᠭᠡᠮ ᠤᠨ ᠬᠥᠭᠵᠢᠯᠲᠡ ᠶᠢ ᠪᠣᠬᠢᠷᠳᠤᠯ ᠦᠭᠡᠢ᠂ ᠪᠠᠭ᠎ᠠ ᠨᠡᠭᠦᠷᠡᠰᠦᠲᠥ᠋ᠷᠥᠭᠴᠢᠲᠦ ᠪᠤᠯᠭᠠᠬᠤ ᠶᠢ | ᠠᠬᠢᠭᠤᠯᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠲᠥᠷᠥ ᠶᠢ ᠵᠠᠰᠠᠵᠤ ᠵᠠᠰᠠᠭ ᠢ ᠡᠷᠭᠢᠯᠡᠭᠦ ᠰᠢᠨ᠎ᠡ | ᠣᠶᠢᠯᠠᠭᠠᠭᠳᠠᠬᠤᠨ ᠰᠢᠨ᠎ᠡ ᠦᠢᠯᠡᠳᠦᠯᠭᠡ ᠶᠢᠨ ᠴᠢᠬᠤᠯᠠ ᠪᠡᠯᠭᠡ ᠲᠡᠮᠳᠡᠭ ᠮᠥᠨ᠂ ᠴᠢᠨᠠᠷ ᠰᠠᠶᠢᠲᠠᠢ ᠬᠥᠭᠵᠢᠯᠲᠡ ᠶᠢ | ᠪᠡᠶᠡᠯᠡᠭᠦᠯᠬᠦ ᠵᠠᠩᠭᠢᠯᠠᠭ᠎ᠠ ᠶᠢᠨ ᠭᠤᠭᠴᠤᠭ᠎ᠠ ᠮᠥᠨ᠂ ᠮᠠᠨ ᠤ ᠤᠯᠤᠰ ᠤᠨ ᠡᠬᠢ ᠪᠠᠶᠠᠯᠢᠭ ᠠᠮᠢ ᠠᠬᠤᠢ ᠣᠷᠴᠢᠨ | ᠲᠣᠭᠤᠷᠢᠨ ᠤ ᠠᠰᠠᠭᠤᠳᠠᠯ ᠢ ᠰᠢᠢᠳᠪᠦᠷᠢᠯᠡᠬᠦ ᠰᠠᠭᠤᠷᠢ ᠪᠤᠯᠬᠤ ᠠᠷᠭ᠎ᠠ ᠪᠣᠳᠣᠯᠭ᠎ᠠ ᠮᠥᠨ᠂ ᠬᠥᠮᠥᠨ ᠬᠢᠭᠡᠳ | ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠣᠳᠣᠬᠢᠴᠢᠯᠠᠯᠲᠠ ᠶᠢ ᠪᠦᠲᠦᠭᠡᠨ ᠪᠠᠶᠢᠭᠤᠯᠬᠤ ᠶᠢᠨ | ᠳᠣᠲᠣᠭᠠᠳᠤ ᠱᠠᠭᠠᠷᠳᠠᠯᠭ᠎ᠠ ᠮᠥᠨ᠃ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ ᠲᠠᠯ᠎ᠠ ᠪᠠᠷ ᠪᠣᠬᠢᠷᠳᠤᠯ | ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠬᠦ ᠶᠢᠨ ᠲᠥᠯᠥᠭᠡ᠂ ᠤᠳᠤ ᠳᠣᠣᠷᠠᠬᠢ ᠮᠡᠲᠦ ᠰᠠᠨᠠᠯ ᠢ | ᠳᠤᠷᠠᠳᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ᠂ ᠭᠤᠷᠪᠠᠳᠤᠭᠠᠷ ᠪᠦᠭᠦᠳᠡ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭ᠎ᠠ᠂ ᠰᠢ | ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠠᠷᠪᠢᠯᠠᠨ | ᠡᠷᠴᠢᠮᠵᠢᠭᠦᠯᠬᠦ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ | ᠡᠷᠡᠰ ᠭᠤᠶᠢᠪᠢᠰᠢ ᠦᠭᠡᠢ ᠵᠠᠮᠨᠠᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ | ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠢᠶᠠᠷ ᠤᠳᠤᠷᠢᠳᠤᠮᠵᠢ ᠪᠤᠯᠭᠠᠵᠤ᠂ ᠨᠡᠭᠦᠷᠡᠰᠦᠲᠥ᠋ᠷᠥᠭᠴᠢ | ᠶᠢᠨ ᠬᠡᠮᠵᠢᠶ᠎ᠡ ᠶᠢ ᠪᠠᠭᠤᠷᠠᠭᠤᠯᠬᠤ᠂ ᠪᠣᠬᠢᠷᠳᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠨᠡᠮᠡᠭᠳᠡᠯ ᠢ | ᠬᠠᠮᠵᠢᠯᠴᠠᠨ ᠠᠬᠢᠭᠤᠯᠬᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢᠨ ᠲᠣᠭᠲᠠᠴᠠ ᠶᠢ | ᠪᠦᠷᠢᠨᠰᠢᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ ᠲᠠᠯ᠎ᠠ ᠪᠠᠷ ᠪᠣᠬᠢᠷᠳᠤᠯ ᠦᠭᠡᠢ ᠲᠡᠶᠢᠰᠢ | ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ᠂ ᠡᠬᠢ ᠪᠠᠶᠠᠯᠢᠭ ᠢ ᠠᠷᠪᠢᠯᠠᠬᠤ ᠪᠠ ᠣᠷᠴᠢᠨ ᠲᠣᠭᠤᠷᠢᠨ ᠢ | ᠬᠠᠮᠠᠭᠠᠯᠠᠬᠤ ᠣᠷᠣᠨ ᠵᠠᠢ ᠶᠢᠨ ᠪᠠᠶᠢᠷᠢᠰᠢᠯ᠂ ᠠᠵᠤ ᠦᠢᠯᠡᠰ ᠤᠨ ᠪᠦᠲᠦᠴᠡ᠂ ᠦᠢᠯᠡᠳᠪᠦᠷᠢᠯᠡᠯ ᠤᠨ ᠭᠡᠯᠪᠡᠷᠢ᠂ | ᠠᠮᠢᠳᠤᠷᠠᠯ ᠤᠨ ᠠᠷᠭ᠎ᠠ ᠮᠠᠶ᠋ᠢᠭ ᠢ ᠪᠤᠶ ᠪᠤᠯᠭᠠᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ | ᠪᠠᠶᠢᠭᠤᠯᠤᠯᠲᠠ ᠶᠢ ᠪᠦᠭᠦ ᠲᠠᠯ᠎ᠠ ᠪᠠᠷ ᠲᠦᠯᠬᠢᠨ ᠠᠬᠢᠭᠤᠯᠵᠤ᠂ ᠬᠥᠮᠥᠨ ᠬᠢᠭᠡᠳ ᠪᠠᠶᠢᠭᠠᠯᠢ ᠶᠢᠨ ᠡᠶ᠎ᠡ | ᠵᠣᠬᠢᠴᠠᠩᠭᠤᠢ ᠪᠠᠷ ᠬᠠᠮᠲᠤ ᠣᠷᠣᠰᠢᠬᠤ ᠣᠳᠣᠬᠢᠴᠢᠯᠠᠯᠲᠠ ᠶᠢ ᠲᠦᠷᠭᠡᠪᠴᠢᠯᠡᠨ ᠠᠬᠢᠭᠤᠯᠤᠨ᠎ᠠ᠃ | ᠠᠵᠢᠯ ᠤᠨ ᠳᠤᠮᠳᠠ ᠪᠠᠨ ᠳᠣᠣᠷᠠᠬᠢ ᠵᠦᠢᠯᠡᠰ ᠢ ᠪᠡᠶᠡᠯᠡᠭᠦᠯᠬᠦ ᠬᠡᠷᠡᠭᠲᠡᠢ᠄ | - ᠪᠦᠭᠦ ᠲᠠᠯ᠎ᠠ ᠪᠠᠷ ᠭᠡᠯᠪᠡᠷᠢ ᠪᠠᠨ ᠬᠤᠪᠢᠷᠠᠭᠤᠯᠬᠤ ᠶᠢ ᠪᠠᠷᠢᠮᠲᠠᠯᠠᠬᠤ ᠬᠡᠷᠡᠭᠲᠡᠢ᠃ ᠨᠣᠮᠢᠨ ᠤᠰᠤ ᠬᠥᠬᠡᠮᠳᠦᠭ | ᠠᠭᠤᠯᠠ ᠪᠣᠯ ᠠᠯᠲᠠᠨ ᠠᠭᠤᠯᠠ ᠮᠥᠩᠭᠦᠨ ᠬᠠᠶᠢᠷᠬᠠᠨ ᠮᠥᠨ ᠭᠡᠬᠦ ᠣᠶᠢᠯᠠᠭᠠᠭᠳᠠᠬᠤᠨ ᠢ ᠪᠠᠲᠤ ᠪᠤᠶ ᠪᠤᠯᠭᠠᠵᠤ᠂ | ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠱᠠᠭᠠᠷᠳᠠᠯᠭ᠎ᠠ ᠶᠢ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠪᠦᠭᠦ ᠲᠠᠯ᠎ᠠ ᠳᠤ ᠠᠭᠤᠰᠬᠠᠨ ᠣᠷᠣᠭᠤᠯᠵᠤ᠂ ᠪᠦᠭᠦ ᠲᠠᠯ᠎ᠠ ᠪᠠᠷ᠂ ᠪᠦᠭᠦ ᠬᠦᠷᠢᠶ᠎ᠡ ᠪᠠᠷ᠂ ᠪᠦᠭᠦ | ᠣᠷᠣᠨ ᠪᠦᠰᠡ ᠪᠠᠷ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠬᠥᠮᠥᠨ ᠬᠢᠭᠡᠳ | ᠪᠠᠶᠢᠭᠠᠯᠢ ᠶᠢᠨ ᠠᠮᠢ ᠨᠠᠰᠤᠨ ᠤ ᠬᠠᠮᠲᠤ ᠶᠢᠨ ᠴᠣᠭᠴᠠ ᠶᠢ ᠪᠠᠶᠢᠭᠤᠯᠬᠤ ᠬᠡᠷᠡᠭᠲᠡᠢ᠃ | - ᠬᠠᠮᠵᠢᠯᠴᠠᠨ ᠭᠡᠯᠪᠡᠷᠢ ᠪᠠᠨ ᠬᠤᠪᠢᠷᠠᠭᠤᠯᠬᠤ ᠶᠢ ᠪᠠᠷᠢᠮᠲᠠᠯᠠᠬᠤ ᠬᠡᠷᠡᠭᠲᠡᠢ᠃ ᠠᠳᠠᠯᠢ ᠪᠤᠰᠤ ᠭᠠᠵᠠᠷ ᠣᠷᠣᠨ᠂ | ᠠᠳᠠᠯᠢ ᠪᠤᠰᠤ ᠠᠵᠢᠯ ᠲᠥᠷᠥᠯ ᠤᠨ ᠬᠥᠭᠵᠢᠯᠲᠡ ᠶᠢᠨ ᠪᠣᠳᠠᠲᠤ ᠪᠠᠶᠢᠳᠠᠯ ᠢ ᠭᠦᠢᠴᠡᠳ ᠪᠣᠳᠣᠯᠬᠢᠯᠠᠨ᠂ ᠨᠢᠭᠡᠳᠦᠯᠲᠡᠢ | ᠲᠥᠯᠥᠪᠵᠢᠭᠦᠯᠦᠨ ᠠᠬᠢᠭᠤᠯᠬᠤ ᠪᠠ ᠭᠤᠣᠯᠳᠠᠯᠭ᠎ᠠ ᠲᠠᠢ ᠰᠢᠪᠲᠤᠯᠬᠤ ᠶᠢ ᠬᠠᠷᠢᠯᠴᠠᠨ ᠤᠶᠠᠯᠳᠤᠭᠤᠯᠬᠤ ᠶᠢ | ᠪᠠᠷᠢᠮᠲᠠᠯᠠᠵᠤ᠂ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠴᠠᠭ ᠤᠨ ᠬᠦᠰᠦᠨᠦᠭᠲᠦ᠂ ᠵᠠᠮ | ᠱᠤᠭᠤᠮ ᠤᠨ ᠵᠢᠷᠤᠭ᠂ ᠪᠠᠷᠢᠯᠭ᠎ᠠ ᠶᠢᠨ ᠵᠢᠷᠤᠭ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠨᠥᠬᠦᠴᠡᠯ ᠲᠠᠢ ᠭᠠᠵᠠᠷ | ᠣᠷᠣᠨ ᠪᠠ ᠠᠵᠢᠯ ᠲᠥᠷᠥᠯ ᠤᠨ ᠬᠢᠨ ᠤ ᠤᠷᠢᠳ ᠢᠶᠠᠷ ᠰᠦᠪᠡᠭᠴᠢᠯᠡᠬᠦ ᠶᠢ ᠵᠣᠷᠢᠭᠵᠢᠭᠤᠯᠬᠤ ᠬᠡᠷᠡᠭᠲᠡᠢ᠃ | - ᠰᠢᠨ᠎ᠡ ᠶᠢ ᠡᠭᠦᠳᠦᠨ ᠭᠡᠯᠪᠡᠷᠢ ᠪᠠᠨ ᠬᠤᠪᠢᠷᠠᠭᠤᠯᠬᠤ ᠶᠢ ᠪᠠᠷᠢᠮᠲᠠᠯᠠᠬᠤ ᠬᠡᠷᠡᠭᠲᠡᠢ᠃ ᠪᠣᠬᠢᠷᠳᠤᠯ ᠦᠭᠡᠢ | ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠲᠤᠯᠭᠠᠭᠤᠷᠢᠯᠠᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ | ᠶᠢ ᠡᠭᠦᠳᠬᠦ᠂ ᠲᠦᠷᠦ ᠶᠢᠨ ᠪᠣᠳᠣᠯᠭ᠎ᠠ ᠳᠦᠷᠢᠮ ᠤᠨ ᠰᠢᠨ᠎ᠡ ᠶᠢ ᠡᠭᠦᠳᠬᠦ᠂ ᠬᠤᠳᠠᠯᠳᠤᠭᠠᠨ ᠤ ᠵᠠᠭᠪᠤᠷ ᠤᠨ ᠰᠢᠨ᠎ᠡ | ᠶᠢ ᠡᠭᠦᠳᠬᠦ ᠶᠢ ᠴᠢᠩᠭᠠᠳᠬᠠᠵᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠤᠪᠢᠰᠬᠠᠯ ᠢ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ | ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠠᠮᠢ ᠠᠬᠤᠢ ᠶᠢᠨ ᠪᠣᠯᠪᠠᠰᠤᠨ ᠤ ᠳᠦᠷᠢᠮ ᠤᠨ ᠰᠢᠰᠲ᠋ᠧᠮ ᠢ | ᠲᠡᠭᠦᠯᠳᠡᠷᠵᠢᠭᠦᠯᠵᠦ᠂ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠳᠤ ᠨᠡᠩ ᠬᠦᠴᠦᠷᠬᠡᠭ ᠰᠢᠨ᠎ᠡ ᠶᠢ | ᠡᠭᠦᠳᠬᠦ ᠬᠥᠳᠡᠯᠭᠡᠬᠦ ᠬᠦᠴᠦᠨ ᠪᠣᠯᠣᠨ ᠳᠦᠷᠢᠮ ᠤᠨ ᠪᠠᠲᠤᠯᠠᠭ᠎ᠠ ᠬᠠᠩᠭᠠᠬᠤ ᠬᠡᠷᠡᠭᠲᠡᠢ᠃ | - ᠠᠮᠤᠷ ᠲᠦᠪᠰᠢᠨ ᠢᠶᠠᠷ ᠭᠡᠯᠪᠡᠷᠢ ᠪᠠᠨ ᠬᠤᠪᠢᠷᠠᠭᠤᠯᠬᠤ ᠶᠢ ᠪᠠᠷᠢᠮᠲᠠᠯᠠᠬᠤ ᠬᠡᠷᠡᠭᠲᠡᠢ᠃ ᠬᠥᠭᠵᠢᠯᠲᠡ ᠪᠠ | ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠪᠦᠬᠦᠯᠢ ᠴᠣᠭᠴᠠ ᠪᠠ ᠬᠡᠰᠡᠭ ᠲᠠᠯ᠎ᠠ᠂ ᠣᠳᠣᠬᠠᠨ | ᠪᠠ ᠠᠯᠤᠰ ᠭᠡᠲᠦ᠂ ᠵᠠᠰᠠᠭ ᠤᠨ ᠣᠷᠳᠣᠨ ᠪᠠ ᠵᠠᠬ᠎ᠠ ᠳᠡᠯᠭᠡᠭᠦᠷ ᠤᠨ ᠬᠠᠷᠢᠴᠠᠭ᠎ᠠ ᠶᠢ ᠨᠢᠭᠡᠳᠦᠯᠲᠡᠢ ᠲᠥᠯᠥᠪᠵᠢᠭᠦᠯᠦᠨ | ᠰᠠᠶᠢᠲᠤᠷ ᠰᠢᠢᠳᠪᠦᠷᠢᠯᠡᠵᠦ᠂ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠳᠤ ᠲᠤᠯᠭᠠᠷᠠᠵᠤ ᠪᠠᠶᠢᠭ᠎ᠠ | ᠳᠣᠲᠣᠭᠠᠳᠤ ᠭᠠᠳᠠᠭᠠᠳᠤ ᠶᠢᠨ ᠠᠶᠤᠯ ᠲᠦᠭᠰᠢᠭᠦᠷᠢ ᠥᠷᠢᠰᠦᠯᠳᠦᠭᠡᠨ ᠢ ᠲᠣᠬᠢᠲᠠᠢ ᠰᠡᠷᠭᠡᠶᠢᠯᠡᠨ ᠠᠷᠢᠯᠭᠠᠵᠤ᠂ ᠠᠮᠤ | ᠪᠤᠳᠠᠭ᠎ᠠ ᠡᠨᠧᠷᠭᠢ ᠶᠢᠨ ᠠᠮᠤᠷ ᠲᠦᠪᠰᠢᠨ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ | ᠲᠦᠪᠰᠢᠨ ᠢ ᠦᠨᠡᠨ ᠬᠦ ᠪᠠᠲᠤᠯᠠᠵᠤ᠂ ᠠᠷᠠᠳ ᠣᠯᠠᠨ ᠤ ᠦᠢᠯᠡᠳᠪᠦᠷᠢᠯᠡᠯ ᠠᠮᠢᠳᠤᠷᠠᠯ ᠢ ᠨᠠᠩ ᠰᠠᠶᠢᠲᠤᠷ ᠪᠠᠲᠤᠯᠠᠬᠤ | ᠬᠡᠷᠡᠭᠲᠡᠢ᠃ | ᠭᠤᠣᠯ ᠬᠠᠷᠠᠯᠲᠠ ᠪᠣᠯ᠄ 2030 ᠣᠨ ᠪᠤᠯᠬᠤ ᠳᠤ᠂ ᠭᠤᠣᠯᠳᠠᠯᠭ᠎ᠠ ᠲᠠᠢ ᠬᠦᠷᠢᠶᠡᠨ ᠳᠠᠬᠢ ᠪᠣᠬᠢᠷᠳᠤᠯ ᠦᠭᠡᠢ | ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠢᠳᠡᠪᠬᠢᠲᠡᠢ ᠠᠬᠢᠴᠠ ᠲᠠᠢ ᠪᠤᠯᠭᠠᠵᠤ᠂ ᠪᠣᠬᠢᠷᠳᠤᠯ ᠦᠭᠡᠢ | ᠦᠢᠯᠡᠳᠪᠦᠷᠢᠯᠡᠯ ᠤᠨ ᠠᠷᠭ᠎ᠠ ᠮᠠᠶ᠋ᠢᠭ ᠪᠠ ᠠᠮᠢᠳᠤᠷᠠᠯ ᠤᠨ ᠠᠷᠭ᠎ᠠ ᠮᠠᠶ᠋ᠢᠭ ᠢ ᠦᠨᠳᠦᠰᠦᠨ ᠳᠡᠭᠡᠨ ᠪᠤᠢ ᠪᠤᠯᠭᠠᠵᠤ᠂ | ᠪᠣᠬᠢᠷᠳᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠬᠠᠮᠵᠢᠯᠴᠠᠬᠤ ᠴᠢᠳᠠᠪᠤᠷᠢ ᠶᠢ ᠢᠯᠡᠳᠲᠡ | ᠴᠢᠩᠭᠠᠷᠠᠭᠤᠯᠵᠤ᠂ ᠭᠤᠣᠯ ᠪᠤᠯᠬᠤ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠪᠣᠬᠢᠷᠳᠤᠯ ᠦᠭᠡᠢ ᠬᠥᠭᠵᠢᠯᠲᠡ ᠶᠢ ᠳᠡᠮᠵᠢᠬᠦ ᠲᠦᠷᠦ ᠶᠢᠨ ᠪᠣᠳᠣᠯᠭ᠎ᠠ ᠪᠠ ᠪᠠᠷᠢᠮᠵᠢᠶ᠎ᠠ ᠶᠢᠨ | ᠰᠢᠰᠲ᠋ᠧᠮ ᠢ ᠨᠡᠩ ᠲᠡᠭᠦᠯᠳᠡᠷᠵᠢᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ ᠲᠠᠯ᠎ᠠ ᠪᠠᠷ ᠪᠣᠬᠢᠷᠳᠤᠯ | ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠣᠨ᠎ᠠ᠃ 2035 | ᠣᠨ ᠪᠤᠯᠬᠤ ᠳᠤ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠡᠷᠭᠢᠯᠲᠡᠲᠦ ᠬᠥᠭᠵᠢᠯᠲᠡ ᠶᠢᠨ ᠠᠵᠤ ᠠᠬᠤᠢ ᠶᠢᠨ | ᠰᠢᠰᠲ᠋ᠧᠮ ᠢ ᠦᠨᠳᠦᠰᠦᠨ ᠳᠡᠭᠡᠨ ᠪᠠᠶᠢᠭᠤᠯᠵᠤ᠂ ᠪᠣᠬᠢᠷᠳᠤᠯ ᠦᠭᠡᠢ ᠦᠢᠯᠡᠳᠪᠦᠷᠢᠯᠡᠯ ᠤᠨ ᠭᠡᠯᠪᠡᠷᠢ ᠪᠣᠯᠣᠨ | ᠠᠮᠢᠳᠤᠷᠠᠯ ᠤᠨ ᠠᠷᠭ᠎ᠠ ᠮᠠᠶ᠋ᠢᠭ ᠢ ᠥᠷᠭᠡᠨ ᠢᠶᠠᠷ ᠪᠦᠷᠢᠯᠳᠦᠭᠦᠯᠵᠦ᠂ ᠪᠣᠬᠢᠷᠳᠤᠯ ᠢ ᠪᠠᠭᠠᠰᠬᠠᠵᠤ | ᠨᠡᠭᠦᠷᠡᠰᠦᠲᠥ᠋ᠷᠥᠭᠴᠢ ᠶᠢᠨ ᠬᠡᠮᠵᠢᠶ᠎ᠡ ᠶᠢ ᠪᠠᠭᠠᠰᠬᠠᠬᠤ ᠶᠢ ᠬᠠᠮᠵᠢᠯᠴᠠᠭᠤᠯᠤᠨ ᠦᠷ᠎ᠡ ᠠᠰᠢᠭ ᠢ ᠨᠡᠮᠡᠭᠳᠡᠭᠦᠯᠬᠦ | ᠲᠠᠯ᠎ᠠ ᠪᠠᠷ ᠢᠯᠡᠳᠲᠡ ᠠᠬᠢᠴᠠ ᠲᠠᠢ ᠪᠤᠯᠭᠠᠵᠤ᠂ ᠭᠤᠣᠯ ᠪᠤᠯᠬᠤ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ | ᠳᠡᠯᠡᠬᠡᠢ ᠶᠢᠨ ᠲᠡᠷᠢᠭᠦᠨ ᠤ ᠲᠦᠪᠰᠢᠨ ᠳᠤ ᠬᠦᠷᠭᠡᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠪᠣᠬᠢᠷᠳᠤᠯ ᠦᠭᠡᠢ | ᠪᠠᠭ᠎ᠠ ᠨᠡᠭᠦᠷᠡᠰᠦᠲᠥ᠋ᠷᠥᠭᠴᠢᠲᠦ ᠶᠢᠨ ᠭᠡᠯᠪᠡᠷᠢ ᠳᠤ ᠪᠦᠭᠦ ᠲᠠᠯ᠎ᠠ ᠪᠠᠷ ᠣᠷᠣᠭᠤᠯᠵᠤ᠂ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠭᠦᠷᠦᠭᠰᠡᠨ ᠤ ᠳᠠᠷᠠᠭ᠎ᠠ ᠲᠣᠭᠲᠠᠭᠤᠨ ᠤ ᠳᠤᠮᠳᠠ ᠪᠠᠭᠤᠷᠠᠭᠤᠯᠵᠤ᠂ | ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠠᠶᠢᠭᠤᠯᠬᠤ ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ | ᠬᠤᠶᠠᠷ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠴᠢᠨᠠᠷ ᠰᠠᠶᠢᠲᠠᠢ ᠬᠥᠭᠵᠢᠯᠲᠡ ᠶᠢᠨ ᠣᠷᠣᠨ | ᠵᠠᠢ ᠶᠢᠨ ᠪᠠᠶᠢᠷᠢᠰᠢᠯ ᠢ ᠪᠠᠶᠢᠭᠤᠯᠤᠨ᠎ᠠ | ︵ᠨᠢᠭᠡ︶ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ | ᠪᠠᠶᠢᠷᠢᠰᠢᠯ ᠢ ᠰᠢᠯᠢᠳᠡᠭᠵᠢᠭᠦᠯᠦᠨ᠎ᠡ᠃ ᠪᠦᠭᠦ ᠤᠯᠤᠰ ᠲᠤ ᠨᠢᠭᠡᠳᠦᠯᠲᠡᠢ᠂ ᠬᠠᠷᠢᠭᠤᠴᠠᠯᠭ᠎ᠠ ᠡᠷᠬᠡ ᠲᠣᠳᠣᠷᠬᠠᠢ᠂ | ᠰᠢᠨᠵᠢᠯᠡᠬᠦ ᠤᠬᠠᠭᠠᠨᠴᠢ ᠪᠥᠭᠡᠳ ᠥᠨᠳᠥᠷ ᠪᠦᠲᠦᠮᠵᠢᠲᠡᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ | ᠲᠥᠯᠦᠪᠵᠢᠭᠦᠯᠭᠡ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ | ᠲᠠᠷᠢᠶᠠᠨ ᠭᠠᠵᠠᠷ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠬᠤᠳᠠ ᠪᠠᠯᠭᠠᠰᠤᠨ ᠤ ᠨᠡᠭᠡᠭᠡᠨ | ᠬᠥᠭᠵᠢᠭᠦᠯᠦᠯᠲᠡ ᠶᠢᠨ ᠵᠠᠭᠠᠭ ᠬᠢᠵᠠᠭᠠᠷ ᠵᠡᠷᠭᠡ ᠭᠤᠷᠪᠠᠨ ᠬᠢᠵᠠᠭᠠᠷᠯᠠᠬᠤ ᠱᠤᠭᠤᠮ ᠢ ᠴᠢᠩᠭ᠎ᠠ ᠰᠠᠬᠢᠵᠤ᠂ ᠡᠯ᠎ᠡ | ᠲᠦᠷᠦᠯ ᠤᠨ ᠣᠷᠣᠨ ᠵᠠᠢ ᠶᠢᠨ ᠪᠠᠶᠢᠷᠢᠰᠢᠯ ᠢ ᠰᠢᠯᠢᠳᠡᠭᠵᠢᠭᠦᠯᠦᠨ᠎ᠡ᠃ ᠭᠤᠣᠯ ᠴᠣᠭᠴᠠ ᠶᠢᠨ ᠴᠢᠳᠠᠮᠵᠢᠲᠤ ᠣᠷᠣᠨ ᠤ | ᠳᠦᠷᠢᠮ ᠤᠨ ᠰᠢᠰᠲ᠋ᠧᠮ ᠢ ᠪᠦᠷᠢᠨᠰᠢᠭᠦᠯᠵᠦ᠂ ᠭᠤᠣᠯ ᠴᠣᠭᠴᠠ ᠶᠢᠨ ᠴᠢᠳᠠᠮᠵᠢ ᠶᠢᠨ ᠶᠡᠷᠦᠩᠬᠡᠶᠢᠯᠡᠭᠰᠡᠨ | ᠪᠠᠶᠢᠷᠢᠰᠢᠭᠤᠯᠤᠯᠲᠠ ᠶᠢ ᠠᠬᠢᠭᠤᠯᠤᠨ᠂ ᠭᠤᠣᠯ ᠴᠣᠭᠴᠠ ᠶᠢᠨ ᠴᠢᠳᠠᠮᠵᠢᠲᠤ ᠣᠷᠣᠨ ᠤ ᠬᠤᠪᠢᠶᠠᠷᠢᠯᠠᠯ ᠢ | ᠨᠠᠷᠢᠯᠢᠭᠵᠢᠭᠤᠯᠵᠤ᠂ ᠵᠦᠷᠢᠶᠡᠴᠢᠯᠡᠭᠰᠡᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠤᠯᠤᠰ ᠤᠨ | ᠴᠡᠴᠡᠷᠯᠢᠭ ᠢᠶᠠᠷ ᠭᠤᠣᠯ ᠴᠣᠭᠴᠠ ᠪᠤᠯᠭᠠᠬᠰᠠᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢᠶᠠᠷ ᠰᠠᠭᠤᠷᠢ | ᠪᠤᠯᠭᠠᠬᠰᠠᠨ᠂ ᠡᠯ᠎ᠡ ᠲᠥᠷᠥᠯ ᠤᠨ ᠪᠠᠶᠢᠭᠠᠯᠢ ᠶᠢᠨ ᠴᠡᠴᠡᠷᠯᠢᠭ ᠢᠶᠠᠷ ᠨᠥᠬᠦᠪᠦᠷᠢ ᠪᠤᠯᠭᠠᠬᠰᠠᠨ ᠪᠠᠶᠢᠭᠠᠯᠢ ᠶᠢᠨ | ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠢ ᠲᠦᠷᠭᠡᠳᠬᠡᠨ ᠪᠠᠶᠢᠭᠤᠯᠤᠨ᠎ᠠ᠃ ᠠᠮᠢ ᠠᠬᠤᠢ ᠣᠷᠴᠢᠨ ᠲᠣᠭᠤᠷᠢᠨ ᠤ | ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ ᠳᠠᠯᠠᠢ ᠲᠠᠩᠭᠢᠰ ᠤᠨ ᠡᠬᠢ ᠪᠠᠶᠠᠯᠢᠭ ᠢ ᠨᠡᠭᠡᠭᠡᠨ | ᠬᠥᠭᠵᠢᠭᠦᠯᠵᠦ ᠬᠠᠮᠠᠭᠠᠯᠠᠬᠤ ᠳᠦᠷᠢᠮ ᠢ ᠪᠦᠷᠢᠨᠰᠢᠭᠦᠯᠵᠦ᠂ ᠳᠠᠯᠠᠢ ᠲᠠᠩᠭᠢᠰ ᠤᠨ ᠨᠡᠭᠡᠭᠡᠨ ᠠᠰᠢᠭᠯᠠᠯᠲᠠ ᠶᠢ | ᠰᠢᠰᠲ᠋ᠧᠮ ᠲᠠᠢ ᠲᠥᠯᠥᠪᠯᠡᠵᠦ᠂ ᠡᠬᠡ ᠬᠠᠭᠤᠷᠠᠢ ᠳᠠᠯᠠᠢ ᠲᠠᠩᠭᠢᠰ ᠤᠨ ᠬᠠᠮᠵᠢᠯᠴᠠᠭᠰᠠᠨ ᠦᠷᠭᠦᠯᠵᠢᠯᠡᠬᠦᠶᠢᠴᠡ | ᠬᠥᠭᠵᠢᠯᠲᠡ ᠶᠢ ᠠᠬᠢᠭᠤᠯᠤᠨ᠎ᠠ᠃ | ︵ᠬᠤᠶᠠᠷ︶ ᠪᠣᠬᠢᠷᠳᠤᠯ ᠦᠭᠡᠢ ᠬᠥᠭᠵᠢᠯᠲᠡ ᠶᠢᠨ ᠥᠨᠳᠦᠷᠯᠢᠭ ᠢ ᠪᠤᠶ ᠪᠣᠯᠭᠠᠨ᠎ᠠ᠃ ᠣᠷᠣᠨ ᠪᠦᠰᠡ ᠶᠢᠨ | ᠪᠣᠬᠢᠷᠳᠤᠯ ᠦᠭᠡᠢ ᠬᠥᠭᠵᠢᠯᠲᠡ ᠶᠢᠨ ᠬᠠᠮᠵᠢᠯᠴᠠᠭ᠎ᠠ ᠶᠢ ᠴᠢᠩᠭᠠᠳᠬᠠᠵᠤ᠂ ᠵᠣᠬᠢᠴᠠᠩᠭᠤᠢ ᠬᠥᠭᠵᠢᠯᠲᠡ ᠪᠣᠯᠣᠨ | ᠬᠠᠮᠵᠢᠯᠴᠠᠨ ᠭᠡᠯᠪᠡᠷᠢ ᠪᠠᠨ ᠬᠤᠪᠢᠷᠠᠭᠤᠯᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠪᠣᠬᠢᠷᠳᠤᠯ ᠦᠭᠡᠢ ᠪᠥᠭᠡᠳ | ᠨᠡᠭᠦᠷᠡᠰᠦᠳᠦ᠋ᠷᠦᠭᠴᠢ ᠪᠠᠭᠠᠲᠠᠢ ᠴᠢᠨᠠᠷ ᠰᠠᠶᠢᠲᠠᠢ ᠬᠥᠭᠵᠢᠯᠲᠡ ᠶᠢᠨ ᠨᠡᠮᠡᠭᠳᠡᠯ ᠤᠨ ᠲᠤᠶᠢᠯ ᠪᠣᠯᠣᠨ ᠬᠥᠳᠡᠯᠭᠡᠬᠦ | ᠬᠦᠴᠦᠨ ᠤ ᠡᠬᠢ ᠰᠤᠷᠪᠤᠯᠵᠢ ᠶᠢ ᠪᠤᠢ ᠪᠣᠯᠭᠠᠨ᠎ᠠ᠃ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠶᠢ | ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠵᠢᠯᠴᠠᠨ ᠬᠠᠮᠠᠭᠠᠯᠠᠬᠤ ᠲᠣᠭᠲᠠᠴᠠ ᠶᠢ | ᠲᠡᠭᠦᠯᠳᠡᠷᠵᠢᠭᠦᠯᠵᠦ᠂ ᠰᠢᠶᠦ᠋ᠩ ᠠᠨ ᠰᠢᠨ᠎ᠡ ᠲᠣᠭᠤᠷᠢᠭ ᠤᠨ ᠪᠣᠬᠢᠷᠳᠤᠯ ᠦᠭᠡᠢ ᠬᠥᠭᠵᠢᠯᠲᠡ ᠶᠢᠨ ᠬᠤᠲᠠ ᠶᠢᠨ | ᠦᠯᠢᠭᠡᠷ ᠳᠠᠭᠤᠷᠢᠶᠠᠯ ᠪᠤᠯᠬᠤ ᠶᠢ ᠳᠠᠮᠵᠢᠨ᠎ᠠ᠃ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠶᠡᠭᠡ | ᠬᠠᠮᠠᠭᠠᠯᠠᠯᠲᠠ ᠶᠢ ᠬᠠᠮᠲᠤ ᠪᠠᠷ ᠠᠳᠬᠤᠬᠤ ᠶᠢ ᠦᠷᠭᠦᠯᠵᠢᠯᠡᠨ ᠠᠬᠢᠭᠤᠯᠵᠤ᠂ ᠠᠮᠢ ᠠᠬᠤᠢ ᠶᠢ ᠤᠷᠢᠳ ᠢᠶᠠᠷ | ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠰᠢᠨ᠎ᠡ ᠠᠷᠭ᠎ᠠ ᠵᠠᠮ ᠢ ᠰᠦᠪᠡᠭᠴᠢᠯᠡᠨ᠎ᠡ᠃ ᠭᠤᠸᠠᠩᠳᠦ᠋ᠩ | ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠪᠦᠲᠦᠭᠡᠨ ᠪᠠᠶᠢᠭᠤᠯᠤᠯᠲᠠ ᠪᠠ ᠬᠥᠬᠡᠮᠥ᠋ᠷᠡᠨ ᠤ ᠭᠤᠷᠪᠠᠯᠵᠢᠨ | ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢ ᠭᠦᠨᠵᠡᠭᠡᠢ ᠠᠬᠢᠭᠤᠯᠵᠤ᠂ ᠳᠡᠯᠡᠬᠡᠢ ᠶᠢᠨ ᠲᠡᠰ ᠤᠨ ᠪᠣᠬᠢᠷᠳᠤᠯ | ᠦᠭᠡᠢ ᠪᠥᠭᠡᠳ ᠨᠡᠭᠦᠷᠡᠰᠦᠳᠦ᠋ᠷᠦᠭᠴᠢ ᠪᠠᠭᠠᠲᠠᠢ ᠠᠵᠤ ᠦᠢᠯᠡᠰ ᠤᠨ ᠪᠦᠯᠦᠭᠵᠢᠯ ᠢ ᠴᠣᠭᠴᠠᠯᠠᠨ᠎ᠠ᠃ ᠬᠠᠶᠢᠨᠠᠨ ᠤ | ᠴᠢᠯᠦᠭᠡᠲᠦ ᠠᠷᠠᠯᠵᠢᠶᠠᠨ ᠤ ᠭᠠᠷᠠᠮ ᠤᠨ ᠪᠦᠲᠦᠭᠡᠨ ᠪᠠᠶᠢᠭᠤᠯᠤᠯᠲᠠ᠂ ᠬᠠᠳᠤᠨ ᠭᠤᠣᠯ ᠤᠨ ᠰᠠᠪᠠ ᠭᠠᠵᠠᠷ ᠤᠨ ᠠᠮᠢ | ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠦᠵᠡᠰᠬᠦᠯᠡᠩᠲᠦ ᠰᠠᠶᠢᠬᠠᠨ | ᠳᠤᠮᠳᠠᠳᠤ ᠤᠯᠤᠰ ᠤᠨ ᠬᠤᠰᠢᠭᠤᠴᠢ ᠣᠷᠣᠨ ᠢ ᠪᠦᠲᠦᠭᠡᠨ ᠪᠠᠶᠢᠭᠤᠯᠤᠨ᠎ᠠ᠃ ᠡᠬᠢ ᠪᠠᠶᠠᠯᠢᠭ ᠤᠨ ᠭᠡᠯᠪᠡᠷᠢ ᠶᠢᠨ | ᠭᠠᠵᠠᠷ ᠣᠷᠣᠨ ᠪᠠ ᠬᠤᠪᠢᠰᠬᠠᠯ ᠤᠨ ᠡᠷᠲᠡ ᠴᠢᠯᠦᠭᠡᠯᠡᠭᠳᠡᠭᠰᠡᠨ ᠣᠷᠣᠨ ᠤ ᠪᠣᠬᠢᠷᠳᠤᠯ ᠦᠭᠡᠢ ᠲᠡᠶᠢᠰᠢ | ᠭᠡᠯᠪᠡᠷᠢ ᠪᠠᠨ ᠬᠤᠪᠢᠷᠠᠭᠤᠯᠬᠤ ᠶᠢ ᠳᠡᠮᠵᠢᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠣᠬᠢᠷᠳᠤᠯ ᠦᠭᠡᠢ | ᠪᠥᠭᠡᠳ ᠨᠡᠭᠦᠷᠡᠰᠦᠳᠦ᠋ᠷᠦᠭᠴᠢ ᠪᠠᠭᠠᠲᠠᠢ ᠠᠵᠤ ᠦᠢᠯᠡᠰ ᠢ ᠪᠣᠶᠢᠵᠢᠭᠤᠯᠤᠨ ᠬᠥᠭᠵᠢᠭᠦᠯᠦᠨ᠎ᠡ᠃ | ᠭᠤᠷᠪᠠ᠂ ᠠᠵᠤ ᠦᠢᠯᠡᠰ ᠤᠨ ᠪᠦᠲᠦᠴᠡ ᠶᠢᠨ ᠪᠣᠬᠢᠷᠳᠤᠯ ᠦᠭᠡᠢ ᠪᠥᠭᠡᠳ ᠨᠡᠭᠦᠷᠡᠰᠦᠳᠦ᠋ᠷᠦᠭᠴᠢ ᠪᠠᠭᠠᠲᠠᠢ | ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ᠎ᠡ | ︵ᠭᠤᠷᠪᠠ︶ ᠤᠯᠠᠮᠵᠢᠯᠠᠯᠲᠤ ᠠᠵᠤ ᠦᠢᠯᠡᠰ ᠢ ᠪᠣᠬᠢᠷᠳᠤᠯ ᠦᠭᠡᠢ ᠪᠥᠭᠡᠳ ᠨᠡᠭᠦᠷᠡᠰᠦᠳᠦ᠋ᠷᠦᠭᠴᠢ ᠪᠠᠭᠠᠲᠠᠢ | ᠲᠡᠶᠢᠰᠢ ᠥᠭᠡᠷᠡᠴᠢᠯᠡᠨ ᠲᠠᠰ ᠳᠡᠪᠰᠢᠭᠦᠯᠬᠦ ᠶᠢ ᠠᠬᠢᠭᠤᠯᠤᠨ᠎ᠠ᠃ ᠪᠣᠯᠣᠳ ᠲᠡᠮᠦᠷ᠂ ᠥᠩᠭᠡᠲᠦ ᠲᠡᠮᠦᠷᠯᠢᠭ᠂ ᠴᠢᠯᠠᠭᠤᠨ | ᠲᠣᠰᠣ ᠪᠠ ᠬᠢᠮᠢ᠂ ᠬᠢᠮᠢ ᠶᠢᠨ ᠠᠵᠤ ᠦᠢᠯᠡᠳᠪᠦᠷᠢ᠂ ᠪᠠᠷᠢᠯᠭ᠎ᠠ ᠶᠢᠨ ᠮᠠᠲ᠋ᠧᠷᠢᠶᠠᠯ᠂ ᠴᠠᠭᠠᠰᠤ ᠦᠢᠯᠡᠳᠬᠦ᠂ ᠳᠠᠷᠤᠮᠠᠯᠯᠠᠨ | ᠪᠤᠳᠤᠬᠤ ᠵᠡᠷᠭᠡ ᠠᠵᠢᠯ ᠲᠥᠷᠥᠯ ᠤᠨ ᠪᠣᠬᠢᠷᠳᠤᠯ ᠦᠭᠡᠢ ᠪᠥᠭᠡᠳ ᠨᠡᠭᠦᠷᠡᠰᠦᠳᠦ᠋ᠷᠦᠭᠴᠢ ᠪᠠᠭᠠᠲᠠᠢ ᠲᠡᠶᠢᠰᠢ | ᠭᠡᠯᠪᠡᠷᠢ ᠪᠠᠨ ᠬᠤᠪᠢᠷᠠᠭᠤᠯᠬᠤ ᠶᠢ ᠶᠡᠭᠡ ᠪᠠᠷ ᠠᠬᠢᠭᠤᠯᠵᠤ᠂ ᠡᠨᠧᠷᠭᠢ ᠠᠷᠪᠢᠯᠠᠬᠤ ᠨᠡᠭᠦᠷᠡᠰᠦᠳᠦ᠋ᠷᠦᠭᠴᠢ ᠪᠠᠭᠠᠲᠠᠢ ᠪᠠ | ᠴᠡᠪᠡᠷ ᠦᠢᠯᠡᠳᠪᠦᠷᠢᠯᠡᠬᠦ ᠮᠡᠷᠭᠡᠵᠢᠯ ᠤᠨ ᠲᠣᠨᠤᠭ ᠲᠥᠬᠦᠭᠡᠷᠦᠮᠵᠢ ᠶᠢ ᠳᠡᠯᠭᠡᠷᠡᠭᠦᠯᠦᠨ᠂ ᠭᠠᠷ ᠤᠷᠠᠯᠠᠯ ᠤᠨ ᠶᠠᠪᠤᠴᠠ ᠶᠢ | ᠰᠢᠨᠡᠳᠬᠡᠨ ᠲᠠᠰ ᠳᠡᠪᠰᠢᠭᠦᠯᠬᠦ ᠶᠢ ᠠᠬᠢᠭᠤᠯᠤᠨ᠎ᠠ᠃ ᠦᠢᠯᠡᠳᠪᠦᠷᠢᠯᠡᠬᠦ ᠴᠢᠳᠠᠪᠤᠷᠢ ᠶᠢᠨ ᠬᠡᠪᠴᠢᠶ᠎ᠡ ᠪᠠ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠭᠠᠵᠠᠷ ᠰᠢᠷᠣᠢ᠂ ᠣᠷᠴᠢᠨ ᠲᠣᠭᠤᠷᠢᠨ᠂ ᠡᠨᠧᠷᠭᠢ ᠶᠢᠨ ᠦᠷ᠎ᠡ ᠠᠰᠢᠭ᠂ | ᠤᠰᠤᠨ ᠤ ᠦᠷ᠎ᠡ ᠠᠰᠢᠭ ᠪᠠ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠵᠡᠷᠭᠡ ᠬᠢᠵᠠᠭᠠᠷᠯᠠᠬᠤ ᠴᠢᠨᠠᠷᠲᠠᠢ | ᠪᠠᠷᠢᠮᠵᠢᠶ᠎ᠠ ᠶᠢ ᠦᠷᠭᠦᠯᠵᠢᠯᠡᠨ ᠰᠢᠨᠡᠳᠬᠡᠵᠦ᠂ ᠤᠯᠤᠰ ᠤᠨ ᠪᠠᠷᠢᠮᠵᠢᠶ᠎ᠠ ᠶᠢᠨ ᠳᠡᠭᠡᠭᠰᠢᠯᠡᠯᠲᠡ ᠪᠠᠷ ᠤᠯᠠᠮᠵᠢᠯᠠᠯᠲᠤ ᠠᠵᠤ | ᠦᠢᠯᠡᠰ ᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠬᠥᠲᠥᠯᠥᠨ ᠳᠠᠭᠠᠭᠤᠯᠵᠤ᠂ ᠦᠢᠯᠡᠳᠪᠦᠷᠢᠯᠡᠬᠦ ᠴᠢᠳᠠᠪᠤᠷᠢ ᠶᠢ | ᠤᠬᠤᠷᠢᠭᠤᠯᠤᠨ ᠭᠠᠷᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠰᠢᠨ᠎ᠡ ᠪᠠᠷ ᠪᠠᠶᠢᠭᠤᠯᠬᠤ᠂ | ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠥᠷᠥᠯ ᠵᠦᠢᠯ ᠤᠨ ᠡᠬᠢ ᠪᠠᠶᠠᠯᠢᠭ ᠣᠷᠴᠢᠨ ᠲᠣᠭᠤᠷᠢᠨ ᠤ ᠲᠠᠯ᠎ᠠ ᠪᠠᠷ | ᠬᠢ ᠣᠷᠣᠬᠤ ᠶᠢ ᠵᠥᠪᠰᠢᠶᠡᠷᠡᠬᠦ ᠪᠠᠷᠢᠮᠵᠢᠶ᠎ᠠ ᠶᠢ ᠵᠦᠢ ᠵᠣᠬᠢᠰᠲᠠᠢ ᠳᠡᠭᠡᠭᠰᠢᠯᠡᠭᠦᠯᠵᠦ᠂ ᠡᠨᠧᠷᠭᠢ ᠶᠢᠨ | ᠬᠤᠷᠣᠭᠳᠠᠭᠤᠯᠤᠯ ᠶᠡᠬᠡᠲᠡᠢ᠂ ᠭᠠᠳᠠᠭᠰᠢᠯᠠᠭᠤᠯᠤᠯᠲᠠ ᠶᠡᠬᠡᠲᠡᠢ᠂ ᠳᠣᠣᠷ᠎ᠠ ᠬᠢᠷᠢ ᠬᠡᠮᠵᠢᠶ᠎ᠡ ᠪᠦᠬᠦᠢ ᠲᠥᠷᠥᠯ ᠵᠦᠢᠯ ᠢ | ᠰᠣᠬᠤᠷ ᠪᠠᠯᠠᠢ ᠪᠠᠷ ᠡᠬᠢᠯᠡᠭᠦᠯᠬᠦ ᠶᠢ ᠡᠷᠡᠰ ᠬᠤᠷᠢᠭᠯᠠᠨ᠎ᠠ᠃ | ︵ᠳᠥᠷᠪᠡ︶ ᠪᠣᠬᠢᠷᠳᠤᠯ ᠦᠭᠡᠢ ᠪᠥᠭᠡᠳ ᠨᠡᠭᠦᠷᠡᠰᠦᠳᠦ᠋ᠷᠦᠭᠴᠢ ᠪᠠᠭᠠᠲᠠᠢ ᠠᠵᠤ ᠦᠢᠯᠡᠰ ᠢ ᠶᠡᠭᠡ ᠪᠠᠷ | ᠬᠥᠭᠵᠢᠭᠦᠯᠦᠨ᠎ᠡ᠃ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠲᠦᠷᠭᠡᠳᠬᠡᠨ | ᠬᠥᠭᠵᠢᠭᠦᠯᠵᠦ᠂ ᠪᠣᠬᠢᠷᠳᠤᠯ ᠦᠭᠡᠢ ᠦᠢᠯᠡᠳᠬᠦ ᠰᠢᠰᠲ᠋ᠧᠮ ᠪᠠ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ | ᠪᠣᠬᠢᠷᠳᠤᠯ ᠦᠭᠡᠢ ᠪᠥᠭᠡᠳ ᠨᠡᠭᠦᠷᠡᠰᠦᠳᠦ᠋ᠷᠦᠭᠴᠢ ᠪᠠᠭᠠᠲᠠᠢ ᠠᠵᠤ ᠦᠢᠯᠡᠰ ᠤᠨ ᠠᠵᠤ ᠠᠬᠤᠢ ᠶᠢᠨ ᠶᠡᠷᠦᠩᠬᠡᠢ | ᠬᠡᠮᠵᠢᠶᠡᠨ ᠳᠠᠬᠢ ᠬᠤᠪᠢ ᠶᠢᠨ ᠵᠢᠩ ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ᠥᠷᠢᠰᠦᠯᠳᠦᠬᠦ ᠬᠦᠴᠦᠨ ᠲᠠᠢ | ᠪᠣᠬᠢᠷᠳᠤᠯ ᠦᠭᠡᠢ ᠪᠥᠭᠡᠳ ᠨᠡᠭᠦᠷᠡᠰᠦᠳᠦ᠋ᠷᠦᠭᠴᠢ ᠪᠠᠭᠠᠲᠠᠢ ᠠᠵᠤ ᠠᠬᠤᠶᠢᠯᠠᠯ ᠢ ᠲᠦᠷᠭᠡᠳᠬᠡᠨ ᠪᠣᠶᠢᠵᠢᠭᠤᠯᠵᠤ᠂ | ᠨᠢᠭᠡ ᠪᠦᠯᠦᠭ ᠳᠠᠭᠠᠭᠤᠯᠤᠭᠴᠢ ᠠᠵᠤ ᠠᠬᠤᠶᠢᠯᠠᠯ ᠪᠣᠯᠣᠨ ᠲᠤᠰᠬᠠᠶᠢᠵᠢᠭᠰᠠᠨ ᠨᠠᠷᠢᠯᠢᠭᠵᠢᠭᠰᠠᠨ ᠣᠨᠴᠠ ᠰᠢᠨ᠎ᠡ | ᠳᠤᠮᠳᠠ ᠪᠠᠭ᠎ᠠ ᠠᠵᠤ ᠠᠬᠤᠶᠢᠯᠠᠯ ᠢ ᠪᠠᠶᠢᠭᠤᠯᠤᠨ᠎ᠠ᠃ ᠡᠨᠧᠷᠭᠢ ᠶᠢᠨ ᠭᠡᠷᠡᠲᠦ ᠬᠠᠮᠢᠶᠠᠷᠤᠯᠲᠠ᠂ ᠤᠰᠤ ᠠᠷᠪᠢᠯᠠᠬᠤ | ᠭᠡᠷᠡᠲᠦ ᠬᠠᠮᠢᠶᠠᠷᠤᠯᠲᠠ᠂ ᠣᠷᠴᠢᠨ ᠠᠬᠤᠢ ᠶᠢᠨ ᠪᠣᠬᠢᠷᠳᠤᠯ ᠢ ᠭᠤᠷᠪᠠᠳᠠᠭᠢ ᠡᠲᠡᠭᠡᠳ ᠠᠴᠠ ᠵᠠᠰᠠᠬᠤ ᠵᠡᠷᠭᠡ ᠵᠠᠭᠪᠤᠷ | ᠪᠠ ᠣᠷᠴᠢᠨ ᠠᠬᠤᠢ ᠶᠢ ᠵᠠᠰᠠᠬᠤ ᠦᠷ᠎ᠡ ᠪᠦᠲᠦᠮᠵᠢ ᠪᠠᠷ ᠤᠳᠤᠷᠢᠳᠤᠮᠵᠢ ᠪᠤᠯᠭᠠᠬᠰᠠᠨ ᠣᠷᠴᠢᠨ ᠠᠬᠤᠢ ᠶᠢ ᠨᠠᠶᠢᠳᠠᠨ | ᠬᠠᠮᠢᠶᠠᠷᠤᠭᠤᠯᠬᠤ ᠦᠢᠯᠡᠴᠢᠯᠡᠭᠡ ᠶᠢ ᠶᠡᠭᠡ ᠪᠠᠷ ᠳᠡᠯᠭᠡᠷᠡᠭᠦᠯᠦᠨ᠎ᠡ᠃ ᠰᠣᠶᠣᠯ ᠤᠨ ᠠᠵᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠵᠤ᠂ ᠰᠣᠶᠣᠯ ᠪᠠ ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ | ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠪᠠᠶᠢᠬᠤ ᠪᠠᠷ ᠤᠳᠤᠷᠢᠳᠤᠮᠵᠢ ᠪᠤᠯᠭᠠᠬᠰᠠᠨ ᠰᠢᠨ᠎ᠡ ᠠᠵᠤ | ᠦᠢᠯᠡᠰ᠂ ᠰᠢᠨ᠎ᠡ ᠡᠵᠡᠩᠨᠡᠯᠲᠡ ᠶᠢᠨ ᠭᠡᠯᠪᠡᠷᠢ᠂ ᠰᠢᠨ᠎ᠡ ᠬᠤᠳᠠᠯᠳᠤᠭᠠᠨ ᠤ ᠬᠡᠪ ᠵᠠᠭᠪᠤᠷ ᠢ ᠲᠦᠷᠭᠡᠪᠴᠢᠯᠡᠨ | ᠬᠥᠭᠵᠢᠭᠦᠯᠬᠦ ᠶᠢ ᠢᠳᠡᠪᠬᠢᠲᠡᠢ ᠵᠣᠷᠢᠭᠵᠢᠭᠤᠯᠤᠨ᠎ᠠ᠃ 2030 ᠣᠨ ᠪᠤᠯᠬᠤ ᠳᠤ᠂ ᠡᠨᠧᠷᠭᠢ ᠠᠷᠪᠢᠯᠠᠵᠤ ᠣᠷᠴᠢᠨ | ᠲᠣᠭᠤᠷᠢᠨ ᠢ ᠬᠠᠮᠠᠭᠠᠯᠠᠬᠤ ᠠᠵᠤ ᠦᠢᠯᠡᠰ ᠤᠨ ᠬᠡᠪᠴᠢᠶ᠎ᠡ ᠶᠢ 15 ᠲᠦᠮᠡᠨ ᠳ᠋ᠦᠩᠰᠢᠭᠤᠷ ᠲᠥᠭᠦᠷᠢᠭ ᠣᠷᠴᠢᠮ ᠳᠤ | ᠬᠦᠷᠦᠭᠦᠯᠦᠨ᠎ᠡ᠃ | ︵ᠲᠠᠪᠤ︶ ᠲᠣᠭᠠᠴᠢᠯᠠᠭᠰᠠᠨ ᠪᠣᠬᠢᠷᠳᠤᠯ ᠦᠭᠡᠢ ᠶᠢᠨ ᠬᠠᠮᠵᠢᠯᠴᠠᠨ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ | ᠲᠦᠷᠭᠡᠳᠬᠡᠨ᠎ᠡ᠃ ᠠᠵᠤ ᠦᠢᠯᠡᠰ ᠤᠨ ᠲᠤᠭᠠᠴᠢᠯᠠᠯᠳᠠ ᠣᠶᠤᠨᠴᠢᠯᠠᠯᠲᠠ ᠶᠢᠨ ᠪᠣᠬᠢᠷᠳᠤᠯ ᠦᠭᠡᠢ ᠯᠦᠭᠡ ᠭᠦᠨᠵᠡᠭᠡᠢ | ᠠᠭᠤᠰᠤᠯᠴᠠᠬᠤ ᠶᠢ ᠠᠬᠢᠭᠤᠯᠵᠤ᠂ ᠵᠣᠬᠢᠶᠠᠮᠠᠯ ᠣᠶᠤᠨ ᠴᠢᠳᠠᠪᠤᠷᠢ᠂ ᠲᠣᠮᠣ ᠳ᠋ᠠᠶᠢᠲ᠋ᠠ᠂ ᠡᠭᠦᠯᠡᠨ ᠪᠣᠳᠣᠯᠲᠠ᠂ ᠠᠵᠤ | ᠦᠢᠯᠡᠳᠪᠦᠷᠢ ᠶᠢᠨ ᠢᠨᠲ᠋ᠧᠷ ᠰᠦᠯᠵᠢᠶ᠎ᠡ ᠵᠡᠷᠭᠡ ᠶᠢᠨ ᠴᠠᠭᠢᠯᠭᠠᠨ ᠬᠦᠴᠦᠨ ᠤ ᠰᠢᠰᠲ᠋ᠧᠮ᠂ ᠠᠵᠤ ᠦᠢᠯᠡᠳᠪᠦᠷᠢ | ᠲᠠᠷᠢᠶᠠᠯᠠᠩ ᠤᠨ ᠦᠢᠯᠡᠳᠪᠦᠷᠢᠯᠡᠯ᠂ ᠵᠠᠮ ᠬᠠᠷᠢᠯᠴᠠᠭ᠎ᠠ ᠲᠡᠭᠡᠭᠡᠪᠦᠷᠢ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ | ᠠᠵᠢᠯᠯᠠᠭᠠᠨ ᠵᠡᠷᠭᠡ ᠬᠦᠷᠢᠶ᠎ᠡ ᠴᠠᠷᠠᠭ᠎ᠠ ᠳᠠᠬᠢ ᠬᠡᠷᠡᠭᠯᠡᠭᠡᠨ ᠢ ᠭᠦᠨᠵᠡᠭᠡᠶᠢᠷᠡᠭᠦᠯᠵᠦ᠂ ᠲᠣᠭᠠᠴᠢᠯᠠᠭᠰᠠᠨ ᠮᠡᠷᠭᠡᠵᠢᠯ ᠳᠤ | ᠡᠨᠧᠷᠭᠢ ᠣᠯᠭᠤᠵᠤ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠪᠡᠶᠡᠯᠡᠭᠦᠯᠦᠨ᠎ᠡ᠃ ᠡᠯ᠎ᠡ | ᠲᠥᠷᠥᠯ ᠤᠨ ᠬᠡᠷᠡᠭᠯᠡᠭᠴᠢᠳ ᠤᠨ ︽ᠡᠭᠦᠯᠡᠨ ᠲᠠᠪᠴᠠᠩ ᠳᠤ ᠭᠠᠷᠬᠤ᠂ ᠳ᠋ᠠᠶᠢᠲ᠋ᠠ ᠶᠢ ᠬᠡᠷᠡᠭᠯᠡᠬᠦ᠂ ᠡᠨᠧᠷᠭᠢ ᠣᠯᠭᠤᠬᠤ︾ | ᠶᠢ ᠠᠬᠢᠭᠤᠯᠵᠤ᠂ ᠠᠵᠤ ᠠᠬᠤᠶᠢᠯᠠᠯ ᠤᠨ ᠲᠤᠭᠠᠴᠢᠯᠠᠯᠲᠠ ᠣᠶᠤᠨᠴᠢᠯᠠᠯᠲᠠ ᠶᠢᠨ ᠮᠡᠷᠭᠡᠵᠢᠯ᠂ ᠪᠣᠬᠢᠷᠳᠤᠯ ᠦᠭᠡᠢ | ᠬᠥᠭᠵᠢᠯᠲᠡ ᠶᠢᠨ ᠮᠡᠷᠭᠡᠵᠢᠯ ᠢᠶᠠᠷ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠭᠦ ᠶᠢ ᠳᠡᠮᠵᠢᠨ᠎ᠡ᠃ | ᠪᠣᠬᠢᠷᠳᠤᠯ ᠦᠭᠡᠢ ᠪᠥᠭᠡᠳ ᠨᠡᠭᠦᠷᠡᠰᠦᠳᠦ᠋ᠷᠦᠭᠴᠢ ᠪᠠᠭᠠᠲᠠᠢ ᠲᠣᠭᠠᠴᠢᠯᠠᠭᠰᠠᠨ ᠰᠠᠭᠤᠷᠢ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠨᠢᠭᠡᠨᠲᠡ ᠪᠠᠶᠢᠭ᠎ᠠ ᠲᠤᠨᠤᠭ ᠲᠥᠬᠦᠭᠡᠷᠦᠮᠵᠢ ᠶᠢᠨ ᠡᠨᠧᠷᠭᠢ ᠠᠷᠪᠢᠯᠠᠵᠤ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠥᠭᠡᠷᠡᠴᠢᠯᠡᠯᠲᠡ ᠶᠢ ᠠᠬᠢᠭᠤᠯᠵᠤ᠂ ︽ᠣᠨ ᠵᠢᠯ | ᠤᠳᠠᠭᠰᠠᠨ ᠬᠠᠭᠤᠴᠢᠷᠠᠭᠰᠠᠨ ᠪᠠᠭ᠎ᠠ ᠲᠠᠷᠠᠬᠠᠢ︾ᠲᠤᠨᠤᠭ ᠲᠥᠬᠦᠭᠡᠷᠦᠮᠵᠢ ᠶᠢ ᠠᠯᠬᠤᠮ ᠠᠯᠬᠤᠮ ᠢᠶᠠᠷ | ᠰᠢᠭᠰᠢᠭᠳᠡᠭᠦᠯᠦᠨ᠎ᠡ᠃ ᠲᠣᠭᠠᠴᠢᠯᠠᠭᠰᠠᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠠᠵᠤ ᠠᠬᠤᠶᠢᠯᠠᠯ ᠤᠨ | ᠪᠣᠬᠢᠷᠳᠤᠯ ᠦᠭᠡᠢ ᠪᠥᠭᠡᠳ ᠨᠡᠭᠦᠷᠡᠰᠦᠳᠦ᠋ᠷᠦᠭᠴᠢ ᠪᠠᠭᠠᠲᠠᠢ ᠬᠥᠭᠵᠢᠯᠲᠡ ᠶᠢ ᠬᠥᠲᠥᠯᠥᠨ ᠵᠢᠯᠤᠭᠤᠳᠴᠤ᠂ ᠡᠬᠢᠨ ᠤ | ᠪᠠ ᠡᠴᠦᠰ ᠤᠨ ᠬᠡᠯᠬᠢᠶᠡᠨ ᠤ ᠠᠵᠤ ᠠᠬᠤᠶᠢᠯᠠᠯ ᠤᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ | ᠪᠠᠭᠠᠰᠬᠠᠬᠤ ᠴᠢᠳᠠᠪᠤᠷᠢ ᠪᠠᠨ ᠳᠡᠭᠡᠭᠰᠢᠯᠡᠭᠦᠯᠭᠦ ᠳᠤ ᠬᠦᠴᠦᠨ ᠨᠡᠮᠡᠷᠢᠯᠡᠨ᠎ᠡ᠃ ᠣᠷᠴᠢᠨ ᠲᠣᠭᠤᠷᠢᠨ ᠤ ᠪᠣᠬᠢᠷᠳᠤᠯ ᠪᠠ | ᠴᠠᠭ ᠠᠭᠤᠷ ᠤᠨ ᠭᠠᠮᠰᠢᠭ ᠢ ᠥᠨᠳᠥᠷ ᠦᠷ᠎ᠡ ᠪᠦᠲᠦᠮᠵᠢᠲᠡᠶ ᠪᠠᠷ ᠬᠢᠨᠠᠨ ᠰᠢᠨᠵᠢᠬᠦ᠂ ᠰᠠᠨᠠᠭᠠᠴᠢᠯᠠᠭ᠎ᠠ ᠠᠴᠠ ᠪᠠᠨ | ᠤᠷᠢᠳᠴᠢᠯᠠᠨ ᠰᠡᠷᠡᠮᠵᠢᠯᠡᠭᠦᠯᠭᠦ᠂ ᠰᠢᠨᠵᠢᠯᠡᠬᠦ ᠤᠬᠠᠭᠠᠨᠴᠢ ᠪᠠᠷ ᠵᠠᠳᠠᠯᠬᠤ᠂ ᠣᠶᠤᠨᠴᠢ ᠪᠠᠷ ᠰᠢᠢᠳᠪᠦᠷᠢᠲᠦ ᠪᠣᠳᠣᠯᠭ᠎ᠠ | ᠲᠣᠭᠲᠠᠭᠠᠬᠤ ᠰᠢᠰᠲ᠋ᠧᠮ ᠢ ᠰᠦᠪᠡᠭᠴᠢᠯᠡᠨ ᠪᠠᠶᠢᠭᠤᠯᠤᠨ᠎ᠠ᠃ ᠪᠣᠳᠠᠲᠤ ᠦᠵᠡᠮᠵᠢ ᠶᠢᠨ ᠭᠤᠷᠪᠠᠨ ᠬᠡᠮᠵᠢᠯᠲᠦ ᠳᠤᠮᠳᠠᠳᠤ | ᠤᠯᠤᠰ ᠤᠨ ᠪᠦᠲᠦᠭᠡᠨ ᠪᠠᠶᠢᠭᠤᠯᠤᠯᠲᠠ ᠪᠣᠯᠣᠨ ᠴᠠᠭ ᠣᠷᠣᠨ ᠵᠠᠢ ᠶᠢᠨ ᠮᠡᠳᠡᠭᠡ ᠵᠠᠩᠭᠢ ᠪᠠᠷ ᠡᠨᠧᠷᠭᠢ ᠣᠯᠭᠤᠬᠤ | ᠬᠡᠷᠡᠭᠯᠡᠯᠲᠡ ᠶᠢ ᠠᠬᠢᠭᠤᠯᠤᠨ᠎ᠠ᠃ | ᠳᠥᠷᠪᠡ᠂ ᠡᠨᠧᠷᠭᠢ ᠶᠢᠨ ᠪᠣᠬᠢᠷᠳᠤᠯ ᠦᠭᠡᠢ ᠪᠥᠭᠡᠳ ᠨᠡᠭᠦᠷᠡᠰᠦᠳᠦ᠋ᠷᠦᠭᠴᠢ ᠪᠠᠭᠠᠲᠠᠢ ᠲᠡᠶᠢᠰᠢ ᠭᠡᠯᠪᠡᠷᠢ ᠪᠠᠨ | ᠬᠤᠪᠢᠷᠠᠭᠤᠯᠬᠤ ᠶᠢ ᠯᠠᠪᠳᠠᠭᠤᠨ ᠢᠶᠠᠷ ᠠᠬᠢᠭᠤᠯᠤᠨ᠎ᠠ | ︵ᠵᠢᠷᠭᠤᠭ᠎ᠠ︶ ᠴᠢᠯᠠᠭᠤᠵᠢᠮᠠᠯ ᠡᠨᠧᠷᠭᠢ ᠶᠢ ᠠᠷᠢᠭᠤᠨ ᠴᠡᠪᠡᠷ ᠥᠨᠳᠥᠷ ᠪᠦᠲᠦᠮᠵᠢᠲᠡᠶ ᠪᠠᠷ ᠠᠰᠢᠭᠯᠠᠬᠤ ᠶᠢ | ᠴᠢᠩᠭᠠᠳᠬᠠᠨ᠎ᠠ᠃ ᠡᠨᠧᠷᠭᠢ ᠶᠢᠨ ᠦᠢᠯᠡᠳᠪᠦᠷᠢᠯᠡᠯ ᠬᠠᠩᠭᠠᠯᠭ᠎ᠠ ᠨᠥᠭᠡᠴᠡᠯᠡᠬᠦ ᠪᠣᠷᠤᠯᠠᠭᠤᠯᠭ᠎ᠠ ᠶᠢᠨ ᠰᠢᠰᠲ᠋ᠧᠮ ᠤᠨ | ᠪᠠᠶᠢᠭᠤᠯᠤᠯᠲᠠ ᠶᠢ ᠴᠢᠩᠭᠠᠳᠬᠠᠵᠤ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠵᠤ᠂ ᠴᠢᠯᠠᠭᠤᠵᠢᠮᠠᠯ | ᠪᠤᠰᠤ ᠡᠨᠧᠷᠭᠢ ᠶᠢᠨ ᠠᠮᠤᠷ ᠲᠦᠪᠰᠢᠨ ᠨᠠᠶᠢᠳᠠᠪᠤᠷᠢᠲᠠᠢ ᠡᠮᠬᠢ ᠵᠢᠷᠤᠮ ᠲᠠᠢ ᠪᠠᠷ ᠴᠢᠯᠠᠭᠤᠵᠢᠮᠠᠯ ᠡᠨᠧᠷᠭᠢ ᠶᠢ | ᠣᠷᠣᠯᠠᠬᠤ ᠶᠢ ᠠᠬᠢᠭᠤᠯᠵᠤ᠂ ᠡᠨᠧᠷᠭᠢ ᠶᠢᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠰᠢᠨ᠎ᠡ ᠭᠡᠯᠪᠡᠷᠢ ᠶᠢᠨ | ᠡᠨᠧᠷᠭᠢ ᠶᠢᠨ ᠰᠢᠰᠲ᠋ᠧᠮ ᠢ ᠲᠦᠷᠭᠡᠪᠴᠢᠯᠡᠨ ᠲᠥᠯᠥᠪᠵᠢᠭᠦᠯᠦᠨ ᠪᠠᠶᠢᠭᠤᠯᠤᠨ᠎ᠠ᠃ ᠴᠢᠯᠠᠭᠤᠵᠢᠮᠠᠯ ᠡᠨᠧᠷᠭᠢ ᠶᠢᠨ | ᠬᠡᠷᠡᠭᠯᠡᠭᠡ ᠶᠢ ᠡᠷᠡᠰ ᠬᠢᠵᠠᠭᠠᠷᠯᠠᠵᠤ᠂ ᠨᠡᠭᠦᠷᠡᠰᠦ ᠶᠢ ᠴᠡᠪᠡᠷ ᠥᠨᠳᠥᠷ ᠪᠦᠲᠦᠮᠵᠢᠲᠡᠶ ᠠᠰᠢᠭᠯᠠᠬᠤ ᠶᠢ ᠭᠦᠨᠵᠡᠭᠡᠢ | ᠠᠬᠢᠭᠤᠯᠵᠤ᠂︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ ᠨᠡᠭᠦᠷᠡᠰᠦᠨ ᠤ | ᠬᠡᠷᠡᠭᠯᠡᠭᠡ ᠶᠢᠨ ᠨᠡᠮᠡᠭᠳᠡᠯ ᠢ ᠴᠢᠩᠭ᠎ᠠ ᠵᠦᠢ ᠵᠣᠬᠢᠰᠲᠠᠢ ᠬᠢᠵᠠᠭᠠᠷᠯᠠᠵᠤ᠂ ᠲᠠᠷᠠᠭᠠᠴᠢ ᠶᠢᠨ 5 ᠵᠢᠯ ᠳᠤ ᠠᠯᠬᠤᠮ | ᠠᠯᠬᠤᠮ ᠢᠶᠠᠷ ᠪᠠᠭᠠᠰᠬᠠᠵᠤ᠂ ᠡᠨᠧᠷᠭᠢ ᠶᠢᠨ ᠠᠮᠤᠷ ᠲᠦᠪᠰᠢᠨ ᠬᠠᠩᠭᠠᠯᠭ᠎ᠠ ᠶᠢ ᠪᠠᠲᠤᠯᠠᠭᠰᠠᠨ ᠤᠷᠢᠲᠠᠯ ᠳᠣᠣᠷ᠎ᠠ᠂ | ᠭᠤᠣᠯᠳᠠᠯᠭ᠎ᠠ ᠲᠠᠢ ᠣᠷᠣᠨ ᠪᠦᠰᠡ ᠳᠤ ᠨᠡᠭᠦᠷᠡᠰᠦᠨ ᠤ ᠬᠡᠷᠡᠭᠯᠡᠭᠡ ᠶᠢᠨ ᠶᠡᠷᠦᠩᠬᠡᠢ ᠬᠡᠮᠵᠢᠶ᠎ᠡ ᠶᠢ ᠦᠷᠭᠦᠯᠵᠢᠯᠡᠨ | ᠬᠢᠵᠠᠭᠠᠷᠯᠠᠵᠤ᠂ ᠰᠤᠯᠠ ᠨᠡᠭᠦᠷᠡᠰᠦ ᠪᠠᠷ ᠣᠷᠣᠯᠠᠭᠤᠯᠬᠤ ᠶᠢ ᠢᠳᠡᠪᠬᠢᠲᠡᠢ ᠡᠮᠬᠢ ᠵᠢᠷᠤᠮ ᠲᠠᠢ ᠪᠠᠷ ᠠᠬᠢᠭᠤᠯᠤᠨ᠎ᠠ᠃ | ᠣᠳᠣᠬᠠᠨ ᠤ ᠬᠡᠷᠡᠭᠯᠡᠵᠦ ᠪᠠᠶᠢᠭ᠎ᠠ ᠨᠡᠭᠦᠷᠡᠰᠦ ᠴᠠᠭᠢᠯᠭᠠᠨ ᠤ ᠮᠠᠰᠢᠨ ᠴᠣᠭᠴᠠᠯᠠᠪᠤᠷᠢ ᠶᠢᠨ ᠡᠨᠧᠷᠭᠢ ᠠᠷᠪᠢᠯᠠᠵᠤ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠥᠭᠡᠷᠡᠴᠢᠯᠡᠯᠲᠡ᠂ ᠠᠮᠢᠳᠤᠯᠢᠭ ᠴᠢᠨᠠᠷᠲᠠᠢ | ᠥᠭᠡᠷᠡᠴᠢᠯᠡᠯᠲᠡ᠂ ᠢᠯᠴᠢ ᠬᠠᠩᠭᠠᠬᠤ ᠥᠭᠡᠷᠡᠴᠢᠯᠡᠯᠲᠡ ᠶᠢᠨ ︽ᠭᠤᠷᠪᠠ ᠶᠢ ᠥᠭᠡᠷᠡᠴᠢᠯᠡᠵᠦ ᠬᠤᠯᠪᠤᠭᠠᠯᠠᠨ | ᠬᠥᠳᠡᠯᠦᠯᠴᠡᠬᠦ︾ ᠶᠢ ᠲᠦᠷᠭᠡᠳᠬᠡᠵᠦ᠂ ᠴᠠᠭᠢᠯᠭᠠᠨ ᠬᠦᠴᠦᠨ ᠤ ᠰᠢᠰᠲ᠋ᠧᠮ ᠤᠨ ᠠᠮᠤᠷ ᠲᠦᠪᠰᠢᠨ ᠢ ᠪᠠᠲᠤᠯᠠᠬᠤ ᠳᠤ | ᠵᠠᠪᠠᠯ ᠱᠠᠭᠠᠷᠳᠠᠭᠳᠠᠬᠤ ᠲᠣᠬᠢᠷᠠᠭᠤᠯᠬᠤ ᠴᠢᠨᠠᠷᠲᠠᠢ᠂ ᠲᠤᠯᠭᠠᠭᠤᠷᠢᠯᠠᠬᠤ ᠴᠢᠨᠠᠷᠲᠠᠢ ᠨᠡᠭᠦᠷᠡᠰᠦ ᠴᠠᠭᠢᠯᠭᠠᠨ ᠢ ᠵᠦᠢ | ᠵᠣᠬᠢᠰᠲᠠᠢ ᠲᠥᠯᠥᠪᠯᠡᠨ ᠪᠠᠶᠢᠭᠤᠯᠤᠨ᠎ᠠ᠃ ᠴᠢᠯᠠᠭᠤᠨ ᠲᠣᠰᠣ ᠰᠢᠲᠠᠮᠠᠬᠠᠢ ᠬᠡᠢ ᠶᠢᠨ ᠡᠬᠢ ᠪᠠᠶᠠᠯᠢᠭ ᠢ ᠬᠠᠶᠢᠨ | ᠰᠢᠨᠵᠢᠯᠡᠵᠦ ᠨᠡᠭᠡᠭᠡᠨ ᠠᠰᠢᠭᠯᠠᠬᠤ ᠪᠠ ᠨᠥᠭᠡᠴᠡᠯᠡᠬᠦ ᠶᠢ ᠨᠡᠮᠡᠭᠳᠡᠭᠦᠯᠦᠨ ᠭᠠᠷᠤᠯᠲᠠ ᠶᠢ ᠨᠡᠮᠡᠭᠳᠡᠭᠦᠯᠬᠦ ᠡᠷᠴᠢᠮ ᠢ | ᠴᠢᠩᠭᠠᠷᠠᠭᠤᠯᠵᠤ᠂ ᠴᠢᠯᠠᠭᠤᠨ ᠲᠣᠰᠣ ᠰᠢᠲᠠᠮᠠᠬᠠᠢ ᠬᠡᠢ ᠶᠢ ᠬᠠᠶᠢᠨ ᠰᠢᠨᠵᠢᠯᠡᠵᠦ ᠨᠡᠭᠡᠭᠡᠨ ᠠᠰᠢᠭᠯᠠᠬᠤ ᠬᠢᠭᠡᠳ ᠰᠢᠨ᠎ᠡ | ᠡᠨᠧᠷᠭᠢ ᠶᠢ ᠠᠭᠤᠰᠤᠯᠴᠠᠭᠤᠯᠤᠨ ᠬᠥᠭᠵᠢᠭᠦᠯᠬᠦ ᠶᠢ ᠲᠦᠷᠭᠡᠳᠬᠡᠨ᠎ᠡ᠃ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ | ᠬᠤᠷᠢᠶᠠᠨ ᠴᠤᠭᠯᠠᠭᠤᠯᠵᠤ ᠠᠰᠢᠭᠯᠠᠬᠤ ᠪᠠ ᠪᠢᠲᠡᠭᠦᠮᠵᠢᠯᠡᠨ ᠬᠠᠳᠠᠭᠠᠯᠠᠬᠤ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠎ᠠ᠃ | ︵ᠳᠣᠯᠤᠭ᠎ᠠ︶ ᠴᠢᠯᠠᠭᠤᠵᠢᠮᠠᠯ ᠪᠤᠰᠤ ᠡᠨᠧᠷᠭᠢ ᠶᠢ ᠶᠡᠭᠡ ᠪᠠᠷ ᠬᠥᠭᠵᠢᠭᠦᠯᠦᠨ᠎ᠡ᠃ ᠪᠠᠷᠠᠭᠤᠨ ᠬᠤᠶᠢᠲᠤ ᠶᠢᠨ | ᠰᠠᠯᠬᠢᠨ ᠴᠠᠭᠢᠯᠭᠠᠨ ᠬᠦᠴᠦᠨ ᠭᠡᠷᠡᠯᠴᠢ ᠴᠡᠨᠡᠭ᠂ ᠪᠠᠷᠠᠭᠤᠨ ᠡᠮᠦᠨᠡᠲᠦ ᠶᠢᠨ ᠤᠰᠤᠨ ᠴᠠᠭᠢᠯᠭᠠᠨ᠂ ᠳᠠᠯᠠᠶ ᠳᠡᠭᠡᠷᠡᠬᠢ | ᠰᠠᠯᠬᠢᠨ ᠬᠦᠴᠦᠨ ᠤ ᠴᠠᠭᠢᠯᠭᠠᠨ᠂ ᠳᠠᠯᠠᠶ ᠳᠠᠭᠠᠤ ᠶᠢᠨ ᠴᠥᠮ᠎ᠡ ᠶᠢᠨ ᠴᠠᠭᠢᠯᠭᠠᠨ ᠵᠡᠷᠭᠡ ᠴᠡᠪᠡᠷ ᠡᠨᠧᠷᠭᠢ ᠶᠢᠨ | ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠲᠠᠷᠠᠬᠠᠢ ᠮᠠᠶ᠋ᠢᠭ ᠤᠨ ᠭᠡᠷᠡᠯᠴᠢ ᠴᠡᠨᠡᠭ᠂ ᠲᠠᠷᠠᠬᠠᠢ | ᠮᠠᠶ᠋ᠢᠭ ᠤᠨ ᠰᠠᠯᠬᠢᠨ ᠴᠠᠭᠢᠯᠭᠠᠨ ᠬᠦᠴᠦᠨ ᠢ ᠢᠳᠡᠪᠬᠢᠲᠡᠢ ᠬᠥᠭᠵᠢᠭᠦᠯᠵᠦ᠂ ᠲᠤᠬᠠᠢ ᠶᠢᠨ ᠭᠠᠵᠠᠷ ᠣᠷᠣᠨ ᠤ ᠪᠠᠶᠢᠳᠠᠯ | ᠳᠤᠨᠢ ᠲᠣᠬᠢᠷᠠᠭᠤᠯᠤᠨ ᠪᠣᠳᠠᠰ ᠤᠨ ᠡᠨᠧᠷᠭᠢ᠂ ᠭᠠᠵᠠᠷ ᠤᠨ ᠢᠯᠴᠢ ᠶᠢᠨ ᠡᠨᠧᠷᠭᠢ᠂ ᠳᠠᠯᠠᠶ ᠲᠠᠩᠭᠢᠰ ᠤᠨ ᠡᠨᠧᠷᠭᠢ | ᠵᠡᠷᠭᠡ ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠵᠦ᠂ ᠤᠰᠤᠲᠥ᠋ᠷᠥᠭᠴᠢ ᠶᠢᠨ ᠡᠨᠧᠷᠭᠢ ᠶᠢ ︽ᠦᠢᠯᠡᠳᠬᠦ ᠨᠥᠭᠡᠴᠡᠯᠡᠬᠦ | ᠬᠦᠷᠭᠡᠵᠦ ᠬᠡᠷᠡᠭᠯᠡᠬᠦ︾ ᠪᠦᠭᠦ ᠬᠡᠯᠬᠢᠶ᠎ᠡ ᠶᠢᠨ ᠬᠥᠭᠵᠢᠯᠲᠡ ᠶᠢ ᠠᠬᠢᠭᠤᠯᠤᠨ᠎ᠠ᠃ ᠤᠰᠤᠨ ᠴᠠᠭᠢᠯᠭᠠᠨ ᠢ ᠨᠡᠭᠡᠭᠡᠨ | ᠬᠥᠭᠵᠢᠭᠦᠯᠬᠦ ᠪᠠ ᠠᠮᠢ ᠠᠬᠤᠢ ᠶᠢᠨ ᠬᠠᠮᠠᠭᠠᠯᠠᠯᠲᠠ ᠶᠢ ᠨᠢᠭᠡᠳᠦᠯᠲᠡᠢ ᠲᠥᠯᠥᠪᠯᠡᠵᠦ᠂ ᠤᠰᠤ ᠰᠠᠯᠬᠢ ᠭᠡᠷᠡᠯ ᠢ ᠨᠢᠭᠡ | ᠴᠣᠭᠴᠠᠵᠢᠭᠤᠯᠤᠨ ᠨᠡᠭᠡᠭᠡᠨ ᠬᠥᠭᠵᠢᠭᠦᠯᠬᠦ ᠶᠢ ᠠᠬᠢᠭᠤᠯᠤᠨ᠎ᠠ᠃ ᠴᠥᠮ᠎ᠡ ᠶᠢᠨ ᠴᠠᠭᠢᠯᠭᠠᠨ ᠢ ᠢᠳᠡᠪᠬᠢᠲᠡᠢ ᠠᠶᠤᠯ | ᠦᠭᠡᠢ ᠡᠮᠬᠢ ᠵᠢᠷᠤᠮ ᠲᠠᠢ ᠪᠠᠷ ᠬᠥᠭᠵᠢᠭᠦᠯᠵᠦ᠂ ᠵᠦᠢ ᠵᠣᠬᠢᠰᠲᠠᠢ ᠪᠠᠶᠢᠷᠢᠰᠢᠭᠤᠯᠬᠤ ᠪᠠ ᠲᠣᠭᠲᠠᠭᠤᠨ ᠪᠠᠶᠢᠯᠭᠠᠬᠤ | ᠪᠦᠲᠦᠭᠡᠨ ᠪᠠᠶᠢᠭᠤᠯᠤᠯᠲᠠ ᠶᠢᠨ ᠠᠶᠢᠵᠠᠮ ᠢ ᠪᠠᠲᠤᠯᠠᠨ᠎ᠠ᠃ 2030 ᠣᠨ ᠪᠤᠯᠬᠤ ᠳᠤ᠂ ᠴᠢᠯᠠᠭᠤᠵᠢᠮᠠᠯ ᠪᠤᠰᠤ | ᠡᠨᠧᠷᠭᠢ ᠶᠢᠨ ᠬᠡᠷᠡᠭᠯᠡᠭᠡᠨ ᠤ ᠬᠤᠪᠢ ᠶᠢᠨ ᠵᠢᠩ ᠢ 25% ᠣᠷᠴᠢᠮ ᠪᠤᠯᠲᠠᠯ᠎ᠠ ᠳᠡᠭᠡᠭᠰᠢᠯᠡᠭᠦᠯᠦᠨ᠎ᠡ᠃ | ︵ᠨᠠᠢᠮᠠ︶ ᠰᠢᠨ᠎ᠡ ᠭᠡᠯᠪᠡᠷᠢ ᠶᠢᠨ ᠴᠠᠭᠢᠯᠭᠠᠨ ᠬᠦᠴᠦᠨ ᠤ ᠰᠢᠰᠲ᠋ᠧᠮ ᠢ ᠲᠦᠷᠭᠡᠳᠬᠡᠨ ᠪᠠᠶᠢᠭᠤᠯᠤᠨ᠎ᠠ᠃ ᠴᠡᠪᠡᠷ | ᠡᠨᠧᠷᠭᠢ ᠶᠢᠨ ᠰᠠᠭᠤᠷᠢᠨ᠂ ᠲᠣᠬᠢᠷᠠᠭᠤᠯᠬᠤ ᠴᠢᠨᠠᠷᠲᠠᠢ ᠡᠬᠢ ᠪᠠᠶᠠᠯᠢᠭ ᠪᠠ ᠴᠠᠭᠢᠯᠭᠠᠨ ᠬᠦᠷᠭᠡᠬᠦ ᠨᠡᠪᠲᠡᠷᠡᠬᠦ ᠵᠠᠮ ᠤᠨ | ᠬᠡᠪᠴᠢᠶᠡᠲᠦ ᠴᠢᠳᠠᠪᠤᠷᠢ᠂ ᠣᠷᠣᠨ ᠵᠠᠢ ᠶᠢᠨ ᠪᠠᠶᠢᠷᠢᠰᠢᠭᠤᠯᠤᠯᠲᠠ᠂ ᠪᠦᠲᠦᠭᠡᠨ ᠪᠠᠶᠢᠭᠤᠯᠤᠯᠲᠠ ᠶᠢᠨ ᠠᠶᠢᠵᠠᠮ ᠵᠡᠷᠭᠡ | ᠲᠠᠯ᠎ᠠ ᠶᠢᠨ ᠵᠣᠯᠭᠠᠭᠤᠯᠤᠨ ᠬᠠᠮᠵᠢᠯᠴᠠᠬᠤ ᠶᠢ ᠴᠢᠩᠭᠠᠳᠬᠠᠵᠤ᠂ ᠰᠢᠲᠠᠮᠠᠬᠠᠢ ᠬᠡᠢ ᠶᠢᠨ ᠢᠷᠡᠯᠲᠡ ᠶᠢ | ᠨᠠᠶᠢᠳᠠᠪᠤᠷᠢᠵᠢᠭᠤᠯᠵᠤ ᠪᠤᠯᠬᠤ᠂ ᠰᠢᠲᠠᠮᠠᠬᠠᠢ ᠬᠡᠢ ᠶᠢᠨ ᠦᠨ᠎ᠡ ᠶᠢ ᠳᠠᠭᠠᠭᠠᠵᠤ ᠳᠡᠶᠢᠯᠭᠦ ᠭᠠᠵᠠᠷ ᠣᠷᠣᠨ ᠳᠤ | ᠪᠠᠶᠢᠭᠠᠯᠢ ᠶᠢᠨ ᠰᠢᠲᠠᠮᠠᠬᠠᠢ ᠬᠡᠢ ᠬᠡᠷᠡᠭᠯᠡᠬᠦ ᠣᠷᠭᠢᠯ ᠤᠨ ᠬᠤᠭᠤᠴᠠᠭ᠎ᠠ ᠶᠢ ᠲᠣᠬᠢᠷᠠᠭᠤᠯᠬᠤ ᠴᠠᠭᠢᠯᠭᠠᠨ ᠥᠷᠲᠡᠭᠡ | ᠪᠠᠶᠢᠷᠢᠯᠠᠭᠤᠯᠬᠤ ᠶᠢ ᠵᠣᠷᠢᠭᠵᠢᠭᠤᠯᠵᠤ᠂ ᠤᠰᠤ ᠲᠠᠲᠠᠵᠤ ᠡᠨᠧᠷᠭᠢ ᠬᠠᠳᠠᠭᠠᠯᠠᠬᠤ᠂ ᠰᠢᠨ᠎ᠡ ᠭᠡᠯᠪᠡᠷᠢ ᠶᠢᠨ ᠡᠨᠧᠷᠭᠢ | ᠬᠠᠳᠠᠭᠠᠯᠠᠬᠤ᠂ ᠭᠡᠷᠡᠯ ᠢᠯᠴᠢ ᠪᠠᠷ ᠴᠠᠭᠢᠯᠭᠠᠨ ᠭᠠᠷᠭᠠᠬᠤ ᠶᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠵᠤ᠂ | ᠴᠠᠭᠢᠯᠭᠠᠨ ᠬᠦᠴᠦᠨ ᠤ ᠰᠢᠰᠲ᠋ᠧᠮ ᠤᠨ ᠠᠶᠤᠯ ᠦᠭᠡᠢ ᠠᠵᠢᠯᠯᠠᠬᠤ ᠪᠠ ᠶᠡᠷᠦᠩᠬᠡᠶᠢᠯᠡᠨ ᠲᠣᠬᠢᠷᠠᠭᠤᠯᠬᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ᠣᠶᠤᠨᠲᠤ ᠴᠠᠭᠢᠯᠭᠠᠨ ᠲᠣᠣᠷ ᠢ ᠪᠦᠲᠦᠭᠡᠨ ᠪᠠᠶᠢᠭᠤᠯᠵᠤ᠂ ᠪᠢᠴᠢᠯ ᠴᠠᠭᠢᠯᠭᠠᠨ ᠲᠣᠣᠷ᠂ | ᠳᠠᠭᠤᠷᠢᠶᠠᠮᠠᠯ ᠴᠠᠭᠢᠯᠭᠠᠨ ᠦᠢᠯᠡᠳᠪᠦᠷᠢ᠂ ᠡᠨᠧᠷᠭᠢ ᠲᠣᠣᠷ ᠳᠠᠭᠠᠭᠠᠴᠠ ᠨᠥᠭᠡᠴᠡ ᠶᠢ ᠨᠢᠭᠡ ᠴᠣᠭᠴᠠᠵᠢᠭᠤᠯᠤᠭᠰᠠᠨ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠴᠠᠭᠢᠯᠭᠠᠨ ᠬᠦᠴᠦᠨ ᠤ ᠬᠡᠷᠡᠭᠴᠡᠭᠡᠨ ᠤ | ᠬᠠᠵᠠᠭᠤ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠴᠠᠭᠢᠯᠭᠠᠨ ᠬᠦᠴᠦᠨ ᠤ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠰᠢᠨ᠎ᠡ ᠭᠡᠯᠪᠡᠷᠢ ᠶᠢᠨ ᠴᠠᠭᠢᠯᠭᠠᠨ ᠬᠦᠴᠦᠨ ᠤ ᠰᠢᠰᠲ᠋ᠧᠮ ᠳᠤ ᠵᠣᠬᠢᠴᠠᠬᠤ ᠪᠠᠶᠢᠭᠤᠯᠤᠯ | ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠦᠨ᠎ᠡ᠃ 2030 ᠣᠨ ᠪᠤᠯᠬᠤ ᠳᠤ᠂ ᠤᠰᠤ ᠲᠠᠲᠠᠵᠤ ᠡᠨᠧᠷᠭᠢ | ᠬᠠᠳᠠᠭᠠᠯᠠᠬᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢ 1.2 ᠳ᠋ᠦᠩᠰᠢᠭᠤᠷ ᠭᠢᠯᠦᠸᠠᠲ ᠢ ᠳᠠᠪᠠᠭᠤᠯᠤᠨ᠎ᠠ᠃ | ᠲᠠᠪᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ | ᠠᠬᠢᠭᠤᠯᠤᠨ᠎ᠠ | ︵ᠶᠢᠰᠦ︶ ᠵᠠᠮ ᠬᠠᠷᠢᠯᠴᠠᠭ᠎ᠠ ᠲᠡᠭᠡᠭᠡᠪᠦᠷᠢ ᠶᠢᠨ ᠪᠦᠲᠦᠴᠡ ᠶᠢ ᠰᠢᠯᠢᠳᠡᠭᠵᠢᠭᠦᠯᠦᠨ᠎ᠡ᠃ ᠪᠣᠬᠢᠷᠳᠤᠯ ᠦᠭᠡᠢ | ᠪᠥᠭᠡᠳ ᠥᠨᠳᠥᠷ ᠪᠦᠲᠦᠮᠵᠢᠲᠡᠢ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠢ ᠪᠠᠶᠢᠭᠤᠯᠵᠤ᠂ ᠤᠯᠤᠰ ᠤᠨ ᠲᠡᠮᠦᠷ | ᠵᠠᠮ᠂ ᠵᠠᠰᠠᠮᠠᠯ ᠵᠠᠮ᠂ ᠤᠰᠤᠨ ᠲᠡᠭᠡᠭᠡᠪᠦᠷᠢ ᠶᠢᠨ ᠲᠣᠣᠷ ᠢ ᠲᠡᠭᠦᠯᠳᠡᠷᠵᠢᠭᠦᠯᠦᠨ᠂ ᠠᠳᠠᠯᠢ ᠪᠤᠰᠤ ᠲᠡᠭᠡᠭᠡᠪᠦᠷᠢ ᠶᠢᠨ ᠠᠷᠭ᠎ᠠ | ᠮᠠᠶ᠋ᠢᠭ ᠤᠨ ᠵᠦᠢ ᠵᠣᠬᠢᠰᠲᠠᠢ ᠠᠵᠢᠯ ᠤᠨ ᠬᠤᠪᠢᠶᠠᠷᠢᠯᠠᠯ᠂ ᠪᠦᠲᠦᠮᠵᠢᠲᠡᠢ ᠵᠣᠯᠭᠠᠯᠳᠤᠯ ᠢ ᠠᠬᠢᠭᠤᠯᠵᠤ᠂ ᠪᠠᠷᠠᠭ᠎ᠠ ᠦᠭᠡᠢ | ᠬᠤᠭᠤᠰᠤᠨ ᠢᠶᠠᠷ ᠠᠶᠠᠯᠠᠬᠤ ᠨᠤᠷᠮ᠎ᠠ ᠪᠠ ᠠᠶᠠᠨᠴᠢᠨ ᠤ ᠪᠠ ᠪᠠᠷᠠᠭᠠᠨ ᠤ ᠲᠡᠭᠡᠭᠡᠪᠦᠷᠢ ᠶᠢᠨ ᠵᠦᠢ ᠵᠣᠬᠢᠰ ᠦᠭᠡᠢ | ᠡᠷᠭᠢᠯᠲᠡ ᠶᠢᠨ ᠬᠡᠮᠵᠢᠶ᠎ᠡ ᠶᠢ ᠪᠠᠭᠤᠷᠠᠭᠤᠯᠤᠨ᠎ᠠ᠃ ᠣᠯᠠᠨ ᠭᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ︽ᠨᠢᠭᠡ | ᠬᠠᠭᠤᠳᠠᠰᠤ ᠶᠢᠨ ᠳᠦᠷᠢᠮ︾᠂ ︽ᠨᠢᠭᠡ ᠬᠠᠶᠢᠷᠴᠠᠭ ᠤᠨ ᠳᠦᠷᠢᠮ︾ ᠤᠨ ᠬᠥᠭᠵᠢᠯᠲᠡ ᠶᠢ ᠶᠡᠭᠡ ᠪᠠᠷ ᠠᠬᠢᠭᠤᠯᠵᠤ᠂ | ᠪᠠᠷᠠᠭ᠎ᠠ ᠶᠢᠨ ᠲᠡᠭᠡᠭᠡᠪᠦᠷᠢ ᠶᠢᠨ ᠲᠤᠰᠬᠠᠢ ᠬᠡᠷᠡᠭᠯᠡᠬᠦ ᠲᠡᠮᠦᠷ ᠵᠠᠮ ᠪᠣᠯᠣᠨ ᠳᠣᠲᠣᠭᠠᠳᠤ ᠭᠤᠣᠯ ᠤᠨ ᠳᠡᠭᠡᠳᠦ ᠲᠠᠰ ᠤᠨ | ᠠᠶᠠᠯᠠᠯ ᠤᠨ ᠵᠠᠮ ᠤᠨ ᠲᠣᠣᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠭᠤᠣᠯ ᠪᠤᠯᠬᠤ ᠭᠠᠷᠠᠮ᠂ ᠲᠣᠮᠣ | ᠭᠡᠯᠪᠡᠷᠢ ᠶᠢᠨ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠪᠣᠯᠣᠨ ᠪᠠᠷᠠᠭᠠᠨ ᠤ ᠭᠦᠢᠯᠭᠡᠭᠡᠨ ᠤ ᠬᠦᠷᠢᠶᠡᠯᠡᠩ | ᠲᠣᠭᠤᠷᠢᠭ ᠤᠨ ᠲᠡᠮᠦᠷ ᠵᠠᠮ ᠤᠨ ᠲᠤᠰᠬᠠᠢ ᠬᠡᠷᠡᠭᠯᠡᠬᠦ ᠱᠤᠭᠤᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ | ᠪᠣᠬᠢᠷᠳᠤᠯ ᠦᠭᠡᠢ ᠲᠥᠪᠯᠡᠷᠡᠭᠦᠯᠬᠦ ᠲᠠᠷᠬᠠᠭᠠᠬᠤ ᠲᠡᠭᠡᠭᠡᠪᠦᠷᠢᠯᠡᠬᠦ ᠬᠠᠷᠢᠴᠠᠯ ᠢ ᠳᠡᠭᠡᠭᠰᠢᠯᠡᠭᠦᠯᠦᠨ᠂ ᠪᠥᠭᠡᠮ ᠲᠠᠸᠠᠷ ᠤᠨ | ᠲᠡᠮᠦᠷ ᠵᠠᠮ᠂ ᠤᠰᠤᠨ ᠵᠠᠮ ᠤᠨ ᠲᠡᠭᠡᠭᠡᠪᠦᠷᠢ ᠶᠢᠨ ᠬᠤᠪᠢ ᠶᠢᠨ ᠵᠢᠩ ᠢ ᠦᠷᠭᠦᠯᠵᠢᠯᠡᠨ ᠳᠡᠭᠡᠭᠰᠢᠯᠡᠭᠦᠯᠦᠨ᠎ᠡ᠃ | ᠠᠷᠠᠳ ᠤᠨ ᠠᠭᠠᠷ ᠤᠨ ᠲᠡᠭᠡᠭᠡᠪᠦᠷᠢ ᠶᠢᠨ ᠠᠭᠠᠷ ᠤᠨ ᠠᠶᠠᠯᠠᠯ ᠤᠨ ᠱᠤᠭᠤᠮ ᠢ ᠰᠢᠯᠢᠳᠡᠭᠵᠢᠭᠦᠯᠵᠦ᠂ ᠨᠢᠰᠬᠡᠯ ᠤᠨ | ᠪᠠᠭᠤᠳᠠᠯ ᠤᠨ ᠠᠵᠢᠯᠯᠠᠭᠠᠨ ᠤ ᠴᠠᠬᠢᠯᠭᠠᠨᠵᠢᠭᠤᠯᠬᠤ ᠣᠶᠤᠨᠴᠢᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ︵ᠠᠷᠪᠠ︶ ᠪᠣᠬᠢᠷᠳᠤᠯ ᠦᠭᠡᠢ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢ ᠪᠦᠲᠦᠭᠡᠨ ᠪᠠᠶᠢᠭᠤᠯᠤᠨ᠎ᠠ᠃ | ᠰᠢᠨ᠎ᠡ ᠪᠠᠷ ᠪᠠᠶᠢᠭᠤᠯᠬᠤ ᠲᠡᠷᠭᠡᠨ ᠥᠷᠲᠡᠭᠡ᠂ ᠨᠢᠰᠬᠡᠯ ᠤᠨ ᠪᠠᠭᠤᠳᠠᠯ᠂ ᠭᠠᠷᠠᠮ᠂ ᠲᠦᠷᠭᠡᠨ ᠤ ᠵᠠᠰᠠᠮᠠᠯ ᠵᠠᠮ ᠤᠨ ᠲᠤᠨᠤᠭ | ᠲᠥᠬᠦᠭᠡᠷᠦᠮᠵᠢ ᠶᠢᠨ ᠪᠣᠬᠢᠷᠳᠤᠯ ᠦᠭᠡᠢ ᠪᠥᠭᠡᠳ ᠣᠶᠤᠨᠴᠢᠯᠠᠭᠰᠠᠨ ᠬᠢᠷᠢ ᠲᠦᠪᠰᠢᠨ ᠢ ᠳᠡᠭᠡᠭᠰᠢᠯᠡᠭᠦᠯᠵᠦ᠂ | ᠣᠳᠣ ᠶᠢᠨ ᠪᠠᠶᠢᠭ᠎ᠠ ᠵᠠᠮ ᠬᠠᠷᠢᠯᠴᠠᠭ᠎ᠠ ᠶᠢᠨ ᠰᠠᠭᠤᠷᠢ ᠲᠥᠬᠦᠭᠡᠷᠦᠮᠵᠢ ᠶᠢᠨ ᠡᠨᠧᠷᠭᠢ ᠠᠷᠪᠢᠯᠠᠵᠤ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠲᠡᠶᠢᠰᠢ ᠥᠭᠡᠷᠡᠴᠢᠯᠡᠨ ᠳᠡᠭᠡᠭᠰᠢᠯᠡᠭᠦᠯᠭᠦ ᠶᠢ | ᠠᠬᠢᠭᠤᠯᠤᠨ᠂ ᠨᠢᠭᠡ ᠪᠦᠯᠦᠭ ᠨᠡᠭᠦᠷᠡᠰᠦᠳᠦ᠋ᠷᠦᠭᠴᠢ ᠪᠠᠭᠠᠲᠠᠢ︵ᠨᠡᠭᠦᠷᠡᠰᠦᠳᠦ᠋ᠷᠦᠭᠴᠢ ᠦᠯᠦ ᠭᠠᠳᠠᠭᠰᠢᠯᠠᠭᠤᠯᠬᠤ︶ | ᠲᠡᠷᠭᠡᠨ ᠥᠷᠲᠡᠭᠡ᠂ ᠨᠢᠰᠬᠡᠯ ᠤᠨ ᠪᠠᠭᠤᠳᠠᠯ᠂ ᠭᠠᠷᠠᠮ᠂ ᠲᠦᠷᠭᠡᠨ ᠤ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠢ | ᠪᠦᠲᠦᠭᠡᠨ ᠪᠠᠶᠢᠭᠤᠯᠵᠤ᠂ ᠲᠦᠷᠭᠡᠨ ᠤ ᠵᠠᠰᠠᠮᠠᠯ ᠵᠠᠮ ᠳᠠᠭᠠᠤ ᠶᠢᠨ ᠭᠡᠷᠡᠯᠴᠢ ᠴᠡᠨᠡᠭ ᠢ ᠲᠤᠬᠠᠢ ᠶᠢᠨ ᠭᠠᠵᠠᠷ ᠣᠷᠣᠨ ᠤ | ᠪᠠᠶᠢᠳᠠᠯ ᠳᠠᠭᠠᠨ ᠲᠣᠬᠢᠷᠠᠭᠤᠯᠤᠨ ᠬᠥᠭᠵᠢᠭᠦᠯᠦᠨ᠎ᠡ᠃ ᠴᠡᠨᠡᠭᠯᠡᠬᠦ︵ᠰᠣᠯᠢᠬᠤ︶ ᠴᠠᠭᠢᠯᠭᠠᠨ ᠥᠷᠲᠡᠭᠡ᠂ | ᠤᠰᠤᠲᠥ᠋ᠷᠥᠭᠴᠢ︵ᠠᠯᠺᠤᠣᠯ︶ᠨᠡᠮᠡᠬᠦ ᠥᠷᠲᠡᠭᠡ᠂ ᠡᠷᠭᠢ ᠶᠢᠨ ᠴᠠᠭᠢᠯᠭᠠᠨ ᠵᠡᠷᠭᠡ ᠰᠠᠭᠤᠷᠢ ᠲᠥᠬᠦᠭᠡᠷᠦᠮᠵᠢ ᠶᠢᠨ ᠲᠣᠣᠷ ᠢ | ᠲᠡᠭᠦᠯᠳᠡᠷᠵᠢᠭᠦᠯᠵᠦ᠂ ᠬᠤᠲᠠ ᠶᠢᠨ ᠣᠶᠤᠨᠲᠤ ᠵᠠᠮ ᠬᠠᠷᠢᠯᠴᠠᠭ᠎ᠠ ᠶᠢᠨ ᠬᠠᠮᠢᠶᠠᠷᠤᠯᠲᠠ ᠶᠢᠨ ᠰᠢᠰᠲ᠋ᠧᠮ ᠢ ᠲᠦᠷᠭᠡᠳᠬᠡᠨ | ᠪᠠᠶᠢᠭᠤᠯᠤᠨ᠎ᠠ᠃ ᠬᠤᠲᠠ ᠬᠥᠳᠡᠭᠡ ᠶᠢᠨ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠰᠢᠰᠲ᠋ᠧᠮ ᠢ | ᠲᠡᠭᠦᠯᠳᠡᠷᠵᠢᠭᠦᠯᠵᠦ᠂ ᠲᠣᠬᠢᠷᠠᠭᠤᠯᠤᠨ ᠬᠦᠷᠭᠡᠬᠦ ᠠᠷᠭ᠎ᠠ ᠮᠠᠶ᠋ᠢᠭ ᠤᠨ ᠪᠣᠬᠢᠷᠳᠤᠯ ᠦᠭᠡᠢ ᠪᠥᠭᠡᠳ ᠣᠶᠤᠨᠴᠢ ᠲᠡᠶᠢᠰᠢ | ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭ᠎ᠠ ᠶᠢ | ᠤᠷᠢᠳ ᠢᠶᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠣᠯᠠᠨ ᠨᠡᠶᠢᠲᠡ ᠶᠢᠨ ᠵᠠᠮ | ᠬᠠᠷᠢᠯᠴᠠᠭᠠᠨ ᠤ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠶᠠᠪᠠᠭᠠᠨ ᠬᠥᠮᠥᠨ ᠤ ᠵᠠᠮ ᠪᠠ ᠳᠤᠭᠤᠢ | ᠲᠡᠷᠭᠡᠨ ᠤ ᠲᠤᠰᠬᠠᠢ ᠵᠠᠮ ᠵᠡᠷᠭᠡ ᠬᠤᠳᠠ ᠶᠢᠨ ᠤᠳᠠᠭᠠᠨ ᠶᠠᠪᠤᠬᠤ ᠵᠠᠮ ᠤᠨ ᠰᠢᠰᠲ᠋ᠧᠮ ᠤᠨ ᠪᠠᠶᠢᠭᠤᠯᠤᠯᠲᠠ ᠶᠢ | ᠴᠢᠩᠭᠠᠳᠬᠠᠨ᠎ᠠ᠃ | ︵ᠠᠷᠪᠠᠨ ᠨᠢᠭᠡ︶ ᠨᠡᠭᠦᠷᠡᠰᠦᠳᠦ᠋ᠷᠦᠭᠴᠢ ᠪᠠᠭᠠᠲᠠᠢ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠭᠠᠵᠢ ᠶᠢ | ᠳᠡᠯᠭᠡᠷᠡᠭᠦᠯᠦᠨ᠎ᠡ᠃ ᠰᠢᠨ᠎ᠡ ᠡᠨᠧᠷᠭᠢ ᠬᠡᠷᠡᠭᠯᠡᠬᠦ ᠮᠠᠰᠢᠨ ᠲᠡᠷᠭᠡ ᠶᠢ ᠶᠡᠭᠡ ᠪᠠᠷ ᠳᠡᠯᠭᠡᠷᠡᠭᠦᠯᠵᠦ᠂ ᠬᠤᠳᠠ ᠶᠢᠨ ᠤᠯᠠᠨ | ᠨᠡᠶᠢᠲᠡ ᠶᠢᠨ ᠦᠢᠯᠡᠴᠢᠯᠡᠭᠡᠨ ᠤ ᠲᠡᠷᠭᠡ ᠶᠢᠨ ᠴᠠᠬᠢᠯᠭᠠᠨᠵᠢᠭᠤᠯᠤᠯᠲᠠ ᠪᠠᠷ ᠣᠷᠣᠯᠠᠭᠤᠯᠬᠤ ᠶᠢ ᠠᠬᠢᠭᠤᠯᠤᠨ᠎ᠠ᠃ | ᠣᠩᠭᠤᠴᠠ ᠰᠠᠯ᠂ ᠨᠢᠰᠦᠭᠦᠷ᠂ ᠵᠠᠮ ᠬᠠᠷᠢᠯᠴᠠᠭᠠᠨ ᠤ ᠪᠤᠰᠤ ᠰᠢᠯᠵᠢᠭᠡ ᠮᠧᠬᠠᠨᠢᠭ ᠵᠡᠷᠭᠡ ᠳᠤ ᠴᠡᠪᠡᠷ ᠬᠥᠳᠡᠯᠭᠡᠭᠴᠢ | ᠬᠦᠴᠦᠨ ᠬᠡᠷᠡᠭᠯᠡᠬᠦ ᠶᠢ ᠠᠬᠢᠭᠤᠯᠵᠤ᠂ ᠬᠠᠭᠤᠴᠢᠨ ᠲᠡᠭᠡᠭᠡᠪᠦᠷᠢ ᠶᠢᠨ ᠪᠠᠭᠠᠵᠢ ᠶᠢ ᠲᠦᠷᠭᠡᠪᠴᠢᠯᠡᠨ ᠰᠢᠭᠰᠢᠭᠳᠡᠭᠦᠯᠵᠦ᠂ | ᠭᠠᠳᠠᠭᠰᠢᠯᠠᠭᠤᠯᠤᠯᠲᠠ ᠦᠭᠡᠢ ᠪᠠᠷᠠᠭᠠᠨ ᠤ ᠲᠡᠭᠡᠭᠡᠪᠦᠷᠢ ᠶᠢ ᠠᠬᠢᠭᠤᠯᠵᠤ᠂ ᠦᠷᠭᠦᠯᠵᠢᠯᠡᠬᠦ ᠠᠭᠠᠷ ᠤᠨ ᠠᠶᠠᠯᠠᠯ ᠤᠨ | ᠲᠦᠯᠡᠰᠢ ᠶᠢ ᠰᠤᠳᠤᠯᠤᠨ ᠨᠡᠭᠡᠭᠡᠵᠦ ᠬᠡᠷᠡᠭᠯᠡᠬᠦ ᠶᠢ ᠴᠢᠩᠭᠠᠳᠬᠠᠨ᠂ ᠭᠠᠳᠠᠭᠰᠢᠯᠠᠭᠤᠯᠤᠯᠲᠠ ᠦᠭᠡᠢ ᠴᠡᠪᠡᠷ | ᠭᠠᠳᠠᠭᠰᠢᠯᠠᠭᠤᠯᠤᠯᠲᠠ ᠲᠠᠢ ᠣᠩᠭᠤᠴᠠᠨ ᠳᠤ ᠬᠡᠷᠡᠭᠯᠡᠬᠦ ᠲᠦᠯᠡᠰᠢ ᠶᠢ ᠰᠤᠳᠤᠯᠤᠨ ᠨᠡᠭᠡᠭᠡᠵᠦ ᠦᠢᠯᠡᠳᠪᠦᠷᠢᠯᠡᠵᠦ | ᠬᠡᠷᠡᠭᠯᠡᠬᠦ ᠶᠢ ᠵᠣᠷᠢᠭᠵᠢᠭᠤᠯᠤᠨ᠎ᠠ᠃ 2030 ᠣᠨ ᠪᠤᠯᠬᠤ ᠳᠤ᠂ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠤᠨ | ᠨᠢᠭᠡᠴᠢ ᠶᠢ ᠰᠣᠯᠢᠵᠤ ᠪᠤᠳᠤᠬᠤ ᠡᠷᠭᠢᠯᠲᠡ ᠶᠢᠨ ᠬᠡᠮᠵᠢᠶ᠎ᠡ ᠶᠢᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ | ᠬᠦᠴᠦᠯᠡᠴᠡ ᠶᠢ 2020 ᠣᠨ ᠤ ᠬᠢ ᠠᠴᠠ 9.5% ᠣᠷᠴᠢᠮ ᠪᠤᠯᠲᠠᠯ᠎ᠠ ᠪᠠᠭᠤᠷᠠᠭᠤᠯᠤᠨ᠎ᠠ᠃ 2035 ᠣᠨ | ᠪᠤᠯᠬᠤ ᠳᠤ᠂ ᠰᠢᠨ᠎ᠡ ᠡᠨᠧᠷᠭᠢ ᠶᠢᠨ ᠮᠠᠰᠢᠨ ᠲᠡᠷᠭᠡ ᠨᠢ ᠰᠢᠨ᠎ᠡ ᠪᠠᠷ ᠪᠣᠷᠣᠯᠠᠭᠤᠯᠬᠤ ᠮᠠᠰᠢᠨ ᠲᠡᠷᠭᠡᠨ ᠤ ᠭᠤᠣᠯ | ᠤᠷᠤᠰᠬᠠᠯ ᠪᠣᠯᠣᠨ᠎ᠠ᠃ | ᠵᠢᠷᠭᠤᠭ᠎ᠠ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠪᠣᠬᠢᠷᠳᠤᠯ ᠦᠭᠡᠢ | ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ | ︵ᠠᠷᠪᠠᠨ ᠬᠤᠶᠠᠷ︶ ᠪᠣᠬᠢᠷᠳᠤᠯ ᠦᠭᠡᠢ ᠲᠥᠯᠥᠪᠯᠡᠨ ᠪᠠᠶᠢᠭᠤᠯᠬᠤ ᠠᠷᠭ᠎ᠠ ᠮᠠᠶ᠋ᠢᠭ ᠢ ᠬᠡᠷᠡᠭᠵᠢᠭᠦᠯᠦᠨ᠎ᠡ᠃ | ᠬᠤᠲᠠ ᠬᠥᠳᠡᠭᠡ ᠶᠢᠨ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ᠂ ᠵᠠᠰᠠᠯᠲᠠ ᠶᠢᠨ ᠡᠯ᠎ᠡ ᠭᠤᠭᠴᠤᠭ᠎ᠠ ᠳᠤ | ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠱᠠᠭᠠᠷᠳᠠᠯᠭ᠎ᠠ ᠶᠢ ᠪᠦᠭᠦ ᠲᠠᠯ᠎ᠠ ᠪᠠᠷ | ᠨᠠᠶᠢᠳᠠᠪᠤᠷᠢᠵᠢᠭᠤᠯᠤᠨ᠎ᠠ᠃ ᠪᠣᠬᠢᠷᠳᠤᠯ ᠦᠭᠡᠢ ᠪᠥᠭᠡᠳ ᠨᠡᠭᠦᠷᠡᠰᠦᠳᠦ᠋ᠷᠦᠭᠴᠢ ᠪᠠᠭᠠᠲᠠᠢ ᠲᠥᠯᠦᠪᠵᠢᠭᠦᠯᠭᠡ ᠵᠢᠷᠤᠭ | ᠲᠥᠯᠥᠪᠯᠡᠭᠡ ᠶᠢᠨ ᠣᠶᠢᠯᠠᠭᠠᠭᠳᠠᠬᠤᠨ ᠢ ᠰᠠᠨᠠᠭᠠᠴᠢᠯᠠᠵᠤ᠂ ᠬᠤᠲᠠ ᠪᠠᠯᠭᠠᠰᠤ ᠶᠢᠨ ᠨᠡᠭᠡᠭᠡᠨ ᠬᠥᠭᠵᠢᠭᠦᠯᠬᠦ ᠵᠠᠭᠠᠭ | ᠬᠢᠵᠠᠭᠠᠷ ᠢ ᠴᠢᠩᠭ᠎ᠠ ᠰᠠᠬᠢᠵᠤ᠂ ᠰᠢᠨ᠎ᠡ ᠪᠠᠷ ᠨᠡᠮᠡᠭᠳᠡᠭᠰᠡᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠡᠲᠦ | ᠲᠦᠷᠭᠡᠨ ᠨᠡᠮᠡᠭᠳᠡᠬᠦ ᠶᠢ ᠡᠵᠡᠮᠳᠡᠨ᠂ ᠵᠦᠯᠭᠡᠨ ᠭᠠᠵᠠᠷ᠂ ᠤᠰᠤᠨ ᠣᠷᠣᠨ᠂ ᠨᠤᠭᠤ ᠭᠠᠵᠠᠷ ᠵᠡᠷᠭᠡ ᠠᠮᠢ ᠠᠬᠤᠢ ᠶᠢᠨ | ᠣᠷᠣᠨ ᠵᠠᠢ ᠶᠢ ᠬᠠᠮᠠᠭᠠᠯᠠᠬᠤ ᠪᠠ ᠰᠡᠷᠭᠦᠭᠡᠵᠦ᠂ ᠱᠤᠤᠭᠢᠶᠠᠨ ᠳᠤ ᠰᠡᠷᠭᠡᠭ ᠪᠠᠷᠢᠯᠭ᠎ᠠ ᠲᠥᠪᠯᠡᠷᠡᠭᠰᠡᠨ ᠣᠷᠣᠨ ᠪᠦᠰᠡ ᠶᠢ | ᠵᠦᠢ ᠵᠣᠬᠢᠰᠲᠠᠢ ᠲᠥᠯᠥᠪᠯᠡᠨ᠎ᠡ᠃ ᠠᠭᠤᠷ ᠠᠮᠢᠰᠬᠤᠯ ᠳᠤ ᠵᠣᠬᠢᠴᠠᠬᠤ ᠭᠡᠯᠪᠡᠷᠢ ᠶᠢᠨ ᠬᠤᠲᠠ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠬᠤᠲᠠ ᠬᠥᠳᠡᠭᠡ ᠶᠢᠨ ᠠᠭᠤᠷ ᠠᠮᠢᠰᠬᠤᠯ ᠤᠨ ᠤᠶᠠᠨ ᠬᠠᠳᠠᠨ ᠴᠢᠨᠠᠷ ᠢ | ᠨᠡᠮᠡᠭᠳᠡᠭᠦᠯᠦᠨ᠎ᠡ᠃ ᠪᠣᠬᠢᠷᠳᠤᠯ ᠦᠭᠡᠢ ᠪᠦᠲᠦᠭᠡᠨ ᠪᠠᠶᠢᠭᠤᠯᠬᠤ ᠠᠷᠭ᠎ᠠ ᠮᠠᠶ᠋ᠢᠭ ᠢ ᠳᠡᠯᠭᠡᠷᠡᠭᠦᠯᠵᠦ᠂ ᠪᠣᠬᠢᠷᠳᠤᠯ ᠦᠭᠡᠢ | ᠪᠠᠷᠢᠯᠭ᠎ᠠ ᠶᠢᠨ ᠮᠠᠲ᠋ᠧᠷᠢᠶᠠᠯ ᠢ ᠡᠩ ᠲᠡᠷᠢᠭᠦᠨ ᠳᠤ ᠰᠣᠩᠭᠤᠨ ᠬᠡᠷᠡᠭᠯᠡᠵᠦ᠂ ᠳᠡᠭᠳᠡᠮᠡᠯ ᠲᠣᠭᠤᠰᠣᠨ ᠤ ᠪᠣᠬᠢᠷᠳᠤᠯ ᠢ | ᠶᠡᠷᠦᠩᠬᠡᠶᠢᠯᠡᠨ ᠵᠠᠰᠠᠬᠤ ᠶᠢ ᠭᠦᠨᠵᠡᠭᠡᠶᠢᠷᠡᠭᠦᠯᠦᠨ᠎ᠡ᠃ | ︵ᠠᠷᠪᠠᠨ ᠭᠤᠷᠪᠠ︶ ᠪᠣᠬᠢᠷᠳᠤᠯ ᠦᠭᠡᠢ ᠪᠥᠭᠡᠳ ᠨᠡᠭᠦᠷᠡᠰᠦᠳᠦ᠋ᠷᠦᠭᠴᠢ ᠪᠠᠭᠠᠲᠠᠢ ᠪᠠᠷᠢᠯᠭ᠎ᠠ ᠶᠢ ᠶᠡᠭᠡ ᠪᠠᠷ | ᠬᠥᠭᠵᠢᠭᠦᠯᠦᠨ᠎ᠡ᠃ ᠪᠠᠷᠢᠯᠭ᠎ᠠ ᠶᠢᠨ ᠡᠨᠧᠷᠭᠢ ᠶᠢᠨ ᠠᠰᠢᠭᠯᠠᠮᠵᠢ ᠶᠢᠨ ᠳᠡᠰ ᠤᠨ ᠳᠦᠷᠢᠮ ᠢ ᠪᠠᠶᠢᠭᠤᠯᠤᠨ᠎ᠠ᠃ ᠰᠢᠨ᠎ᠡ ᠪᠠᠷ | ᠪᠠᠶᠢᠭᠤᠯᠤᠭᠰᠠᠨ ᠪᠠᠷᠢᠯᠭ᠎ᠠ ᠶᠢᠨ ᠳᠤᠮᠳᠠ ᠣᠳᠣᠨ ᠲᠠᠰ ᠤᠨ ᠪᠣᠬᠢᠷᠳᠤᠯ ᠦᠭᠡᠢ ᠪᠠᠷᠢᠯᠭ᠎ᠠ ᠶᠢᠨ ᠬᠠᠷᠢᠴᠠᠯ ᠢ | ᠳᠡᠭᠡᠭᠰᠢᠯᠡᠭᠦᠯᠵᠦ᠂ ᠭᠡᠲᠦ ᠪᠠᠭ᠎ᠠ ᠡᠨᠧᠷᠭᠢ ᠶᠢᠨ ᠬᠤᠷᠣᠭᠳᠠᠯ ᠲᠠᠢ ᠪᠠᠷᠢᠯᠭ᠎ᠠ ᠶᠢᠨ ᠬᠡᠪᠴᠢᠶᠡᠵᠢᠭᠰᠡᠨ ᠬᠥᠭᠵᠢᠯᠲᠡ ᠶᠢ | ᠠᠬᠢᠭᠤᠯᠤᠨ᠎ᠠ᠃ ᠨᠢᠭᠡᠨᠲᠡ ᠪᠠᠶᠢᠭ᠎ᠠ ᠪᠠᠷᠢᠯᠭ᠎ᠠ ᠪᠣᠯᠣᠨ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ | ᠡᠨᠧᠷᠭᠢ ᠠᠷᠪᠢᠯᠠᠨ ᠤᠰᠤ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ | ᠥᠭᠡᠷᠡᠴᠢᠯᠡᠯᠲᠡ ᠶᠢ ᠲᠦᠷᠭᠡᠳᠬᠡᠨ᠂ ᠲᠡᠷᠢᠭᠦᠨ ᠤ ᠪᠥᠭᠡᠳ ᠥᠨᠳᠥᠷ ᠦᠷ᠎ᠡ ᠪᠦᠲᠦᠮᠵᠢᠲᠡᠶ ᠭᠡᠷᠡᠯᠲᠦᠭᠦᠯᠭᠡ᠂ ᠠᠭᠠᠷ | ᠲᠣᠬᠢᠷᠠᠭᠤᠯᠤᠭᠴᠢ᠂ ᠴᠠᠭᠢᠯᠭᠠᠨ ᠱᠠᠲᠤ ᠵᠡᠷᠭᠡ ᠲᠥᠬᠦᠭᠡᠷᠦᠮᠵᠢ ᠶᠢ ᠳᠡᠯᠭᠡᠷᠡᠭᠦᠯᠦᠨ᠎ᠡ᠃ ᠪᠠᠷᠢᠯᠭ᠎ᠠ ᠶᠢᠨ ᠡᠨᠧᠷᠭᠢ | ᠬᠡᠷᠡᠭᠯᠡᠬᠦ ᠪᠦᠲᠦᠴᠡ ᠶᠢ ᠰᠢᠯᠢᠳᠡᠭᠵᠢᠭᠦᠯᠵᠦ᠂ ᠪᠠᠷᠢᠯᠭ᠎ᠠ ᠶᠢᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ︽ᠭᠡᠷᠡᠯᠴᠢ ᠴᠡᠨᠡᠭ᠂ ᠡᠨᠧᠷᠭᠢ ᠬᠠᠳᠠᠭᠠᠯᠠᠬᠤ᠂ ᠲᠣᠭᠲᠠᠮᠠᠯ ᠭᠦᠶᠦᠳᠡᠯᠲᠦ ᠴᠠᠭᠢᠯᠭᠠᠨ᠂ | ᠤᠶᠠᠨ ᠴᠢᠨᠠᠷ ᠪᠦᠬᠦᠢ ᠠᠭᠤᠰᠤᠯᠴᠠᠯ︾ ᠤᠨ ᠮᠡᠷᠭᠡᠵᠢᠯ ᠤᠨ ᠬᠡᠷᠡᠭᠯᠡᠯᠲᠡ ᠶᠢ ᠠᠬᠢᠭᠤᠯᠵᠤ᠂ ᠴᠡᠪᠡᠷ | ᠨᠡᠭᠦᠷᠡᠰᠦᠳᠦ᠋ᠷᠦᠭᠴᠢ ᠪᠠᠭᠠᠲᠠᠢ ᠢᠯᠴᠢ ᠬᠠᠩᠭᠠᠬᠤ ᠶᠢ ᠬᠥᠭᠵᠢᠭᠦᠯᠦᠨ᠎ᠡ᠃ | ︵ᠠᠷᠪᠠᠨ ᠳᠥᠷᠪᠡ︶ ᠬᠥᠳᠡᠭᠡ ᠠᠵᠤ ᠠᠬᠤᠢ ᠬᠥᠳᠡᠭᠡ ᠲᠣᠰᠬᠤᠨ ᠤ ᠪᠣᠬᠢᠷᠳᠤᠯ ᠦᠭᠡᠢ ᠬᠥᠭᠵᠢᠯᠲᠡ ᠶᠢ | ᠠᠬᠢᠭᠤᠯᠤᠨ᠎ᠠ᠃ ᠬᠥᠳᠡᠭᠡ ᠠᠵᠤ ᠠᠬᠤᠢ ᠬᠥᠳᠡᠭᠡ ᠲᠣᠰᠬᠤᠨ ᠤ ᠭᠠᠳᠠᠭᠰᠢᠯᠠᠭᠤᠯᠤᠯᠲᠠ ᠶᠢ ᠪᠠᠭᠠᠰᠬᠠᠵᠤ | ᠨᠡᠭᠦᠷᠡᠰᠦᠲᠥ᠋ᠷᠥᠭᠴᠢ ᠶᠢ ᠲᠣᠭᠲᠠᠪᠤᠷᠢᠵᠢᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠲᠠᠷᠢᠵᠤ ᠲᠡᠵᠢᠭᠡᠬᠦ ᠪᠦᠲᠦᠴᠡ ᠶᠢ | ᠰᠢᠯᠢᠳᠡᠭᠵᠢᠭᠦᠯᠦᠨ᠂ ᠲᠠᠷᠢᠮᠠᠯ ᠤᠨ ᠪᠠ ᠮᠠᠯ ᠵᠢᠭᠦᠷᠲᠡᠨ ᠤ ᠰᠢᠯᠢᠳᠡᠭ ᠡᠭᠦᠯᠳᠡᠷ ᠪᠠ ᠪᠣᠬᠢᠷᠳᠤᠯ ᠦᠭᠡᠢ ᠪᠥᠭᠡᠳ | ᠥᠨᠳᠥᠷ ᠪᠦᠲᠦᠮᠵᠢᠲᠡᠢ ᠲᠠᠷᠢᠵᠤ ᠲᠡᠵᠢᠭᠡᠬᠦ ᠮᠡᠷᠭᠡᠵᠢᠯ ᠢ ᠳᠡᠯᠭᠡᠷᠡᠭᠦᠯᠵᠦ᠂ ᠬᠢᠮᠢ ᠶᠢᠨ ᠪᠣᠷᠳᠣᠭᠤᠷ᠂ ᠲᠠᠷᠢᠶᠠᠨ ᠡᠮ | ᠵᠡᠷᠭᠡ ᠬᠥᠳᠡᠭᠡ ᠠᠵᠤ ᠠᠬᠤᠢ ᠶᠢᠨ ᠣᠷᠣᠭᠤᠯᠤᠯᠲᠠ ᠶᠢᠨ ᠡᠳ᠋ ᠤᠨ ᠬᠡᠮᠵᠢᠶ᠎ᠡ ᠶᠢ ᠪᠠᠭᠠᠰᠬᠠᠵᠤ ᠦᠷ᠎ᠡ ᠠᠰᠢᠭ ᠢ | ᠨᠡᠮᠡᠭᠳᠡᠭᠦᠯᠬᠦ ᠶᠢ ᠠᠬᠢᠭᠤᠯᠤᠨ᠎ᠠ᠃ ᠡᠰᠢ ᠰᠦᠷᠡᠯ᠂ ᠲᠠᠷᠢᠶᠠᠯᠠᠩ ᠤᠨ ᠰᠦᠯᠢᠶᠥᠦ ᠪᠦᠷᠬᠦᠪᠴᠢ᠂ ᠲᠠᠷᠢᠶᠠᠨ ᠡᠮ ᠤᠨ | ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠡᠳ᠋᠂ ᠮᠠᠯ ᠵᠢᠭᠦᠷᠲᠡᠨ ᠤ ᠢᠯᠭᠠᠳᠠᠰᠤ ᠵᠡᠷᠭᠡ ᠲᠠᠷᠢᠶᠠᠯᠠᠩ ᠤᠨ ᠬᠠᠶᠠᠭᠳᠠᠮᠠᠯ | ᠡᠳ᠋ ᠢ ᠴᠤᠭᠯᠠᠭᠤᠯᠤᠨ ᠠᠰᠢᠭᠯᠠᠵᠤ ᠰᠢᠢᠳᠪᠦᠷᠢᠯᠡᠬᠦ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠡᠰᠢ ᠰᠦᠷᠡᠯ | ᠰᠢᠲᠠᠭᠠᠬᠤ ᠶᠢ ᠴᠠᠭᠠᠵᠠᠯᠠᠬᠤ ᠬᠠᠮᠢᠶᠠᠷᠤᠯᠲᠠ ᠡᠵᠡᠮᠳᠡᠯ ᠢ ᠴᠢᠩᠭᠠᠳᠬᠠᠨ᠎ᠠ᠃ ᠬᠥᠳᠡᠭᠡ ᠲᠣᠰᠬᠤᠨ ᠤ ᠣᠷᠣᠰᠢᠨ | ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠭᠦ ᠶᠢ ᠭᠦᠨᠵᠡᠭᠡᠢ ᠠᠬᠢᠭᠤᠯᠵᠤ᠂ ᠬᠥᠳᠡᠭᠡ | ᠲᠣᠰᠬᠤᠨ ᠤ ᠪᠣᠬᠢᠷᠳᠤᠯ ᠦᠭᠡᠢ ᠬᠥᠭᠵᠢᠯᠲᠡ ᠶᠢᠨ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠭᠡᠯᠪᠡᠷᠢ ᠶᠢ | ᠪᠣᠶᠢᠵᠢᠭᠤᠯᠤᠨ᠎ᠠ᠃ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠳᠠᠭᠢᠨ ᠡᠭᠦᠰᠴᠦ ᠪᠤᠯᠬᠤ ᠡᠨᠧᠷᠭᠢ ᠶᠢ | ᠨᠡᠭᠡᠭᠡᠨ ᠠᠰᠢᠭᠯᠠᠵᠤ᠂ ᠬᠥᠳᠡᠭᠡ ᠲᠣᠰᠬᠤᠨ ᠤ ᠭᠠᠵᠠᠷ ᠣᠷᠣᠨ ᠤ ᠴᠡᠪᠡᠷ ᠳᠤᠯᠠᠭᠠᠯᠠᠭ᠎ᠠ ᠶᠢ ᠡᠮᠬᠢ ᠵᠢᠷᠤᠮ ᠲᠠᠢ ᠪᠠᠷ | ᠠᠬᠢᠭᠤᠯᠤᠨ᠎ᠠ᠃ | ᠲᠤᠯᠤᠭ᠎ᠠ᠂ ᠪᠦᠭᠦ ᠲᠠᠯ᠎ᠠ ᠪᠠᠷ ᠠᠷᠪᠢᠯᠠᠨ ᠭᠠᠮᠨᠠᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠎ᠡ | ︵ᠠᠷᠪᠠᠨ ᠲᠠᠪᠤ︶ ᠡᠨᠧᠷᠭᠢ ᠠᠷᠪᠢᠯᠠᠵᠤ ᠨᠡᠭᠦᠷᠡᠰᠦᠳᠦ᠋ᠷᠦᠭᠴᠢ ᠶᠢᠨ ᠬᠡᠮᠵᠢᠶ᠎ᠡ ᠶᠢ ᠪᠠᠭᠤᠷᠠᠭᠤᠯᠵᠤ ᠦᠷ᠎ᠡ | ᠠᠰᠢᠭ ᠢ ᠨᠡᠮᠡᠭᠳᠡᠭᠦᠯᠬᠦ ᠶᠢ ᠶᠡᠭᠡ ᠪᠠᠷ ᠠᠬᠢᠭᠤᠯᠤᠨ᠎ᠠ᠃ ᠡᠨᠧᠷᠭᠢ ᠠᠷᠪᠢᠯᠠᠬᠤ ᠠᠵᠢᠯ ᠢ ᠥᠨᠳᠥᠷ ᠲᠦᠪᠰᠢᠨ᠂ ᠴᠢᠨᠠᠷ | ᠰᠠᠶᠢᠲᠠᠢ ᠪᠠᠷ ᠰᠠᠶᠢᠲᠤᠷ ᠠᠳᠬᠤᠵᠤ᠂ ᠭᠤᠣᠯᠳᠠᠯᠭ᠎ᠠ ᠲᠠᠢ ᠠᠵᠢᠯ ᠲᠦᠷᠦᠯ ᠤᠨ ᠡᠨᠧᠷᠭᠢ ᠠᠷᠪᠢᠯᠠᠵᠤ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠥᠭᠡᠷᠡᠴᠢᠯᠡᠯᠲᠡ ᠶᠢ ᠠᠬᠢᠭᠤᠯᠵᠤ᠂ ᠲᠤᠨᠤᠭ | ᠲᠥᠬᠦᠭᠡᠷᠦᠮᠵᠢ ᠶᠢᠨ ᠦᠢᠯᠡᠳᠬᠦᠨ ᠢ ᠰᠢᠨᠡᠳᠬᠡᠨ ᠰᠣᠯᠢᠵᠤ ᠲᠡᠰ ᠳᠡᠪᠰᠢᠭᠦᠯᠬᠦ ᠶᠢ ᠲᠦᠷᠭᠡᠳᠬᠡᠨ᠎ᠡ᠃ | ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠪᠦᠷᠢᠳᠬᠡᠨ ᠲᠣᠭᠠᠴᠠᠭ᠎ᠠ ᠬᠢᠬᠦ ᠰᠢᠰᠲ᠋ᠧᠮ ᠢ ᠪᠠᠶᠢᠭᠤᠯᠵᠤ᠂ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠶᠢ | ᠴᠢᠩᠭᠠᠳᠬᠠᠨ᠂ ᠲᠥᠷᠥᠯ ᠵᠦᠢᠯ ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠦᠨᠡᠯᠡᠬᠦ ᠶᠢ ᠰᠦᠪᠡᠭᠴᠢᠯᠡᠨ | ᠥᠷᠨᠢᠭᠦᠯᠵᠦ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠡᠨᠧᠷᠭᠢ ᠶᠢᠨ ᠬᠤᠷᠣᠭᠳᠠᠭᠤᠯᠤᠯ ᠪᠠ | ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠪᠣᠭᠤᠮᠲᠠ ᠶᠢ ᠴᠢᠩᠭ᠎ᠠ ᠰᠠᠬᠢᠨ᠎ᠠ᠃ ᠠᠵᠤ ᠠᠬᠤᠶᠢᠯᠠᠯ ᠤᠨ ᠡᠨᠧᠷᠭᠢ | ᠠᠷᠪᠢᠯᠠᠨ ᠨᠡᠭᠦᠷᠡᠰᠦᠳᠦ᠋ᠷᠦᠭᠴᠢ ᠶᠢᠨ ᠬᠡᠮᠵᠢᠶ᠎ᠡ ᠶᠢ ᠪᠠᠭᠤᠷᠠᠭᠤᠯᠬᠤ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ | ᠪᠦᠷᠢᠨᠰᠢᠭᠦᠯᠬᠦ ᠶᠢ ᠠᠬᠢᠭᠤᠯᠵᠤ᠂ ᠡᠨᠧᠷᠭᠢ ᠠᠷᠪᠢᠯᠠᠨ ᠨᠡᠭᠦᠷᠡᠰᠦᠳᠦ᠋ᠷᠦᠭᠴᠢ ᠶᠢᠨ ᠬᠡᠮᠵᠢᠶ᠎ᠡ ᠶᠢ ᠪᠠᠭᠤᠷᠠᠭᠤᠯᠬᠤ | ︽ᠣᠨᠣᠰᠢᠯᠠᠯᠲᠠ + ᠥᠭᠡᠷᠡᠴᠢᠯᠡᠯᠲᠡ︾ ᠶᠢᠨ ᠵᠠᠭᠪᠤᠷ ᠢ ᠳᠡᠯᠭᠡᠷᠡᠭᠦᠯᠵᠦ᠂ ᠡᠨᠧᠷᠭᠢ ᠠᠷᠪᠢᠯᠠᠬᠤ ᠶᠢᠨ ᠬᠢᠨᠠᠨ | ᠪᠠᠶᠢᠴᠠᠭᠠᠯᠲᠠ ᠶᠢ ᠴᠢᠩᠭᠠᠳᠬᠠᠨ᠎ᠠ᠃ | ︵ᠠᠷᠪᠠᠨ ᠵᠢᠷᠭᠤᠭ᠎ᠠ︶ ᠡᠬᠢ ᠪᠠᠶᠠᠯᠢᠭ ᠢ ᠠᠷᠪᠢᠲᠠᠢ ᠡᠷᠴᠢᠮᠯᠢᠭ ᠥᠨᠳᠥᠷ ᠦᠷ᠎ᠡ ᠪᠦᠲᠦᠮᠵᠢᠲᠡᠶ ᠪᠠᠷ | ᠠᠰᠢᠭᠯᠠᠬᠤ ᠶᠢ ᠴᠢᠩᠭᠠᠳᠬᠠᠨ᠎ᠠ᠃ ᠡᠬᠢ ᠪᠠᠶᠠᠯᠢᠭ ᠤᠨ ᠶᠡᠷᠦᠩᠬᠡᠢ ᠬᠡᠮᠵᠢᠶᠡᠨ ᠤ ᠬᠠᠮᠢᠶᠠᠷᠤᠯᠲᠠ ᠪᠠ ᠪᠦᠭᠦ ᠲᠠᠯ᠎ᠠ ᠪᠠᠷ | ᠠᠷᠪᠢᠯᠠᠬᠤ ᠳᠦᠷᠢᠮ ᠢ ᠲᠡᠭᠦᠯᠳᠡᠷᠵᠢᠭᠦᠯᠵᠦ᠂ ᠤᠰᠤ᠂ ᠠᠮᠤ ᠪᠤᠳᠠᠭ᠎ᠠ᠂ ᠭᠠᠵᠠᠷ ᠰᠢᠷᠣᠢ᠂ ᠠᠭᠤᠷᠬᠠᠢ ᠶᠢᠨ ᠭᠠᠷᠤᠯᠲᠠ | ᠵᠡᠷᠭᠡ ᠡᠯ᠎ᠡ ᠲᠦᠷᠦᠯ ᠤᠨ ᠡᠬᠢ ᠪᠠᠶᠠᠯᠢᠭ ᠤᠨ ᠪᠦᠭᠦ ᠶᠠᠪᠤᠴᠠ ᠶᠢᠨ ᠬᠠᠮᠢᠶᠠᠷᠤᠯᠲᠠ ᠪᠠ ᠪᠦᠭᠦ ᠬᠡᠯᠬᠢᠶᠡᠨ ᠤ | ᠠᠷᠪᠢᠯᠠᠯᠲᠠ ᠶᠢ ᠴᠢᠩᠭᠠᠳᠬᠠᠨ᠎ᠠ᠃ ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠤᠨ ᠳᠦᠷᠢᠮ ᠢ | ᠨᠠᠶᠢᠳᠠᠪᠤᠷᠢᠵᠢᠭᠤᠯᠤᠨ᠂ ᠤᠰᠤ ᠠᠷᠪᠢᠯᠠᠬᠤ ᠠᠵᠤ ᠦᠢᠯᠡᠰ ᠢ ᠬᠥᠭᠵᠢᠭᠦᠯᠵᠦ᠂ ᠬᠡᠪ ᠤᠨ ᠪᠤᠰᠤ ᠤᠰᠤᠨ ᠰᠤᠷᠪᠤᠯᠵᠢ ᠶᠢ | ᠠᠰᠢᠭᠯᠠᠬᠤ ᠶᠢ ᠴᠢᠩᠭᠠᠳᠬᠠᠨ᠂ ᠤᠰᠤ ᠠᠷᠪᠢᠯᠠᠬᠤ ᠭᠡᠯᠪᠡᠷᠢ ᠶᠢᠨ ᠨᠡᠶᠢᠭᠡᠮ ᠢ ᠪᠦᠲᠦᠭᠡᠨ ᠪᠠᠶᠢᠭᠤᠯᠤᠨ᠎ᠠ᠃ ᠢᠳᠡᠭᠡᠨ ᠢ | ᠪᠦᠷᠢᠯᠭᠡᠨ ᠰᠦᠢᠳᠬᠡᠬᠦ ᠶᠢ ᠡᠰᠡᠷᠭᠦᠴᠡᠬᠦ ᠬᠠᠤᠯᠢ ᠶᠢ ᠨᠠᠶᠢᠳᠠᠪᠤᠷᠢᠵᠢᠭᠤᠯᠵᠤ᠂ ᠠᠮᠤ ᠪᠤᠳᠠᠭ᠎ᠠ ᠪᠠ ᠢᠳᠡᠭᠡᠨ ᠢ ᠠᠷᠪᠢᠯᠠᠨ | ᠭᠠᠮᠨᠠᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠡᠭᠦᠯᠳᠡᠷᠵᠢᠭᠦᠯᠵᠦ᠂ ᠠᠮᠤ ᠪᠤᠳᠠᠭ᠎ᠠ ᠶᠢ ᠠᠷᠪᠢᠯᠠᠨ | ᠭᠠᠮᠨᠠᠬᠤ ᠠᠵᠢᠯᠯᠠᠭ᠎ᠠ ᠶᠢ ᠥᠷᠨᠢᠭᠦᠯᠦᠨ᠎ᠡ᠃ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠪᠠ | ᠭᠠᠵᠠᠷ ᠰᠢᠷᠣᠢ ᠶᠢ ᠠᠷᠪᠢᠲᠠᠢ ᠡᠷᠴᠢᠮᠲᠡᠢ ᠠᠰᠢᠭᠯᠠᠬᠤ ᠳᠦᠷᠢᠮ ᠢ ᠨᠠᠶᠢᠳᠠᠪᠤᠷᠢᠵᠢᠭᠤᠯᠵᠤ᠂ ᠭᠠᠵᠠᠷ ᠰᠢᠷᠣᠢ ᠠᠷᠪᠢᠯᠠᠬᠤ | ᠮᠡᠷᠭᠡᠵᠢᠯ ᠪᠠ ᠭᠠᠵᠠᠷ ᠰᠢᠷᠣᠢ ᠠᠷᠪᠢᠯᠠᠬᠤ ᠵᠠᠭᠪᠤᠷ ᠢ ᠳᠡᠯᠭᠡᠷᠡᠭᠦᠯᠵᠦ᠂ ᠬᠠᠳᠠᠭᠠᠯᠠᠭᠳᠠᠵᠤ ᠪᠠᠶᠢᠭ᠎ᠠ ᠭᠠᠵᠠᠷ ᠰᠢᠷᠣᠢ ᠶᠢ | ᠨᠡᠭᠡᠭᠡᠨ ᠠᠰᠢᠭᠯᠠᠬᠤ ᠶᠢ ᠰᠢᠯᠢᠳᠡᠭᠵᠢᠭᠦᠯᠵᠦ᠂ ᠲᠠᠯᠠᠢ ᠶᠢᠨ ᠣᠷᠣᠨ ᠤ ᠣᠷᠣᠨ ᠵᠠᠢ ᠶᠢ ᠠᠰᠢᠭᠯᠠᠬᠤ ᠦᠷ᠎ᠡ | ᠪᠦᠲᠦᠮᠵᠢ ᠶᠢ ᠳᠡᠭᠡᠭᠰᠢᠯᠡᠭᠦᠯᠦᠨ᠎ᠡ᠃ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ᠂ | ᠬᠠᠮᠠᠭᠠᠯᠠᠬᠤ ᠪᠠ ᠵᠦᠢ ᠵᠣᠬᠢᠰᠲᠠᠢ ᠨᠡᠭᠡᠭᠡᠨ ᠠᠰᠢᠭᠯᠠᠬᠤ ᠶᠢ ᠴᠢᠩᠭᠠᠳᠬᠠᠵᠤ᠂ ᠨᠡᠭᠡᠭᠡᠨ ᠮᠠᠯᠲᠠᠬᠤ ᠦᠷ᠎ᠡ ᠪᠦᠲᠦᠮᠵᠢ ᠶᠢ | ᠳᠡᠭᠡᠭᠰᠢᠯᠡᠭᠦᠯᠦᠨ᠂ ᠴᠢᠨᠠᠷ ᠮᠠᠭᠤᠲᠠᠢ ᠡᠬᠢ ᠪᠠᠶᠠᠯᠢᠭ ᠢ ᠠᠰᠢᠭᠯᠠᠬᠤ ᠶᠢ ᠴᠢᠩᠭᠠᠳᠬᠠᠨ᠎ᠠ᠃ | ︵ᠠᠷᠪᠠᠨ ᠳᠣᠯᠤᠭ᠎ᠠ︶ ᠡᠷᠭᠢᠯᠲᠡᠲᠦ ᠠᠵᠤ ᠠᠬᠤᠢ ᠶᠢ ᠶᠡᠭᠡ ᠪᠠᠷ ᠬᠥᠭᠵᠢᠭᠦᠯᠦᠨ᠎ᠡ᠃ ᠡᠷᠭᠢᠯᠲᠡᠲᠦ ᠠᠵᠤ | ᠠᠬᠤᠢ ᠶᠢᠨ ᠨᠡᠭᠦᠷᠡᠰᠦᠳᠦ᠋ᠷᠦᠭᠴᠢ ᠶᠢᠨ ᠬᠡᠮᠵᠢᠶ᠎ᠡ ᠶᠢ ᠪᠠᠭᠤᠷᠠᠭᠤᠯᠬᠤ ᠳᠤ ᠬᠦᠴᠦᠨ ᠨᠡᠮᠡᠷᠢᠯᠡᠬᠦ ᠠᠵᠢᠯᠯᠠᠭ᠎ᠠ ᠶᠢ | ᠭᠦᠨᠵᠡᠭᠡᠢ ᠠᠬᠢᠭᠤᠯᠵᠤ᠂ ᠡᠬᠢ ᠪᠠᠶᠠᠯᠢᠭ ᠤᠨ ᠡᠷᠭᠢᠯᠲᠡᠲᠦ ᠮᠠᠶ᠋ᠢᠭ ᠤᠨ ᠦᠢᠯᠡᠳᠪᠦᠷᠢᠯᠡᠯ ᠤᠨ ᠵᠠᠭᠪᠤᠷ ᠢ ᠳᠡᠯᠭᠡᠷᠡᠭᠦᠯᠦᠨ᠂ | ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠳᠠᠭᠢᠨ ᠦᠢᠯᠡᠳᠬᠦ | ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠂ ᠳᠠᠭᠢᠨ ᠡᠭᠦᠰᠴᠦ ᠪᠤᠯᠬᠤ ᠮᠠᠲ᠋ᠧᠷᠢᠶᠠᠯ ᠪᠠ | ᠦᠢᠯᠡᠳᠬᠦᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠤᠤᠯ ᠡᠬᠢ ᠪᠠᠶᠠᠯᠢᠭ ᠢ ᠣᠷᠣᠯᠠᠭᠤᠯᠬᠤ ᠬᠡᠪᠴᠢᠶ᠎ᠡ ᠶᠢ | ᠥᠷᠭᠡᠳᠬᠡᠨ᠎ᠡ᠃ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠶᠢ ᠠᠬᠢᠭᠤᠯᠵᠤ᠂ ᠡᠬᠢ ᠪᠠᠶᠠᠯᠢᠭᠵᠢᠭᠤᠯᠤᠨ | ᠠᠰᠢᠭᠯᠠᠬᠤ ᠨᠣᠷᠮ᠎ᠠ ᠶᠢ ᠳᠡᠭᠡᠭᠰᠢᠯᠡᠭᠦᠯᠦᠨ᠎ᠡ᠃ ᠬᠠᠶᠠᠭᠳᠠᠮᠠᠯ ᠪᠣᠳᠠᠰ ᠢ ᠡᠷᠭᠢᠯᠳᠦᠭᠦᠯᠦᠨ ᠠᠰᠢᠭᠯᠠᠬᠤ ᠰᠢᠰᠲ᠋ᠧᠮ ᠢ | ᠪᠦᠷᠢᠨᠰᠢᠭᠦᠯᠵᠦ᠂ ᠬᠠᠶᠠᠭᠳᠠᠮᠠᠯ ᠪᠣᠳᠠᠰ ᠢ ᠲᠥᠷᠥᠯ ᠬᠤᠪᠢᠶᠠᠨ ᠰᠢᠢᠳᠪᠦᠷᠢᠯᠡᠬᠦ ᠪᠠ ᠡᠭᠡᠭᠦᠯᠦᠨ ᠬᠤᠷᠢᠶᠠᠬᠤ | ᠴᠢᠳᠠᠪᠤᠷᠢ ᠶᠢ ᠴᠢᠩᠭᠠᠷᠠᠭᠤᠯᠤᠨ᠂ ᠳᠠᠭᠢᠨ ᠠᠰᠢᠭᠯᠠᠬᠤ ᠶᠢ ᠬᠡᠪᠴᠢᠶᠡᠵᠢᠭᠦᠯᠬᠦ᠂ ᠵᠢᠷᠤᠮᠵᠢᠭᠤᠯᠬᠤ᠂ ᠨᠠᠷᠢᠯᠢᠭᠵᠢᠭᠤᠯᠬᠤ | ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ 2030 ᠣᠨ ᠪᠤᠯᠬᠤ ᠳᠤ᠂ ᠶᠡᠭᠡ ᠬᠡᠮᠵᠢᠶᠡᠨ ᠤ ᠬᠠᠲᠠᠭᠤ ᠪᠡᠶᠡᠲᠦ | ᠬᠠᠶᠠᠭᠳᠠᠮᠠᠯ ᠪᠣᠳᠠᠰ ᠤᠨ ᠵᠢᠯ ᠤᠨ ᠠᠰᠢᠭᠯᠠᠯᠲᠠ ᠶᠢᠨ ᠬᠡᠮᠵᠢᠶ᠎ᠡ ᠶᠢ 45 ᠳ᠋ᠦᠩᠰᠢᠭᠤᠷ ᠲᠣᠨ ᠣᠷᠴᠢᠮ ᠳᠤ | ᠬᠦᠷᠭᠡᠵᠦ᠂ ᠭᠤᠣᠯ ᠪᠤᠯᠬᠤ ᠡᠬᠢ ᠪᠠᠶᠠᠯᠢᠭ ᠤᠨ ᠦᠢᠯᠡᠳᠪᠦᠷᠢᠯᠡᠬᠦ ᠨᠣᠷᠮ᠎ᠠ ᠶᠢ 2020 ᠣᠨ ᠤ ᠬᠢ ᠠᠴᠠ 45% | ᠣᠷᠴᠢᠮ ᠳᠡᠭᠡᠭᠰᠢᠯᠡᠭᠦᠯᠦᠨ᠎ᠡ᠃ | ᠨᠠᠢᠮᠠ᠂ ᠬᠡᠷᠡᠭᠯᠡᠭᠡ ᠶᠢᠨ ᠵᠠᠭᠪᠤᠷ ᠤᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ | ᠠᠬᠢᠭᠤᠯᠤᠨ᠎ᠠ | ︵ᠠᠷᠪᠠᠨ ᠨᠠᠢᠮᠠ︶ ᠪᠣᠬᠢᠷᠳᠤᠯ ᠦᠭᠡᠢ ᠠᠮᠢᠳᠤᠷᠠᠯ ᠤᠨ ᠠᠷᠭ᠎ᠠ ᠮᠠᠶ᠋ᠢᠭ ᠢ ᠳᠡᠯᠭᠡᠷᠡᠭᠦᠯᠦᠨ᠎ᠡ᠃ ᠠᠷᠪᠢᠲᠠᠢ | ᠪᠥᠭᠡᠳ ᠲᠣᠬᠢᠷᠠᠮᠵᠢᠲᠠᠢ᠂ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ᠂ ᠪᠣᠯᠪᠠᠰᠤᠨ ᠪᠥᠭᠡᠳ ᠡᠷᠡᠭᠦᠯ | ᠠᠮᠢᠳᠤᠷᠠᠯ ᠤᠨ ᠣᠶᠢᠯᠠᠭᠠᠭᠳᠠᠬᠤᠨ ᠪᠠ ᠬᠡᠷᠡᠭᠯᠡᠭᠡᠨ ᠤ ᠠᠷᠭ᠎ᠠ ᠮᠠᠶ᠋ᠢᠭ ᠢ ᠶᠡᠭᠡ ᠪᠠᠷ ᠰᠠᠨᠠᠭᠠᠴᠢᠯᠠᠵᠤ᠂ ᠪᠣᠬᠢᠷᠳᠤᠯ ᠦᠭᠡᠢ | ᠶᠢ ᠡᠷᠭᠢᠮᠯᠡᠭᠦ ᠣᠶᠢᠯᠠᠭᠠᠭᠳᠠᠬᠤᠨ ᠪᠠ ᠠᠷᠪᠢᠯᠠᠨ ᠭᠠᠮᠨᠠᠬᠤ ᠱᠠᠭᠠᠷᠳᠠᠯᠭ᠎ᠠ ᠶᠢ ᠬᠤᠳᠠ ᠶᠢᠨ ᠠᠷᠠᠳ ᠤᠨ ᠨᠡᠶᠢᠲᠡ ᠶᠢᠨ | ᠭᠡᠷ᠎ᠡ᠂ ᠭᠠᠴᠠᠭᠠᠨ ᠤ ᠲᠣᠭᠲᠠᠭᠠᠯ ᠠᠷᠠᠳ ᠤᠨ ᠭᠡᠷ᠎ᠡ᠂ ᠰᠤᠷᠤᠬᠴᠢᠳ ᠤᠨ ᠰᠠᠬᠢᠬᠤ ᠳᠦᠷᠢᠮ᠂ ᠪᠦᠯᠭᠦᠮ ᠤᠨ ᠳᠦᠷᠢᠮ | ᠵᠡᠷᠭᠡ ᠨᠡᠶᠢᠭᠡᠮ ᠤᠨ ᠵᠢᠷᠤᠮᠵᠢᠯ ᠳᠤ ᠠᠭᠤᠰᠬᠠᠨ ᠣᠷᠣᠭᠤᠯᠵᠤ᠂ ᠪᠦᠭᠦ ᠠᠷᠠᠳ ᠤᠨ ᠠᠷᠪᠢᠯᠠᠨ ᠭᠠᠮᠨᠠᠬᠤ ᠤᠬᠠᠮᠰᠠᠷ᠂ | ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ᠂ ᠠᠮᠢ ᠠᠬᠤᠢ ᠶᠢᠨ ᠤᠬᠠᠮᠰᠠᠷ ᠢ ᠴᠢᠩᠭᠠᠳᠬᠠᠨ᠎ᠠ᠃ ᠪᠣᠬᠢᠷᠳᠤᠯ ᠦᠭᠡᠢ | ᠪᠥᠭᠡᠳ ᠨᠡᠭᠦᠷᠡᠰᠦᠳᠦ᠋ᠷᠦᠭᠴᠢ ᠪᠠᠭᠠᠲᠠᠢ ᠪᠦᠭᠦ ᠠᠷᠠᠳ ᠤᠨ ᠠᠵᠢᠯᠯᠠᠭ᠎ᠠ ᠶᠢ ᠥᠷᠨᠢᠭᠦᠯᠵᠦ᠂ ᠣᠯᠠᠨ ᠨᠡᠶᠢᠲᠡ ᠶᠢᠨ | ᠤᠰᠤ ᠶᠢ ᠠᠷᠪᠢᠯᠠᠨ ᠴᠠᠭᠢᠯᠭᠠᠨ ᠬᠡᠷᠡᠭᠯᠡᠬᠦ ᠶᠢ ᠬᠥᠲᠥᠯᠥᠨ ᠵᠢᠯᠤᠭᠤᠳᠴᠤ᠂ ᠱᠠᠯᠢᠨ ᠪᠦᠷᠢᠯᠭᠡᠬᠦ ᠶᠢ ᠡᠰᠡᠷᠭᠦᠴᠡᠨ᠂ | ︽ᠠᠷᠪᠢᠲᠠᠢ ᠬᠤᠭᠤᠯᠠᠯᠠᠬᠤ ᠠᠵᠢᠯᠯᠠᠭ᠎ᠠ︾ ᠶᠢ ᠳᠡᠯᠭᠡᠷᠡᠭᠦᠯᠵᠦ᠂ ᠭᠡᠲᠦ ᠨᠠᠷᠢᠯᠢᠭ ᠪᠣᠭᠤᠳᠠᠯᠯᠠᠬᠤ ᠶᠢ ᠬᠤᠷᠢᠭᠯᠠᠨ᠂ ᠨᠢᠭᠡ | ᠯᠡ ᠤᠳᠠᠭ᠎ᠠ ᠬᠡᠷᠡᠭᠯᠡᠬᠦ ᠵᠦᠢᠯᠡᠰ ᠤᠨ ᠬᠡᠷᠡᠭᠯᠡᠯᠲᠡ ᠶᠢ ᠪᠠᠭᠠᠰᠬᠠᠵᠤ᠂ ᠣᠯᠠᠨ ᠨᠡᠶᠢᠲᠡ ᠶᠢᠨ ᠵᠠᠮ ᠬᠠᠷᠢᠯᠴᠠᠭ᠎ᠠ᠂ | ᠶᠠᠪᠠᠭᠠᠨ ᠶᠠᠪᠤᠬᠤ᠂ ᠳᠤᠭᠤᠢ ᠲᠡᠷᠭᠡ ᠵᠡᠷᠭᠡ ᠪᠣᠬᠢᠷᠳᠤᠯ ᠦᠭᠡᠢ ᠶᠠᠪᠤᠵᠤ ᠰᠠᠭᠤᠬᠤ ᠠᠷᠭ᠎ᠠ ᠮᠠᠶ᠋ᠢᠭ ᠢ ᠤᠷᠢᠳ ᠢᠶᠠᠷ | ᠰᠣᠩᠭᠤᠬᠤ ᠶᠢ ᠬᠥᠲᠥᠯᠥᠨ ᠵᠢᠯᠤᠭᠤᠳᠴᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ | ᠥᠷᠭᠡᠨ ᠢᠶᠠᠷ ᠥᠷᠨᠢᠭᠦᠯᠦᠨ᠂ ᠱᠤᠤᠭᠢᠶᠠᠨ᠂ ᠣᠲᠤᠭ᠎ᠠ᠂ ᠦᠮᠡᠬᠡᠢ ᠦᠨᠦᠷ ᠵᠡᠷᠭᠡ ᠣᠯᠠᠨ ᠲᠦᠮᠡᠨ ᠤ ᠳᠡᠷᠭᠡᠳᠡᠬᠢ | ᠣᠷᠴᠢᠨ ᠲᠣᠭᠤᠷᠢᠨ ᠤ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠠᠮᠢ ᠠᠬᠤᠢ ᠶᠢᠨ ᠪᠣᠯᠪᠠᠰᠤᠨ ᠢ ᠡᠷᠭᠢᠮᠯᠡᠭᠦ | ᠨᠡᠶᠢᠭᠡᠮ ᠤᠨ ᠠᠭᠤᠷ ᠠᠮᠢᠰᠬᠤᠯ ᠢ ᠪᠦᠷᠢᠯᠳᠦᠭᠦᠯᠦᠨ᠎ᠡ᠃ | ︵ᠠᠷᠪᠠ ᠶᠢᠰᠦ︶ ᠪᠣᠬᠢᠷᠳᠤᠯ ᠦᠭᠡᠢ ᠪᠦᠲᠦᠭᠡᠭᠳᠡᠬᠦᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ ᠠᠵᠤ | ᠠᠬᠤᠶᠢᠯᠠᠯ ᠤᠨ ᠪᠣᠬᠢᠷᠳᠤᠯ ᠦᠭᠡᠢ ᠪᠠᠷ ᠵᠢᠷᠤᠵᠤ ᠲᠥᠯᠥᠪᠯᠡᠬᠦ᠂ ᠪᠣᠬᠢᠷᠳᠤᠯ ᠦᠭᠡᠢ ᠮᠠᠲ᠋ᠧᠷᠢᠶᠠᠯ ᠢ ᠰᠣᠩᠭᠤᠬᠤ᠂ | ᠪᠣᠬᠢᠷᠳᠤᠯ ᠦᠭᠡᠢ ᠦᠢᠯᠡᠳᠬᠦ᠂ ᠪᠣᠬᠢᠷᠳᠤᠯ ᠦᠭᠡᠢ ᠪᠣᠭᠤᠳᠠᠯᠯᠠᠬᠤ᠂ ᠪᠣᠬᠢᠷᠳᠤᠯ ᠦᠭᠡᠢ ᠲᠡᠭᠡᠭᠡᠪᠦᠷᠢᠯᠡᠬᠦ᠂ ᠡᠬᠢ | ᠪᠠᠶᠠᠯᠢᠭ ᠢ ᠬᠤᠷᠢᠶᠠᠨ ᠠᠪᠴᠤ ᠠᠰᠢᠭᠯᠠᠬᠤ ᠶᠢ ᠬᠥᠲᠥᠯᠥᠨ ᠵᠢᠯᠤᠭᠤᠳᠴᠤ᠂ ᠦᠢᠯᠡᠳᠬᠦᠨ ᠤ ᠪᠦᠭᠦ ᠠᠮᠢ ᠨᠠᠰᠤᠨ ᠤ | ᠦᠶᠡᠯᠡᠯ ᠤᠨ ᠬᠤᠭᠤᠴᠠᠭᠠᠨ ᠳᠠᠬᠢ ᠡᠨᠧᠷᠭᠢ ᠶᠢᠨ ᠡᠬᠢ ᠪᠠᠶᠠᠯᠢᠭ ᠤᠨ ᠬᠤᠷᠣᠭᠳᠠᠯ ᠪᠠ ᠠᠮᠢ ᠠᠬᠤᠢ ᠣᠷᠴᠢᠨ | ᠲᠣᠭᠤᠷᠢᠨ ᠳᠤ ᠦᠵᠡᠭᠦᠯᠭᠦ ᠨᠥᠯᠥᠭᠡ ᠶᠢ ᠪᠠᠭᠤᠷᠠᠭᠤᠯᠤᠨ᠎ᠠ᠃ ᠪᠣᠬᠢᠷᠳᠤᠯ ᠦᠭᠡᠢ ᠦᠢᠯᠡᠳᠬᠦᠨ ᠢ ᠵᠢᠷᠤᠵᠤ | ᠲᠥᠯᠥᠪᠯᠡᠬᠦ᠂ ᠬᠤᠳᠠᠯᠳᠤᠨ ᠠᠪᠬᠤ᠂ ᠦᠢᠯᠡᠳᠬᠦ ᠪᠠᠷᠢᠮᠵᠢᠶ᠎ᠠ ᠵᠢᠷᠤᠮᠵᠢᠯ ᠢ ᠪᠠᠶᠢᠭᠤᠯᠤᠨ ᠪᠦᠷᠢᠨᠰᠢᠭᠦᠯᠵᠦ᠂ ᠪᠣᠬᠢᠷᠳᠤᠯ | ᠦᠭᠡᠢ ᠦᠢᠯᠡᠳᠬᠦᠨ ᠢ ᠬᠢᠨᠠᠨ ᠭᠡᠷᠡᠴᠢᠯᠡᠬᠦ ᠬᠢᠭᠡᠳ ᠢᠯᠭᠠᠮᠵᠢ ᠲᠡᠮᠳᠡᠭ ᠤᠨ ᠰᠢᠰᠲ᠋ᠧᠮ ᠤᠨ ᠪᠠᠶᠢᠭᠤᠯᠤᠯᠲᠠ ᠶᠢ | ᠴᠢᠩᠭᠠᠳᠬᠠᠨ᠂ ᠡᠨᠧᠷᠭᠢ ᠶᠢᠨ ᠠᠰᠢᠭᠯᠠᠮᠵᠢ᠂ ᠤᠰᠤᠨ ᠤ ᠠᠰᠢᠭᠯᠠᠮᠵᠢ ᠶᠢᠨ ᠢᠯᠭᠠᠮᠵᠢ ᠲᠡᠮᠳᠡᠭ ᠤᠨ ᠳᠦᠷᠢᠮ ᠢ | ᠲᠡᠭᠦᠯᠳᠡᠷᠵᠢᠭᠦᠯᠵᠦ᠂ ᠦᠢᠯᠡᠳᠬᠦᠨ ᠤ ᠨᠡᠭᠦᠷᠡᠰᠦᠲᠥ᠋ᠷᠥᠭᠴᠢ ᠶᠢᠨ ᠤᠯᠠ ᠮᠥᠷ ᠤᠨ ᠬᠠᠮᠢᠶᠠᠷᠤᠯᠲᠠ ᠶᠢᠨ ᠰᠢᠰᠲ᠋ᠧᠮ ᠪᠠ | ᠦᠢᠯᠡᠳᠬᠦᠨ ᠤ ᠨᠡᠭᠦᠷᠡᠰᠦᠲᠥ᠋ᠷᠥᠭᠴᠢ ᠶᠢᠨ ᠢᠯᠭᠠᠮᠵᠢ ᠲᠡᠮᠳᠡᠭ ᠢ ᠭᠡᠷᠡᠴᠢᠯᠡᠬᠦ ᠳᠦᠷᠢᠮ ᠢ ᠲᠣᠭᠲᠠᠭᠠᠨ᠎ᠠ᠃ ᠪᠣᠬᠢᠷᠳᠤᠯ | ᠦᠭᠡᠢ ᠦᠢᠯᠡᠳᠬᠦᠨ ᠪᠠ ᠦᠢᠯᠡᠴᠢᠯᠡᠭᠡᠨ ᠢ ᠬᠢᠨᠠᠨ ᠭᠡᠷᠡᠴᠢᠯᠡᠬᠦ ᠬᠠᠮᠢᠶᠠᠷᠤᠯᠲᠠ ᠶᠢ ᠴᠢᠩᠭᠠᠳᠬᠠᠵᠤ᠂ ᠬᠢᠨᠠᠨ ᠭᠡᠷᠡᠴᠢᠯᠡᠬᠦ | ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠳᠡᠯᠡᠬᠡᠢ ᠳᠤ ᠨᠥᠯᠥᠭᠡᠯᠡᠬᠦ | ᠬᠦᠴᠦᠨ ᠲᠠᠢ ᠪᠣᠬᠢᠷᠳᠤᠯ ᠦᠭᠡᠢ ᠶᠢᠨ ᠬᠢᠨᠠᠨ ᠭᠡᠷᠡᠴᠢᠯᠡᠬᠦ ᠪᠠᠶᠢᠭᠤᠯᠤᠮᠵᠢ ᠶᠢ ᠪᠣᠶᠢᠵᠢᠭᠤᠯᠤᠨ᠎ᠠ᠃ | ︵ᠬᠤᠷᠢ︶ ᠪᠣᠬᠢᠷᠳᠤᠯ ᠦᠭᠡᠢ ᠬᠡᠷᠡᠭᠯᠡᠭᠡ ᠶᠢ ᠢᠳᠡᠪᠬᠢᠲᠡᠢ ᠥᠷᠭᠡᠳᠬᠡᠨ᠎ᠡ᠃ ᠪᠣᠬᠢᠷᠳᠤᠯ ᠦᠭᠡᠢ ᠬᠡᠷᠡᠭᠯᠡᠭᠡ ᠶᠢ | ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠦᠨ᠎ᠡ᠃ ᠵᠠᠰᠠᠭ ᠤᠨ ᠣᠷᠳᠣᠨ ᠤ ᠪᠣᠬᠢᠷᠳᠤᠯ ᠦᠭᠡᠢ ᠬᠤᠳᠠᠯᠳᠤᠨ | ᠠᠪᠬᠤ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠵᠦ᠂ ᠪᠣᠬᠢᠷᠳᠤᠯ ᠦᠭᠡᠢ ᠦᠢᠯᠡᠳᠬᠦᠨ ᠬᠤᠳᠠᠯᠳᠤᠨ ᠠᠪᠬᠤ | ᠬᠡᠪᠴᠢᠶ᠎ᠡ ᠪᠠ ᠬᠡᠮᠵᠢᠶ᠎ᠡ ᠶᠢ ᠥᠷᠭᠡᠳᠬᠡᠨ᠂ ᠴᠠᠭ ᠲᠤᠨᠢ ᠲᠣᠬᠢᠷᠠᠭᠤᠯᠤᠨ ᠨᠡᠭᠦᠷᠡᠰᠦᠲᠥ᠋ᠷᠥᠭᠴᠢ ᠶᠢᠨ ᠤᠯᠠ ᠮᠥᠷ ᠤᠨ | ᠱᠠᠭᠠᠷᠳᠠᠯᠭ᠎ᠠ ᠶᠢ ᠵᠠᠰᠠᠭ ᠤᠨ ᠣᠷᠳᠣᠨ ᠤ ᠬᠤᠳᠠᠯᠳᠤᠨ ᠠᠪᠬᠤ ᠳᠤ ᠣᠷᠣᠭᠤᠯᠤᠨ᠎ᠠ᠃ ᠠᠵᠤ ᠠᠬᠤᠶᠢᠯᠠᠯ ᠤᠨ | ᠪᠣᠬᠢᠷᠳᠤᠯ ᠦᠭᠡᠢ ᠬᠤᠳᠠᠯᠳᠤᠨ ᠠᠪᠬᠤ ᠵᠦᠭᠯᠡᠭᠦᠷ ᠢ ᠬᠡᠷᠡᠭᠵᠢᠭᠦᠯᠬᠦ ᠶᠢ ᠬᠥᠲᠥᠯᠥᠨ ᠵᠢᠯᠤᠭᠤᠳᠴᠤ᠂ ᠨᠥᠬᠦᠴᠡᠯ ᠲᠠᠢ | ᠠᠵᠤ ᠠᠬᠤᠶᠢᠯᠠᠯ ᠤᠨ ᠪᠣᠬᠢᠷᠳᠤᠯ ᠦᠭᠡᠢ ᠬᠠᠩᠭᠠᠯᠭ᠎ᠠ ᠶᠢᠨ ᠬᠡᠯᠬᠢᠶᠡᠰᠦ ᠪᠠᠶᠢᠭᠤᠯᠬᠤ ᠶᠢ ᠵᠣᠷᠢᠭᠵᠢᠭᠤᠯᠤᠨ᠂ ᠡᠬᠢᠨ ᠤ | ᠪᠠ ᠡᠴᠦᠰ ᠤᠨ ᠬᠡᠯᠬᠢᠶ᠎ᠡ ᠶᠢᠨ ᠠᠵᠤ ᠠᠬᠤᠶᠢᠯᠠᠯ ᠤᠨ ᠬᠠᠮᠵᠢᠯᠴᠠᠨ ᠭᠡᠯᠪᠡᠷᠢ ᠪᠠᠨ ᠬᠤᠪᠢᠷᠠᠭᠤᠯᠬᠤ ᠶᠢ ᠳᠠᠶᠢᠴᠢᠯᠠᠨ᠎ᠠ᠃ | ᠨᠥᠬᠦᠴᠡᠯ ᠲᠠᠢ ᠭᠠᠵᠠᠷ ᠣᠷᠣᠨ ᠢ ᠳᠡᠮᠵᠢᠵᠦ ᠬᠡᠷᠡᠭᠯᠡᠭᠡ ᠶᠢᠨ ᠲᠡᠮᠳᠡᠭᠲᠦ᠂ ᠪᠣᠬᠢᠷᠳᠤᠯ ᠦᠭᠡᠢ ᠶᠢᠨ ᠬᠤᠪᠢ | ᠬᠤᠷᠠᠮᠳᠤᠭᠤᠯᠬᠤ ᠵᠡᠷᠭᠡ ᠠᠷᠭ᠎ᠠ ᠵᠠᠮ ᠢᠶᠠᠷ ᠳᠠᠮᠵᠢᠭᠤᠯᠤᠨ᠂ ᠠᠵᠤ ᠠᠬᠤᠶᠢᠯᠠᠯ ᠤᠨ ︽ᠬᠠᠭᠤᠴᠢᠨ ᠢᠶᠠᠷ ᠰᠢᠨ᠎ᠡ ᠶᠢ | ᠰᠣᠯᠢᠬᠤ︾ ᠵᠡᠷᠭᠡ ᠠᠷᠭ᠎ᠠ ᠭᠡᠯᠪᠡᠷᠢ ᠶᠢ ᠬᠡᠷᠡᠭᠯᠡᠨ᠂ ᠬᠡᠷᠡᠭᠯᠡᠭᠴᠢᠳ ᠤᠨ ᠪᠣᠬᠢᠷᠳᠤᠯ ᠦᠭᠡᠢ ᠦᠢᠯᠡᠳᠬᠦᠨ ᠬᠤᠳᠠᠯᠳᠤᠨ | ᠠᠪᠬᠤ ᠶᠢ ᠬᠥᠲᠥᠯᠥᠨ ᠵᠢᠯᠣᠭᠤᠳᠤᠨ᠎ᠠ᠃ ᠰᠢᠨ᠎ᠡ ᠡᠨᠧᠷᠭᠢ ᠶᠢᠨ ᠮᠠᠰᠢᠨ ᠲᠡᠷᠭᠡ ᠪᠠ ᠪᠣᠬᠢᠷᠳᠤᠯ ᠦᠭᠡᠢ ᠣᠶᠤᠨᠴᠢ | ᠭᠡᠷ ᠤᠨ ᠴᠠᠭᠢᠯᠭᠠᠨ ᠬᠡᠷᠡᠭᠰᠡᠯ᠂ ᠤᠰᠤ ᠠᠷᠪᠢᠯᠠᠬᠤ ᠪᠠᠭᠠᠵᠢ ᠬᠡᠷᠡᠭᠰᠡᠯ᠂ ᠡᠨᠧᠷᠭᠢ ᠠᠷᠪᠢᠯᠠᠬᠤ ᠵᠤᠤᠬ᠎ᠠ᠂ ᠪᠣᠬᠢᠷᠳᠤᠯ | ᠦᠭᠡᠢ ᠪᠠᠷᠢᠯᠭ᠎ᠠ ᠶᠢᠨ ᠮᠠᠲ᠋ᠧᠷᠢᠶᠠᠯ ᠢ ᠬᠥᠳᠡᠭᠡ ᠪᠠᠭᠤᠯᠭᠠᠬᠤ ᠠᠵᠢᠯᠯᠠᠭ᠎ᠠ ᠶᠢ ᠥᠷᠨᠢᠭᠦᠯᠵᠦ᠂ ᠢᠵᠢ ᠪᠦᠷᠢᠳᠦᠭᠦᠯᠬᠦ | ᠲᠤᠨᠤᠭ ᠲᠥᠬᠦᠭᠡᠷᠦᠮᠵᠢ ᠶᠢᠨ ᠪᠠᠶᠢᠭᠤᠯᠤᠯᠲᠠ ᠪᠠ ᠪᠣᠷᠤᠯᠠᠭᠤᠯᠭ᠎ᠠ ᠶᠢᠨ ᠳᠠᠷᠠᠭᠠᠬᠢ ᠦᠢᠯᠡᠴᠢᠯᠡᠭᠡᠨ ᠤ ᠪᠠᠲᠤᠯᠠᠭ᠎ᠠ ᠶᠢ | ᠴᠢᠩᠭᠠᠳᠬᠠᠨ᠎ᠠ᠃ ᠬᠡᠷᠡᠭᠯᠡᠭᠴᠢᠳ ᠤᠨ ᠪᠣᠬᠢᠷᠳᠤᠯ ᠦᠭᠡᠢ ᠡᠨᠧᠷᠭᠢ ᠶᠢᠨ ᠬᠡᠷᠡᠭᠯᠡᠭᠡ ᠪᠠᠨ ᠥᠷᠭᠡᠳᠬᠡᠬᠦ ᠶᠢ | ᠵᠣᠷᠢᠭᠵᠢᠭᠤᠯᠤᠨ᠎ᠠ᠃ | ᠶᠢᠰᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠲᠤᠯᠭᠠᠭᠤᠷᠢᠯᠠᠬᠤ | ᠦᠢᠯᠡᠳᠦᠯ ᠢ ᠪᠠᠳᠠᠷᠠᠭᠤᠯᠤᠨ᠎ᠠ | ︵ᠬᠤᠷᠢᠨ ᠨᠢᠭᠡ︶ ᠬᠡᠷᠡᠭᠯᠡᠭᠡᠨ ᠤ ᠰᠠᠭᠤᠷᠢ ᠰᠤᠳᠤᠯᠭᠠᠨ ᠢ ᠴᠢᠩᠭᠠᠷᠠᠭᠤᠯᠤᠨ᠎ᠠ᠃ ᠬᠤᠰᠢᠭᠤᠷᠠᠯ ᠬᠥᠲᠥᠯᠥᠨ | ᠳᠠᠭᠠᠭᠤᠯᠬᠤ ᠮᠡᠷᠭᠡᠵᠢᠯ᠂ ᠡᠭᠦᠳᠦᠯᠲᠡ ᠶᠢᠨ ᠴᠢᠨᠠᠷᠲᠠᠢ ᠮᠡᠷᠭᠡᠵᠢᠯ ᠢ ᠲᠥᠰᠥᠭᠡᠯᠡᠬᠦ᠂ ᠢᠯᠡᠷᠡᠭᠦᠯᠬᠦ᠂ ᠦᠨᠡᠯᠡᠨ ᠵᠢᠱᠢᠬᠦ ᠪᠠ | ᠤᠷᠢᠳᠴᠢᠯᠠᠨ ᠰᠡᠷᠡᠮᠵᠢᠯᠡᠭᠦᠯᠭᠦ ᠲᠣᠭᠲᠠᠴᠠ ᠶᠢ ᠪᠠᠶᠢᠭᠤᠯᠵᠤ᠂ ᠤᠯᠤᠰ ᠤᠨ ᠴᠢᠬᠤᠯᠠ ᠶᠡᠭᠡ ᠰᠢᠨᠵᠢᠯᠡᠬᠦ ᠤᠬᠠᠭᠠᠨ ᠤ | ᠰᠤᠳᠤᠯᠭᠠᠨ ᠤ ᠰᠠᠭᠤᠷᠢ ᠲᠥᠬᠦᠭᠡᠷᠦᠮᠵᠢ ᠶᠢ ᠵᠣᠬᠢᠬᠤ ᠬᠡᠮᠵᠢᠶ᠎ᠡ ᠪᠠᠷ ᠤᠷᠢᠳᠴᠢᠯᠠᠨ ᠪᠠᠶᠢᠷᠢᠰᠢᠭᠤᠯᠵᠤ᠂ ᠨᠢᠭᠡ ᠪᠦᠯᠦᠭ | ᠪᠦᠭᠦ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠪᠠ ᠤᠯᠤᠰ ᠤᠨ ᠰᠢᠨ᠎ᠡ ᠶᠢ ᠡᠭᠦᠳᠬᠦ ᠲᠠᠪᠴᠠᠩ ᠢ | ᠵᠣᠬᠢᠬᠤ ᠬᠡᠮᠵᠢᠶᠡᠨ ᠳᠣᠲᠣᠷ᠎ᠠ ᠤᠷᠢᠳᠴᠢᠯᠠᠨ ᠪᠠᠶᠢᠷᠢᠰᠢᠭᠤᠯᠵᠤ᠂ ᠨᠢᠭᠡ ᠪᠦᠯᠦᠭ ᠤᠯᠤᠰ ᠤᠨ ᠭᠤᠣᠯᠳᠠᠭ᠎ᠠ ᠲᠠᠢ | ᠲᠤᠷᠰᠢᠯᠲᠠ ᠶᠢᠨ ᠳᠠᠰᠤᠭ ᠪᠠ ᠤᠯᠤᠰ ᠤᠨ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠵᠤ᠂ ᠨᠢᠭᠡ ᠪᠦᠯᠦᠭ | ᠤᠯᠤᠰ ᠤᠨ ᠴᠢᠬᠤᠯᠠ ᠶᠡᠭᠡ ᠬᠤᠰᠢᠭᠤᠷᠠᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠲᠥᠷᠥᠯ ᠵᠦᠢᠯ ᠢ | ᠬᠡᠷᠡᠭᠵᠢᠭᠦᠯᠵᠦ᠂ ᠪᠣᠬᠢᠷᠳᠤᠯ ᠦᠭᠡᠢ ᠪᠥᠭᠡᠳ ᠨᠡᠭᠦᠷᠡᠰᠦᠳᠥ᠋ᠷᠦᠭᠴᠢ ᠪᠠᠭᠠᠲᠠᠢ ᠬᠦᠷᠢᠶ᠎ᠡ ᠴᠠᠷᠠᠭ᠎ᠠ ᠳᠠᠬᠢ ᠬᠡᠷᠡᠭᠯᠡᠭᠡᠨ ᠤ | ᠰᠠᠭᠤᠷᠢ ᠰᠤᠳᠤᠯᠭᠠᠨ ᠢ ᠬᠦᠴᠦᠯᠡᠨ ᠴᠢᠩᠭᠠᠳᠬᠠᠵᠤ᠂ ᠡᠭᠦᠳᠦᠯᠲᠡ ᠶᠢᠨ ᠴᠢᠨᠠᠷᠲᠠᠢ ᠮᠡᠷᠭᠡᠵᠢᠯ ᠤᠨ ᠰᠢᠨ᠎ᠡ ᠶᠢ | ᠡᠭᠦᠳᠬᠦ ᠶᠢ ᠬᠥᠭᠵᠢᠭᠡᠨ᠎ᠡ᠃ ᠴᠢᠳᠠᠪᠤᠷᠢᠲᠠᠨ ᠢ ᠬᠥᠮᠥᠵᠢᠭᠦᠯᠬᠦ ᠵᠠᠭᠪᠤᠷ ᠤᠨ ᠰᠢᠨ᠎ᠡ ᠶᠢ ᠡᠭᠦᠳᠴᠦ᠂ ᠶᠡᠭᠡ ᠳᠡᠭᠡᠳᠦ | ᠰᠤᠷᠭᠠᠭᠤᠯᠢ ᠶᠢᠨ ᠬᠢᠴᠢᠶᠡᠯ ᠰᠢᠨᠵᠢᠯᠡᠭᠡᠨ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ | ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠣᠶᠤᠨ ᠤ ᠰᠠᠭᠤᠷᠢ ᠶᠢ ᠪᠠᠬᠢᠵᠢᠭᠦᠯᠦᠨ᠎ᠡ᠃ | ︵ᠬᠤᠷᠢᠨ ᠬᠤᠶᠠᠷ︶ ᠵᠠᠩᠭᠢᠯᠠᠭ᠎ᠠ ᠶᠢᠨ ᠮᠡᠷᠭᠡᠵᠢᠯ ᠢ ᠰᠤᠳᠤᠯᠤᠨ ᠨᠡᠭᠡᠭᠡᠬᠦ ᠶᠢ ᠲᠦᠷᠭᠡᠳᠬᠡᠨ᠎ᠡ᠃ ᠪᠣᠬᠢᠷᠳᠤᠯ | ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ | ᠬᠦᠴᠦᠷᠬᠡᠭᠵᠢᠬᠦ ᠶᠢ ᠠᠬᠢᠭᠤᠯᠵᠤ᠂ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠬᠤᠯᠪᠣᠭᠳᠠᠯ ᠪᠦᠬᠦᠢ | ᠮᠡᠷᠭᠡᠵᠢᠯ ᠢ ᠤᠯᠤᠰ ᠤᠨ ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ᠶᠢᠨ ᠬᠤᠯᠪᠣᠭᠳᠠᠯ ᠪᠦᠬᠦᠢ | ᠭᠤᠣᠯᠳᠠᠯᠭ᠎ᠠ ᠲᠠᠢ ᠲᠤᠰᠬᠠᠢ ᠲᠦᠷᠦᠯ ᠵᠦᠢᠯ ᠤᠨ ᠴᠢᠬᠤᠯᠠ ᠳᠡᠮᠵᠢᠯᠭᠡ ᠶᠢᠨ ᠴᠢᠭᠯᠡᠯ ᠪᠤᠯᠭᠠᠵᠤ᠂ ᠡᠨᠧᠷᠭᠢ ᠶᠢᠨ | ᠪᠣᠬᠢᠷᠳᠤᠯ ᠦᠭᠡᠢ ᠪᠥᠭᠡᠳ ᠨᠡᠭᠦᠷᠡᠰᠦᠳᠥ᠋ᠷᠦᠭᠴᠢ ᠪᠠᠭᠠᠲᠠᠢ ᠲᠡᠶᠢᠰᠢ ᠭᠡᠯᠪᠡᠷᠢ ᠪᠠᠨ ᠬᠤᠪᠢᠷᠠᠭᠤᠯᠬᠤ᠂ | ᠨᠡᠭᠦᠷᠡᠰᠦᠲᠥ᠋ᠷᠥᠭᠴᠢ ᠪᠠᠭᠠᠲᠠᠢ ᠨᠡᠭᠦᠷᠡᠰᠦᠳᠥ᠋ᠷᠦᠭᠴᠢ ᠦᠯᠦ ᠭᠠᠳᠠᠭᠰᠢᠯᠠᠭᠤᠯᠬᠤ ᠤᠷ᠎ᠠ ᠮᠡᠷᠭᠡᠰᠢᠯ ᠤᠨ ᠶᠠᠪᠤᠴᠠ ᠶᠢ | ᠲᠠᠭᠢᠨ ᠦᠢᠯᠡᠳᠬᠦ᠂ ᠰᠢᠨ᠎ᠡ ᠭᠡᠯᠪᠡᠷᠢ ᠶᠢᠨ ᠴᠠᠭᠢᠯᠭᠠᠨ ᠬᠦᠴᠦᠨ ᠤ ᠰᠢᠰᠲ᠋ᠧᠮ᠂ ᠨᠡᠭᠦᠷᠡᠰᠦᠲᠥ᠋ᠷᠥᠭᠴᠢ ᠶᠢᠨ ᠳᠠᠪᠬᠤᠷ | ᠢᠰᠦᠯ ᠢ ᠴᠤᠭᠯᠠᠭᠤᠯᠤᠨ ᠠᠰᠢᠭᠯᠠᠬᠤ ᠪᠠ ᠪᠢᠲᠡᠭᠦᠮᠵᠢᠯᠡᠨ ᠬᠠᠳᠠᠭᠠᠯᠠᠬᠤ᠂ ᠡᠬᠢ ᠪᠠᠶᠠᠯᠢᠭ ᠢ ᠠᠷᠪᠢᠯᠠᠨ ᠭᠠᠮᠨᠠᠵᠤ | ᠡᠷᠴᠢᠮᠵᠢᠭᠦᠯᠬᠦ ᠪᠠ ᠡᠷᠭᠢᠯᠳᠦᠭᠦᠯᠦᠨ ᠠᠰᠢᠭᠯᠠᠬᠤ᠂ ᠰᠢᠨ᠎ᠡ ᠪᠣᠬᠢᠷᠳᠤᠯ ᠪᠣᠳᠠᠰ ᠢ ᠵᠠᠰᠠᠬᠤ ᠵᠡᠷᠭᠡ ᠬᠦᠷᠢᠶ᠎ᠡ | ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ | ᠰᠢᠪᠲᠤᠯᠬᠤ ᠶᠢ ᠨᠢᠭᠡᠳᠦᠯᠲᠡᠢ ᠲᠥᠯᠥᠪᠵᠢᠭᠦᠯᠦᠨ ᠴᠢᠩᠭᠠᠳᠬᠠᠨ᠎ᠠ᠃ ᠠᠵᠤ ᠠᠬᠤᠶᠢᠯᠠᠯ ᠤᠨ ᠰᠢᠨᠵᠢᠯᠡᠬᠦ ᠤᠬᠠᠭᠠᠨ | ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠷᠠᠭᠤᠯᠵᠤ᠂ | ᠳᠠᠭᠠᠭᠤᠯᠤᠭᠴᠢ ᠠᠵᠤ ᠠᠬᠤᠶᠢᠯᠠᠯ ᠤᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ | ᠬᠤᠯᠪᠣᠭᠠᠲᠤ ᠴᠣᠭᠴᠠ ᠶᠢ ᠲᠦᠷᠦᠭᠦᠯᠡᠨ ᠪᠠᠶᠢᠭᠤᠯᠬᠤ ᠶᠢ ᠳᠡᠮᠵᠢᠵᠦ᠂ ᠳᠤᠮᠳᠠ ᠵᠢᠵᠢᠭ ᠠᠵᠤ ᠠᠬᠤᠶᠢᠯᠠᠯ ᠤᠨ | ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠮᠡᠷᠭᠡᠵᠢᠯ ᠢ ᠰᠤᠳᠤᠯᠤᠨ ᠨᠡᠭᠡᠭᠡᠬᠦ ᠶᠢ ᠲᠤᠰᠠᠯᠠᠬᠤ | ᠡᠷᠴᠢᠮ ᠢ ᠴᠢᠩᠭᠠᠷᠠᠭᠤᠯᠤᠨ᠂ ᠡᠯ᠎ᠡ ᠲᠥᠷᠥᠯ ᠤᠨ ᠥᠮᠴᠢᠯᠡᠯ ᠤᠨ ᠳᠦᠷᠢᠮᠲᠦ ᠠᠵᠤ ᠠᠬᠤᠶᠢᠯᠠᠯ ᠤᠨ ᠤᠯᠤᠰ ᠤᠨ | ᠬᠠᠮᠢᠶ᠎ᠠ ᠪᠦᠬᠦᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠲᠥᠯᠥᠪᠯᠡᠭᠡ ᠳᠤ ᠣᠷᠤᠯᠴᠠᠬᠤ ᠶᠢ ᠵᠣᠷᠢᠭᠵᠢᠭᠤᠯᠤᠨ᠎ᠠ᠃ | | ︵ᠬᠤᠷᠢᠨ ᠭᠤᠷᠪᠠ︶ ᠰᠢᠨ᠎ᠡ ᠶᠢ ᠡᠭᠦᠳᠴᠦ ᠵᠢᠱᠢᠶ᠎ᠡ ᠦᠵᠡᠭᠦᠯᠦᠨ ᠳᠡᠯᠭᠡᠷᠡᠭᠦᠯᠬᠦ ᠶᠢ ᠥᠷᠨᠢᠭᠦᠯᠦᠨ᠎ᠡ᠃ ᠰᠢᠨ᠎ᠡ | ᠶᠢ ᠡᠭᠦᠳᠬᠦ ᠶᠢᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠳᠤ ᠦᠵᠡᠭᠦᠯᠭᠦ ᠵᠠᠩᠭᠢᠯᠠᠭ᠎ᠠ ᠶᠢᠨ | ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠎ᠠ᠃ ᠤᠯᠠᠨ ᠲᠡᠰ ᠳᠠᠪᠬᠤᠷᠭ᠎ᠠ ᠶᠢᠨ ᠲᠤᠷᠰᠢᠯᠲᠠ ᠶᠢ | ᠥᠷᠨᠢᠭᠦᠯᠵᠦ᠂ ᠠᠵᠤ ᠦᠢᠯᠡᠳᠪᠦᠷᠢ᠂ ᠡᠨᠧᠷᠭᠢ᠂ ᠵᠠᠮ ᠲᠡᠭᠡᠭᠡᠪᠦᠷᠢ᠂ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ | ᠲᠠᠷᠢᠶᠠᠯᠠᠩ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠠᠬᠢ ᠪᠣᠬᠢᠷᠳᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ | ᠪᠠᠭᠠᠰᠬᠠᠬᠤ ᠶᠢ ᠬᠠᠮᠵᠢᠯᠴᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠪᠣᠬᠢᠷᠳᠤᠯ ᠦᠭᠡᠢ ᠪᠥᠭᠡᠳ | ᠨᠡᠭᠦᠷᠡᠰᠦᠲᠥ᠋ᠷᠥᠭᠴᠢ ᠪᠠᠭᠠᠲᠠᠢ ᠲᠡᠷᠢᠭᠦᠨ ᠤ ᠮᠡᠷᠭᠡᠵᠢᠯ ᠤᠨ ᠵᠢᠱᠢᠶ᠎ᠡ ᠦᠵᠡᠭᠦᠯᠭᠦ ᠢᠨᠵᠧᠨᠧᠷᠢᠩ ᠢ ᠬᠡᠷᠡᠭᠵᠢᠭᠦᠯᠵᠦ᠂ | ᠲᠡᠷᠢᠭᠦᠨ ᠤ ᠬᠡᠷᠡᠭᠯᠡᠭᠡᠨ ᠤ ᠮᠡᠷᠭᠡᠵᠢᠯ ᠤᠨ ᠵᠢᠱᠢᠶ᠎ᠡ ᠦᠵᠡᠭᠦᠯᠭᠦ ᠬᠡᠷᠡᠭᠯᠡᠯᠲᠡ ᠪᠠ ᠳᠡᠯᠭᠡᠷᠡᠭᠦᠯᠦᠯᠲᠡ ᠶᠢ ᠲᠦᠷᠭᠡᠳᠬᠡᠨ᠎ᠡ᠃ | ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠮᠡᠷᠭᠡᠵᠢᠯ ᠢ ᠦᠨᠡᠯᠡᠨ ᠵᠢᠱᠢᠬᠦ᠂ ᠠᠷᠠᠯᠵᠢᠶᠠᠯᠠᠬᠤ | ᠰᠢᠰᠲ᠋ᠧᠮ ᠪᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠴᠢᠯᠡᠭᠡᠨ ᠤ ᠲᠠᠪᠴᠠᠩ ᠢ | ᠲᠡᠭᠦᠯᠳᠡᠷᠵᠢᠭᠦᠯᠵᠦ᠂ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠰᠢᠨ᠎ᠡ ᠠᠵᠤ ᠦᠢᠯᠡᠰ ᠰᠢᠨ᠎ᠡ | ᠡᠵᠡᠩᠨᠡᠯᠲᠡ ᠶᠢᠨ ᠭᠡᠯᠪᠡᠷᠢ ᠶᠢᠨ ᠬᠥᠭᠵᠢᠯᠲᠡ ᠳᠤ ᠠᠰᠢᠭᠲᠠᠢ ᠬᠤᠳᠠᠯᠳᠤᠭᠠᠨ ᠤ ᠵᠠᠭᠪᠤᠷ ᠢ ᠰᠦᠪᠡᠭᠴᠢᠯᠡᠨ᠂ ᠪᠣᠬᠢᠷᠳᠤᠯ | ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠮᠡᠷᠭᠡᠵᠢᠯ ᠤᠨ ᠮᠡᠳᠡᠯᠭᠡ ᠶᠢᠨ ᠥᠮᠴᠢᠯᠡᠯ ᠤᠨ ᠡᠷᠬᠡ ᠶᠢ ᠡᠭᠦᠳᠦᠨ | ᠪᠦᠲᠦᠭᠡᠬᠦ᠂ ᠬᠠᠮᠠᠭᠠᠯᠠᠬᠤ᠂ ᠬᠡᠷᠡᠭᠯᠡᠬᠦ ᠶᠢ ᠴᠢᠩᠭᠠᠳᠬᠠᠵᠤ᠂ ᠪᠦᠭᠦ ᠨᠡᠶᠢᠭᠡᠮ ᠤᠨ ᠰᠢᠨ᠎ᠡ ᠶᠢ ᠡᠭᠦᠳᠬᠦ ᠠᠮᠢᠵᠢᠷᠠᠯ ᠤᠨ | ᠬᠦᠴᠦᠨ ᠢ ᠬᠥᠭᠵᠢᠭᠡᠨ᠎ᠡ᠃ | ᠠᠷᠪᠠ᠂ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠲᠥᠷᠥ ᠶᠢᠨ ᠪᠣᠳᠣᠯᠭ᠎ᠠ ᠶᠢᠨ ᠰᠢᠰᠲ᠋ᠧᠮ ᠢ | ᠲᠡᠭᠦᠯᠳᠡᠷᠵᠢᠭᠦᠯᠦᠨ᠎ᠡ | ︵ᠬᠤᠷᠢᠨ ᠳᠥᠷᠪᠡ︶ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠡᠳ᠋ ᠤᠨ ᠵᠠᠰᠠᠭ | ᠭᠠᠶᠢᠯᠢ ᠶᠢᠨ ᠲᠥᠷᠥ ᠶᠢᠨ ᠪᠣᠳᠣᠯᠭ᠎ᠠ ᠶᠢ ᠪᠦᠷᠢᠨᠰᠢᠭᠦᠯᠦᠨ᠎ᠡ᠃ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ | ᠪᠠᠭᠠᠲᠠᠢ ᠬᠥᠭᠵᠢᠯᠲᠡ ᠪᠠ ᠡᠬᠢ ᠪᠠᠶᠠᠯᠢᠭ ᠢ ᠥᠨᠳᠥᠷ ᠪᠦᠲᠦᠮᠵᠢᠲᠡᠶ ᠠᠰᠢᠭᠯᠠᠬᠤ ᠶᠢ ᠠᠬᠢᠭᠤᠯᠬᠤ ᠳᠤ ᠠᠰᠢᠭᠲᠠᠢ | ᠡᠳ᠋ ᠤᠨ ᠵᠠᠰᠠᠭ ᠭᠠᠶᠢᠯᠢ ᠶᠢᠨ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠢᠳᠡᠪᠬᠢᠲᠡᠢ ᠪᠠᠶᠢᠭᠤᠯᠵᠤ᠂ ᠰᠢᠨ᠎ᠡ | ᠭᠡᠯᠪᠡᠷᠢ ᠶᠢᠨ ᠡᠨᠧᠷᠭᠢ ᠶᠢᠨ ᠰᠢᠰᠲ᠋ᠧᠮ ᠤᠨ ᠪᠠᠶᠢᠭᠤᠯᠤᠯᠲᠠ᠂ ᠤᠯᠠᠮᠵᠢᠯᠠᠯᠲᠤ ᠠᠵᠢᠯ ᠲᠥᠷᠥᠯ ᠢ ᠥᠭᠡᠷᠡᠴᠢᠯᠡᠨ ᠲᠠᠰ | ᠳᠡᠪᠰᠢᠭᠦᠯᠬᠦ᠂ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠰᠢᠨᠵᠢᠯᠡᠬᠦ ᠤᠬᠠᠭᠠᠨ ᠲᠸᠭᠨᠢᠭ | ᠮᠡᠷᠭᠡᠵᠢᠯ ᠤᠨ ᠰᠢᠨ᠎ᠡ ᠶᠢ ᠡᠭᠦᠳᠬᠦ᠂ ᠡᠨᠧᠷᠭᠢ ᠶᠢᠨ ᠡᠬᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠪᠠ | ᠪᠣᠬᠢᠷᠳᠤᠯ ᠦᠭᠡᠢ ᠪᠥᠭᠡᠳ ᠨᠡᠭᠦᠷᠡᠰᠦᠳᠥ᠋ᠷᠦᠭᠴᠢ ᠪᠠᠭᠠᠲᠠᠢ ᠠᠮᠢᠳᠤᠷᠠᠯ ᠤᠨ ᠠᠷᠭ᠎ᠠ ᠭᠡᠯᠪᠡᠷᠢ ᠶᠢ ᠳᠡᠯᠭᠡᠷᠡᠭᠦᠯᠬᠦ ᠵᠡᠷᠭᠡ | ᠬᠦᠷᠢᠶ᠎ᠡ ᠴᠠᠷᠠᠭ᠎ᠠ ᠶᠢᠨ ᠠᠵᠢᠯ ᠢ ᠳᠡᠮᠵᠢᠨ᠎ᠡ᠃ ᠣᠷᠴᠢᠨ ᠲᠣᠭᠤᠷᠢᠨ ᠤ ᠬᠠᠮᠠᠭᠠᠯᠠᠯᠲᠠ᠂ ᠡᠨᠧᠷᠭᠢ ᠠᠷᠪᠢᠯᠠᠵᠤ ᠤᠰᠤ | ᠠᠷᠪᠢᠯᠠᠬᠤ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ᠂ ᠰᠢᠨ᠎ᠡ ᠡᠨᠧᠷᠭᠢ ᠪᠠ ᠴᠡᠪᠡᠷ ᠡᠨᠧᠷᠭᠢ ᠶᠢᠨ ᠲᠡᠷᠭᠡ | ᠬᠥᠰᠬᠡ ᠶᠢᠨ ᠭᠠᠶᠢᠯᠢ ᠬᠥᠰᠬᠡ ᠶᠢᠨ ᠬᠠᠷᠠᠭᠠᠯᠵᠠᠯ ᠢ ᠨᠠᠶᠢᠳᠠᠪᠤᠷᠢᠵᠢᠭᠤᠯᠤᠨ᠎ᠠ᠃ ᠪᠣᠬᠢᠷᠳᠤᠯ ᠦᠭᠡᠢ ᠭᠠᠶᠢᠯᠢ ᠶᠢᠨ | ᠳᠦᠷᠢᠮ ᠢ ᠲᠡᠭᠦᠯᠳᠡᠷᠵᠢᠭᠦᠯᠵᠦ᠂ ᠤᠰᠤᠨ ᠤ ᠡᠬᠢ ᠪᠠᠶᠠᠯᠢᠭ ᠤᠨ ᠰᠦᠢᠳᠬᠡᠯ ᠤᠨ ᠭᠠᠶᠢᠯᠢ ᠶᠢ ᠥᠭᠡᠷᠡᠴᠢᠯᠡᠬᠦ ᠶᠢ ᠪᠦᠭᠦ | ᠲᠠᠯ᠎ᠠ ᠪᠠᠷ ᠬᠡᠷᠡᠭᠵᠢᠭᠦᠯᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠬᠤᠷᠢᠶᠠᠬᠤ ᠰᠢᠰᠲ᠋ᠧᠮ ᠢ | ᠲᠡᠭᠦᠯᠳᠡᠷᠵᠢᠭᠦᠯᠵᠦ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠪᠠᠭᠠᠰᠬᠠᠬᠤ ᠶᠢ ᠳᠡᠮᠵᠢᠬᠦ ᠬᠠᠮᠢᠶ᠎ᠠ ᠪᠦᠬᠦᠢ | ᠭᠠᠶᠢᠯᠢ ᠶᠢᠨ ᠲᠥᠷᠥ ᠶᠢᠨ ᠪᠣᠳᠣᠯᠭ᠎ᠠ ᠶᠢ ᠰᠤᠳᠤᠯᠤᠨ᠎ᠠ᠃ | ︵ᠬᠤᠷᠢᠨ ᠲᠠᠪᠤ︶ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠮᠥᠩᠭᠦᠨ ᠭᠦᠢᠯᠭᠡᠭᠡᠨ ᠤ | ᠪᠠᠭᠠᠵᠢ ᠶᠢ ᠪᠠᠶᠠᠯᠢᠭᠵᠢᠭᠤᠯᠤᠨ᠎ᠠ᠃ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠪᠠᠭᠠᠰᠬᠠᠬᠤ ᠶᠢ ᠳᠡᠮᠵᠢᠬᠦ | ᠪᠠᠭᠠᠵᠢ ᠶᠢ ᠬᠡᠷᠡᠭᠵᠢᠭᠦᠯᠬᠦ ᠬᠤᠭᠤᠴᠠᠭ᠎ᠠ ᠶᠢ 2027 ᠣᠨ ᠤ ᠡᠴᠦᠰ ᠪᠤᠯᠲᠠᠯ᠎ᠠ ᠤᠷᠲᠤᠳᠬᠠᠨ᠎ᠠ᠃ ᠭᠡᠯᠪᠡᠷᠢ ᠪᠠᠨ | ᠬᠤᠪᠢᠷᠠᠭᠤᠯᠬᠤ ᠮᠥᠩᠭᠦᠨ ᠭᠦᠢᠯᠭᠡᠭᠡᠨ ᠤ ᠪᠠᠷᠢᠮᠵᠢᠶ᠎ᠠ ᠶᠢ ᠰᠤᠳᠤᠯᠤᠨ ᠲᠣᠭᠲᠠᠭᠠᠵᠤ᠂ ᠤᠯᠠᠮᠵᠢᠯᠠᠯᠲᠤ ᠠᠵᠢᠯ | ᠲᠥᠷᠥᠯ ᠤᠨ ᠬᠦᠷᠢᠶ᠎ᠡ ᠴᠠᠷᠠᠭ᠎ᠠ ᠶᠢᠨ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭ᠎ᠠ ᠲᠡᠶᠢᠰᠢ | ᠭᠡᠯᠪᠡᠷᠢ ᠪᠠᠨ ᠬᠤᠪᠢᠷᠠᠭᠤᠯᠬᠤ ᠳᠤ ᠵᠦᠢ ᠵᠣᠬᠢᠰᠲᠠᠢ ᠴᠢᠬᠤᠯᠠ ᠪᠦᠬᠦᠢ ᠮᠥᠩᠭᠦᠨ ᠭᠦᠢᠯᠭᠡᠭᠡᠨ ᠤ ᠳᠡᠮᠵᠢᠯᠭᠡ | ᠬᠠᠩᠭᠠᠨ᠎ᠠ᠃ ᠪᠠᠩᠬᠢ ᠶᠢ ᠵᠣᠷᠢᠭᠵᠢᠭᠤᠯᠵᠤ ᠲᠦᠭᠰᠢᠭᠦᠷᠢ ᠶᠢ ᠵᠦᠢ ᠵᠣᠬᠢᠰᠲᠠᠢ ᠦᠨᠡᠯᠡᠨ ᠵᠢᠱᠢᠭᠰᠡᠨ ᠰᠠᠭᠤᠷᠢᠨ ᠳᠡᠭᠡᠷ᠎ᠡ | ᠢᠲᠡᠭᠡᠮᠵᠢᠲᠦ ᠵᠢᠭᠡᠯᠡᠯᠭᠡ ᠶᠢᠨ ᠡᠬᠢ ᠪᠠᠶᠠᠯᠢᠭ ᠤᠨ ᠪᠣᠬᠢᠷᠳᠤᠯ ᠦᠭᠡᠢ ᠲᠡᠶᠢᠰᠢ ᠲᠣᠬᠢᠷᠠᠭᠤᠯᠤᠯᠲᠠ ᠬᠢᠬᠦ ᠶᠢ | ᠬᠥᠲᠥᠯᠥᠨ ᠵᠢᠯᠤᠭᠤᠳᠴᠤ᠂ ᠨᠥᠬᠦᠴᠡᠯ ᠲᠠᠢ ᠭᠠᠵᠠᠷ ᠣᠷᠣᠨ ᠨᠢ ᠵᠠᠰᠠᠭ ᠤᠨ ᠣᠷᠳᠣᠨ ᠤ ᠴᠢᠨᠠᠷᠲᠠᠢ ᠪᠡᠯᠡ | ᠬᠤᠷᠠᠮᠳᠤᠭᠤᠯᠬᠤ ᠪᠠᠲᠤᠯᠠᠭ᠎ᠠ ᠶᠢᠨ ᠪᠠᠶᠢᠭᠤᠯᠤᠮᠵᠢ ᠪᠠᠷ ᠳᠠᠮᠵᠢᠭᠤᠯᠤᠨ ᠪᠣᠬᠢᠷᠳᠤᠯ ᠦᠭᠡᠢ ᠢᠲᠡᠭᠡᠮᠵᠢᠲᠦ | ᠵᠢᠭᠡᠯᠡᠯᠭᠡ ᠶᠢᠨ ᠬᠥᠭᠵᠢᠯᠲᠡ ᠶᠢ ᠳᠡᠮᠵᠢᠵᠦ ᠪᠣᠯᠣᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠣᠯᠠᠨ | ᠵᠦᠢᠯ ᠤᠨ ᠠᠷᠭ᠎ᠠ ᠭᠡᠯᠪᠡᠷᠢ ᠪᠠᠷ ᠳᠠᠮᠵᠢᠭᠤᠯᠤᠨ ᠪᠣᠬᠢᠷᠳᠤᠯ ᠦᠭᠡᠢ ᠵᠢᠭᠡᠯᠡᠯᠭᠡ ᠶᠢᠨ ᠲᠡᠮᠳᠡᠭᠲᠦ ᠶᠢᠨ ᠪᠡᠯᠡ | ᠬᠤᠷᠠᠮᠳᠤᠭᠤᠯᠬᠤ ᠶᠢᠨ ᠥᠪᠡᠷ ᠤᠨ ᠥᠷᠲᠡᠭ ᠢ ᠪᠠᠭᠤᠷᠠᠭᠤᠯᠬᠤ ᠶᠢ ᠵᠣᠷᠢᠭᠵᠢᠭᠤᠯᠤᠨ᠎ᠠ᠃ ᠪᠣᠬᠢᠷᠳᠤᠯ ᠦᠭᠡᠢ | ᠰᠲ᠋ᠣᠺ ᠤᠨ ᠡᠷᠬᠡ ᠶᠢᠨ ᠪᠡᠯᠡ ᠬᠤᠷᠠᠮᠳᠤᠭᠤᠯᠬᠤ᠂ ᠪᠣᠬᠢᠷᠳᠤᠯ ᠦᠭᠡᠢ ᠪᠡᠯᠡ ᠬᠤᠷᠠᠮᠳᠤᠭᠤᠯᠬᠤ ᠲᠦᠷᠢᠶᠡᠰᠦᠯᠡᠭᠦᠯᠬᠦ᠂ | ᠪᠣᠬᠢᠷᠳᠤᠯ ᠦᠭᠡᠢ ᠢᠲᠡᠭᠡᠮᠵᠢ ᠵᠡᠷᠭᠡ ᠮᠥᠩᠭᠦᠨ ᠭᠦᠢᠯᠭᠡᠭᠡᠨ ᠤ ᠪᠠᠭᠠᠵᠢ ᠶᠢ ᠢᠳᠡᠪᠬᠢᠲᠡᠢ ᠬᠥᠭᠵᠢᠭᠦᠯᠵᠦ᠂ | ᠨᠡᠭᠦᠷᠡᠰᠦᠲᠥ᠋ᠷᠥᠭᠴᠢ ᠶᠢᠨ ᠮᠥᠩᠭᠦᠨ ᠭᠦᠢᠯᠭᠡᠭᠡᠨ ᠤ ᠪᠦᠲᠦᠭᠡᠭᠳᠡᠬᠦᠨ ᠪᠠ ᠡᠭᠦᠰᠦᠮᠡᠯ ᠪᠠᠭᠠᠵᠢ ᠶᠢᠨ ᠰᠢᠨ᠎ᠡ ᠶᠢ | ᠡᠭᠦᠳᠬᠦ ᠶᠢ ᠡᠮᠬᠢ ᠵᠢᠷᠤᠮ ᠲᠠᠢ ᠪᠠᠷ ᠠᠬᠢᠭᠤᠯᠤᠨ᠎ᠠ᠃ ᠪᠣᠬᠢᠷᠳᠤᠯ ᠦᠭᠡᠢ ᠳᠠᠭᠠᠳᠬᠠᠯ ᠢ ᠬᠥᠭᠵᠢᠭᠦᠯᠵᠦ᠂ ᠵᠥᠷᠢᠶᠡᠲᠦ | ᠳᠠᠭᠠᠳᠬᠠᠯ ᠤᠨ ᠰᠦᠢᠳᠬᠡᠯ ᠤᠨ ᠨᠤᠷᠮ᠎ᠠ ᠶᠢᠨ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ | ︵ᠬᠤᠷᠢᠨ ᠵᠢᠷᠭᠤᠭ᠎ᠠ︶ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠪᠡᠯᠡ ᠣᠷᠣᠭᠤᠯᠤᠯᠲᠠ ᠶᠢᠨ | ᠲᠣᠭᠲᠠᠴᠠ ᠶᠢ ᠰᠢᠯᠢᠳᠡᠭᠵᠢᠭᠦᠯᠦᠨ᠎ᠡ᠃ ᠪᠡᠯᠡ ᠣᠷᠣᠭᠤᠯᠤᠯᠲᠠ ᠶᠢᠨ ᠲᠣᠭᠲᠠᠴᠠ ᠶᠢᠨ ᠰᠢᠨ᠎ᠡ ᠶᠢ ᠡᠭᠦᠳᠬᠦ ᠪᠠ | ᠰᠢᠯᠢᠳᠡᠭᠵᠢᠭᠦᠯᠵᠦ᠂ ᠡᠯ᠎ᠡ ᠲᠦᠷᠦᠯ ᠤᠨ ᠬᠥᠷᠥᠩᠭᠡ ᠶᠢᠨ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ | ᠬᠦᠷᠢᠶ᠎ᠡ ᠴᠠᠷᠠᠭ᠎ᠠ ᠳᠠᠬᠢ ᠪᠡᠯᠡ ᠣᠷᠣᠭᠤᠯᠤᠯᠲᠠ ᠶᠢᠨ ᠬᠠᠷᠢᠴᠠᠯ ᠢᠶᠠᠨ ᠳᠡᠭᠡᠭᠰᠢᠯᠡᠭᠦᠯᠭᠦ ᠶᠢ ᠵᠣᠷᠢᠭᠵᠢᠭᠤᠯᠤᠨ᠎ᠠ᠃ | ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠨᠢ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ | ᠪᠠᠭᠠᠲᠠᠢ ᠲᠡᠷᠢᠭᠦᠨ ᠤ ᠮᠡᠷᠭᠡᠵᠢᠯ ᠤᠨ ᠵᠢᠱᠢᠶ᠎ᠡ ᠦᠵᠡᠭᠦᠯᠭᠦ᠂ ᠭᠤᠣᠯᠳᠠᠯᠭ᠎ᠠ ᠲᠠᠢ ᠠᠵᠢᠯ ᠲᠥᠷᠥᠯ ᠤᠨ ᠡᠨᠧᠷᠭᠢ | ᠠᠷᠪᠢᠯᠠᠵᠤ ᠨᠡᠭᠦᠷᠡᠰᠦᠲᠥ᠋ᠷᠥᠭᠴᠢ ᠪᠠᠭᠠᠰᠬᠠᠬᠤ᠂ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠡᠷᠭᠢᠯᠳᠦᠭᠦᠯᠦᠨ | ᠠᠰᠢᠭᠯᠠᠬᠤ᠂ ᠣᠷᠴᠢᠨ ᠲᠣᠭᠤᠷᠢᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠬᠦᠷᠢᠶ᠎ᠡ | ᠴᠠᠷᠠᠭ᠎ᠠ ᠳᠠᠬᠢ ᠭᠤᠣᠯᠳᠠᠯᠭ᠎ᠠ ᠲᠠᠢ ᠲᠥᠷᠥᠯ ᠵᠦᠢᠯ ᠳᠤ ᠢᠳᠡᠪᠬᠢᠲᠡᠢ ᠳᠡᠮᠵᠢᠯᠭᠡ ᠦᠵᠡᠭᠦᠯᠦᠨ᠎ᠡ᠃ ᠨᠡᠶᠢᠭᠡᠮ ᠤᠨ | ᠬᠥᠷᠥᠩᠭᠡ ᠶᠢᠨ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠲᠥᠷᠥᠯ ᠵᠦᠢᠯ ᠤᠨ ᠪᠡᠯᠡ | ᠣᠷᠣᠭᠤᠯᠤᠯᠲᠠ᠂ ᠪᠦᠲᠦᠭᠡᠨ ᠪᠠᠶᠢᠭᠤᠯᠤᠯᠲᠠ᠂ ᠡᠵᠡᠩᠨᠡᠯᠲᠡ ᠳᠤ ᠣᠷᠤᠯᠴᠠᠬᠤ ᠶᠢ ᠬᠥᠲᠥᠯᠥᠨ ᠵᠢᠯᠤᠭᠤᠳᠬᠤ ᠪᠠ | ᠵᠢᠷᠤᠮᠵᠢᠭᠤᠯᠵᠤ᠂ ᠨᠡᠶᠢᠭᠡᠮ ᠤᠨ ᠬᠥᠷᠥᠩᠭᠡ ᠶᠢᠨ ᠵᠠᠬ᠎ᠠ ᠳᠡᠯᠭᠡᠭᠦᠷᠴᠢᠯᠡᠭᠰᠡᠨ ᠠᠷᠭ᠎ᠠ ᠭᠡᠯᠪᠡᠷᠢ ᠪᠠᠷ ᠪᠣᠬᠢᠷᠳᠤᠯ ᠦᠭᠡᠢ | ᠪᠥᠭᠡᠳ ᠨᠡᠭᠦᠷᠡᠰᠦᠲᠥ᠋ᠷᠥᠭᠴᠢ ᠪᠠᠭᠠᠲᠠᠢ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ | ᠪᠠᠶᠢᠭᠤᠯᠬᠤ ᠶᠢ ᠵᠣᠷᠢᠭᠵᠢᠭᠤᠯᠤᠨ᠎ᠠ᠃ ᠨᠥᠬᠦᠴᠡᠯ ᠳᠤ ᠨᠡᠶᠢᠴᠡᠬᠦ ᠰᠢᠨ᠎ᠡ ᠡᠨᠧᠷᠭᠢ᠂ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠵᠡᠷᠭᠡ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠬᠠᠮᠢᠶ᠎ᠠ ᠪᠦᠬᠦᠢ | ᠲᠥᠷᠥᠯ ᠵᠦᠢᠯ ᠤᠨ ᠰᠠᠭᠤᠷᠢ ᠲᠥᠬᠦᠭᠡᠷᠦᠮᠵᠢ ᠶᠢᠨ ᠬᠦᠷᠢᠶ᠎ᠡ ᠴᠠᠷᠠᠭ᠎ᠠ ᠶᠢᠨ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢᠨ ᠢᠲᠡᠭᠡᠮᠵᠢᠲᠦ ᠰᠠᠭᠤᠷᠢ ᠮᠥᠩᠭᠦ ︵REITs︶ ᠲᠠᠷᠬᠠᠭᠠᠬᠤ ᠶᠢ ᠳᠡᠮᠵᠢᠨ᠎ᠡ᠃ | ︵ᠬᠤᠷᠢᠨ ᠳᠣᠯᠤᠭ᠎ᠠ︶ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠦᠨ᠎ᠡ ᠬᠠᠩᠰᠢ ᠶᠢᠨ | ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠴᠠᠭᠢᠯᠭᠠᠨ ᠬᠦᠴᠦᠨ ᠤ ᠦᠨ᠎ᠡ ᠬᠠᠩᠰᠢ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠮᠢᠳᠤᠯᠢᠭ ᠴᠢᠨᠠᠷᠲᠠᠢ ᠴᠠᠭᠢᠯᠭᠠᠨ ᠡᠭᠦᠰᠬᠡᠭᠴᠢ ᠶᠢᠨ ᠰᠢᠰᠲ᠋ᠧᠮ ᠲᠠᠢ | ᠲᠣᠬᠢᠷᠠᠭᠤᠯᠬᠤ ᠦᠨ᠎ᠡ ᠬᠠᠩᠰᠢ ᠶᠢᠨ ᠲᠣᠭᠲᠠᠴᠠ ᠳᠤ ᠣᠷᠤᠯᠴᠠᠬᠤ ᠶᠢ ᠲᠡᠭᠦᠯᠳᠡᠷᠵᠢᠭᠦᠯᠦᠨ ᠵᠣᠷᠢᠭᠵᠢᠭᠤᠯᠵᠤ᠂ | ᠨᠡᠭᠦᠷᠡᠰᠦ ᠴᠠᠭᠢᠯᠭᠠᠨ ᠤ ᠪᠠᠭᠲᠠᠭᠠᠮᠵᠢ ᠶᠢᠨ ᠴᠠᠭᠢᠯᠭᠠᠨ ᠤ ᠦᠨ᠎ᠡ ᠶᠢᠨ ᠲᠣᠭᠲᠠᠴᠠ ᠶᠢ ᠬᠡᠷᠡᠭᠵᠢᠭᠦᠯᠵᠦ᠂ ᠰᠢᠨ᠎ᠡ | ᠭᠡᠯᠪᠡᠷᠢ ᠶᠢᠨ ᠬᠠᠳᠠᠭᠠᠯᠠᠮᠵᠢ ᠡᠨᠧᠷᠭᠢ ᠶᠢᠨ ᠦᠨ᠎ᠡ ᠪᠦᠷᠢᠯᠳᠦᠬᠦ ᠲᠣᠭᠲᠠᠴᠠ ᠶᠢ ᠰᠤᠳᠤᠯᠤᠨ ᠪᠠᠶᠢᠭᠤᠯᠤᠨ | ᠪᠦᠷᠢᠨᠰᠢᠭᠦᠯᠵᠦ᠂ ᠴᠠᠭᠢᠯᠭᠠᠨ ᠤ ᠱᠠᠲᠤᠯᠢᠭ ᠦᠨ᠎ᠡ ᠶᠢᠨ ᠳᠦᠷᠢᠮ ᠪᠠ ᠴᠠᠭ ᠬᠤᠪᠢᠶᠠᠭᠰᠠᠨ ᠴᠠᠭᠢᠯᠭᠠᠨ ᠤ ᠦᠨ᠎ᠡ ᠶᠢᠨ | ᠲᠦᠷᠦ ᠶᠢᠨ ᠪᠣᠳᠣᠯᠭ᠎ᠠ ᠶᠢ ᠪᠦᠷᠢᠨᠰᠢᠭᠦᠯᠵᠦ᠂ ᠡᠨᠧᠷᠭᠢ ᠶᠢᠨ ᠬᠤᠷᠣᠭᠳᠠᠭᠤᠯᠤᠯ ᠶᠡᠬᠡᠲᠡᠢ ᠠᠵᠢᠯ ᠲᠦᠷᠦᠯ ᠤᠨ | ᠴᠠᠭᠢᠯᠭᠠᠨ ᠤ ᠱᠠᠲᠤᠯᠢᠭ ᠦᠨ᠎ᠡ ᠶᠢᠨ ᠳᠦᠷᠢᠮ ᠢ ᠲᠡᠭᠦᠯᠳᠡᠷᠵᠢᠭᠦᠯᠦᠨ᠎ᠡ᠃ ᠰᠠᠭᠤᠭᠠᠯᠢ ᠠᠷᠠᠳ ᠤᠨ ᠤᠰᠤᠨ ᠤ | ᠱᠠᠲᠤᠯᠢᠭ ᠦᠨ᠎ᠡ ᠬᠠᠩᠰᠢ᠂ ᠰᠠᠭᠤᠭᠠᠯᠢ ᠠᠷᠠᠳ ᠤᠨ ᠪᠤᠰᠤ ᠬᠡᠷᠡᠭᠯᠡᠬᠦ ᠤᠰᠤ ᠵᠢᠴᠢ ᠣᠨᠴᠠ ᠲᠥᠷᠥᠯ ᠳᠤ ᠬᠡᠷᠡᠭᠯᠡᠬᠦ | ᠤᠰᠤᠨ ᠤ ᠲᠣᠭᠲᠠᠭᠰᠠᠨ ᠲᠤᠭ᠎ᠠ ᠠᠴᠠ ᠬᠡᠲᠦᠷᠡᠭᠰᠡᠨ ᠬᠡᠰᠡᠭ ᠲᠤ ᠠᠬᠢᠭᠤᠯᠤᠨ ᠪᠤᠳᠤᠵᠤ ᠦᠨ᠎ᠡ ᠨᠡᠮᠡᠬᠦ ᠲᠥᠷᠥ ᠶᠢᠨ | ᠪᠣᠳᠣᠯᠭ᠎ᠠ ᠶᠢ ᠲᠡᠭᠦᠯᠳᠡᠷᠵᠢᠭᠦᠯᠵᠦ᠂ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠠᠬᠢᠭᠤᠯᠤᠨ᠎ᠠ᠃ ᠣᠷᠣᠨ ᠨᠤᠲᠤᠭ ᠤᠨ ᠬᠢᠨ ᠤ ᠰᠦᠢᠳᠬᠡᠯ ᠬᠤᠷᠢᠶᠠᠬᠤ ᠵᠠᠭᠪᠤᠷ ᠢᠶᠠᠨ | ᠲᠡᠭᠦᠯᠳᠡᠷᠵᠢᠭᠦᠯᠬᠦ ᠶᠢ ᠳᠡᠮᠵᠢᠵᠦ᠂ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠰᠦᠢᠳᠬᠡᠯ ᠬᠤᠷᠢᠶᠠᠬᠤ ᠠᠷᠭ᠎ᠠ | ᠭᠡᠯᠪᠡᠷᠢ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠬᠤᠲᠠ ᠪᠠᠯᠭᠠᠰᠤ ᠶᠢᠨ ᠠᠮᠢᠳᠤᠷᠠᠯ ᠤᠨ ᠬᠤᠭ ᠨᠣᠪᠰᠢ ᠶᠢ | ᠲᠥᠷᠥᠯ ᠬᠤᠪᠢᠶᠠᠬᠤ ᠪᠠ ᠬᠡᠮᠵᠢᠶ᠎ᠡ ᠶᠢ ᠪᠠᠭᠠᠰᠬᠠᠬᠤ ᠶᠢ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ᠎ᠠ᠃ | ︵ᠬᠤᠷᠢᠨ ᠨᠠᠢᠮᠠ︶ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠵᠠᠬ᠎ᠠ ᠳᠡᠯᠭᠡᠭᠦᠷᠴᠢᠯᠡᠬᠦ | ᠲᠣᠭᠲᠠᠴᠠ ᠶᠢ ᠪᠦᠷᠢᠨᠰᠢᠭᠦᠯᠦᠨ᠎ᠡ᠃ ᠡᠬᠢ ᠪᠠᠶᠠᠯᠢᠭ ᠣᠷᠴᠢᠨ ᠲᠣᠭᠤᠷᠢᠨ ᠤ ᠴᠢᠬᠤᠯᠠ ᠬᠦᠴᠦᠨ ᠵᠦᠢᠯ ᠢ ᠵᠠᠬ᠎ᠠ | ᠳᠡᠯᠭᠡᠭᠦᠷᠴᠢᠯᠡᠨ ᠲᠣᠬᠢᠷᠠᠭᠤᠯᠬᠤ ᠰᠢᠰᠲ᠋ᠧᠮ ᠢ ᠪᠦᠷᠢᠨᠰᠢᠭᠦᠯᠵᠦ᠂ ᠠᠷᠠᠯᠵᠢᠶ᠎ᠠ ᠶᠢᠨ ᠳᠦᠷᠢᠮ ᠤᠨ ᠵᠢᠷᠤᠮᠵᠢᠯ ᠵᠢᠴᠢ | ᠳᠡᠩᠰᠡᠯᠡᠨ ᠲᠡᠮᠳᠡᠭᠯᠡᠬᠦ᠂ ᠬᠢᠮᠳᠠ ᠦᠨ᠎ᠡ ᠪᠠᠷ ᠬᠤᠳᠠᠯᠳᠤᠬᠤ᠂ ᠰᠢᠯᠵᠢᠭᠦᠯᠦᠨ ᠥᠭᠬᠦ᠂ ᠪᠠᠷᠢᠴᠠᠭᠠᠯᠠᠬᠤ ᠵᠡᠷᠭᠡ ᠢᠵᠢ | ᠪᠦᠷᠢᠳᠦᠭᠦᠯᠦᠭᠰᠡᠨ ᠳᠦᠷᠢᠮ ᠢ ᠲᠡᠭᠦᠯᠳᠡᠷᠵᠢᠭᠦᠯᠦᠨ᠂ ᠡᠬᠢ ᠪᠠᠶᠠᠯᠢᠭ ᠣᠷᠴᠢᠨ ᠲᠣᠭᠤᠷᠢᠨ ᠤ ᠡᠷᠬᠡ ᠠᠰᠢᠭ ᠲᠤ | ᠰᠠᠭᠤᠷᠢᠯᠠᠭᠰᠠᠨ ᠪᠡᠯᠡ ᠬᠤᠷᠠᠮᠳᠤᠭᠤᠯᠬᠤ ᠪᠠᠭᠠᠵᠢ ᠶᠢ ᠰᠦᠪᠡᠭᠴᠢᠯᠡᠨ᠎ᠡ᠃ ᠠᠮᠢ ᠠᠬᠤᠢ ᠶᠢᠨ ᠬᠠᠮᠠᠭᠠᠯᠠᠯᠲᠠ ᠶᠢᠨ | ᠬᠥᠨᠳᠡᠯᠡᠨ ᠴᠢᠭᠯᠡᠯ ᠤᠨ ᠨᠥᠬᠦᠪᠦᠷᠢ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠠᠮᠢ ᠠᠬᠤᠢ ᠶᠢᠨ ᠦᠢᠯᠡᠳᠬᠦᠨ ᠤ | ᠦᠷᠳᠡᠭ ᠢ ᠪᠡᠶᠡᠯᠡᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠪᠦᠭᠦ ᠤᠯᠤᠰ ᠤᠨ ᠨᠡᠭᠦᠷᠡᠰᠦᠲᠥ᠋ᠷᠥᠭᠴᠢ | ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ ᠵᠠᠬ᠎ᠠ ᠳᠡᠯᠭᠡᠭᠦᠷ ᠪᠠ ᠰᠠᠶᠢᠨ ᠳᠤᠷ᠎ᠠ ᠠᠴᠠ ᠪᠠᠨ ᠬᠦᠯᠡᠮᠵᠢ ᠶᠢᠨ ᠬᠡᠢ | ᠪᠡᠶᠡᠲᠦ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠠᠷᠠᠯᠵᠢᠶᠠᠨ ᠤ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ | ᠲᠦᠯᠬᠢᠨ ᠠᠬᠢᠭᠤᠯᠵᠤ᠂ ᠬᠠᠤᠯᠢ ᠲᠣᠭᠲᠠᠭᠠᠯ ᠳᠦᠷᠢᠮ ᠢ ᠪᠦᠷᠢᠨᠰᠢᠭᠦᠯᠦᠨ᠂ ᠠᠷᠠᠯᠵᠢᠶᠠᠨ ᠤ ᠠᠵᠢᠯ ᠲᠦᠷᠦᠯ ᠤᠨ | ᠬᠡᠪᠴᠢᠶ᠎ᠡ ᠶᠢ ᠴᠠᠭ ᠲᠤᠨᠢ ᠲᠣᠬᠢᠷᠠᠭᠤᠯᠤᠨ ᠡᠮᠬᠢ ᠵᠢᠷᠤᠮ ᠲᠠᠢ ᠪᠠᠷ ᠥᠷᠭᠡᠳᠬᠡᠨ᠎ᠡ᠃ ᠪᠣᠬᠢᠷᠳᠤᠯ ᠦᠭᠡᠢ ᠴᠠᠭᠢᠯᠭᠠᠨ | ᠬᠦᠴᠦᠨ ᠤ ᠦᠨᠡᠮᠯᠡᠯ ᠤᠨ ᠠᠷᠠᠯᠵᠢᠶᠠᠨ ᠤ ᠳᠦᠷᠢᠮ ᠢ ᠲᠡᠭᠦᠯᠳᠡᠷᠵᠢᠭᠦᠯᠵᠦ᠂ ᠪᠣᠬᠢᠷᠳᠤᠯ ᠦᠭᠡᠢ ᠴᠠᠭᠢᠯᠭᠠᠨ᠂ | ᠪᠣᠬᠢᠷᠳᠤᠯ ᠦᠭᠡᠢ ᠦᠨᠡᠮᠯᠡᠯ᠂ ᠨᠡᠭᠦᠷᠡᠰᠦᠲᠥ᠋ᠷᠥᠭᠴᠢ ᠶᠢᠨ ᠠᠷᠠᠯᠵᠢᠶ᠎ᠠ ᠵᠡᠷᠭᠡ ᠵᠠᠬ᠎ᠠ ᠳᠡᠯᠭᠡᠭᠦᠷᠴᠢᠯᠡᠭᠰᠡᠨ | ᠲᠣᠭᠲᠠᠴᠠ ᠶᠢᠨ ᠲᠦᠷᠦ ᠶᠢᠨ ᠪᠣᠳᠣᠯᠭ᠎ᠠ ᠶᠢᠨ ᠬᠠᠮᠵᠢᠯᠴᠠᠭ᠎ᠠ ᠶᠢ ᠴᠢᠩᠭᠠᠳᠬᠠᠨ᠎ᠠ᠃ | ︵ᠬᠤᠷᠢ ᠶᠢᠰᠦ︶ ᠪᠣᠬᠢᠷᠳᠤᠯ ᠦᠭᠡᠢ ᠬᠥᠭᠵᠢᠯᠲᠡ ᠶᠢᠨ ᠪᠠᠷᠢᠮᠵᠢᠶ᠎ᠠ ᠶᠢᠨ ᠰᠢᠰᠲ᠋ᠧᠮ ᠢ ᠪᠠᠶᠢᠭᠤᠯᠤᠨ᠎ᠠ᠃ | ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠳᠠ ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠪᠠᠷᠢᠮᠵᠢᠶ᠎ᠠ ᠶᠢᠨ ᠰᠢᠰᠲ᠋ᠧᠮ ᠢ ᠪᠠᠶᠢᠭᠤᠯᠵᠤ᠂ ᠰᠠᠭᠤᠷᠢ ᠨᠡᠶᠢᠳᠡᠮ ᠬᠡᠷᠡᠭᠯᠡᠬᠦ ᠪᠠᠷᠢᠮᠵᠢᠶ᠎ᠠ ᠵᠢᠴᠢ | ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠪᠠᠭᠠᠰᠬᠠᠬᠤ᠂ ᠨᠡᠭᠦᠷᠡᠰᠦᠲᠥ᠋ᠷᠥᠭᠴᠢ ᠶᠢ ᠠᠷᠢᠯᠭᠠᠬᠤ ᠬᠤᠯᠪᠣᠭᠳᠠᠯ | ᠪᠦᠬᠦᠢ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ ᠣᠷᠣᠭᠤᠯᠬᠤ ᠶᠢ ᠠᠬᠢᠭᠤᠯᠵᠤ᠂ ᠠᠵᠤ ᠠᠬᠤᠶᠢᠯᠠᠯ ᠤᠨ | ᠨᠡᠭᠦᠷᠡᠰᠦᠲᠥ᠋ᠷᠥᠭᠴᠢ ᠶᠢ ᠭᠠᠳᠠᠭᠰᠢᠯᠠᠭᠤᠯᠬᠤ ᠪᠠ ᠦᠢᠯᠡᠳᠬᠦᠨ ᠤ ᠨᠡᠭᠦᠷᠡᠰᠦᠲᠥ᠋ᠷᠥᠭᠴᠢ ᠶᠢᠨ ᠤᠯᠠ ᠮᠥᠷ ᠤᠨ | ᠲᠣᠭᠠᠴᠠᠭ᠎ᠠ ᠬᠢᠬᠦ᠂ ᠮᠡᠳᠡᠭᠦᠯᠬᠦ᠂ ᠬᠢᠨᠠᠨ ᠪᠠᠶᠢᠴᠠᠭᠠᠬᠤ ᠵᠡᠷᠭᠡ ᠪᠠᠷᠢᠮᠵᠢᠶ᠎ᠠ ᠶᠢ ᠲᠣᠭᠲᠠᠭᠠᠨ᠎ᠠ᠃ ᠡᠨᠧᠷᠭᠢ ᠠᠷᠪᠢᠯᠠᠬᠤ | ᠪᠠᠷᠢᠮᠵᠢᠶ᠎ᠠ ᠶᠢ ᠰᠢᠨᠡᠳᠬᠡᠨ ᠲᠡᠰ ᠳᠡᠪᠰᠢᠭᠦᠯᠬᠦ ᠶᠢ ᠲᠦᠷᠭᠡᠳᠬᠡᠵᠦ᠂ ᠭᠤᠣᠯᠳᠠᠯᠭ᠎ᠠ ᠲᠠᠢ ᠦᠢᠯᠡᠳᠬᠦᠨ ᠤ ᠡᠨᠧᠷᠭᠢ ᠶᠢᠨ | ᠬᠤᠷᠣᠭᠳᠠᠭᠤᠯᠤᠯ ᠤᠨ ᠬᠢᠵᠠᠭᠠᠷ ᠲᠤᠭ᠎ᠠ ᠶᠢᠨ ᠱᠠᠭᠠᠷᠳᠠᠯᠭ᠎ᠠ ᠶᠢ ᠳᠡᠭᠡᠭᠰᠢᠯᠡᠭᠦᠯᠦᠨ᠂ ᠡᠨᠧᠷᠭᠢ ᠶᠢᠨ | ᠬᠤᠷᠣᠭᠳᠠᠭᠤᠯᠤᠯ ᠤᠨ ᠬᠢᠵᠠᠭᠠᠷ ᠲᠤᠭ᠎ᠠ ᠶᠢᠨ ᠪᠠᠷᠢᠮᠵᠢᠶ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ ᠳᠠᠭᠢᠨ | ᠡᠭᠦᠰᠴᠦ ᠪᠤᠯᠬᠤ ᠡᠨᠧᠷᠭᠢ ᠶᠢᠨ ᠪᠠᠷᠢᠮᠵᠢᠶ᠎ᠠ ᠶᠢᠨ ᠰᠢᠰᠲ᠋ᠧᠮ ᠪᠠ ᠠᠵᠤ ᠦᠢᠯᠡᠳᠪᠦᠷᠢ ᠶᠢᠨ ᠪᠣᠬᠢᠷᠳᠤᠯ ᠦᠭᠡᠢ | ᠪᠥᠭᠡᠳ ᠨᠡᠭᠦᠷᠡᠰᠦᠲᠥ᠋ᠷᠥᠭᠴᠢ ᠪᠠᠭᠠᠲᠠᠢ ᠪᠠᠷᠢᠮᠵᠢᠶ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠤᠰᠤᠲᠥ᠋ᠷᠥᠭᠴᠢ | ᠡᠨᠧᠷᠭᠢ ᠶᠢ ︽ᠦᠢᠯᠡᠳᠴᠦ ᠬᠠᠳᠠᠭᠠᠯᠠᠵᠤ ᠲᠡᠭᠡᠭᠡᠪᠦᠷᠢᠯᠡᠵᠦ ᠬᠡᠷᠡᠭᠯᠡᠬᠦ︾ ᠪᠠᠷᠢᠮᠵᠢᠶ᠎ᠠ ᠶᠢ ᠪᠠᠶᠢᠭᠤᠯᠤᠨ ᠪᠦᠷᠢᠨᠰᠢᠭᠦᠯᠦᠨ᠎ᠡ᠃ | | ᠠᠷᠪᠠᠨ ᠨᠢᠭᠡ᠂ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠤᠯᠠᠨ ᠤᠯᠤᠰ ᠤᠨ | ᠬᠠᠮᠲᠤᠷᠠᠯᠴᠠᠭ᠎ᠠ ᠶᠢ ᠴᠢᠩᠭᠠᠳᠬᠠᠨ᠎ᠠ | ︵ᠭᠤᠴᠢ︶ ᠪᠦᠭᠦ ᠪᠥᠮᠪᠥᠷᠴᠡᠭ ᠤᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠠᠬᠢᠴᠠ ᠳᠤ | ᠣᠷᠣᠯᠴᠠᠨ᠎ᠠ᠃ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ | ᠪᠠᠷᠢᠮᠲᠠᠯᠠᠵᠤ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ᠂ ᠲᠠᠯᠠᠢ ᠲᠠᠩᠭᠢᠰ ᠤᠨ ᠪᠣᠬᠢᠷᠳᠤᠯ ᠢ ᠵᠠᠰᠠᠬᠤ᠂ | ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ᠂ ᠰᠦᠯᠢᠶᠥᠦ ᠶᠢᠨ ᠪᠣᠬᠢᠷᠳᠤᠯ ᠢ ᠵᠠᠰᠠᠬᠤ ᠵᠡᠷᠭᠡ | ᠬᠦᠷᠢᠶ᠎ᠡ ᠴᠠᠷᠠᠭ᠎ᠠ ᠳᠠᠬᠢ ᠤᠯᠠᠨ ᠤᠯᠤᠰ ᠤᠨ ᠳᠦᠷᠢᠮ ᠢ ᠲᠣᠭᠲᠠᠭᠠᠬᠤ ᠳᠤ ᠢᠳᠡᠪᠬᠢᠲᠡᠢ ᠣᠷᠣᠯᠴᠠᠵᠤ᠂ ᠲᠥᠪ | ᠭᠤᠣᠯᠴᠢ ᠵᠦᠢ ᠵᠣᠬᠢᠰᠲᠠᠢ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠪᠦᠭᠦ ᠪᠥᠮᠪᠥᠷᠴᠡᠭ ᠤᠨ ᠣᠷᠴᠢᠨ | ᠲᠣᠭᠤᠷᠢᠨ ᠠᠭᠤᠷ ᠠᠮᠢᠰᠬᠤᠯ ᠤᠨ ᠵᠠᠰᠠᠯᠲᠠ ᠶᠢᠨ ᠰᠢᠰᠲ᠋ᠧᠮ ᠢ ᠪᠠᠶᠢᠭᠤᠯᠬᠤ ᠶᠢ ᠠᠬᠢᠭᠤᠯᠤᠨ᠎ᠠ᠃ ᠪᠦᠭᠦ | ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠥᠭᠵᠢᠵᠦ ᠪᠠᠶᠢᠭ᠎ᠠ | ᠤᠯᠤᠰ ᠤᠳ ᠤᠨ ᠬᠠᠮᠲᠤᠷᠠᠯᠴᠠᠭ᠎ᠠ ᠵᠢᠴᠢ ᠡᠷᠭᠢᠨ ᠲᠣᠭᠤᠷᠢᠨ ᠤ ᠤᠯᠤᠰ ᠤᠳ ᠯᠤᠭ᠎ᠠ ᠶᠢᠨ ᠬᠠᠮᠲᠤᠷᠠᠯᠴᠠᠭ᠎ᠠ ᠪᠠᠨ | ᠴᠢᠩᠭᠠᠳᠬᠠᠵᠤ᠂ ᠴᠢᠳᠠᠯ ᠤᠨ ᠢᠶᠠᠨ ᠬᠢᠷᠢ ᠪᠠᠷ ᠬᠥᠭᠵᠢᠵᠦ ᠪᠠᠶᠢᠭ᠎ᠠ ᠤᠯᠤᠰ ᠤᠳ ᠲᠤ ᠳᠡᠮᠵᠢᠯᠭᠡ ᠬᠠᠩᠭᠠᠨ᠎ᠠ᠃ | ︵ᠭᠤᠴᠢᠨ ᠨᠢᠭᠡ︶ ᠲᠥᠷᠥ ᠶᠢᠨ ᠪᠣᠳᠣᠯᠭ᠎ᠠ ᠶᠢᠨ ᠰᠣᠯᠢᠯᠴᠠᠭ᠎ᠠ ᠪᠠ ᠪᠣᠳᠠᠲᠠᠢ ᠶᠢ ᠡᠷᠬᠢᠮᠯᠡᠭᠰᠡᠨ | ᠬᠠᠮᠲᠤᠷᠠᠯᠴᠠᠭ᠎ᠠ ᠶᠢ ᠴᠢᠩᠭᠠᠳᠬᠠᠨ᠎ᠠ᠃ ᠤᠯᠠᠨ ᠲᠠᠯᠠᠲᠤ ᠪᠠ ᠬᠤᠶᠠᠷ ᠲᠠᠯᠠᠲᠤ ᠶᠠᠷᠢᠯᠴᠠᠭ᠎ᠠ ᠬᠠᠮᠲᠤᠷᠠᠯᠴᠠᠭ᠎ᠠ ᠶᠢᠨ | ᠠᠷᠭ᠎ᠠ ᠵᠠᠮ ᠢ ᠥᠷᠭᠡᠳᠬᠡᠵᠦ᠂ ᠪᠣᠬᠢᠷᠳᠤᠯ ᠦᠭᠡᠢ ᠬᠥᠭᠵᠢᠯᠲᠡ ᠶᠢᠨ ᠬᠦᠷᠢᠶ᠎ᠡ ᠴᠠᠷᠠᠭ᠎ᠠ ᠳᠠᠬᠢ ᠤᠯᠠᠨ ᠲᠠᠯᠠᠲᠤ | ᠬᠠᠮᠲᠤᠷᠠᠯᠴᠠᠭᠠᠨ ᠤ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠳᠤᠮᠳᠠᠳᠤ ᠤᠯᠤᠰ ᠤᠨ ᠪᠣᠬᠢᠷᠳᠤᠯ ᠦᠭᠡᠢ | ᠲᠡᠶᠢᠰᠢ ᠭᠡᠯᠪᠡᠷᠢ ᠪᠠᠨ ᠬᠤᠪᠢᠷᠠᠭᠤᠯᠤᠭᠰᠠᠨ ᠦᠷ᠎ᠡ ᠪᠦᠲᠦᠮᠵᠢ ᠶᠢ ᠶᠡᠭᠡ ᠪᠠᠷ ᠤᠬᠠᠭᠤᠯᠵᠤ᠂ ᠤᠯᠠᠨ ᠤᠯᠤᠰ ᠤᠨ | ᠲᠤᠷᠰᠢᠯᠭ᠎ᠠ ᠪᠠᠷ ᠢᠳᠡᠪᠬᠢᠲᠡᠢ ᠲᠣᠯᠢ ᠪᠣᠯᠭᠠᠨ᠎ᠠ᠃ ᠪᠣᠬᠢᠷᠳᠤᠯ ᠦᠭᠡᠢ ᠪᠡᠯᠡ ᠣᠷᠣᠭᠤᠯᠤᠯᠲᠠ ᠪᠠ ᠠᠷᠠᠯᠵᠢᠶᠠᠨ ᠤ | ᠬᠠᠮᠲᠤᠷᠠᠯᠴᠠᠭ᠎ᠠ ᠶᠢ ᠴᠢᠩᠭᠠᠳᠬᠠᠵᠤ᠂ ︽ᠪᠣᠬᠢᠷᠳᠤᠯ ᠦᠭᠡᠢ ᠲᠣᠷᠭᠠᠨ ᠵᠠᠮ︾ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠤᠨ᠂ ᠬᠤᠯᠪᠣᠭᠳᠠᠯ ᠪᠦᠬᠦᠢ ᠤᠯᠤᠰ ᠯᠤᠭ᠎ᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠵᠦ᠂ ᠬᠢᠯᠢ ᠶᠢᠨ ᠭᠠᠳᠠᠨᠠᠬᠢ ᠲᠥᠷᠥᠯ ᠵᠦᠢᠯ ᠤᠨ ᠣᠷᠴᠢᠨ ᠲᠣᠭᠤᠷᠢᠨ ᠤ ᠦᠷᠭᠦᠯᠵᠢᠯᠡᠬᠦ ᠴᠢᠨᠠᠷ ᠢ | ᠳᠡᠭᠡᠭᠰᠢᠯᠡᠭᠦᠯᠦᠨ᠂ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠦᠢᠯᠡᠳᠬᠦᠨ ᠢ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠶᠢ ᠵᠣᠷᠢᠭᠵᠢᠭᠤᠯᠤᠨ᠎ᠠ᠃ ᠪᠣᠬᠢᠷᠳᠤᠯ ᠦᠭᠡᠢ ᠶᠢᠨ ᠲᠤᠬᠠᠢ ᠮᠡᠷᠭᠡᠵᠢᠯ ᠤᠨ | ᠬᠠᠮᠲᠤᠷᠠᠯᠴᠠᠭ᠎ᠠ ᠶᠢ ᠴᠢᠩᠭᠠᠳᠬᠠᠵᠤ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ | ᠪᠠᠶᠢᠭᠤᠯᠤᠮᠵᠢ ᠶᠢᠨ ᠭᠠᠳᠠᠭᠠᠳᠤ ᠶᠢᠨ ᠬᠢᠨ ᠲᠠᠢ ᠡᠷᠳᠡᠮ ᠰᠢᠨᠵᠢᠯᠡᠭᠡᠨ ᠤ ᠰᠣᠯᠢᠯᠴᠠᠭ᠎ᠠ ᠥᠷᠨᠢᠭᠦᠯᠵᠦ᠂ ᠤᠯᠠᠨ | ᠤᠯᠤᠰ ᠤᠨ ᠬᠠᠮ ᠰᠢᠨᠵᠢᠯᠡᠬᠦ ᠤᠬᠠᠭᠠᠨ ᠤ ᠢᠨᠵᠧᠨᠧᠷᠢᠩ ᠳᠤ ᠢᠳᠡᠪᠬᠢᠲᠡᠢ ᠣᠷᠤᠯᠴᠠᠬᠤ ᠶᠢ ᠵᠣᠷᠢᠭᠵᠢᠭᠤᠯᠤᠨ᠎ᠠ᠃ | ᠪᠣᠬᠢᠷᠳᠤᠯ ᠦᠭᠡᠢ ᠪᠠᠶᠢᠬᠤ ᠪᠠᠷᠢᠮᠵᠢᠶ᠎ᠠ ᠬᠢᠭᠡᠳ ᠬᠢᠷᠢ ᠲᠡᠩᠴᠡᠯᠲᠡ ᠶᠢ ᠦᠨᠡᠯᠡᠨ ᠲᠣᠭᠲᠠᠭᠠᠬᠤ ᠣᠯᠠᠨ ᠤᠯᠤᠰ ᠤᠨ | ᠬᠠᠮᠲᠤᠷᠠᠯᠴᠠᠭ᠎ᠠ ᠶᠢ ᠴᠢᠩᠭᠠᠳᠬᠠᠵᠤ᠂ ᠣᠯᠠᠨ ᠤᠯᠤᠰ ᠤᠨ ᠬᠠᠮᠢᠶ᠎ᠠ ᠪᠦᠬᠦᠢ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ | ᠣᠷᠣᠭᠤᠯᠬᠤ ᠳᠤ ᠣᠷᠣᠯᠴᠠᠵᠤ᠂ ᠭᠤᠣᠯ ᠪᠤᠯᠬᠤ ᠠᠷᠠᠯᠵᠢᠶᠠᠨ ᠤ ᠬᠠᠨᠢᠲᠠᠨ ᠯᠤᠭ᠎ᠠ ᠨᠡᠭᠦᠷᠡᠰᠦᠲᠥ᠋ᠷᠥᠭᠴᠢ ᠶᠢᠨ ᠤᠯᠠ | ᠮᠥᠷ ᠵᠡᠷᠭᠡ ᠳᠦᠷᠢᠮ ᠤᠨ ᠲᠠᠯ᠎ᠠ ᠪᠠᠷ ᠵᠣᠯᠭᠠᠯᠳᠤᠭᠤᠯᠤᠨ ᠬᠠᠷᠢᠯᠴᠠᠨ ᠮᠡᠳᠡᠷᠡᠬᠦ ᠶᠢ ᠠᠬᠢᠭᠤᠯᠤᠨ᠎ᠠ᠃ | ᠠᠷᠪᠠᠨ ᠬᠤᠶᠠᠷ᠂ ᠵᠣᠬᠢᠶᠠᠨ ᠪᠠᠶᠢᠭᠤᠯᠤᠨ ᠬᠡᠷᠡᠭᠵᠢᠭᠦᠯᠬᠦ | ︵ᠭᠤᠴᠢᠨ ᠬᠤᠶᠠᠷ︶ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠨᠠᠮ ᠤᠨ | ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠪᠦᠭᠦ ᠲᠠᠯ᠎ᠠ ᠪᠠᠷ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ | ᠠᠬᠢᠭᠤᠯᠵᠤ᠂ ᠨᠠᠮ ᠤᠨ ᠤᠳᠤᠷᠢᠳᠤᠯᠭ᠎ᠠ ᠶᠢ ᠠᠵᠢᠯ ᠤᠨ ᠪᠦᠭᠦ ᠶᠠᠪᠤᠴᠠ ᠪᠠ ᠡᠯ᠎ᠡ ᠲᠠᠯ᠎ᠠ ᠳᠤ ᠲᠤᠭᠤᠰᠢᠯᠠᠭᠤᠯᠤᠨ᠎ᠠ᠃ | ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠣᠰ ᠭᠠᠵᠠᠷ ᠣᠷᠣᠨ ᠲᠣᠰ ᠰᠠᠯᠠᠭ᠎ᠠ ᠮᠥᠴᠢᠷ ᠤᠨ | ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠳᠠᠬᠢ ᠭᠤᠣᠯᠳᠠᠯᠭ᠎ᠠ ᠲᠠᠢ ᠡᠭᠦᠷᠭᠡ ᠪᠠᠨ ᠲᠣᠳᠣᠷᠬᠠᠶᠢᠯᠠᠵᠤ᠂ | ᠪᠣᠳᠠᠲᠠᠢ ᠲᠠᠢ ᠪᠠᠨ ᠤᠶᠠᠯᠳᠤᠭᠤᠯᠤᠨ ᠲᠣᠰ ᠰᠠᠨᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ | ᠠᠳᠬᠤᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠨᠢᠭᠡᠴᠢ᠂ ᠠᠷᠠᠳ ᠤᠨ ᠪᠦᠯᠭᠦᠮ᠂ ᠨᠡᠶᠢᠭᠡᠮ ᠤᠨ ᠵᠣᠬᠢᠶᠠᠨ | ᠪᠠᠶᠢᠭᠤᠯᠤᠯᠲᠠ ᠲᠣᠰ ᠬᠦᠷᠢᠶ᠎ᠡ ᠴᠠᠷᠠᠭ᠎ᠠ ᠳᠠᠬᠢ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠠᠵᠢᠯ ᠢ | ᠢᠳᠡᠪᠬᠢᠲᠡᠢ ᠠᠬᠢᠭᠤᠯᠬᠤ ᠬᠡᠷᠡᠭᠲᠡᠢ᠃ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠢᠨ | ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠠᠮᠲᠤᠷᠠᠨ ᠡᠨᠧᠷᠭᠢ ᠶᠢᠨ ᠬᠤᠷᠣᠭᠳᠠᠭᠤᠯᠤᠯ ᠤᠨ ᠬᠤᠣᠰ ᠡᠵᠡᠮᠳᠡᠯ ᠢ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠶᠢᠨ ᠬᠤᠣᠰ ᠡᠵᠡᠮᠳᠡᠯ ᠪᠣᠯᠭᠠᠨ ᠪᠦᠭᠦ ᠲᠠᠯ᠎ᠠ ᠪᠠᠷ ᠬᠤᠪᠢᠷᠠᠭᠤᠯᠬᠤ ᠰᠢᠨ᠎ᠡ ᠲᠣᠭᠲᠠᠴᠠ ᠶᠢ | ᠪᠠᠶᠢᠭᠤᠯᠵᠤ᠂ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠳᠠ ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ | ᠶᠢ ᠰᠠᠭᠠᠷᠮᠠᠭᠵᠢᠭᠤᠯᠬᠤ ᠶᠢ ᠶᠡᠷᠦᠩᠬᠡᠶᠢᠯᠡᠭᠰᠡᠨ ᠦᠨᠡᠯᠡᠵᠦ ᠬᠢᠨᠠᠨ ᠰᠢᠯᠭᠠᠬᠤ ᠳᠦᠷᠢᠮ ᠢ ᠲᠣᠭᠲᠠᠭᠠᠨ ᠬᠡᠷᠡᠭᠵᠢᠭᠦᠯᠵᠦ᠂ | ᠰᠢᠨᠵᠢᠯᠡᠬᠦ ᠤᠬᠠᠭᠠᠨᠴᠢ ᠪᠠᠷ ᠬᠢᠨᠠᠨ ᠰᠢᠯᠭᠠᠵᠤ᠂ ᠦᠨᠡᠯᠡᠵᠦ ᠬᠢᠨᠠᠨ ᠰᠢᠯᠭᠠᠭᠰᠠᠨ ᠦᠷ᠎ᠡ ᠳ᠋ᠦᠩ ᠤᠨ ᠬᠡᠷᠡᠭᠯᠡᠭᠡ ᠶᠢ | ᠴᠢᠩᠭᠠᠳᠬᠠᠬᠤ ᠬᠡᠷᠡᠭᠲᠡᠢ᠃ ᠴᠢᠬᠤᠯᠠ ᠪᠠᠶᠢᠳᠠᠯ ᠳᠤ ᠴᠠᠭ ᠲᠤᠬᠠᠢ ᠳᠤᠨᠢ ᠲᠡᠰ ᠳᠠᠷᠠᠭᠠᠯᠠᠯ ᠶᠣᠰᠣᠭᠠᠷ ᠨᠠᠮ ᠤᠨ ᠲᠥᠪ | ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠵᠢᠭᠠᠪᠤᠷᠢ ᠠᠪᠴᠤ ᠮᠡᠳᠡᠭᠦᠯᠬᠦ ᠬᠡᠷᠡᠭᠲᠡᠢ᠃ | ︵ᠭᠤᠴᠢᠨ ᠭᠤᠷᠪᠠ︶ ᠬᠠᠤᠯᠢᠵᠢᠯ ᠤᠨ ᠪᠠᠲᠤᠯᠠᠭ᠎ᠠ ᠶᠢ ᠴᠢᠩᠭᠠᠳᠬᠠᠨ᠎ᠠ᠃ ᠡᠯ᠎ᠡ ᠬᠤᠯᠪᠣᠭᠳᠠᠯ ᠪᠦᠬᠦᠢ ᠨᠢᠭᠡᠴᠢ | ᠠᠮᠢ ᠠᠬᠤᠢ ᠣᠷᠴᠢᠨ ᠲᠣᠭᠤᠷᠢᠨ ᠤ ᠬᠠᠤᠯᠢ ᠶᠢᠨ ᠪᠢᠴᠢᠭ ᠪᠠ ᠡᠨᠧᠷᠭᠢ ᠶᠢᠨ ᠬᠠᠤᠯᠢ᠂ ᠡᠨᠧᠷᠭᠢ ᠶᠢ ᠠᠷᠪᠢᠯᠠᠬᠤ | ᠬᠠᠤᠯᠢ᠂ ᠴᠠᠭᠢᠯᠭᠠᠨ ᠬᠦᠴᠦᠨ ᠤ ᠬᠠᠤᠯᠢ᠂ ᠨᠡᠭᠦᠷᠡᠰᠦᠨ ᠤ ᠬᠠᠤᠯᠢ᠂ ᠳᠠᠭᠢᠨ ᠡᠭᠦᠰᠴᠦ ᠪᠤᠯᠬᠤ ᠡᠨᠧᠷᠭᠢ ᠶᠢᠨ ᠬᠠᠤᠯᠢ᠂ | ᠡᠷᠭᠢᠯᠲᠡᠲᠦ ᠠᠵᠤ ᠠᠬᠤᠢ ᠶᠢ ᠠᠬᠢᠭᠤᠯᠬᠤ ᠬᠠᠤᠯᠢ ᠵᠡᠷᠭᠡ ᠬᠠᠤᠯᠢ ᠲᠣᠭᠲᠠᠭᠠᠯ ᠢ ᠲᠣᠭᠲᠠᠭᠠᠬᠤ ᠪᠠ ᠲᠡᠭᠦᠨ ᠳᠤ | ᠵᠠᠰᠠᠪᠤᠷᠢ ᠣᠷᠣᠭᠤᠯᠬᠤ ᠠᠵᠢᠯ ᠢ ᠲᠦᠷᠭᠡᠯᠡᠨ ᠠᠬᠢᠭᠤᠯᠵᠤ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ | ᠪᠠ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠳᠠ ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠲᠤᠰᠬᠠᠢ ᠬᠠᠤᠯᠢ ᠴᠠᠭᠠᠵᠠ ᠶᠢ ᠰᠤᠳᠤᠯᠤᠨ ᠲᠣᠭᠲᠠᠭᠠᠬᠤ ᠬᠡᠷᠡᠭᠲᠡᠢ᠃ ᠢᠷᠭᠡᠨ ᠤ ᠬᠠᠤᠯᠢ ᠶᠢᠨ | ᠪᠢᠴᠢᠭ ᠤᠨ ᠪᠣᠬᠢᠷᠳᠤᠯ ᠦᠭᠡᠢ ᠪᠠᠶᠢᠬᠤ ᠵᠠᠷᠴᠢᠮ ᠢ ᠨᠠᠶᠢᠳᠠᠪᠤᠷᠢᠵᠢᠭᠤᠯᠵᠤ᠂ ᠢᠷᠭᠡᠨ ᠤ ᠬᠡᠷᠡᠭ ᠤᠨ ᠭᠤᠣᠯ | ᠴᠣᠭᠴᠠ ᠶᠢᠨ ᠡᠨᠧᠷᠭᠢ ᠡᠬᠢ ᠪᠠᠶᠠᠯᠢᠭ ᠢ ᠠᠷᠪᠢᠯᠠᠬᠤ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠶᠢ | ᠬᠥᠲᠥᠯᠥᠨ ᠵᠢᠯᠣᠭᠤᠳᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠡᠷᠡᠭᠦᠦ ᠶᠢᠨ ᠬᠡᠷᠡᠭ ᠤᠨ ᠬᠠᠤᠯᠢ | ᠪᠠᠷᠢᠬᠤ ᠯᠤᠭ᠎ᠠ ᠵᠣᠯᠭᠠᠭᠤᠯᠬᠤ ᠲᠣᠭᠲᠠᠴᠠ ᠶᠢ ᠪᠦᠷᠢᠨᠰᠢᠭᠦᠯᠦᠨ᠎ᠡ᠃ ᠠᠮᠢ ᠠᠬᠤᠢ ᠣᠷᠴᠢᠨ ᠲᠣᠭᠤᠷᠢᠨ ᠤ | ᠬᠤᠬᠢᠷᠠᠯ ᠤᠨ ᠲᠥᠯᠥᠪᠦᠷᠢ ᠶᠢᠨ ᠵᠠᠷᠭᠤ᠂ ᠠᠮᠢ ᠠᠬᠤᠢ ᠣᠷᠴᠢᠨ ᠲᠣᠭᠤᠷᠢᠨ ᠪᠠ ᠡᠬᠢ ᠪᠠᠶᠠᠯᠢᠭ ᠤᠨ | ᠬᠠᠮᠠᠭᠠᠯᠠᠯᠲᠠ ᠶᠢᠨ ᠬᠦᠷᠢᠶ᠎ᠡ ᠴᠠᠷᠠᠭ᠎ᠠ ᠳᠠᠬᠢ ᠨᠡᠶᠢᠲᠡ ᠶᠢᠨ ᠠᠰᠠᠷᠠᠮᠵᠢ ᠶᠢᠨ ᠵᠠᠷᠭᠤ ᠶᠢ ᠬᠠᠤᠯᠢ ᠶᠣᠰᠣᠭᠠᠷ | ᠥᠷᠨᠢᠭᠦᠯᠵᠦ᠂ ᠠᠮᠢ ᠠᠬᠤᠢ ᠣᠷᠴᠢᠨ ᠲᠣᠭᠤᠷᠢᠨ ᠤ ᠬᠤᠬᠢᠷᠠᠯ ᠤᠨ ᠲᠥᠯᠥᠪᠦᠷᠢ ᠥᠭᠬᠦ ᠪᠠ ᠵᠠᠰᠠᠨ ᠰᠡᠷᠭᠦᠭᠡᠬᠦ | ᠲᠣᠭᠲᠠᠴᠠ ᠶᠢ ᠲᠡᠭᠦᠯᠳᠡᠷᠵᠢᠭᠦᠯᠦᠨ᠎ᠡ᠃ | | | |