ᠨᠢᠭᠡ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ ᠪᠡᠶᠡᠯᠡᠭᠦᠯᠦᠭᠰᠡᠨ ᠪᠠᠶᠢᠳᠠᠯ | 1 - 7 ᠰᠠᠷ᠎ᠠ ᠳᠤ᠂ ᠪᠦᠬᠦ ᠰᠢᠶᠠᠨ ᠤ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠨᠡᠶᠢᠲᠡ | 23676 ᠲᠦᠮᠡᠨ ᠲᠥᠭᠦᠷᠢᠭ ᠢ ᠪᠡᠶᠡᠯᠡᠭᠦᠯᠵᠦ᠂ ᠵᠢᠯ ᠤᠨ ᠡᠬᠢᠨ ᠤ ᠲᠥᠰᠥᠪ 35000 ᠲᠦᠮᠡᠨ ᠲᠥᠭᠦᠷᠢᠭ ᠤᠨ | 67.65% ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 5196 ᠲᠦᠮᠡᠨ ᠲᠥᠭᠦᠷᠢᠭ ᠨᠡᠮᠡᠭᠳᠡᠵᠦ᠂ 28. | 12% ᠪᠠᠷ ᠨᠡᠮᠡᠭᠳᠡᠵᠦ᠂ ᠵᠢᠯ ᠤᠨ ᠡᠬᠢᠨ ᠤ ᠲᠥᠰᠥᠪ ᠤᠨ ᠲᠡᠩᠴᠡᠭᠦᠷᠢ ᠲᠠᠢ ᠪᠠᠷ ᠬᠥᠮᠥᠷᠭᠡ ᠳᠤ ᠣᠷᠣᠭᠤᠯᠬᠤ | ᠠᠬᠢᠴᠠ ᠠᠴᠠ 3259 ᠲᠦᠮᠡᠨ ᠲᠥᠭᠦᠷᠢᠭ ᠳᠠᠪᠠᠪᠠ᠃ ᠡᠭᠦᠨ ᠳᠤ ᠭᠠᠶᠢᠯᠢ ᠲᠠᠲᠠᠪᠤᠷᠢ ᠶᠢᠨ ᠣᠷᠣᠯᠭ᠎ᠠ 18564 | ᠲᠦᠮᠡᠨ ᠲᠥᠭᠦᠷᠢᠭ ᠢ ᠪᠡᠶᠡᠯᠡᠭᠦᠯᠵᠦ᠂ ᠪᠥᠬᠦ ᠰᠢᠶᠠᠨ ᠤ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢᠨ | 78.41% ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 33.48% ᠪᠠᠷ ᠨᠡᠮᠡᠭᠳᠡᠪᠡ︔ ᠭᠠᠶᠢᠯᠢ ᠶᠢᠨ ᠪᠤᠰᠤ | ᠣᠷᠣᠯᠭ᠎ᠠ 5112 ᠲᠦᠮᠡᠨ ᠲᠥᠭᠦᠷᠢᠭ ᠢ ᠪᠡᠶᠡᠯᠡᠭᠦᠯᠵᠦ᠂ ᠪᠥᠬᠦ ᠰᠢᠶᠠᠨ ᠤ ᠡᠩ ᠤᠨ ᠣᠯᠠᠨ ᠨᠡᠶᠢᠲᠡ ᠶᠢᠨ | ᠲᠥᠰᠥᠪ ᠤᠨ ᠣᠷᠣᠯᠭ᠎ᠠ ᠶᠢᠨ 21.59% ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 11.79% | ᠨᠡᠮᠡᠭᠳᠡᠪᠡ᠃ | ︵ᠨᠢᠭᠡ︶ ᠭᠤᠣᠯ ᠪᠣᠯᠬᠤ ᠭᠠᠶᠢᠯᠢ ᠲᠠᠲᠠᠪᠤᠷᠢ ᠶᠢᠨ ᠣᠷᠣᠯᠭ᠎ᠠ ᠶᠢᠨ ᠪᠠᠶᠢᠳᠠᠯ ᠨᠢ ᠳᠣᠣᠷᠠᠬᠢ ᠮᠡᠲᠦ᠄ | 1. ᠥᠷᠲᠡᠭ ᠨᠡᠮᠡᠭᠳᠡᠯ ᠤᠨ ᠭᠠᠶᠢᠯᠢ 4651 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ | ᠬᠢ ᠠᠴᠠ 497 ᠲᠦᠮᠡᠨ ᠲᠥᠭᠦᠷᠢᠭ ᠨᠡᠮᠡᠭᠳᠡᠵᠦ᠂ 11.96% ᠪᠠᠷ ᠨᠡᠮᠡᠭᠳᠡᠪᠡ᠃ | 2. ᠠᠵᠤ ᠠᠬᠤᠶᠢᠯᠠᠯ ᠤᠨ ᠣᠷᠣᠯᠭ᠎ᠠ ᠶᠢᠨ ᠭᠠᠶᠢᠯᠢ 996 ᠲᠦᠮᠡᠨ ᠲᠥᠭᠦᠷᠢᠭ ᠪᠠᠶᠢᠵᠤ᠂ ᠠᠳᠠᠯᠢ | ᠬᠤᠭᠤᠴᠠᠭᠠᠨ ᠤ ᠬᠢ ᠠᠴᠠ 629 ᠲᠦᠮᠡᠨ ᠲᠥᠭᠦᠷᠢᠭ ᠪᠠᠭᠠᠰᠴᠤ᠂ 38.71% ᠪᠠᠷ ᠪᠠᠭᠤᠷᠠᠪᠠ᠃ | 3. ᠬᠤᠪᠢ ᠬᠥᠮᠥᠨ ᠤ ᠣᠷᠣᠯᠭ᠎ᠠ ᠶᠢᠨ ᠭᠠᠶᠢᠯᠢ 226 ᠲᠦᠮᠡᠨ ᠲᠥᠭᠦᠷᠢᠭ ᠪᠠᠶᠢᠵᠤ᠂ ᠠᠳᠠᠯᠢ | ᠬᠤᠭᠤᠴᠠᠭᠠᠨ ᠤ ᠬᠢ ᠠᠴᠠ 43 ᠲᠦᠮᠡᠨ ᠲᠥᠭᠦᠷᠢᠭ ᠨᠡᠮᠡᠭᠳᠡᠵᠦ᠂ 23.5% ᠪᠠᠷ ᠨᠡᠮᠡᠭᠳᠡᠪᠡ᠃ | 4. ᠬᠤᠲᠠ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠭᠠᠶᠢᠯᠢ 589 ᠲᠦᠮᠡᠨ ᠲᠥᠭᠦᠷᠢᠭ ᠪᠠᠶᠢᠵᠤ᠂ | ᠠᠳᠠᠯᠢ ᠬᠤᠭᠤᠴᠠᠭᠠᠨ ᠤ ᠬᠢ ᠠᠴᠠ 47 ᠲᠦᠮᠡᠨ ᠲᠥᠭᠦᠷᠢᠭ ᠨᠡᠮᠡᠭᠳᠡᠵᠦ᠂ 8.67% ᠪᠠᠷ ᠨᠡᠮᠡᠭᠳᠡᠪᠡ᠃ | 5. ᠭᠡᠷ ᠬᠥᠷᠥᠩᠭᠡ ᠶᠢᠨ ᠭᠠᠶᠢᠯᠢ 401 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ | 493 ᠲᠦᠮᠡᠨ ᠲᠥᠭᠦᠷᠢᠭ ᠪᠠᠭᠠᠰᠴᠤ᠂ 55.15% ᠪᠠᠷ ᠪᠠᠭᠤᠷᠠᠪᠠ᠃ | 6. ᠲᠡᠮᠳᠡᠭᠲᠦ ᠶᠢᠨ ᠭᠠᠶᠢᠯᠢ 350 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 93 | ᠲᠦᠮᠡᠨ ᠲᠥᠭᠦᠷᠢᠭ ᠨᠡᠮᠡᠭᠳᠡᠵᠦ᠂ 36.19% ᠨᠡᠮᠡᠭᠳᠡᠪᠡ᠃ | 7. ᠲᠡᠷᠭᠡ ᠣᠩᠭᠤᠴᠠ ᠶᠢᠨ ᠭᠠᠶᠢᠯᠢ 620 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ | 118 ᠲᠦᠮᠡᠨ ᠲᠥᠭᠦᠷᠢᠭ ᠨᠡᠮᠡᠭᠳᠡᠵᠦ᠂ 23.51% ᠪᠠᠷ ᠨᠡᠮᠡᠭᠳᠡᠪᠡ᠃ | 8. ᠭᠡᠷ᠎ᠡ ᠶᠢᠨ ᠭᠠᠶᠢᠯᠢ 582 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 42 | ᠲᠦᠮᠡᠨ ᠲᠥᠭᠦᠷᠢᠭ ᠪᠠᠭᠠᠰᠴᠤ᠂ 6.73% ᠪᠠᠭᠤᠷᠠᠪᠠ᠃ | 9. ᠤᠯᠤᠰ ᠤᠨ ᠥᠮᠴᠢᠯᠡᠯ ᠤᠨ ᠡᠬᠢ ᠪᠠᠶᠠᠯᠢᠭ ︵ᠡᠳ᠋ ᠬᠥᠷᠥᠩᠭᠡ︶ ᠢ ᠲᠥᠯᠥᠪᠦᠷᠢ ᠲᠠᠢ ᠪᠠᠷ ᠬᠡᠷᠡᠭᠯᠡᠭᠰᠡᠨ | ᠣᠷᠣᠯᠭ᠎ᠠ 1836 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 665 ᠲᠦᠮᠡᠨ ᠲᠥᠭᠦᠷᠢᠭ | ᠨᠡᠮᠡᠭᠳᠡᠵᠦ᠂ 56.79% ᠨᠡᠮᠡᠭᠳᠡᠪᠡ᠃ | ︵ᠬᠤᠶᠠᠷ︶ ᠰᠠᠯᠠᠭ᠎ᠠ ᠮᠥᠴᠢᠷ ᠤᠨ ᠣᠷᠣᠯᠭ᠎ᠠ ᠶᠢ ᠪᠡᠶᠡᠯᠡᠭᠦᠯᠦᠭᠰᠡᠨ ᠪᠠᠶᠢᠳᠠᠯ | 1. ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ | 1 - 7 ᠰᠠᠷ᠎ᠠ ᠳᠤ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠭᠠᠶᠢᠯᠢ ᠲᠠᠲᠠᠪᠤᠷᠢ ᠶᠢᠨ ᠣᠷᠣᠯᠭ᠎ᠠ | ᠨᠡᠶᠢᠲᠡ 20293 ᠲᠦᠮᠡᠨ ᠲᠥᠭᠦᠷᠢᠭ ᠢ ᠪᠡᠶᠡᠯᠡᠭᠦᠯᠵᠦ᠂ ᠵᠢᠯ ᠤᠨ ᠡᠬᠢᠨ ᠤ ᠲᠥᠰᠥᠪ 31448 ᠲᠦᠮᠡᠨ | ᠲᠥᠭᠦᠷᠢᠭ ᠤᠨ 64.53% ᠶᠢ ᠪᠡᠶᠡᠯᠡᠭᠦᠯᠪᠡ︔ ᠠᠳᠠᠯᠢ ᠬᠤᠭᠤᠴᠠᠭᠠᠨ ᠤ ᠬᠢ ᠠᠴᠠ 5683 ᠲᠦᠮᠡᠨ ᠲᠥᠭᠦᠷᠢᠭ | ᠨᠡᠮᠡᠭᠳᠡᠵᠦ᠂ 38.9% ᠪᠠᠷ ᠨᠡᠮᠡᠭᠳᠡᠪᠡ︔ ᠵᠢᠯ ᠤᠨ ᠡᠬᠢᠨ ᠤ ᠲᠥᠰᠥᠪ ᠤᠨ ᠲᠡᠩᠴᠡᠭᠦᠷᠢ ᠲᠠᠢ ᠪᠠᠷ ᠬᠥᠮᠥᠷᠭᠡ ᠳᠤ | ᠣᠷᠣᠭᠤᠯᠬᠤ ᠠᠬᠢᠴᠠ ᠠᠴᠠ 1948 ᠲᠦᠮᠡᠨ ᠲᠥᠭᠦᠷᠢᠭ ᠳᠠᠪᠠᠪᠠ᠃ | 2. ᠡᠳ᠋ ᠤᠨ ᠵᠠᠰᠠᠭ ᠤᠨ ᠰᠠᠯᠠᠭ᠎ᠠ ᠮᠥᠴᠢᠷ | 1 - 7 ᠰᠠᠷ᠎ᠠ ᠳᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠭᠠᠶᠢᠯᠢ ᠶᠢᠨ ᠪᠤᠰᠤ ᠣᠷᠣᠯᠭ᠎ᠠ ᠨᠡᠶᠢᠲᠡ | 3383 ᠲᠦᠮᠡᠨ ᠲᠥᠭᠦᠷᠢᠭ ᠢ ᠪᠡᠶᠡᠯᠡᠭᠦᠯᠵᠦ᠂ ᠵᠢᠯ ᠤᠨ ᠡᠬᠢᠨ ᠤ ᠲᠥᠰᠥᠪ 3552 ᠲᠦᠮᠡᠨ ᠲᠥᠭᠦᠷᠢᠭ ᠤᠨ 95. | 24% ᠶᠢ ᠪᠡᠶᠡᠯᠡᠭᠦᠯᠪᠡ︔ ᠠᠳᠠᠯᠢ ᠬᠤᠭᠤᠴᠠᠭᠠᠨ ᠤ ᠬᠢ ᠠᠴᠠ 487 ᠲᠦᠮᠡᠨ ᠲᠥᠭᠦᠷᠢᠭ ᠪᠠᠭᠠᠰᠴᠤ᠂ 12. | 58% ᠪᠠᠷ ᠪᠠᠭᠤᠷᠠᠪᠠ︔ ᠵᠢᠯ ᠤᠨ ᠡᠬᠢᠨ ᠤ ᠲᠥᠰᠥᠪ ᠤᠨ ᠲᠡᠩᠴᠡᠭᠦᠷᠢ ᠲᠠᠢ ᠪᠠᠷ ᠬᠥᠮᠥᠷᠭᠡ ᠳᠤ ᠣᠷᠣᠭᠤᠯᠬᠤ | ᠠᠬᠢᠴᠠ ᠠᠴᠠ 1311 ᠲᠦᠮᠡᠨ ᠲᠥᠭᠦᠷᠢᠭ ᠳᠠᠪᠠᠪᠠ᠃ | ᠬᠤᠶᠠᠷ᠂ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ ᠪᠠᠶᠢᠳᠠᠯ | 1 - 7 ᠰᠠᠷ᠎ᠠ ᠳᠤ᠂ ᠪᠦᠬᠦ ᠰᠢᠶᠠᠨ ᠤ ᠡᠩ ᠤᠨ ᠤᠯᠠᠨ ᠨᠡᠶᠢᠲᠡ ᠶᠢᠨ ᠲᠥᠰᠥᠪ ᠤᠨ ᠵᠠᠷᠤᠯᠭ᠎ᠠ 128286 | ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 18647 ᠲᠦᠮᠡᠨ ᠲᠥᠭᠦᠷᠢᠭ ᠪᠠᠭᠠᠰᠴᠤ᠂ 12. | 69% ᠪᠠᠷ ᠪᠠᠭᠤᠷᠠᠪᠠ᠃ ᠭᠤᠣᠯ ᠪᠣᠯᠬᠤ ᠵᠠᠷᠤᠯᠭ᠎ᠠ ᠶᠢᠨ ᠲᠥᠷᠥᠯ ᠵᠦᠢᠯ ᠤᠨ ᠪᠠᠶᠢᠳᠠᠯ ᠨᠢ ᠳᠣᠣᠷᠠᠬᠢ ᠮᠡᠲᠦ᠄ | 1. ᠡᠩ ᠤᠨ ᠣᠯᠠᠨ ᠨᠡᠶᠢᠲᠡ ᠶᠢᠨ ᠦᠢᠯᠡᠴᠢᠯᠡᠭᠡ ᠶᠢᠨ ᠵᠠᠷᠤᠯᠭ᠎ᠠ 11043 ᠲᠦᠮᠡᠨ ᠲᠥᠭᠦᠷᠢᠭ ᠪᠠᠶᠢᠵᠤ᠂ | ᠠᠳᠠᠯᠢ ᠬᠤᠭᠤᠴᠠᠭᠠᠨ ᠤ ᠬᠢ ᠠᠴᠠ 2202 ᠲᠦᠮᠡᠨ ᠲᠥᠭᠦᠷᠢᠭ ᠪᠠᠭᠠᠰᠴᠤ᠂ 16.63% ᠪᠠᠷ ᠪᠠᠭᠤᠷᠠᠪᠠ᠃ | 2. ᠣᠯᠠᠨ ᠨᠡᠶᠢᠲᠡ ᠶᠢᠨ ᠠᠮᠤᠷ ᠲᠦᠪᠰᠢᠨ ᠤ ᠵᠠᠷᠤᠯᠭ᠎ᠠ 4354 ᠲᠦᠮᠡᠨ ᠲᠥᠭᠦᠷᠢᠭ ᠪᠠᠶᠢᠵᠤ᠂ ᠠᠳᠠᠯᠢ | ᠬᠤᠭᠤᠴᠠᠭᠠᠨ ᠤ ᠬᠢ ᠠᠴᠠ 1839 ᠲᠦᠮᠡᠨ ᠲᠥᠭᠦᠷᠢᠭ ᠪᠠᠭᠠᠰᠴᠤ᠂ 29.69% ᠪᠠᠷ ᠪᠠᠭᠤᠷᠠᠪᠠ᠃ | 3. ᠰᠤᠷᠭᠠᠨ ᠬᠥᠮᠦᠵᠢᠯ ᠤᠨ ᠵᠠᠷᠤᠯᠭ᠎ᠠ 11785 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ | ᠬᠢ ᠠᠴᠠ 4943 ᠲᠦᠮᠡᠨ ᠲᠥᠭᠦᠷᠢᠭ ᠪᠠᠭᠠᠰᠴᠤ᠂ 29.55% ᠪᠠᠷ ᠪᠠᠭᠤᠷᠠᠪᠠ᠃ | 4. ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠬᠢᠭᠡᠳ ᠵᠠᠭᠤᠴᠢᠯᠠᠭᠤᠷ ᠤᠨ ᠵᠠᠷᠤᠯᠭ᠎ᠠ 1512 ᠲᠦᠮᠡᠨ | ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 1605 ᠲᠦᠮᠡᠨ ᠲᠥᠭᠦᠷᠢᠭ ᠪᠠᠭᠠᠰᠴᠤ᠂ 51.49% | ᠪᠠᠭᠤᠷᠠᠪᠠ᠃ | 5. ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ ᠶᠢᠨ ᠵᠠᠷᠤᠯᠭ᠎ᠠ 29576 ᠲᠦᠮᠡᠨ ᠲᠥᠭᠦᠷᠢᠭ ᠪᠠᠶᠢᠵᠤ᠂ | ᠠᠳᠠᠯᠢ ᠬᠤᠭᠤᠴᠠᠭᠠᠨ ᠤ ᠬᠢ ᠠᠴᠠ 1.6 ᠲᠦᠮᠡᠨ ᠲᠥᠭᠦᠷᠢᠭ ᠪᠠᠭᠠᠰᠴᠤ᠂ 6.38% ᠪᠠᠷ ᠪᠠᠭᠤᠷᠠᠪᠠ᠃ | 6. ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠷᠤᠯᠭ᠎ᠠ 8849 ᠲᠦᠮᠡᠨ ᠲᠥᠭᠦᠷᠢᠭ ᠪᠠᠶᠢᠵᠤ᠂ ᠠᠳᠠᠯᠢ | ᠬᠤᠭᠤᠴᠠᠭᠠᠨ ᠤ ᠬᠢ ᠠᠴᠠ 874 ᠲᠦᠮᠡᠨ ᠲᠥᠭᠦᠷᠢᠭ ᠨᠡᠮᠡᠭᠳᠡᠵᠦ᠂ 10.96% ᠪᠠᠷ ᠨᠡᠮᠡᠭᠳᠡᠪᠡ᠃ | 7. ᠲᠠᠷᠢᠶᠠᠯᠠᠩ᠂ ᠤᠢ ᠰᠢᠭᠤᠢ᠂ ᠤᠰᠤᠨ ᠠᠰᠢᠭᠯᠠᠯᠲᠠ ᠶᠢᠨ ᠵᠠᠷᠤᠯᠭ᠎ᠠ 3320 ᠲᠦᠮᠡᠨ ᠲᠥᠭᠦᠷᠢᠭ ᠪᠠᠶᠢᠵᠤ᠂ | ᠠᠳᠠᠯᠢ ᠬᠤᠭᠤᠴᠠᠭᠠᠨ ᠤ ᠬᠢ ᠠᠴᠠ 10407 ᠲᠦᠮᠡᠨ ᠲᠥᠭᠦᠷᠢᠭ ᠪᠠᠭᠠᠰᠴᠤ᠂ 23.85% ᠪᠠᠷ ᠪᠠᠭᠤᠷᠠᠪᠠ᠃ | 8. ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠷᠤᠯᠭ᠎ᠠ 1580 ᠲᠦᠮᠡᠨ ᠲᠥᠭᠦᠷᠢᠭ ᠪᠠᠶᠢᠵᠤ᠂ ᠠᠳᠠᠯᠢ | ᠬᠤᠭᠤᠴᠠᠭᠠᠨ ᠤ ᠬᠢ ᠠᠴᠠ 739 ᠲᠦᠮᠡᠨ ᠲᠥᠭᠦᠷᠢᠭ ᠨᠡᠮᠡᠭᠳᠡᠵᠦ᠂ 87.87% ᠪᠠᠷ ᠨᠡᠮᠡᠭᠳᠡᠪᠡ᠃ | 9. ᠣᠷᠣᠨ ᠰᠠᠭᠤᠴᠠ ᠶᠢᠨ ᠪᠠᠲᠤᠯᠠᠭ᠎ᠠ ᠶᠢᠨ ᠵᠠᠷᠤᠯᠭ᠎ᠠ 3819 ᠲᠦᠮᠡᠨ ᠲᠥᠭᠦᠷᠢᠭ ᠪᠠᠶᠢᠵᠤ᠂ ᠠᠳᠠᠯᠢ | ᠬᠤᠭᠤᠴᠠᠭᠠᠨ ᠤ ᠬᠢ ᠠᠴᠠ 341 ᠲᠦᠮᠡᠨ ᠲᠥᠭᠦᠷᠢᠭ ᠨᠡᠮᠡᠭᠳᠡᠵᠦ᠂ 9.8% ᠪᠠᠷ ᠨᠡᠮᠡᠭᠳᠡᠪᠡ᠃ | ᠭᠤᠷᠪᠠ᠂ ᠳᠠᠷᠠᠭ᠎ᠠ ᠠᠯᠬᠤᠮ ᠤᠨ ᠠᠵᠢᠯ ᠤᠨ ᠲᠥᠯᠥᠪᠯᠡᠭᠡ | ︵ᠨᠢᠭᠡ︶ ᠣᠷᠣᠯᠭ᠎ᠠ ᠶᠢᠨ ᠬᠠᠷᠠᠯᠲᠠ ᠶᠢ ᠴᠢᠩᠭ᠎ᠠ ᠠᠩᠬᠠᠷᠴᠤ᠂ ᠣᠷᠣᠯᠭ᠎ᠠ ᠶᠢᠨ ᠠᠷᠭ᠎ᠠ ᠬᠡᠮᠵᠢᠶ᠎ᠡ ᠶᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠪᠠᠲᠤᠯᠠᠵᠤ᠂ ᠡᠳ᠋ ᠤᠨ ᠬᠦᠴᠦᠨ ᠤ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠨᠢᠭᠡ ᠳᠤ ᠡᠯ᠎ᠡ ᠭᠠᠶᠢᠯᠢ ᠶᠢᠨ ᠪᠤᠰᠤ ᠣᠷᠣᠯᠭ᠎ᠠ ᠶᠢᠨ ᠬᠤᠷᠢᠶᠠᠬᠤ ᠪᠠ ᠲᠣᠷᠭᠠᠬᠤ ᠨᠢᠭᠡᠴᠢ ᠶᠢ ᠰᠢᠮᠳᠠᠭᠤᠯᠵᠤ᠂ | ᠣᠷᠣᠯᠭ᠎ᠠ ᠶᠢᠨ ᠢᠷᠡᠯᠲᠡ ᠶᠢ ᠴᠢᠩᠭ᠎ᠠ ᠠᠩᠬᠠᠷᠴᠤ᠂ ᠤᠷᠢᠳᠴᠢᠯᠠᠨ ᠠᠷᠭ᠎ᠠ ᠰᠦᠪᠡᠭᠴᠢᠯᠡᠵᠦ᠂ | ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠭᠠᠶᠢᠯᠢ ᠶᠢᠨ ᠪᠤᠰᠤ ᠣᠷᠣᠯᠭ᠎ᠠ ᠶᠢ ᠴᠠᠭ ᠲᠤᠬᠠᠢ ᠳᠤᠨᠢ ᠬᠥᠮᠥᠷᠭᠡ ᠳᠤ | ᠣᠷᠣᠭᠤᠯᠬᠤ ᠶᠢ ᠦᠨᠡᠨᠬᠦ ᠪᠠᠲᠤᠯᠠᠨ᠎ᠠ︔ ᠬᠤᠶᠠᠷ ᠲᠤ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠭᠠᠶᠢᠯᠢ ᠶᠢᠨ ᠶᠠᠪᠤᠳᠠᠯ ᠤᠨ ᠰᠠᠯᠠᠭ᠎ᠠ | ᠮᠥᠴᠢᠷ ᠲᠠᠢ ᠵᠣᠬᠢᠴᠠᠭᠤᠯᠤᠨ ᠬᠠᠮᠵᠢᠯᠴᠠᠵᠤ᠂ ᠴᠠᠭ ᠲᠤᠬᠠᠢ ᠳᠤᠨᠢ ᠮᠥᠷᠳᠡᠨ ᠬᠢᠨᠠᠨ ᠡᠵᠡᠮᠳᠡᠬᠦ ᠶᠢ ᠰᠠᠶᠢᠲᠤᠷ ᠬᠢᠵᠦ᠂ | ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠡᠯᠡ ᠮᠥᠩᠭᠦ ᠶᠢ ᠰᠠᠯᠭᠠᠨ ᠥᠭᠬᠦ ᠪᠠ | ᠭᠠᠶᠢᠯᠢ ᠲᠠᠲᠠᠪᠤᠷᠢᠯᠠᠵᠤ ᠬᠠᠮᠢᠶᠠᠷᠬᠤ ᠶᠢ ᠪᠦᠲᠦᠮᠵᠢᠲᠡᠶ ᠵᠣᠯᠭᠠᠭᠤᠯᠬᠤ ᠶᠢ ᠪᠡᠶᠡᠯᠡᠭᠦᠯᠵᠦ᠂ ᠭᠠᠶᠢᠯᠢ ᠲᠠᠲᠠᠪᠤᠷᠢ ᠶᠢᠨ | ᠬᠤᠷᠢᠶᠠᠪᠠᠰᠤ ᠵᠣᠬᠢᠬᠤ ᠶᠢ ᠨᠢ ᠪᠦᠬᠦᠨ ᠢ ᠬᠤᠷᠢᠶᠠᠵᠤ᠂ ᠲᠤᠰᠢᠶᠠᠪᠠᠰᠤ ᠵᠣᠬᠢᠬᠤ ᠶᠢ ᠨᠢ ᠪᠦᠬᠦᠨ ᠢ ᠲᠤᠰᠢᠶᠠᠬᠤ ᠶᠢ | ᠦᠨᠡᠨᠬᠦ ᠪᠠᠲᠤᠯᠠᠨ᠎ᠠ︔ ᠭᠤᠷᠪᠠ ᠳᠤ ᠨᠢᠭᠡᠨᠲᠡ ᠬᠡᠷᠡᠭᠵᠢᠭᠦᠯᠦᠭᠰᠡᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ | ᠲᠥᠷᠥᠯ ᠵᠦᠢᠯ ᠢ ᠰᠢᠯᠭᠠᠨ ᠠᠪᠬᠤ ᠠᠬᠢᠴᠠ ᠶᠢ ᠦᠷᠭᠦᠯᠵᠢᠯᠡᠨ ᠲᠦᠯᠬᠢᠨ ᠠᠬᠢᠭᠤᠯᠵᠤ᠂ ᠭᠠᠵᠠᠷ ᠰᠢᠷᠣᠢ ᠶᠢ | ᠬᠤᠳᠠᠯᠳᠤᠬᠤ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠭᠦᠢᠴᠡᠳᠬᠡᠯ ᠲᠤᠭ᠎ᠠ ᠶᠢ ᠦᠷᠭᠦᠯᠵᠢᠯᠡᠨ ᠴᠢᠷᠮᠠᠶᠢᠨ | ᠣᠯᠣᠨ᠎ᠠ︔ ᠳᠥᠷᠪᠡ ᠳᠤ ᠳᠡᠭᠡᠳᠦ ᠱᠠᠲᠤᠨ ᠤ ᠪᠡᠯᠡ ᠮᠥᠩᠭᠦ ᠶᠢ ᠢᠳᠡᠪᠬᠢᠲᠡᠢ ᠪᠠᠷ ᠴᠢᠷᠮᠠᠶᠢᠨ ᠣᠯᠣᠨ᠎ᠠ᠃ ᠤᠯᠤᠰ ᠤᠨ | ᠠᠵᠤ ᠠᠬᠤᠢ ᠶᠢᠨ ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤᠨᠢ ᠣᠶᠢᠯᠠᠭᠠᠵᠤ᠂ ᠳᠡᠭᠡᠳᠦ ᠱᠠᠲᠤᠨ ᠤ ᠰᠠᠯᠠᠭ᠎ᠠ | ᠮᠥᠴᠢᠷ ᠲᠠᠢ ᠰᠠᠨᠠᠭᠠᠴᠢᠯᠠᠭ᠎ᠠ ᠠᠴᠠ ᠪᠠᠨ ᠨᠡᠪᠲᠡᠷᠡᠯᠴᠡᠨ ᠵᠣᠯᠭᠠᠭᠤᠯᠬᠤ ᠠᠵᠢᠯ ᠢ ᠰᠠᠶᠢᠲᠤᠷ ᠬᠢᠵᠦ᠂ ᠲᠥᠪ᠂ | ᠥᠪᠡᠷᠲᠡᠭᠡᠨ ᠵᠠᠰᠠᠬᠤ ᠣᠷᠣᠨ᠂ ᠬᠤᠲᠠ ᠶᠢᠨ ᠱᠠᠲᠤᠨ ᠤ ᠡᠳ᠋ ᠤᠨ ᠬᠦᠴᠦᠨ ᠤ ᠨᠥᠬᠦᠪᠦᠷᠢ ᠪᠡᠯᠡ ᠮᠥᠩᠭᠦ ᠶᠢ | ᠲᠡᠮᠡᠴᠡᠨ ᠣᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠮᠠᠨ ᠤ ᠰᠢᠶᠠᠨ ᠤ ᠡᠳ᠋ ᠤᠨ ᠵᠠᠰᠠᠭ ᠤᠨ | ᠬᠦᠴᠢᠷᠳᠡᠯ ᠲᠠᠢ ᠪᠠᠶᠢᠳᠠᠯ ᠢ ᠨᠠᠮᠳᠠᠭᠤᠯᠬᠤ ᠳᠤ ᠪᠠᠲᠤᠯᠠᠭ᠎ᠠ ᠬᠠᠩᠭᠠᠨ᠎ᠠ᠃ | ︵ᠬᠤᠶᠠᠷ︶ ᠵᠠᠷᠤᠯᠭ᠎ᠠ ᠶᠢ ᠵᠦᠢ ᠵᠣᠬᠢᠰᠲᠠᠢ ᠲᠣᠬᠢᠷᠠᠭᠤᠯᠵᠤ᠂ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ | ᠰᠠᠬᠢᠵᠤ᠂ ᠭᠤᠣᠯᠳᠠᠯᠭ᠎ᠠ ᠲᠠᠢ ᠵᠠᠷᠤᠯᠭ᠎ᠠ ᠶᠢ ᠪᠠᠲᠤᠯᠠᠨ᠎ᠠ᠃ ᠨᠢᠭᠡ ᠳᠤ ︽ᠭᠤᠷᠪᠠ ᠶᠢ ᠪᠠᠲᠤᠯᠠᠬᠤ︾ ᠶᠢ ᠲᠡᠷᠢᠭᠦᠨ ᠳᠤ | ᠲᠠᠯᠪᠢᠬᠤ ᠵᠠᠷᠴᠢᠮ ᠢ ᠪᠠᠷᠢᠮᠲᠠᠯᠠᠵᠤ᠂ ᠴᠠᠯᠢᠩ ᠢ ᠤᠷᠢᠳ ᠢᠶᠠᠷ ᠪᠠᠲᠤᠯᠠᠬᠤ᠂ ᠥᠨᠳᠥᠷ ᠨᠠᠰᠤᠨ ᠤ ᠨᠥᠬᠦᠪᠦᠷᠢ᠂ | ᠵᠡᠮᠳᠡᠭᠴᠦᠳ ᠤᠨ ᠨᠥᠬᠦᠪᠦᠷᠢ᠂ ᠠᠮᠢᠳᠤᠷᠠᠯ ᠤᠨ ᠨᠥᠬᠦᠪᠦᠷᠢ᠂ ᠬᠦᠴᠢᠷᠳᠡᠯᠲᠡᠢ ᠤᠯᠠᠨ ᠲᠦᠮᠡᠨ ᠢ ᠠᠪᠤᠷᠠᠨ ᠲᠤᠰᠠᠯᠠᠬᠤ | ᠵᠡᠷᠭᠡ ᠠᠷᠠᠳ ᠤᠨ ᠠᠮᠢᠳᠤᠷᠠᠯ ᠤᠨ ᠪᠡᠯᠡ ᠮᠥᠩᠭᠦ ᠶᠢ ᠤᠷᠢᠳᠠᠪᠠᠷ ᠪᠠᠲᠤᠯᠠᠨ᠎ᠠ︔ ᠬᠤᠶᠠᠷ ᠲᠤ ᠰᠢᠭᠤᠳ ᠬᠦᠷᠬᠦ ᠪᠡᠯᠡ | ᠮᠥᠩᠭᠦ ᠶᠢᠨ ᠠᠬᠢᠴᠠ ᠶᠢ ᠲᠦᠷᠭᠡᠳᠬᠡᠵᠦ᠂ ᠰᠢᠭᠤᠳ ᠬᠦᠷᠬᠦ ᠪᠡᠯᠡ ᠮᠥᠩᠭᠦ ᠶᠢ ᠬᠤᠪᠢᠶᠠᠷᠢᠯᠠᠬᠤ᠂ ᠥᠭᠬᠦ᠂ | ᠵᠣᠯᠭᠠᠭᠤᠯᠬᠤ ᠪᠠ ᠬᠢᠨᠠᠨ ᠬᠠᠮᠢᠶᠠᠷᠬᠤ ᠠᠵᠢᠯ ᠢ ᠦᠷᠭᠦᠯᠵᠢᠯᠡᠨ ᠰᠠᠶᠢᠲᠤᠷ ᠬᠢᠨ᠎ᠡ︔ ᠭᠤᠷᠪᠠ ᠳᠤ ᠵᠠᠪᠠᠯ ᠪᠤᠰᠤ᠂ | ᠭᠤᠣᠯᠳᠠᠯᠭ᠎ᠠ ᠲᠠᠢ ᠪᠤᠰᠤ ᠵᠦᠢᠯᠡᠰ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠡᠩ ᠤᠨ ᠴᠢᠨᠠᠷᠲᠠᠢ ᠵᠠᠷᠤᠯᠭ᠎ᠠ ᠶᠢ | ᠶᠡᠭᠡ ᠪᠠᠷ ᠪᠠᠭᠠᠰᠬᠠᠨ᠎ᠠ᠃ | | ᠦᠴᠦᠸᠠᠨ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ | 2024 ᠣᠨ ᠤ 8 ᠰᠠᠷ᠎ᠠ ᠶᠢᠨ 5 ᠤ ᠡᠳᠦᠷ | | |