︽ᠥᠩᠭᠡᠷᠡᠭᠰᠡᠨ ᠳᠤ ᠣᠯᠠᠨ ᠨᠡᠶᠢᠲᠡ ᠶᠢᠨ ᠲᠠᠯᠠᠪᠤᠷ ᠤᠨ ᠠᠷᠢᠭᠤᠨ ᠴᠡᠪᠡᠷ ᠤᠨ ᠵᠥᠪᠰᠢᠶᠡᠷᠡᠯ ᠤᠨ ᠦᠨᠡᠮᠯᠡᠯ | ᠢ ᠠᠪᠬᠤ ᠳᠤ ᠣᠯᠠᠨ ᠨᠡᠶᠢᠲᠡ ᠶᠢᠨ ᠲᠠᠯᠠᠪᠤᠷ ᠤᠨ ᠠᠷᠢᠭᠤᠨ ᠴᠡᠪᠡᠷ ᠤᠨ ᠰᠢᠯᠭᠠᠨ ᠪᠠᠶᠢᠴᠠᠭᠠᠯᠲᠠ ᠶᠢᠨ | ᠮᠡᠳᠡᠭᠦᠯᠦᠯᠲᠡ᠂ ᠡᠷᠡᠭᠦᠯ ᠮᠡᠨᠳᠦ ᠶᠢᠨ ᠦᠨᠡᠮᠯᠡᠯ ᠵᠡᠷᠭᠡ ᠮᠠᠲ᠋ᠧᠷᠢᠶᠠᠯ ᠳᠤᠲᠠᠭᠳᠠᠪᠠᠯ ᠠᠪᠴᠤ ᠲᠡᠶᠢᠯᠭᠦ ᠦᠭᠡᠢ ᠪᠠᠶᠢᠵᠠᠢ᠃ | ᠣᠲᠣ ᠪᠢ ᠣᠯᠠᠨ ᠨᠡᠶᠢᠲᠡ ᠶᠢᠨ ᠲᠠᠯᠠᠪᠤᠷ ᠤᠨ ᠠᠷᠢᠭᠤᠨ ᠴᠡᠪᠡᠷ ᠤᠨ ᠵᠥᠪᠰᠢᠶᠡᠷᠡᠯ ᠢ ᠮᠡᠳᠡᠭᠳᠡᠬᠦ ᠠᠮᠠᠯᠠᠯᠲᠠ ᠶᠢᠨ | ᠪᠢᠴᠢᠭ ᠢ ᠲᠠᠭᠯᠠᠭᠰᠠᠨ ᠤ ᠳᠠᠷᠠᠭ᠎ᠠ ᠲᠤᠬᠠᠢ ᠶᠢᠨ ᠲᠠᠯᠠᠪᠤᠷ ᠲᠤ ᠦᠨᠡᠮᠯᠡᠯ ᠢᠶᠠᠨ ᠳᠠᠷᠤᠶᠢᠬᠠᠨ ᠠᠪᠴᠢᠬᠠᠨ᠎ᠠ︾ ᠭᠡᠵᠦ | ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠰᠢᠶᠠᠩᠶᠠᠩ ᠵᠡᠭᠡᠯᠢ ᠭᠤᠳᠤᠮᠵᠢ ᠶᠢᠨ ᠰᠠᠭᠤᠭᠠᠯᠢ ᠠᠷᠠᠳ | ᠮᠣᠣ ᠹᠧᠩ ᠴᠢ ᠰᠦᠩᠱᠠᠨ ᠲᠣᠭᠤᠷᠢᠭ ᠤᠨ︽ᠢᠲᠡᠭᠡᠮᠵᠢ + ᠮᠡᠳᠡᠭᠳᠡᠬᠦ ᠠᠮᠠᠯᠠᠯᠲᠠ︾ ᠶᠢ ᠬᠡᠷᠡᠭᠵᠢᠭᠦᠯᠦᠭᠰᠡᠨ ᠠᠴᠠ | ᠪᠣᠯᠤᠭᠰᠠᠨ ᠳᠥᠭᠦᠮ ᠳᠥᠲᠡ ᠨᠥᠬᠦᠴᠡᠯ ᠢ ᠮᠠᠭᠲᠠᠨ ᠰᠠᠶᠢᠰᠢᠶᠠᠵᠤ ᠪᠠᠶᠢᠯ᠎ᠠ᠃ | ︽ᠮᠡᠳᠡᠭᠳᠡᠬᠦ ᠠᠮᠠᠯᠠᠯᠲᠠ︾ ᠭᠡᠳᠡᠭ ᠨᠢ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠵᠠᠰᠠᠭ ᠤᠨ ᠶᠠᠪᠤᠳᠠᠯ | ᠤᠨ ᠦᠢᠯᠡᠴᠢᠯᠡᠭᠡᠨ ᠤ ᠵᠦᠢᠯᠡᠰ ᠢ ᠭᠤᠶᠤᠴᠢᠯᠠᠨ ᠭᠦᠢᠴᠡᠳᠬᠡᠬᠦ ᠦᠶ᠎ᠡ ᠳᠤ ᠵᠠᠩᠭᠢᠯᠠᠭ᠎ᠠ ᠶᠢᠨ ᠮᠠᠲ᠋ᠧᠷᠢᠶᠠᠯ ᠨᠢ | ᠪᠦᠷᠢᠨ ᠭᠦᠢᠴᠡᠳ ᠪᠤᠯᠪᠠᠴᠤ ᠴᠢᠬᠤᠯᠠ ᠪᠤᠰᠤ ᠮᠠᠲ᠋ᠧᠷᠢᠶᠠᠯ ᠨᠢ ᠳᠤᠲᠠᠵᠤ ᠪᠠᠶᠢᠪᠠᠯ᠂ ᠰᠦᠩᠱᠠᠨ ᠲᠣᠭᠤᠷᠢᠭ ᠤᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠠᠴᠠ ᠰᠢᠭᠤᠳ ᠵᠠᠰᠠᠭ ᠵᠠᠬᠢᠷᠭᠠᠨ ᠤ ᠲᠣᠭᠲᠠᠭᠠᠯ ᠭᠠᠷᠭᠠᠵᠤ᠂ | ᠭᠤᠶᠤᠴᠢᠯᠠᠭᠴᠢ ᠬᠢᠨᠠᠨ ᠪᠠᠶᠢᠴᠠᠭᠠᠬᠤ ᠦᠶ᠎ᠡ ᠳᠤ ᠱᠠᠭᠠᠷᠳᠠᠯᠭ᠎ᠠ ᠳᠤ ᠨᠡᠶᠢᠴᠡᠪᠡᠯ ᠪᠣᠯᠴᠢᠬᠠᠨ᠎ᠠ᠃ ︽ᠣᠳᠣᠬᠠᠨ | ᠪᠤᠯᠲᠠᠯ᠎ᠠ ᠰᠦᠩᠱᠠᠨ ᠲᠣᠭᠤᠷᠢᠭ ᠤᠨ ᠮᠡᠳᠡᠭᠳᠡᠬᠦ ᠠᠮᠠᠯᠠᠯᠲᠠ ᠶᠢᠨ ᠵᠦᠢᠯᠡᠰ ᠤᠨ ᠨᠠᠷᠢᠨ ᠲᠠᠩᠰᠠᠨ ᠳᠤ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠭᠠᠯ | ᠤᠨᠲᠠᠷᠠᠭᠠᠬᠤ ᠶᠡᠭᠡ ᠠᠩᠭᠢ ᠵᠡᠷᠭᠡ 12 ᠰᠠᠯᠠᠭ᠎ᠠ ᠮᠥᠴᠢᠷ ᠲᠤ ᠮᠡᠳᠡᠭᠳᠡᠬᠦ ᠠᠮᠠᠯᠠᠯᠲᠠ ᠶᠢᠨ ᠵᠦᠢᠯᠡᠰ 33 ᠪᠠᠭᠲᠠᠵᠤ | ᠪᠠᠶᠢᠨ᠎ᠠ︾ ᠭᠡᠵᠦ ᠰᠦᠩᠱᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠳ᠋ᠠᠶᠢᠲ᠋ᠠ ᠶᠢᠨ | ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠸᠠᠩ ᠵᠣᠣ ᠮᠢᠩ ᠬᠡᠯᠡᠭᠰᠡᠨ ᠢᠶᠠᠨ ᠵᠠᠯᠭᠠᠭᠠᠳ ︽ᠭᠤᠣᠯᠳᠠᠭᠤ ᠣᠯᠠᠨ | ᠨᠡᠶᠢᠲᠡ ᠶᠢᠨ ᠲᠠᠯᠠᠪᠤᠷ ᠤᠨ ᠡᠷᠡᠭᠦᠯ ᠬᠠᠮᠠᠭᠠᠯᠠᠯ ᠤᠨ ᠵᠥᠪᠰᠢᠶᠡᠷᠡᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠳᠣᠣᠷ᠎ᠠ ᠲᠦᠭᠰᠢᠭᠦᠷᠢᠲᠦ ᠢᠳᠡᠭᠡᠨ ᠦᠢᠯᠡᠳᠪᠦᠷᠢᠯᠡᠬᠦ ᠵᠥᠪᠰᠢᠶᠡᠷᠡᠯ ᠵᠡᠷᠭᠡ ᠲᠤᠬᠠᠶᠢᠯᠠᠭᠰᠠᠨ ᠠᠵᠢᠯ ᠢ | ᠤᠯᠠᠨ ᠭᠦᠢᠴᠡᠳᠬᠡᠵᠦ ᠪᠠᠶᠢᠨ᠎ᠠ︾ ᠭᠡᠪᠡ᠃ | 2024 ᠣᠨ ᠠᠴᠠ ᠨᠠᠭᠠᠰᠢ᠂ ᠰᠦᠩᠱᠠᠨ ᠲᠣᠭᠤᠷᠢᠭ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠯᠭ᠎ᠠ ᠶᠢᠨ | ᠴᠣᠩᠬᠤᠪᠴᠢ ᠭᠠᠷᠭᠠᠬᠤ᠂ ᠦᠨᠡᠨᠴᠢ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ︽ᠢᠲᠡᠭᠡᠮᠵᠢ + | ᠮᠡᠳᠡᠭᠳᠡᠬᠦ ᠠᠮᠠᠯᠠᠯᠲᠠ︾ ᠪᠠ ︽ᠢᠲᠡᠭᠡᠮᠵᠢ + ᠵᠠᠷᠢᠮ ᠮᠠᠲ᠋ᠧᠷᠢᠶᠠᠯ ᠳᠤᠲᠠᠬᠤ ᠶᠢ ᠬᠦᠯᠢᠶᠡᠬᠦ︾ ᠵᠡᠷᠭᠡ ᠠᠯᠢ ᠣᠯᠠᠨ | ᠠᠷᠭ᠎ᠠ ᠬᠡᠮᠵᠢᠶ᠎ᠡ ᠪᠠᠷ ᠳᠠᠮᠵᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠪᠠ ᠦᠷ᠎ᠡ ᠪᠦᠲᠦᠮᠵᠢ ᠶᠢ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠠᠩ ᠥᠨᠳᠥᠷ ᠪᠦᠲᠦᠮᠵᠢᠲᠡᠶ | ᠳᠥᠭᠦᠮ ᠳᠥᠲᠡ ᠪᠤᠯᠭᠠᠬᠰᠠᠨ ᠪᠠᠶᠢᠨ᠎ᠠ᠃ | ᠠᠵᠤ ᠠᠬᠤᠶᠢᠯᠠᠯ ᠪᠣᠯᠣᠨ ᠤᠯᠠᠨ ᠲᠦᠮᠡᠨ ᠤ ︽ᠤᠯᠠᠨ ᠤᠳᠠᠭ᠎ᠠ ᠭᠦᠶᠦᠬᠦ︾ ᠬᠦᠴᠢᠷ ᠠᠰᠠᠭᠤᠳᠠᠯ ᠢ | ᠪᠦᠲᠦᠮᠵᠢᠲᠡᠢ ᠰᠢᠢᠳᠪᠦᠷᠢᠯᠡᠬᠦ ᠶᠢᠨ ᠲᠥᠯᠥᠭᠡ᠂ ᠰᠦᠩᠱᠠᠨ ᠲᠣᠭᠤᠷᠢᠭ︽ᠢᠲᠡᠭᠡᠮᠵᠢ + ᠵᠠᠷᠢᠮ ᠮᠠᠲ᠋ᠧᠷᠢᠶᠠᠯ ᠳᠤᠲᠠᠬᠤ | ᠶᠢ ᠬᠦᠯᠢᠶᠡᠬᠦ︾ ᠶᠢ ᠬᠡᠷᠡᠭᠵᠢᠭᠦᠯᠵᠦ᠂ ︽ᠮᠠᠲ᠋ᠧᠷᠢᠶᠠᠯ ᠢ ᠰᠡᠭᠦᠯᠡᠷ ᠨᠥᠬᠦᠪᠦᠷᠢᠯᠡᠵᠦ᠂ ᠦᠷ᠎ᠡ ᠪᠦᠲᠦᠮᠵᠢ ᠶᠢ | ᠪᠠᠭᠤᠷᠠᠭᠤᠯᠬᠤ ᠦᠭᠡᠢ︾ ᠪᠠᠶᠢᠬᠤ ᠶᠢ ᠪᠡᠶᠡᠯᠡᠭᠦᠯᠪᠡ᠃ ︽ᠵᠠᠷᠢᠮ ᠮᠠᠲ᠋ᠧᠷᠢᠶᠠᠯ ᠳᠤᠲᠠᠬᠤ ᠶᠢ ᠬᠦᠯᠢᠶᠡᠬᠦ︾ ᠭᠡᠳᠡᠭ ᠨᠢ | ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ | ᠭᠤᠶᠤᠴᠢᠯᠠᠨ ᠭᠦᠢᠴᠡᠳᠬᠡᠬᠦ ᠦᠶ᠎ᠡ ᠳᠤ ᠵᠠᠩᠭᠢᠯᠠᠭ᠎ᠠ ᠶᠢᠨ ᠮᠠᠲ᠋ᠧᠷᠢᠶᠠᠯ ᠨᠢ ᠪᠦᠷᠢᠨ ᠭᠦᠢᠴᠡᠳ ᠪᠤᠯᠪᠠᠴᠤ ᠴᠢᠬᠤᠯᠠ | ᠪᠤᠰᠤ ᠮᠠᠲ᠋ᠧᠷᠢᠶᠠᠯ ᠨᠢ ᠳᠤᠲᠠᠪᠠᠯ᠂ ᠰᠦᠩᠱᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ | ᠠᠴᠠ ᠤᠷᠢᠳ ᠢᠶᠠᠷ ᠲᠣᠰ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠨ᠂ ᠭᠤᠶᠤᠴᠢᠯᠠᠭᠴᠢ ᠨᠢ | ᠲᠣᠭᠲᠠᠭᠰᠠᠨ ᠴᠠᠭ ᠤᠨ ᠳᠣᠲᠣᠷ᠎ᠠ ᠮᠠᠲ᠋ᠧᠷᠢᠶᠠᠯ ᠢᠶᠠᠨ ᠨᠥᠬᠦᠪᠦᠷᠢᠯᠡᠭᠰᠡᠨ ᠤ ᠳᠠᠷᠠᠭ᠎ᠠ ᠦᠷᠭᠦᠯᠵᠢᠯᠡᠨ ᠬᠢᠨᠠᠨ | ᠵᠥᠪᠰᠢᠶᠡᠷᠡᠬᠦ ᠠᠵᠢᠯ ᠶᠠᠪᠤᠳᠠᠯ ᠭᠦᠢᠴᠡᠳᠬᠡᠬᠦ ᠵᠠᠭᠪᠤᠷ ᠢ ᠵᠢᠭᠠᠵᠤ ᠪᠤᠶ᠃ | ︽ᠣᠲᠣ ᠰᠦᠩᠱᠠᠨ ᠲᠣᠭᠤᠷᠢᠭ ᠤᠨ ᠵᠠᠷᠢᠮ ᠮᠠᠲ᠋ᠧᠷᠢᠶᠠᠯ ᠳᠤᠲᠠᠬᠤ ᠶᠢ ᠬᠦᠯᠢᠶᠡᠬᠦ ᠵᠦᠢᠯᠡᠰ ᠤᠨ ᠨᠠᠷᠢᠨ | ᠲᠠᠩᠰᠠᠨ ᠳᠤ ᠵᠠᠮ ᠲᠡᠭᠡᠭᠡᠪᠦᠷᠢ ᠶᠢᠨ ᠡᠵᠡᠩᠨᠡᠯᠲᠡ ᠶᠢᠨ ᠵᠥᠪᠰᠢᠶᠡᠷᠡᠯ᠂ ᠡᠵᠡᠩᠨᠡᠯᠲᠡ ᠶᠢᠨ ᠴᠢᠨᠠᠷᠲᠠᠢ ᠲᠣᠬᠯᠠᠯᠲᠠ ᠶᠢᠨ | ᠠᠵᠢᠯᠯᠠᠭ᠎ᠠ ᠶᠢᠨ ᠬᠢᠨᠠᠨ ᠵᠥᠪᠰᠢᠶᠡᠷᠡᠯ᠂ ᠺᠤᠮᠫᠠᠨᠢ︵ᠳᠣᠲᠣᠭᠠᠳᠤ ᠪᠡᠯᠡ︶ ᠪᠠᠶᠢᠭᠤᠯᠬᠤ ᠶᠢ ᠳᠠᠩᠰᠠᠯᠠᠬᠤ ᠵᠡᠷᠭᠡ 150 | ᠵᠦᠢᠯ ᠤᠨ ᠲᠤᠬᠠᠶᠢᠯᠠᠭᠰᠠᠨ ᠠᠵᠢᠯ ᠪᠠᠭᠲᠠᠵᠤ ᠪᠠᠶᠢᠨ᠎ᠠ︾ ᠭᠡᠵᠦ ᠸᠠᠩ ᠵᠤᠤ ᠮᠢᠩ ᠬᠡᠯᠡᠨ᠎ᠡ᠃ | ᠰᠦᠩᠱᠠᠨ ᠲᠣᠭᠤᠷᠢᠭ ᠪᠠᠰᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠤᠨ | ᠭᠦᠢᠴᠡᠳᠬᠡᠬᠦ ᠴᠣᠩᠬᠤᠪᠴᠢ ᠳᠤ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠯᠭ᠎ᠠ ᠶᠢᠨ ᠴᠣᠩᠬᠤᠪᠴᠢ︾ | ᠲᠣᠬᠢᠷᠠᠭᠤᠯᠵᠤ᠂ ᠭᠤᠣᠯᠳᠠᠭᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠵᠠᠰᠠᠭ ᠤᠨ ᠣᠷᠳᠣᠨ ᠤ | ᠬᠤᠳᠠᠯᠳᠤᠨ ᠠᠪᠬᠤ᠂ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠬᠦᠯᠢᠶᠡᠬᠦ᠂ ᠠᠷᠠᠯᠵᠢᠶᠠᠴᠢᠨ ᠤᠷᠢᠵᠤ ᠪᠡᠯᠡ | ᠮᠥᠩᠭᠦ ᠣᠷᠣᠭᠤᠯᠤᠨ ᠠᠪᠴᠢᠷᠠᠬᠤ ᠵᠡᠷᠭᠡ ᠬᠦᠷᠢᠶᠡᠨ ᠳᠠᠬᠢ ᠠᠮᠠᠯᠠᠯᠲᠠ ᠬᠢᠭᠰᠡᠨ ᠵᠦᠢᠯᠡᠰ ᠤᠨ ᠭᠡᠷ᠎ᠡ ᠠᠴᠠ | ᠵᠥᠷᠢᠴᠡᠵᠦ ᠢᠲᠡᠭᠡᠯ ᠠᠯᠳᠠᠭᠰᠠᠨ ᠦᠶᠯᠡ ᠠᠵᠢᠯᠯᠠᠭ᠎ᠠ ᠶᠢ ᠲᠥᠪᠯᠡᠷᠡᠭᠦᠯᠦᠨ ᠭᠥᠯᠢᠶᠡᠨ ᠠᠪᠴᠤ ᠰᠢᠢᠳᠪᠦᠷᠢᠯᠡᠨ᠂ | ᠰᠦᠯᠵᠢᠶ᠎ᠡ ᠪᠠ ᠠᠬᠤᠢ ᠲᠠᠯᠠᠪᠤᠷ ᠢ ᠠᠭᠤᠰᠤᠯᠴᠠᠭᠤᠯᠤᠨ ᠭᠥᠯᠢᠶᠡᠨ ᠠᠪᠴᠤ ᠰᠢᠢᠳᠪᠦᠷᠢᠯᠡᠬᠦ᠂ ᠭᠦᠢᠴᠡᠳᠬᠡᠬᠦ ᠶᠠᠪᠤᠴᠠ | ᠳᠤ ᠪᠢᠲᠡᠭᠦᠮᠵᠢᠯᠡᠭᠰᠡᠨ ᠬᠠᠮᠢᠶᠠᠷᠤᠯᠲᠠ ᠶᠢ ᠪᠡᠶᠡᠯᠡᠭᠦᠯᠵᠦ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ | ᠦᠢᠯᠡᠴᠢᠯᠡᠭᠡᠨ ᠤ ᠲᠦᠪᠰᠢᠨ ᠢ ᠪᠦᠭᠦ ᠲᠠᠯ᠎ᠠ ᠪᠠᠷ ᠳᠡᠭᠡᠭᠰᠢᠯᠡᠭᠦᠯᠦᠨ᠂ ᠠᠵᠤ ᠠᠬᠤᠶᠢᠯᠠᠯ ᠬᠢᠭᠡᠳ ᠣᠯᠠᠨ ᠲᠦᠮᠡᠨ ᠤ | ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠡᠢ᠃ ᠡᠭᠦᠨ ᠤ ᠬᠠᠮᠲᠤ ᠴᠣᠩᠬᠤᠪᠴᠢ | ᠳᠤ ︽ᠰᠠᠶᠢᠨ ᠮᠠᠭᠤ ᠦᠨᠡᠯᠡᠯᠲᠡ ᠬᠢᠬᠦ︾ ᠰᠢᠰᠲ᠋ᠧᠮ᠂ ︽ᠬᠤᠶᠠᠷ ᠬᠡᠮᠵᠢᠯᠲᠦ ᠺᠣᠳ᠋ ᠢᠶᠠᠷ ᠬᠢᠨᠠᠯᠲᠠ ᠲᠠᠯᠪᠢᠬᠤ︾ ᠢᠯᠡ | ᠨᠡᠶᠢᠲᠡᠯᠡᠬᠦ ᠲᠠᠪᠴᠠᠩ᠂ 24 ᠴᠠᠭ ᠢᠶᠠᠷ ᠬᠢᠨᠠᠯᠲᠠ ᠲᠠᠯᠪᠢᠬᠤ ᠵᠠᠭᠠᠯᠳᠤᠯᠭ᠎ᠠ ᠶᠢᠨ ᠤᠲᠠᠰᠤ ᠲᠣᠬᠢᠷᠠᠭᠤᠯᠵᠤ᠂ ᠵᠠᠰᠠᠭ | ᠤᠨ ᠶᠠᠪᠤᠳᠠᠯ ᠤᠨ ᠦᠢᠯᠡᠴᠢᠯᠡᠭᠡᠨ ᠤ ᠦᠶᠯᠡ ᠠᠵᠢᠯᠯᠠᠭ᠎ᠠ ᠶᠢ ᠴᠠᠭ ᠲᠤᠬᠠᠢ ᠳᠤᠨᠢ ᠬᠢᠨᠠᠨ ᠡᠵᠡᠮᠳᠡᠬᠦ ᠪᠠ ᠠᠵᠢᠯ | ᠶᠠᠪᠤᠳᠠᠯ ᠢᠶᠠᠨ ᠭᠦᠢᠴᠡᠳᠬᠡᠭᠰᠡᠨ ᠤ ᠳᠠᠷᠠᠭ᠎ᠠ ᠦᠨᠡᠯᠡᠯᠲᠡ ᠥᠭᠴᠦ ᠪᠠᠶᠢᠨ᠎ᠠ᠃ | ︽ᠦᠨᠡᠨᠴᠢ︾ ᠪᠠᠷ ᠠᠵᠤ ᠠᠬᠤᠶᠢᠯᠠᠯ ᠳᠤ ᠠᠰᠢᠭ ᠬᠦᠷᠲᠡᠭᠡᠨ᠂ ︽ᠢᠲᠡᠭᠡᠯ︾ ᠢᠶᠠᠷ ᠠᠷᠠᠳ ᠲᠦᠮᠡᠨ ᠳᠤ | ᠲᠦᠭᠦᠮ ᠦᠵᠡᠭᠦᠯᠵᠦ᠂ ᠰᠦᠩᠱᠠᠨ ᠲᠣᠭᠤᠷᠢᠭ ︽ᠠᠮᠠᠯᠠᠯᠲᠠ︾ ᠪᠠᠷ ᠤᠯᠠᠨ ᠲᠦᠮᠡᠨ ᠢ ᠣᠷᠣᠯᠠᠨ ᠭᠦᠶᠦᠯᠭᠡᠵᠦ᠂ | ᠤᠯᠠᠨ ᠲᠦᠮᠡᠨ ᠤ ᠤᠴᠢᠷ ᠶᠠᠪᠤᠳᠠᠯ ᠭᠦᠢᠴᠡᠳᠬᠡᠬᠦ ᠳᠤ ᠲᠦᠭᠦᠮ ᠦᠵᠡᠭᠦᠯᠪᠡ᠃ ︽ᠪᠢᠳᠡ ᠠᠵᠤ ᠠᠬᠤᠶᠢᠯᠠᠯ ᠪᠠ | ᠬᠤᠪᠢ ᠬᠥᠮᠥᠨ ᠤ ᠬᠡᠷᠡᠭᠴᠡᠭᠡ ᠶᠢ ᠦᠷᠭᠦᠯᠵᠢᠯᠡᠨ ᠭᠤᠣᠯᠳᠠᠯᠭ᠎ᠠ ᠲᠠᠢ ᠠᠩᠬᠠᠷᠴᠤ᠂ ᠢᠲᠡᠭᠡᠮᠵᠢ ᠪᠠᠷ ᠰᠠᠭᠤᠷᠢ | ᠪᠣᠯᠭᠠᠨ᠂ ︿ᠵᠠᠷᠢᠮ ᠮᠠᠲ᠋ᠧᠷᠢᠶᠠᠯ ᠳᠤᠲᠠᠬᠤ ᠶᠢ ᠬᠦᠯᠢᠶᠡᠬᠦ﹀ ᠪᠠ ︿ᠮᠡᠳᠡᠭᠳᠡᠬᠦ ᠠᠮᠠᠯᠠᠯᠲᠠ﹀ ᠶᠢᠨ ᠬᠡᠪᠴᠢᠶ᠎ᠡ ᠶᠢ ᠤᠯᠠᠮ | ᠨᠢᠭᠡ ᠠᠯᠬᠤᠮ ᠥᠷᠭᠡᠳᠬᠡᠵᠦ᠂ ᠣᠯᠠᠨ ᠲᠦᠮᠡᠨ ᠤ ᠤᠯᠠᠨ ᠤᠳᠠᠭ᠎ᠠ ᠮᠠᠲ᠋ᠧᠷᠢᠶᠠᠯ ᠨᠥᠬᠦᠪᠦᠷᠢᠯᠡᠬᠦ ᠬᠦᠴᠢᠷᠳᠡᠯ ᠢ | ᠬᠦᠴᠦᠯᠡᠨ ᠰᠢᠢᠳᠪᠦᠷᠢᠯᠡᠵᠦ᠂ ᠣᠯᠠᠨ ᠲᠦᠮᠡᠨ ᠤ ᠴᠠᠭ ᠬᠤᠭᠤᠴᠠᠭᠠᠨ ᠤ ᠥᠪᠡᠷ ᠤᠨ ᠥᠷᠲᠡᠭ ᠪᠠ ᠠᠵᠤ ᠠᠬᠤᠢ | ᠶᠢᠨ ᠥᠪᠡᠷ ᠤᠨ ᠥᠷᠲᠡᠭ ᠢ ᠪᠠᠭᠤᠷᠠᠭᠤᠯᠤᠨ᠂ ᠲᠤᠬᠠᠶᠢᠯᠠᠭᠰᠠᠨ ᠠᠵᠢᠯ ᠤᠨ ᠭᠦᠢᠴᠡᠳᠬᠡᠬᠦ ᠦᠷ᠎ᠡ ᠪᠦᠲᠦᠮᠵᠢ ᠪᠠ | ᠦᠢᠯᠡᠴᠢᠯᠡᠭᠡᠨ ᠤ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︿ᠦᠨᠡᠨᠴᠢ ᠢᠲᠡᠭᠡᠮᠵᠢᠲᠡᠢ ᠪᠠᠷ | ᠲᠥᠭᠦᠮ ᠦᠵᠡᠭᠦᠯᠵᠦ᠂ ᠢᠲᠡᠭᠡᠯ ᠠᠯᠳᠠᠪᠠᠯ ᠬᠢᠵᠠᠭᠠᠷᠯᠠᠭᠳᠠᠬᠤ﹀ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ | ᠪᠦᠭᠦ ᠬᠦᠴᠦᠨ ᠢᠶᠠᠷ ᠢᠶᠠᠨ ᠪᠤᠶ ᠪᠣᠯᠭᠠᠨ᠎ᠠ︾ ᠭᠡᠵᠦ ᠸᠠᠩ ᠵᠣᠣ ᠮᠢᠩ ᠲᠠᠨᠢᠯᠴᠠᠭᠤᠯᠵᠤ ᠪᠠᠶᠢᠯ᠎ᠠ᠃ | |